1 ᠰᠠᠷ᠎ᠠ᠎ᠶ᠋ᠢᠨ 11 ᠤ᠋ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》᠎ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠱᠢᠯᠢ᠎ᠶ᠋ᠢᠨ ᠭᠣᠣᠯ᠎ᠤᠨ ᠪᠠᠭ᠎ᠠ ᠰᠠᠯᠪᠤᠷᠢ ᠠᠩᠬᠢ ᠡᠷᠢᠶᠡᠨ ᠬᠤᠳᠠ᠎ᠶ᠋ᠢᠨ ᠢᠨᠲ᠋ᠸᠷ ᠰᠦᠯᠵᠢᠶᠡᠨ᠎ᠦ ᠠᠵᠢᠯ ᠲᠦᠷᠦᠯ᠎ᠦᠨ ᠬᠠᠮᠲᠤᠷᠠᠭ᠍ᠰᠠᠨ ᠨᠠᠮ᠎ᠤᠨ ᠡᠭᠦᠷ᠂ ᠡᠷᠢᠶᠡᠨ ᠬᠤᠳᠠ᠎ᠶ᠋ᠢᠨ ᠷᠦᠢ ᠶᠤᠸᠠᠨ ᠬᠤᠪᠢᠴᠠᠭᠠᠳᠤ ᠬᠢᠵᠠᠭᠠᠷᠲᠤ ᠺᠣᠮᠫᠠᠨᠢ᠎ᠳᠤ ᠬᠦᠷᠴᠦ᠍᠂ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠪᠣᠯᠤᠨ ᠠᠵᠤ ᠠᠬᠤᠢᠯᠠᠯ᠎ᠤᠨ ᠠᠵᠢᠯᠳᠠᠨ ᠠᠵᠢᠯᠴᠢᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠪᠠᠭ᠎ᠠ ᠰᠠᠯᠪᠤᠷᠢ ᠠᠩᠬᠢ᠎ᠶ᠋ᠢᠨ ᠪᠦᠷᠢᠯᠳᠦᠬᠦᠨ᠂ ᠡᠷᠢᠶᠡᠨ ᠬᠤᠳᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠹᠠᠨ ᠬᠤᠩ ᠶᠢᠩ᠂ ᠹᠸᠩ ᠢ ᠹᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠰᠤᠷᠤᠯᠴᠠᠨ ᠣᠢᠯᠠᠭᠠᠬᠤ᠂ ᠥᠩᠭᠡᠷᠡᠭ᠌ᠰᠡᠨ ᠲᠠᠪᠤᠨ ᠵᠢᠯ᠎ᠦᠨ ᠠᠵᠢᠯ ᠪᠣᠯᠤᠨ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ᠂《ᠬᠣᠶᠠᠷ ᠭᠤᠢᠪᠢᠰᠢ ᠦᠭᠡᠢ》ᠵᠢ ᠪᠠᠷᠢᠮᠲᠠᠯᠠᠬᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌ ᠵᠡᠷᠭᠡ ᠠᠵᠤ ᠠᠬᠤᠢᠯᠠᠯ᠎ᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠤᠨ ᠲᠣᠭᠣᠷᠢᠨ᠎ᠳᠤ᠂ ᠵᠣᠭᠣᠭ ᠳᠡᠯᠭᠡᠬᠦ᠌᠂ ᠦᠯᠢᠭᠡᠷ ᠶᠠᠷᠢᠬᠤ ᠠᠷᠭ᠎ᠠ ᠬᠡᠯᠪᠡᠷᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠢ ᠲᠠᠢᠯᠤᠮᠵᠢ ᠬᠢᠪᠡ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠡᠷᠢᠶᠡᠨ ᠬᠤᠳᠠ᠎ᠶ᠋ᠢᠨ ᠱᠢᠨ ᠱᠧᠩ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠲ·ᠤᠶᠤᠨ᠎ᠠ᠄ 《ᠬᠣᠶᠠᠷ ᠪᠠᠭ᠍ᠰᠢ᠎ᠶ᠋ᠢᠨ ᠤᠬᠠᠭᠤᠯᠤᠨ ᠲᠠᠢᠯᠪᠤᠷᠢᠯᠠᠬᠰᠠᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠦᠨᠵᠡᠭᠡᠢ ᠪᠥᠭᠡᠳ ᠣᠢᠯᠠᠭᠠᠮᠵᠢᠲᠠᠢ᠂ ᠤᠨᠤᠯ᠎ᠤᠨ ᠲᠠᠢᠯᠪᠤᠷᠢᠯᠠᠯᠲᠠ ᠪᠠᠢᠬᠤ᠎ᠪᠠᠷ ᠪᠠᠷᠠᠬᠤ ᠦᠬᠡᠢ᠂ ᠪᠠᠰᠠ ᠪᠣᠳᠠᠲᠠᠢ᠎ᠲᠠᠶ ᠤᠶᠠᠯᠳᠤᠭᠤᠯᠤᠭ᠍ᠰᠠᠨ ᠠᠮᠢᠳᠤᠯᠢᠭ ᠵᠢᠱ᠌ᠢᠢ᠎ᠡ ᠪᠠᠢᠨ᠎ᠠ᠃ ᠬᠣᠢᠱᠢᠳᠠ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠣᠭᠣᠳᠤᠮᠵᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂〈ᠵᠣᠯ ᠵᠢᠷᠭᠠᠯᠲᠤ ᠡᠷᠢᠶᠡᠨ ᠬᠣᠲᠠ〉 ᠶ᠋ᠢᠨ ᠦᠶ᠋ᠯᠡᠴᠢᠯᠡᠭᠡᠨ᠎ᠦ ᠲᠠᠪᠴᠠᠩ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍᠂ ᠬᠢᠯᠢ ᠵᠢᠨ ᠪᠣᠭᠣᠮᠲᠠ᠎ᠶ᠋ᠢᠨ ᠣᠯᠠᠨ ᠲᠦᠮᠡᠨ᠎ᠳᠦ ᠨᠠᠩ ᠰᠠᠢᠲᠤᠷ ᠦᠶ᠋ᠯᠡᠴᠢᠯᠡᠨ᠎ᠡ》 ᠭᠡᠵᠦ ᠰᠡᠳᠭᠢᠯ ᠳᠣᠭ᠍ᠳᠣᠯᠤᠨ ᠬᠡᠯᠡᠪᠡ᠃
ᠡᠷᠢᠶᠡᠨ᠎ᠦ ᠷᠦᠢ ᠶᠤᠸᠠᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠡᠭᠦᠷ᠎ᠦᠨ ᠱᠦᠵᠢ ᠴᠠᠢ ᠱᠢᠶᠤᠤ ᠳ᠋ᠦᠸᠸ᠄《ᠬᠣᠢᠱᠢᠳᠠ ᠪᠢᠳᠡ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠪᠠᠲᠤ ᠪᠤᠢ ᠪᠣᠯᠭᠠᠵᠤ᠂ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠶ᠋ᠢ ᠪᠠᠲᠤ ᠴᠡᠭᠡᠵᠢᠯᠡᠵᠦ᠍᠂ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠳᠠᠭᠠᠨ ᠰᠠᠭᠤᠷᠢᠯᠠᠵᠤ᠂ ᠢᠯᠴᠢ ᠬᠠᠩᠭᠠᠬᠤ ᠦᠢᠯᠡᠴᠢᠯᠡᠭᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠷᠢᠶᠡᠨ ᠬᠤᠳᠠ᠎ᠶ᠋ᠢᠨ ᠬᠢᠯᠢ᠎ᠶ᠋ᠢᠨ ᠪᠣᠭᠣᠮᠲᠠ᠎ᠶ᠋ᠢᠨ ᠤᠯᠠᠨ ᠲᠦᠮᠡᠨ᠎ᠢ ᠬᠠᠯᠠᠭᠤᠨ ᠳᠤᠯᠠᠭᠠᠨ ᠡᠪᠦᠯᠵᠢᠬᠦᠯᠬᠦ᠎ᠪᠡᠷ ᠴᠢᠷᠮᠠᠢᠨ᠎ᠠ》 ᠭᠡᠵᠦ ᠬᠡᠯᠡᠪᠡ᠃