1 ᠰᠠᠷ᠎ᠠ᠎ᠶ᠋ᠢᠨ 12 ᠤ᠋ᠨ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ《ᠤᠨᠤᠯᠤᠨᠰᠤᠷᠤᠯᠴᠠᠯᠭᠠ ᠵᠢᠨ ᠬᠦᠩᠭᠡᠨ ᠮᠣᠷᠢᠲᠤ ᠴᠡᠷᠢᠭ》 ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠥᠯᠥᠨ ᠪᠤᠢ᠌ᠷ᠎ᠤᠨ ᠰᠠᠯᠪᠤᠷᠢ ᠠᠩᠭᠢ ᠮᠠᠨᠵᠤᠤᠷ ᠬᠤᠳᠠ᠎ᠶ᠋ᠢᠨ ᠳ᠋ᠦᠩᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠢ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠭᠡᠰᠢᠬᠦᠨ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃
ᠰᠠᠯᠪᠤᠷᠢ ᠠᠩᠭᠢ᠎ᠶ᠋ᠢᠨ ᠪᠦᠷᠢᠯᠳᠦᠬᠦᠨ᠂ ᠥᠪᠥᠷ ᠮᠣᠩᠭᠣᠯ᠎ᠤᠨ ᠮᠠᠨᠵᠤᠤᠷ᠎ᠤᠨ ᠺᠠᠳ᠋ᠷ᠎ᠤᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠾᠧ ᠱᠢᠩ ᠲᠤᠤ᠂ ᠮᠠᠨᠵᠤᠤᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠴᠢᠨ ᠰᠢ ᠳ᠋ᠦᠩ ᠬᠠᠮᠲᠤ᠎ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠬᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠵᠡᠷᠭᠡ ᠲᠠᠯ᠎ᠠ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠭᠦᠨᠵᠡᠭᠡᠶ ᠲᠠᠢᠯᠤᠮᠵᠢ ᠬᠢᠪᠠ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠮᠠᠨᠵᠤᠤᠷ ᠮᠦᠽᠧᠢ᠎ᠶ᠋ᠢᠨ ᠲᠠᠢᠯᠪᠤᠷᠢᠯᠠᠭ᠍ᠴᠢ ᠸᠠᠩ ᠢᠦᠢ ᠲᠦᠩ ᠶᠡᠬᠡᠳᠡ ᠵᠣᠷᠢᠭ᠍ᠵᠢᠵᠤ᠄ 《ᠥᠨᠥᠳᠦᠷ᠎ᠦᠨ ᠰᠤᠷᠤᠯᠴᠠᠯᠭ᠎ᠠ᠎ᠪᠠᠷ ᠳᠠᠮᠵᠢᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠪᠢ ᠨᠡᠩ ᠭᠦᠨᠵᠡᠭᠡᠢ ᠣᠢᠯᠠᠭᠠᠯᠲᠠ ᠪᠠ ᠲᠠᠨᠢᠯᠲᠠ᠎ᠲᠠᠶ ᠪᠣᠯᠵᠠᠢ᠃ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠣᠢᠱᠢᠳᠠ᠎ᠶ᠋ᠢᠨ ᠪᠣᠳᠠᠲᠠᠢ ᠠᠵᠢᠯ ᠳᠤᠮᠳᠠ᠎ᠪᠠᠨ ᠠᠭᠤᠰᠤᠯᠴᠠᠭᠤᠯᠵᠤ᠂ ᠮᠠᠨᠵᠤᠤᠷ᠎ᠤᠨ ᠴᠢᠨᠠᠷ ᠰᠠᠢᠲᠠᠢ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠡᠢ᠃
ᠳ᠋ᠦᠩᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠢ ᠶᠤᠸᠠᠨ ᠨᠡᠢᠭᠡᠮ ᠲᠣᠭᠣᠷᠢᠭ᠎ᠤᠨ ᠱᠦᠵᠢ᠂ ᠡᠷᠬᠢᠯᠡᠭ᠌ᠴᠢ ᠪᠦᠦ ᡁᠢ ᠵᠢᠩ᠄《ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶ᠋ᠢ ᠬᠥᠲᠥᠯᠥᠨ ᠳᠠᠭᠠᠭᠤᠯᠬᠤᠠᠵᠢᠯᠢ ᠬᠦᠴᠦᠯᠡᠨ ᠰᠠᠢᠲᠤᠷ ᠬᠢᠵᠦ᠍᠂ ᠠᠵᠢᠯ᠎ᠤᠨ ᠰᠡᠳᠭᠢᠮᠵᠢ ᠪᠠ ᠠᠷᠭ᠎ᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠬᠠᠷᠢᠶ᠎ᠠ ᠣᠷᠣᠨ᠎ᠤ ᠪᠠᠨ ᠰᠠᠭᠤᠭᠠᠯᠢ ᠠᠷᠠᠳ᠎ᠤᠨ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠬᠠᠷᠢᠶ᠎ᠠ ᠣᠷᠣᠨ᠎ᠤ ᠰᠠᠭᠤᠭᠠᠯᠢ ᠠᠷᠠᠳ᠎ᠢ ᠪᠦᠯᠬᠦᠮᠳᠡᠭᠦᠯᠦᠨ ᠳᠠᠭᠠᠭᠤᠯᠵᠤ᠂ ᠤᠮᠤᠭ ᠵᠣᠷᠢᠭᠪᠠᠳᠠᠷᠠᠩᠭᠤᠢ ᠪᠡᠷ ᠡᠷᠡᠮᠡᠬᠡᠢᠯᠡᠨ ᠴᠢᠷᠮᠠᠢᠵᠤ᠂ ᠵᠤᠷᠢᠭᠲᠠᠢ ᠤᠷᠤᠭᠰᠢᠯᠠᠵᠤ᠂ ᠡᠶ᠎ᠡ ᠵᠣᠬᠢᠴᠠᠩᠭᠤᠶ ᠵᠣᠯ ᠵᠢᠷᠭᠠᠯᠲᠤ ᠦᠵᠡᠰᠭᠦᠯᠡᠩᠲᠦ ᠰᠠᠢᠬᠠᠨ ᠬᠡᠷ ᠣᠷᠣᠨ᠎ᠢᠶᠡᠨ ᠬᠠᠮᠲᠤ᠎ᠪᠠᠷ ᠰᠠᠢᠳᠤᠷ ᠪᠠᠢᠭᠤᠯᠤᠨ᠎ᠠ》 ᠭᠡᠵᠡᠢ᠃