ᠵᠣᠷᠢᠭ ᠦᠭᠡᠢ ᠪᠣᠯ ᠳᠡᠯᠡᠬᠡᠢ ᠳ᠋ᠠᠬᠢᠨ ᠳ᠋ᠤ ᠪᠦᠲᠦᠬᠦ ᠶᠠᠪᠤᠳᠠᠯ ᠠᠯᠠᠭ᠎ᠠ ᠃
ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠦ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠤ᠋ᠨ ᠲᠡᠭᠦᠰᠭᠦ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠱᠦᠵᠢ ᠰᠦᠨ ᠱᠤᠤ ᠴᠧᠩ 《ᠶᠡᠬᠡ ᠪᠡᠷ ᠬᠦᠭᠵᠢᠭᠦᠯᠵᠦ ᠲᠦᠷᠭᠡᠨ ᠬᠥᠭ᠌ᠵᠢᠭᠦᠯᠦᠨ ᠂ ᠪᠦᠬᠦ᠌ ᠤᠯᠤᠰ ᠤ᠋ᠨ ᠳᠤᠮᠳᠠ ᠶ᠋ᠢᠨ ᠲᠦᠪᠰᠢᠨ ᠳ᠋ᠤ ᠳᠠᠪᠰᠢᠨ ᠤᠷᠤᠬᠤ ᠡᠷᠡᠯᠬᠡᠭ ᠵᠣᠷᠢᠭ ᠠᠤᠭ᠎ᠠ ᠰᠠᠨᠠᠭ᠎ᠠ ᠶ᠋ᠢ ᠪᠤᠢ ᠪᠣᠯᠭᠠᠬᠤ ᠬᠡᠷᠡᠭ᠌ᠲᠡᠢ》 ᠭᠡᠵᠦ᠍ ᠴᠢᠬᠤᠯᠠᠴᠢᠯᠠᠵᠤ ᠂ ᠬᠡᠩᠭᠡᠷᠭᠡ ᠳᠡᠯᠡᠳᠦᠨ ᠤᠷᠤᠭᠰᠢᠯᠠᠯᠳᠠ ᠶ᠋ᠢᠨ ᠪᠦᠷᠢᠶ᠎ᠠ ᠬᠠᠩᠬᠢᠨᠠᠭᠤᠯᠤᠨ ᠂ ᠬᠥᠮᠦᠰ ᠢ᠋ ᠤᠷᠮᠠᠱᠢᠭᠤᠯᠤᠨ ᠵᠣᠷᠢᠭ᠍ᠵᠢᠭᠤᠯᠪᠠ ᠃ ᠣᠷᠣᠨ ᠳᠠᠶᠠᠭᠠᠷ ᠶ᠋ᠢᠡᠨ ᠡᠷᠬᠡᠪᠰᠢ ᠣᠶᠤᠨ ᠴᠢᠳᠠᠯ ᠶ᠋ᠢᠡᠨ ᠬᠥᠭ᠌ᠵᠢᠯᠲᠡ ᠶ᠋ᠢ ᠲᠦᠷᠭᠡᠳᠭᠡᠬᠦ᠌ ᠳᠡᠭᠡᠷ᠎ᠡ ᠲᠥᠪᠯᠡᠷᠡᠭᠦᠯᠵᠦ᠍ ᠂ ᠥᠪᠥᠷ ᠮᠣᠩᠭᠣᠯ ᠤ᠋ᠨ ᠠᠵᠤ ᠠᠬᠤᠶ ᠶ᠋ᠢᠨ 《ᠵᠡᠷᠭᠡ ᠳᠡᠪᠱᠢᠨ ᠲᠠᠰ ᠳᠡᠪᠱᠢᠬᠦ᠌》 ᠶ᠋ᠢ ᠰᠡᠳᠭᠢᠯ ᠨᠢᠭᠡᠳᠦᠨ ᠬᠦᠴᠦ᠍ ᠪᠡᠨ ᠬᠠᠮᠲᠤᠳᠭᠠᠵᠤ ᠠᠬᠢᠭᠤᠯᠬᠤ ᠬᠡᠷᠡᠭ᠌ᠲᠡᠶ ᠃
ᠵᠣᠷᠢᠭᠳᠠᠢ ᠪᠤᠯ ᠵᠤᠷᠢᠭᠰᠠᠨ ᠳ᠋ᠠᠭᠠᠨ ᠯᠠᠪᠳᠠᠢ ᠬᠦᠷᠦᠨ᠎ᠠ ᠃ ᠣᠳᠣᠬᠠᠨ ᠳ᠋ᠤ ᠂ ᠥᠪᠥᠷ ᠮᠣᠩᠭᠣᠯ ᠮᠥᠨ ᠬᠦ᠌ ᠬᠥᠭ᠌ᠵᠢᠭᠡᠳᠦᠶ ᠭᠠᠵᠠᠷ ᠣᠷᠣᠨ ᠶ᠋ᠢᠡᠷ ᠶ᠋ᠢᠡᠨ ᠪᠠᠢᠭᠰᠠᠭᠠᠷ ᠂ ᠭᠡᠪᠡᠴᠦ᠍ ᠮᠠᠨ ᠤ᠋ ᠣᠷᠣᠨ ᠤ᠋ ᠭᠠᠵᠠᠷ ᠨᠤᠲᠤᠭ ᠥᠷᠭᠡᠨ ᠠᠭᠤᠳᠠᠮ ᠂ ᠡᠬᠢ ᠪᠠᠶᠠᠯᠢᠭ ᠡᠯᠪᠡᠭ ᠳᠡᠯᠪᠡᠭ ᠂ 《ᠦᠩᠭᠡ ᠦᠵᠡᠮᠵᠢ》 ᠬᠢᠵᠠᠭᠠᠯᠠᠰᠢ ᠥᠬᠡᠶ ᠰᠠᠢᠨ ᠰᠠᠢᠬᠠᠨ ᠪᠠᠢᠵᠤ ᠂ ᠤᠯᠤᠰ ᠤ᠋ᠨ 《ᠠᠮᠤ ᠶ᠋ᠢᠨ ᠰᠠᠩ》᠂ 《ᠮᠢᠬᠠᠨ ᠤ᠋ ᠬᠥᠮᠥᠷᠭᠡ》᠂ 《ᠰᠦ ᠶ᠋ᠢᠨ ᠬᠦᠨᠦᠭ》᠂ 《ᠨᠤᠤᠯᠤᠭᠤᠷ ᠤ᠋ᠨ ᠤᠷᠤᠨ》 ᠪᠣᠯᠵᠣ ᠂ ᠦᠪᠡᠷᠮᠢᠴᠡ ᠤᠨᠴᠠᠭᠠᠢ ᠳᠠᠪᠠᠭᠤᠯᠢᠭ ᠪᠠᠢᠬᠤ ᠶ᠋ᠢᠨ ᠵᠡᠷᠭᠡ ᠪᠡᠷ ᠮᠠᠰᠢ ᠰᠠᠢᠨ ᠬᠥᠭ᠌ᠵᠢᠯᠲᠡ ᠶ᠋ᠢᠨ ᠰᠠᠭᠤᠷᠢ ᠲᠠᠶ ᠪᠦᠭᠡᠳ ᠮᠠᠰᠢ ᠣᠯᠠᠨ ᠬᠥᠭ᠌ᠵᠢᠯᠲᠡ ᠶ᠋ᠢᠨ ᠠᠵᠠ ᠲᠣᠬᠢᠶᠠᠯ ᠳ᠋ᠤ ᠲᠤᠯᠭᠠᠷᠠᠵᠤ ᠂ ᠬᠦᠰᠡᠯ ᠡᠷᠡᠮᠡᠯᠵᠡᠯ ᠶ᠋ᠢᠡᠷ ᠪᠢᠯᠬᠠᠮ᠎ᠠ ᠪᠦᠭᠡᠳ ᠶᠡᠬᠡ ᠦᠶ᠋ᠯᠡᠰ ᠢ᠋ ᠪᠦᠲᠦᠭᠡᠵᠦ᠍ ᠪᠣᠯᠬᠤ ᠰᠠᠢᠨ ᠰᠠᠢᠬᠠᠨ ᠭᠠᠵᠠᠷ ᠪᠣᠯᠬᠤ ᠶ᠋ᠢ ᠪᠢᠳᠡ ᠣᠯᠵᠤ ᠬᠠᠷᠠᠬᠤ ᠬᠡᠷᠡᠭ᠌ᠲᠡᠶ ᠃ ᠪᠢᠳᠡ ᠶᠡᠷᠦᠩᠬᠡᠢ ᠱᠦᠵᠢ ᠰᠢ ᠵᠢᠨ ᠫᠢᠩ ᠦ᠋ᠨ ᠵᠢᠯᠤᠭᠤᠳᠤᠯᠭ᠎ᠠ ᠶᠣᠰᠣᠭᠠᠷ ᠂ ᠵᠣᠷᠢᠭ᠍ᠲᠠᠢ ᠤᠷᠤᠭ᠍ᠰᠢᠯᠠᠵᠤ ᠂ ᠬᠠᠨᠴᠤᠢ ᠱᠢᠮᠠᠯᠠᠨ ᠴᠢᠷᠮᠠᠢᠨ ᠠᠵᠢᠯᠯᠠᠳᠠᠭ ᠯᠠ ᠶᠤᠮ ᠪᠣᠯ ᠠᠵᠤ ᠠᠬᠤᠢ ᠶ᠋ᠢᠨ ᠶᠡᠷᠦᠩᠬᠡᠢ ᠬᠡᠮᠵᠢᠶ᠎ᠡ ᠪᠡᠨ ᠪᠦᠬᠦ᠌ ᠤᠯᠤᠰ ᠤ᠋ᠨ ᠳᠤᠮᠳᠠ ᠶ᠋ᠢᠨ ᠲᠦᠪᠱᠢᠨ ᠳ᠋ᠤ ᠬᠦᠷᠭᠡᠬᠦ᠌ ᠡᠷᠴᠢ ᠬᠦᠴᠦ ᠂ ᠤᠷᠴᠢᠨ ᠨᠦᠬᠦᠴᠡᠯ ᠪᠠ ᠢᠳᠡᠭᠡᠯ ᠵᠤᠷᠢᠭ ᠪᠤᠯ ᠪᠦᠷᠢᠨ ᠪᠠᠢᠨ᠎ᠠ ᠃ ᠪᠥᠬᠥ᠌ ᠣᠷᠣᠨ ᠤ᠋ ᠦᠨᠳᠦᠰᠦᠲᠡᠨ ᠨᠤᠭᠦᠳ ᠦ᠋ᠨ ᠺᠠᠳ᠋ᠷ ᠣᠯᠠᠨ ᠲᠦᠮᠡᠨ ᠴᠥᠮ ᠡᠷᠡᠯᠬᠡᠭ ᠵᠣᠷᠢᠭ ᠠᠸ᠋ᠭᠠ ᠰᠠᠨᠠᠭ᠎ᠠ ᠪᠡᠨ ᠬᠦᠭᠵᠢᠭᠡᠨ ᠪᠠᠳᠠᠷᠠᠭᠤᠯᠵᠤ ᠂ ᠬᠥᠭ᠌ᠵᠢᠭᠦᠯᠬᠦ ᠶ᠋ᠢ ᠭᠤᠢᠪᠢᠰᠢ ᠥᠬᠡᠶ ᠪᠠᠷᠢᠮᠲᠠᠯᠠᠨ ᠂ ᠬᠦᠭᠵᠢᠯᠳᠡ ᠶ᠋ᠢ ᠲᠦᠷᠭᠡᠳᠭᠡᠬᠦ ᠶ᠋ᠢ ᠰᠢᠨᠳᠠᠷᠠᠰᠢ ᠦᠭᠡᠢ ᠠᠳᠬᠤᠵᠤ ᠂ ᠳᠠᠷᠤᠯᠳᠠ ᠶ᠋ᠢ ᠳᠠᠭᠠᠭᠠᠵᠤ ᠬᠦᠨᠳᠦ ᠡᠭᠦᠷᠭᠡ ᠶ᠋ᠢ ᠡᠭᠦᠷᠭᠡᠯᠡᠨ ᠂ ᠥᠨᠳᠥᠷ ᠲᠣ᠌ ᠬᠦᠷᠬᠦ ᠪᠡᠷ ᠮᠠᠷᠠᠢᠨ ᠴᠢᠷᠮᠠᠢᠵᠤ ᠂ ᠠᠵᠠ ᠲᠣᠬᠢᠶᠠᠯ ᠢ᠋ ᠠᠮᠵᠢᠵᠤ ᠱᠢᠪᠲᠤᠯᠤᠯᠲᠠ ᠭᠠᠷᠭᠠᠨ ᠂ ᠬᠥᠭᠡᠭᠡᠵᠦ᠍ ᠭᠦᠢᠴᠡᠨ ᠳᠠᠪᠠᠵᠤ ᠭᠠᠷᠴᠤ ᠲᠡᠷᠢᠭᠦᠨ ᠤ᠋ ᠬᠢ ᠪᠤᠯᠵᠤ ᠱᠢᠯᠢᠳᠡᠭ ᠠᠮᠵᠢᠯᠳᠠ ᠤᠯᠬᠤ ᠪᠡᠷ ᠬᠦᠴᠦᠯᠡᠨ ᠴᠢᠷᠮᠠᠢᠬᠤ ᠬᠡᠷᠡᠭᠳᠠᠢ ᠃
ᠦᠵᠡᠯ ᠰᠠᠨᠠᠭ᠎ᠠ ᠵᠦᠪ ᠪᠤᠯ ᠬᠦᠭᠵᠢᠯᠳᠡ ᠰᠠᠶᠢ ᠤᠷᠤᠭᠰᠢᠳᠠᠢ ᠪᠠᠢᠵᠤ ᠴᠢᠳᠠᠨ᠎ᠠ ᠃ ᠡᠷᠡᠯᠬᠡᠭ ᠵᠣᠷᠢᠭ ᠠᠤᠭ᠎ᠠ ᠰᠠᠨᠠᠭ᠎ᠠ ᠲᠠᠶ ᠂ ᠵᠣᠷᠢᠭ᠍ᠲᠠᠢ ᠪᠠᠷ ᠬᠥᠭᠡᠭᠡᠵᠦ᠍ ᠭᠦᠢᠴᠡᠨ ᠳᠠᠪᠠᠵᠤ ᠭᠠᠷᠴᠤ ᠲᠡᠷᠢᠭᠦᠨ ᠤ᠋ ᠬᠢ ᠪᠤᠯᠵᠤ ᠂ ᠪᠦᠬᠦ᠌ ᠤᠯᠤᠰ ᠤ᠋ᠨ ᠬᠥᠭ᠌ᠵᠢᠯᠲᠡ ᠶ᠋ᠢᠨ ᠶᠡᠬᠡ ᠲᠠᠯ᠎ᠠ ᠳ᠋ᠡᠬᠢ ᠥᠪᠥᠷ ᠮᠣᠩᠭᠣᠯ ᠤ᠋ᠨ ᠬᠤᠪᠢ ᠶ᠋ᠢᠨ ᠵᠢᠩ ᠪᠣᠯᠤᠨ ᠤᠷᠤᠨ ᠪᠠᠢᠷᠢ ᠶ᠋ᠢ ᠴᠢᠷᠮᠠᠢᠨ ᠳᠡᠭᠡᠭ᠌ᠰᠢᠯᠡᠭᠦᠯᠬᠦ᠌ ᠳ᠋ᠤ ᠂ ᠡᠷᠬᠡᠪᠰᠢ ᠲᠠᠷᠢᠬᠢ ᠲᠣᠯᠣᠭᠠᠢ ᠳ᠋ᠡᠬᠢ ᠲᠡᠳᠡᠭᠡᠷ ᠴᠠᠭ ᠦᠶ᠎ᠡ ᠳ᠋ᠤ ᠦᠯᠦ ᠲᠤᠬᠢᠷᠠᠬᠤ ᠵᠦᠢᠯ ᠢ᠋ ᠲᠠᠶᠠᠭ᠍ᠳᠠᠵᠤ ᠂ 《ᠲᠤᠯᠤᠭ᠎ᠠ ᠶ᠋ᠢ ᠲᠠᠶᠠᠭ᠍ᠳᠠᠬᠤ》 ᠵᠢ ᠡᠷᠡᠰ ᠪᠡᠶᠡᠯᠡᠭᠦᠯᠤᠨ ᠂ ᠵᠥᠪ ᠬᠥᠭ᠌ᠵᠢᠯᠲᠡ ᠶ᠋ᠢᠨ ᠦᠵᠡᠯᠲᠡ ᠂ ᠠᠵᠢᠯ ᠤ᠋ᠨ ᠪᠦᠲᠦᠮᠵᠢ ᠶ᠋ᠢᠨ ᠦᠵᠡᠯᠲᠡ ᠶ᠋ᠢ ᠪᠠᠲᠤ ᠪᠤᠢ ᠪᠣᠯᠭᠠᠵᠤ ᠂ ᠵᠣᠷᠢᠭ᠍ᠲᠠᠢᠪᠠᠷ ᠪᠤᠰᠤᠳ ᠡᠴᠡ ᠲᠦᠷᠦᠭᠦᠯᠡᠬᠦ᠌ ᠠᠤᠭ᠎ᠠ ᠰᠠᠨᠠᠭ᠎ᠠ ᠂ ᠬᠦᠭᠡᠭᠡᠵᠦ ᠭᠦᠢᠴᠡᠨ ᠳᠠᠪᠠᠵᠤ ᠭᠠᠷᠴᠤ ᠲᠡᠷᠢᠭᠦᠨ ᠤ᠋ ᠬᠢ ᠪᠤᠯᠬᠤᠪᠠᠷ ᠴᠢᠷᠮᠠᠢᠬᠤ ᠰᠥᠰᠥ᠍ ᠵᠣᠷᠢᠭ ᠢ᠋ ᠬᠥᠭ᠌ᠵᠢᠭᠡᠬᠦ᠌ ᠬᠡᠷᠡᠭ᠌ᠲᠡᠢ ᠃ ᠶᠡᠬᠡ ᠪᠡᠷ ᠠᠵᠢᠯᠯᠠᠨ ᠲᠦᠷᠭᠡᠨ ᠠᠬᠢᠭᠤᠯᠵᠤ ᠂ ᠥᠷᠯᠥᠭᠡ ᠦᠳᠡᠰᠢ ᠶ᠋ᠢ ᠲᠡᠮᠡᠴᠡᠬᠦ᠌ ᠡᠷᠴᠢ ᠵᠣᠷᠢᠭ ᠶ᠋ᠢᠡᠷ ᠂ ᠦᠷ᠎ᠡ ᠳ᠋ᠦᠩ ᠶ᠋ᠢᠡᠷ ᠬᠠᠷᠠᠭᠤᠯᠬᠤ ᠂ ᠪᠣᠳᠠᠲᠤ ᠠᠮᠵᠢᠯᠲᠠ ᠪᠠᠷ ᠦᠨᠡᠯᠡᠬᠦ ᠤᠳᠤᠷᠢᠳᠤᠮᠵᠢ ᠶ᠋ᠢ ᠴᠢᠩᠭᠠᠳᠬᠠᠨ ᠂ ᠠᠭᠤᠯᠠ ᠳᠠᠭᠠᠷᠠᠪᠠᠯ ᠵᠠᠮ ᠨᠡᠭᠡᠭᠡᠵᠦ᠍ ᠤᠰᠤ ᠳᠠᠭᠠᠷᠠᠪᠠᠯ ᠬᠥᠭᠥᠷᠭᠡ ᠲᠠᠯᠪᠢᠬᠤ ᠰᠥᠰᠥ᠍ ᠵᠣᠷᠢᠭ ᠶ᠋ᠢᠡᠷ ᠂ ᠠᠯᠤᠰ ᠢᠷᠡᠭᠡᠳᠦᠢ ᠪᠠ ᠨᠢᠳᠤᠨ ᠡᠮᠦᠨᠡᠬᠢ ᠶ᠋ᠢ ᠬᠠᠮᠲᠤ ᠳ᠋ᠤᠨᠢ ᠬᠠᠷᠠᠭᠠᠯᠵᠠᠬᠤ ᠂ ᠦᠷ᠎ᠡ ᠠᠱᠢᠭ ᠢ᠋ ᠤᠷᠢᠳ ᠶ᠋ᠢᠡᠷ ᠪᠣᠳᠣᠯᠬᠢᠯᠠᠬᠤ ᠣᠢᠯᠠᠭᠠᠭ᠍ᠳᠠᠬᠤᠨ ᠢ᠋ ᠪᠠᠷᠢᠮᠲᠠᠯᠠᠵᠤ ᠂ ᠨᠠᠷᠢᠨ ᠨᠢᠭ᠍ᠲᠠ ᠂ ᠥᠨᠳᠥᠷ ᠪᠠᠷᠢᠮᠵᠢᠶ᠎ᠠ ᠲᠠᠶ ᠴᠢᠨᠠᠷ ᠰᠠᠢᠲᠠᠢ ᠪᠠᠢᠬᠤ ᠶ᠋ᠢ ᠬᠥᠭᠡᠭᠡᠴᠡᠯᠳᠦᠨ ᠂ ᠡᠵᠡᠩᠨᠡᠯᠲᠡ ᠬᠠᠮᠢᠶᠠᠷᠤᠯᠲᠠ ᠬᠢᠬᠦ᠌ ᠂ ᠨᠠᠷᠢᠨ ᠨᠢᠮᠪᠠᠢ ᠲᠥᠯᠥᠪᠯᠡᠬᠦ᠌ ᠴᠢᠳᠠᠪᠤᠷᠢ ᠪᠠᠨ ᠴᠢᠩᠭᠠᠳᠭᠠᠵᠤ ᠂ ᠬᠥᠭ᠌ᠵᠢᠯᠲᠡ ᠶ᠋ᠢ ᠲᠦᠷᠭᠡᠳᠭᠡᠬᠦ᠌ ᠂ ᠬᠥᠭ᠌ᠵᠢᠯᠲᠡ ᠶ᠋ᠢ ᠶᠡᠬᠡ ᠪᠡᠷ ᠠᠳᠭᠤᠬᠤ ᠴᠤᠭ ᠵᠢᠪᠬᠤᠭ᠎ᠠ ᠶ᠋ᠢ ᠪᠦᠬᠦ᠌ ᠲᠠᠯ᠎ᠠ ᠪᠠᠷ ᠬᠥᠭ᠌ᠵᠢᠭᠡᠬᠦ᠌ ᠬᠡᠷᠡᠭ᠌ᠲᠡᠢ ᠃
ᠠᠵᠤ ᠠᠬᠤᠢ ᠶ᠋ᠢᠨ ᠶᠡᠷᠦᠩᠬᠡᠢ ᠬᠡᠮᠵᠢᠶ᠎ᠠ ᠪᠡᠨ ᠪᠦᠬᠦ᠌ ᠤᠯᠤᠰ ᠤ᠋ᠨ ᠳᠤᠮᠳᠠ ᠶ᠋ᠢᠨ ᠲᠦᠪᠰᠢᠨ ᠳ᠋ᠤ ᠬᠦᠷᠭᠡᠬᠦ᠌ ᠭᠡᠭᠴᠢ ᠬᠡᠯᠡᠭᠡᠳ ᠪᠤᠯᠬᠤ ᠶᠠᠭᠤᠮ᠎ᠠ ᠪᠢᠰᠢ ᠂ ᠬᠠᠷᠢᠨ ᠬᠢᠵᠤ ᠦᠵᠡᠭᠦᠯᠬᠦ ᠬᠡᠷᠡᠭᠳᠠᠢ ᠶᠤᠮ ᠃ ᠭᠠᠭ᠍ᠴᠠ ᠬᠦ᠌ ᠶᠡᠬᠡ ᠪᠡᠷ ᠠᠵᠢᠯᠯᠠᠵᠤ ᠲᠦᠷᠭᠡᠨ ᠬᠦᠳᠡᠯᠦᠯᠴᠡᠵᠦ ᠂ ᠬᠠᠲᠠᠭᠤᠵᠢᠯᠲᠠᠢ ᠠᠵᠢᠯᠯᠠᠵᠤ ᠦᠨᠡᠨ ᠪᠣᠳᠠᠲᠠᠢ ᠠᠵᠢᠯᠯᠠᠪᠠᠯ ᠰᠠᠶᠢ ᠠᠤᠭ᠎ᠠ ᠵᠢᠷᠤᠭ ᠲᠥᠰᠦᠪ ᠢ᠋ ᠠᠯᠬᠤᠮ ᠠᠯᠬᠤᠮ ᠶ᠋ᠢᠡᠷ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ ᠃ ᠱᠢᠨ᠎ᠡ ᠠᠶᠠᠨ ᠳ᠋ᠤ ᠂ ᠪᠢᠳᠡ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠪᠦᠷᠢᠨ ᠪᠦᠲᠦᠨ ᠂ ᠵᠦᠪ ᠣᠨᠣᠪᠴᠢᠲᠠᠶ ᠂ ᠪᠦᠬᠦ᠌ ᠲᠠᠯ᠎ᠠ ᠪᠠᠷ ᠲᠤᠭᠤᠱᠢᠯᠠᠭᠤᠯᠵᠤ ᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠳ᠋ᠤ ᠢᠳᠡᠪᠬᠢᠲᠡᠶ ᠦᠶ᠋ᠯᠡᠴᠢᠯᠡᠨ ᠠᠭᠤᠰᠤᠯᠴᠠᠵᠤ ᠂ ᠰᠠᠢ᠌ᠨ ᠲᠠᠯ᠎ᠠ ᠪᠡᠨ ᠪᠠᠳᠠᠷᠠᠭᠤᠯᠤᠨ ᠰᠢᠭᠠᠷᠤ ᠲᠠᠯ᠎ᠠ ᠪᠠᠨ ᠲᠡᠪᠴᠢᠵᠦ᠍ ᠠᠵᠤ ᠠᠬᠤᠶ ᠨᠡᠢᠭᠡᠮ ᠦ᠋ᠨ ᠬᠥᠭ᠌ᠵᠢᠯᠲᠡ ᠶ᠋ᠢᠨ ᠪᠠᠢᠷᠢᠱᠢᠯ ᠢ᠋ ᠲᠣᠬᠢᠷᠠᠭᠤᠯᠤᠨ ᠱᠢᠯᠢᠳᠡᠭ᠌ᠵᠢᠭᠦᠯᠵᠤ ᠂ 《ᠶᠡᠬᠡ ᠪᠡᠷ ᠠᠵᠢᠯᠯᠠᠨ ᠲᠦᠷᠭᠡᠨ ᠠᠬᠢᠭᠤᠯᠵᠤ》 ᠱᠢᠨ᠎ᠡ ᠡᠨᠧᠷᠭᠢ ᠶ᠋ᠢ ᠨᠡᠭᠡᠭᠡᠨ ᠬᠦᠭᠵᠢᠭᠦᠯᠵᠦ ᠂ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶ᠋ᠢ ᠲᠤᠭᠤᠰᠢᠳᠠᠢ ᠠᠬᠢᠭᠤᠯᠤᠨ ᠂ ᠶᠡᠷᠦᠩᠬᠡᠢ ᠬᠡᠮᠵᠢᠶ᠎ᠠ ᠪᠠ ᠶᠠᠰᠤ ᠴᠢᠨᠠᠷ ᠢ᠋ ᠵᠡᠷᠭᠡ ᠪᠡᠷ ᠴᠢᠬᠤᠯᠠᠴᠢᠯᠠᠨ ᠮᠠᠯ ᠠᠵᠤ ᠠᠬᠤᠶ ᠲᠠᠷᠢᠶᠠᠯᠠᠩ ᠪᠠ ᠦᠶ᠋ᠯᠡᠴᠢᠯᠡᠭᠡᠨ ᠤ᠋ ᠦᠶ᠋ᠯᠡᠰ ᠦ᠋ᠨ ᠬᠥᠭ᠌ᠵᠢᠨ ᠪᠤᠵᠠᠭᠠᠢᠷᠠᠬᠤ ᠶ᠋ᠢ ᠠᠬᠢᠭᠤᠯᠵᠤ ᠂ ᠥᠨᠴᠥᠭ ᠪᠤᠯᠤᠩ ᠦᠯᠡᠳᠡᠭᠡᠯ ᠦᠭᠡᠢ ᠪᠡᠷ 《ᠲᠠᠪᠤ ᠶ᠋ᠢ ᠲᠤᠢᠯᠪᠤᠷᠢᠳᠠᠢ ᠪᠠᠢᠴᠠᠭᠠᠬᠤ》 ᠠᠵᠢᠯᠯᠠᠭ᠎ᠠ ᠶ᠋ᠢ ᠠᠬᠢᠭᠤᠯᠤᠨ ᠂ ᠥᠨᠳᠥᠷ ᠲᠣ᠌ ᠵᠣᠭ᠍ᠰᠣᠨ ᠠᠯᠤᠰ ᠢ᠋ ᠪᠠᠷᠠᠯᠠᠵᠤ ᠭᠠᠳᠠᠭᠠᠳᠤ ᠨᠡᠭᠡᠭᠡᠯᠲᠡ ᠶ᠋ᠢ ᠥᠷᠭᠡᠳᠭᠡᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠣᠷᠣᠨ ᠪᠦᠰᠡ ᠶ᠋ᠢᠨ ᠬᠠᠮᠵᠢᠯᠴᠠᠭ᠎ᠠ ᠶ᠋ᠢ ᠭᠦᠨᠵᠡᠭᠡᠢᠷᠡᠭᠦᠯᠤᠨ ᠂ ᠡᠬᠢ ᠪᠠᠶᠠᠯᠢᠭ ᠴᠢᠬᠤᠯᠠ ᠡᠯᠧᠮᠧᠨ᠋ᠲ ᠢ᠋ ᠥᠨᠳᠥᠷ ᠪᠦᠲᠦᠮᠵᠢᠲᠡᠶ ᠪᠡᠷ ᠭᠦᠢᠯᠭᠡᠭᠡᠨ ᠳ᠋ᠤ ᠤᠷᠤᠭᠤᠯᠵᠤ ᠂ ᠨᠡᠢᠭᠡᠮ ᠠᠷᠠᠯᠵᠢᠶ᠎ᠠ ᠬᠤᠳᠠᠯᠳᠤᠭᠠᠨ ᠤ᠋ ᠠᠭᠤᠷ ᠠᠮᠢᠰᠬᠤᠯ ᠢ᠋ ᠬᠦᠷ ᠬᠦᠭᠵᠢᠭᠡᠨ ᠲᠠᠢ ᠪᠤᠯᠭᠠᠨ ᠂ ᠨᠠᠩ ᠲᠡᠭᠦᠯᠳᠡᠷ ᠡᠷᠴᠢ ᠵᠤᠷᠢᠭ ᠂ ᠨᠡᠩ ᠪᠣᠳᠠᠲᠠᠶ ᠠᠵᠢᠯ ᠤ᠋ᠨ ᠰᠤᠷᠲᠠᠯ ᠶ᠋ᠢᠡᠷ ᠂ ᠠᠷᠭ᠎ᠠ ᠪᠦᠬᠦᠨ ᠢ᠋ ᠰᠦᠪᠡᠭ᠌ᠴᠢᠯᠡᠨ ᠶᠡᠷᠦᠩᠬᠡᠶ ᠬᠡᠮᠵᠢᠶ᠎ᠡ ᠶ᠋ᠢ ᠨᠡᠮᠡᠭᠳᠡᠭᠦᠯᠦᠨ ᠂ ᠬᠥᠷᠥᠩᠭᠡ ᠪᠡᠨ ᠵᠤᠵᠠᠭᠠᠳᠬᠠᠬᠤ ᠬᠡᠷᠡᠭᠳᠠᠢ ᠃
ᠳᠠᠷᠪᠠᠭᠤᠯ ᠬᠡᠢᠰᠭᠡᠨ ᠬᠤᠯᠠ ᠶ᠋ᠢ ᠵᠤᠷᠢᠵᠤ ᠂ ᠡᠷᠡᠯᠬᠡᠭ ᠵᠤᠷᠢᠭ ᠠᠤᠭ᠎ᠠ ᠰᠠᠨᠠᠭ᠎ᠠ ᠡᠪᠤᠷᠯᠡᠨ ᠢᠷᠡᠭᠡᠳᠦᠢ ᠵᠦᠭ ᠤᠷᠤᠭ᠍ᠰᠢᠯᠠᠨᠠᠮ ᠃ ᠥᠨᠥᠳᠦᠷ ᠦ᠋ᠨ ᠤᠮᠠᠷᠠᠲᠤ ᠬᠢᠯᠢ ᠶ᠋ᠢᠨ ᠪᠠᠢᠳᠠᠯ ᠢ᠋ ᠠᠵᠢᠬᠤᠶ᠎ᠠ ᠂ ᠡᠷᠡᠯᠬᠡᠭ ᠵᠣᠷᠢᠭ ᠠᠤᠭ᠎ᠠ ᠰᠠᠨᠠᠭ᠎ᠠ ᠭᠠᠵᠠᠷ ᠪᠣᠯᠭᠠᠨ ᠳ᠋ᠤ ᠪᠤᠴᠠᠯᠵᠤ ᠂ ᠡᠷᠡᠯᠬᠡᠭ᠌ᠯᠡᠨ ᠲᠡᠮᠡᠴᠡᠬᠦ᠌ ᠠᠬᠤᠢ ᠪᠠᠢᠳᠠᠯ ᠂ ᠤᠷᠤᠭ᠍ᠰᠢᠯᠠᠯᠲᠠ ᠶ᠋ᠢᠨ ᠠᠯᠬᠤᠭ᠎ᠠ ᠂ ᠮᠡᠷᠡᠢᠨ ᠴᠢᠷᠮᠠᠢᠬᠤ ᠬᠦᠴᠦ᠍ ᠬᠥᠯᠥᠰᠥ᠍ ᠨᠢ ᠥᠪᠥᠷ ᠮᠣᠩᠭᠣᠯ ᠤ᠋ᠨ ᠬᠥᠭ᠌ᠵᠢᠯᠲᠡ ᠪᠡᠨ ᠲᠦᠷᠭᠡᠳᠭᠡᠵᠦ᠍ ᠂ ᠬᠥᠭ᠌ᠵᠢᠯᠲᠡ ᠶ᠋ᠢ ᠶᠡᠬᠡ ᠪᠡᠷ ᠠᠳᠭᠤᠬᠤ ᠰᠦᠷ ᠵᠢᠪᠬᠤᠭᠠᠲᠤ ᠭᠦᠭ ᠠᠶᠠᠰ ᠪᠤᠯᠵᠤ ᠪᠠᠢᠨ᠎ᠠ ᠃ ᠪᠦᠬᠦ᠌ ᠣᠷᠣᠨ ᠤ᠋ ᠥᠷᠭᠡᠨ ᠤᠯᠠᠨ ᠺᠠᠳ᠋ᠷ ᠤᠯᠠᠨ ᠲᠦᠮᠡᠨ 《ᠬᠦᠴᠢᠷ ᠡᠴᠡ ᠠᠶᠤᠬᠤ ᠦᠭᠡᠢ ᠳᠡᠰᠪᠤᠷᠢ ᠳᠠᠭᠠᠭᠠᠴᠠᠲᠠᠢ ᠂ ᠴᠤᠴᠠᠯᠲᠠ ᠦᠭᠡᠢ ᠲᠡᠮᠡᠤᠯᠬᠦ ᠂ ᠵᠣᠷᠢᠭ᠍ᠰᠠᠨᠳᠠᠭᠠᠨ ᠵᠠᠪᠠᠯ ᠬᠦᠷᠬᠦ᠌》 ᠮᠣᠩᠭᠣᠯ ᠮᠤᠷᠢᠨ ᠤ᠋ ᠵᠣᠷᠢᠭ ᠰᠠᠨᠠᠭ᠎ᠠ ᠶ᠋ᠢ ᠦᠷᠭᠦᠯᠵᠢᠯᠡᠨ ᠪᠠᠳᠠᠷᠠᠭᠤᠯᠵᠤ ᠂ ᠢᠲᠡᠭᠡᠯ ᠵᠣᠷᠢᠭ ᠶ᠋ᠢᠡᠨ ᠪᠠᠲᠤᠳᠭᠠᠨ ᠂ ᠠᠵᠠ ᠲᠣᠬᠢᠶᠠᠯ ᠢ᠋ ᠡᠵᠡᠮᠳᠡᠵᠦ ᠂ ᠲᠠᠯᠳᠠ ᠬᠦᠴᠦᠨ ᠶ᠋ᠢᠡᠨ ᠠᠭᠤᠳᠠᠯᠤᠨ ᠂ ᠬᠥᠳᠡᠯᠭᠡᠬᠦ᠌ ᠬᠦᠴᠦᠨ ᠨᠡᠮᠡᠷᠢᠯᠡᠵᠦ᠍ ᠂ ᠬᠦᠴᠢᠷ ᠢ᠋ ᠲᠤᠭᠤᠯᠤᠨ ᠪᠡᠷᠬᠡ ᠶ᠋ᠢ ᠳᠠᠪᠠᠵᠤ ᠂ ᠵᠣᠷᠢᠭ᠍ᠲᠠᠢ ᠪᠡᠷ ᠲᠡᠮᠡᠴᠡᠳᠡᠭ ᠯᠡ ᠶᠤᠮ ᠪᠣᠯ ᠯᠠᠪᠲᠠᠢ ᠬᠦᠬᠡᠭᠡᠵᠦ ᠭᠦᠢᠴᠡᠨ ᠳᠠᠪᠠᠵᠤ ᠭᠠᠷᠴᠤ ᠲᠡᠷᠢᠭᠦᠨᠦ ᠬᠢ ᠪᠤᠯᠵᠤ ᠂ ᠱᠢᠨ᠎ᠡ ᠴᠠᠭ ᠦᠶ᠎ᠡ ᠶ᠋ᠢᠨ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠦᠷᠭᠦᠯᠵᠢᠯᠡᠨ ᠪᠢᠴᠢᠭ᠌ᠯᠡᠵᠤ ᠴᠢᠳᠠᠨ᠎ᠠ ᠃