— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠲᠤᠬᠠᠢ ᠭᠤᠷᠪᠠᠨᠲᠠ ᠥᠭᠦᠯᠡᠬᠦ᠌ ᠨᠢ
ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠬᠣᠢᠱᠢᠳᠠ᠎ᠶ᠋ᠢᠨ ᠲᠠᠪᠤᠨ ᠵᠢᠯ ᠪᠠ ᠡᠨᠡ ᠵᠢᠯ᠎ᠦᠨ ᠠᠵᠢᠯ᠎ᠢ ᠰᠠᠢᠲᠤᠷ ᠬᠢᠬᠦ᠌ ᠲᠤᠬᠠᠢ ᠪᠠᠢᠷᠢᠯᠠᠭᠤᠯᠤᠯᠲᠠ ᠬᠢᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠂ ᠢᠲᠡᠭᠡᠯ᠎ᠢ ᠨᠡᠮᠡᠭ᠌ᠳᠡᠭᠦᠯᠵᠦ᠍᠂ ᠵᠣᠷᠢᠭ᠎ᠢ ᠬᠥᠪᠴᠢᠯᠡᠪᠡ᠃
ᠵᠢᠷᠤᠭ ᠲᠦᠰᠦᠪ ᠨᠢᠭᠡᠨᠳᠡ ᠲᠤᠳᠤᠷᠬᠠᠢ ᠪᠤᠯᠵᠤ᠂ ᠠᠰᠢᠬᠳᠠᠢ ᠨᠦᠬᠦᠴᠡᠯ᠎ᠢ ᠠᠰᠢᠬᠯᠠᠨ ᠬᠦᠴᠢᠷ᠎ᠢ ᠰᠦᠷᠦᠨ ᠤᠷᠤᠭᠰᠢᠯᠠᠬᠤ ᠴᠠᠭ ᠪᠤᠯᠵᠠᠢ; ᠬᠦᠨᠳᠦ ᠬᠠᠷᠢᠭᠤᠴᠠᠯᠭ᠎ᠠ ᠮᠥᠷᠥᠨ ᠲᠡᠭᠡᠷ᠎ᠠ ᠲᠠᠯᠪᠢᠭᠳᠠᠵᠤ ᠪᠤᠢ᠂ ᠬᠤᠷᠳᠤᠨ ᠮᠤᠷᠢ ᠪᠠᠨ ᠲᠠᠱᠢᠭᠤᠷᠳᠠᠬᠤ ᠴᠢᠬᠤᠯᠠᠲᠠᠢ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠳᠤ᠂ ᠱᠠᠯᠠᠮᠠᠭᠠᠢᠯᠠᠨ ᠤᠷᠤᠭᠰᠢᠯᠠᠵᠤ ᠭᠠᠪᠰᠢᠭᠠᠢᠯᠠᠨ ᠨᠡᠬᠡᠵᠤ᠂ ᠬᠦᠬᠡᠬᠡᠵᠤ ᠭᠦᠢᠴᠡᠬᠦ᠌ ᠢᠳᠡᠭᠡᠯ ᠲᠠᠢ ᠡᠷᠴᠢ ᠵᠣᠷᠢᠭ᠎ᠢᠶᠠᠨ ᠬᠥᠪᠴᠢᠯᠡᠨ᠂ ᠴᠠᠭ ᠮᠥᠴᠡ᠎ᠲᠡᠶ ᠤᠷᠤᠯᠳᠤᠨ᠂ ᠥᠷᠯᠥᠭᠡ ᠦᠳᠡᠰᠢ᠎ᠶ᠋ᠢ ᠲᠡᠮᠡᠴᠡᠨ᠂ ᠬᠠᠷᠠᠯᠲᠠ ᠵᠦᠭ᠎ᠢᠶᠡᠨ ᠡᠷᠡᠯᠭᠡᠭᠯᠡᠨ ᠤᠷᠤᠭ᠍ᠰᠢᠯᠠᠵᠤ᠂ ᠬᠥᠭ᠌ᠵᠢᠯᠲᠡ᠎ᠶ᠋ᠢᠨ ᠬᠤᠷᠳᠤᠴᠠ᠎ᠪᠠᠨ ᠲᠦᠷᠭᠡᠳᠭᠡᠵᠦ᠍᠂ ᠲᠥᠯᠥᠪᠵᠢᠭᠦᠯᠭᠡ᠎ᠶ᠋ᠢᠨ ᠵᠢᠷᠤᠭ᠎ᠵᠢ ᠪᠠᠷᠢᠯᠭ᠎ᠠ᠎ᠶ᠋ᠢᠨ ᠵᠢᠷᠤᠭ ᠪᠣᠯᠭᠠᠨ ᠬᠤᠪᠢᠷᠠᠭᠤᠯᠵᠤ᠂ ᠴᠠᠭ᠎ᠤᠨ ᠬᠦᠰᠦᠨᠦᠭ᠌ᠲᠦ᠍᠎ᠶ᠋ᠢ ᠵᠠᠮ᠎ᠤᠨ ᠬᠦᠰᠦᠨᠦᠭ᠌ᠲᠦ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠱᠢᠨ᠎ᠡ ᠳᠠᠪᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
ᠡᠷᠴᠢ ᠵᠣᠷᠢᠭ᠎ᠢᠶᠠᠨ ᠬᠥᠪᠴᠢᠯᠡᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠤᠷᠳᠤᠴᠠ᠎ᠶ᠋ᠢ ᠲᠦᠷᠭᠡᠳᠭᠡᠬᠦ᠌᠎ᠳᠦ᠂ ᠡᠷᠬᠡᠪᠰᠢ 《ᠬᠦᠯᠢᠶᠡᠵᠦ᠍ ᠦᠯᠦ ᠪᠤᠯᠬᠤ》 ᠲᠤᠯᠭᠠᠮ ᠪᠤᠳᠤᠯ ᠪᠣᠯᠤᠨ 《ᠤᠳᠠᠭᠠᠰᠢᠷᠠᠵᠤ ᠦᠯᠦ ᠪᠤᠯᠬᠤ》 ᠲᠦᠭ᠌ᠰᠢᠭᠦᠷᠢᠲᠦ ᠪᠤᠳᠤᠯ᠎ᠢᠶᠠᠨ ᠴᠢᠩᠭᠠᠳᠭᠠᠬᠤ ᠬᠡᠷᠡᠭ᠌ᠲᠡᠢ᠃ ᠤᠳᠤ ᠱᠢᠨ᠎ᠡ ᠠᠵᠤ ᠦᠢᠯᠡᠰ᠂ ᠱᠢᠨ᠎ᠡ ᠮᠡᠷᠭᠡᠵᠢᠯ᠂ ᠱᠢᠨ᠎ᠡ ᠵᠠᠭ᠍ᠪᠤᠷ᠂ ᠱᠢᠨ᠎ᠡ ᠡᠵᠡᠩᠨᠡᠯᠲᠡ᠎ᠶ᠋ᠢᠨ ᠬᠡᠯᠪᠡᠷᠢ ᠵᠠᠯᠭᠠᠭ᠎ᠠ ᠵᠠᠯᠭᠠᠭ᠎ᠠ᠎ᠪᠠᠷ ᠢᠯᠡᠷᠡᠵᠦ᠍᠂ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠨᠢ ᠬᠠᠷᠢᠯᠴᠠᠨ ᠬᠡᠯᠬᠢᠶᠡᠷᠡᠯᠳᠤᠵᠦ᠂ ᠲᠦᠷᠦ᠍᠎ᠶ᠋ᠢᠨ ᠪᠤᠳᠤᠯᠭ᠎ᠠ᠎ᠶ᠋ᠢ ᠭᠤᠶᠤᠴᠢᠯᠠᠬᠤ᠂ ᠲᠦᠷᠦᠯ ᠵᠦᠢᠯ᠎ᠢ ᠡᠷᠢᠯᠬᠢᠯᠡᠬᠦ᠂ ᠠᠷᠠᠯᠵᠢᠶᠠᠴᠢᠨ ᠤᠷᠢᠬᠤ᠎ᠳᠤ ᠴᠤ᠌ ᠲᠡᠷᠡ᠂ ᠡᠰᠡᠬᠦᠯ᠎ᠡ ᠠᠰᠠᠭᠤᠳᠠᠯ᠎ᠢ ᠠᠳᠭᠤᠬᠤ᠂ ᠪᠤᠭᠤᠮᠳᠠ ᠰᠢᠪᠳᠤᠯᠬᠤ᠂ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠳᠦ ᠴᠦ᠍ ᠲᠡᠷᠡ᠂ ᠭᠠᠭ᠍ᠴᠠ ᠬᠦ᠌ ᠠᠵᠢᠯ᠎ᠢᠶᠠᠨ ᠡᠬᠢᠯᠡᠭᠦᠯᠵᠦ᠂ ᠲᠦᠷᠭᠡᠳᠭᠡᠨ ᠠᠬᠢᠭᠤᠯᠪᠠᠯ ᠰᠠᠶᠢ ᠬᠦᠴᠢᠷᠪᠡᠷᠭᠡᠶᠢ ᠲᠤᠭᠤᠯᠤᠨ ᠵᠣᠷᠢᠭ᠍ᠲᠠᠢ ᠳᠠᠪᠠᠵᠤ᠂ ᠬᠦᠬᠡᠬᠡᠨ ᠭᠦᠢᠴᠡᠵᠦ᠍ ᠴᠢᠳᠠᠨ᠎ᠠ᠃ ᠥᠨᠥᠳᠦᠷ ᠣᠷᠣᠢᠳᠠᠯᠠ ᠬᠡᠰᠡᠨ ᠴᠦ᠍ ᠡᠷᠲᠡ ᠳ᠋ᠡᠭᠡᠨ ᠲᠤᠭᠠᠴᠠᠭᠳᠠᠵᠤ ᠮᠠᠷᠭᠠᠰᠢ ᠡᠷᠲᠡᠯᠡᠭᠰᠡᠨ ᠴᠦ᠍ ᠤᠷᠤᠢᠳᠠᠭᠰᠠᠨ ᠳ᠋ᠠᠭᠠᠨ ᠲᠤᠭᠠᠴᠠᠭᠳᠠᠨ᠎ᠠ᠃ 《ᠲᠦᠷᠭᠡᠨ》 ᠪᠠ 《ᠭᠦᠶᠦᠬᠦ᠌》 ᠵᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠪᠠᠯ ᠪᠢᠳᠡ ᠳᠠᠷᠪᠠᠭᠤᠯ ᠬᠡᠢᠰᠭᠡᠨ ᠦᠷᠢᠰᠦᠯᠳᠦᠨ ᠤᠷᠤᠭ᠍ᠰᠢᠯᠠᠬᠤ᠂ ᠰᠠᠯᠬᠢ ᠳᠠᠪᠠᠯᠭᠠᠨ᠎ᠢ ᠰᠦᠷᠦᠨ ᠤᠷᠤᠭ᠍ᠰᠢᠯᠠᠬᠤ ᠱᠢᠨ᠎ᠡ ᠤᠷᠤᠯᠳᠤᠭᠠᠨ᠎ᠤ ᠵᠠᠮ ᠳᠡᠭᠡᠷ᠎ᠡ ᠬᠤᠷᠳᠤᠴᠠ᠎ᠪᠠᠨ ᠲᠦᠷᠭᠡᠳᠭᠡᠵᠦ᠍᠂ ᠳᠠᠪᠠᠭᠤᠯᠢᠭ᠎ᠢᠶᠠᠨ ᠪᠠᠳᠠᠷᠠᠭᠤᠯᠵᠤ ᠴᠢᠳᠠᠨ᠎ᠠ᠃
ᠡᠷᠴᠢ ᠵᠣᠷᠢᠭ᠎ᠢᠶᠠᠨ ᠬᠥᠪᠴᠢᠯᠡᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠤᠷᠳᠤᠴᠠ᠎ᠶ᠋ᠢ ᠲᠦᠷᠭᠡᠳᠭᠡᠬᠦ᠌᠎ᠳᠦ᠂ ᠡᠷᠬᠡᠪᠰᠢ ᠨᠢᠭᠡ ᠯᠡ ᠠᠮᠢᠰᠭᠤᠭ᠎ᠠ᠎ᠪᠠᠷ ᠬᠢᠵᠦ᠍᠂ ᠪᠦᠬᠦ᠌ ᠬᠦᠴᠦᠨ᠎ᠢᠶᠡᠷ᠎ᠢᠶᠡᠨ ᠴᠢᠷᠮᠠᠢᠵᠤ᠂ ᠬᠠᠷᠢᠭᠤᠴᠠᠯᠭ᠎ᠠ ᠡᠭᠦᠷᠭᠡᠯᠡᠬᠦ᠌ ᠳᠤᠷ᠎ᠠ ᠦᠭᠡᠢ᠂ ᠵᠢᠳᠭᠦᠯ ᠴᠢᠷᠮᠠᠢᠯᠭ᠎ᠠ ᠭᠠᠷᠭᠠᠬᠤ ᠲᠤᠷ᠎ᠠ ᠦᠭᠡᠢ ᠬᠣᠢᠷᠭᠣ ᠴᠢᠨᠠᠷ᠎ᠢ ᠡᠷᠡᠰ ᠲᠡᠪᠴᠢᠵᠦ᠍ ᠂ ᠠᠰᠠᠭᠤᠳᠠᠯ ᠪᠠ ᠬᠦᠴᠢᠷᠳᠡᠯ᠎ᠳᠦ ᠲᠤᠯᠭᠠᠷᠠᠪᠠᠯ ᠬᠣᠢᠰᠢ ᠰᠠᠭᠤᠬᠤ ᠬᠣᠢᠷᠭᠣ ᠵᠠᠩ᠎ᠢ ᠡᠷᠡᠰ ᠲᠡᠪᠴᠢᠵᠦ᠍᠂ 《ᠬᠠᠷᠭᠤᠬᠰᠠᠨ ᠲᠠᠢᠰᠤᠨ ᠵᠢᠨᠨ ᠵᠠᠪᠠᠯ ᠢᠯᠠᠬᠤ》 ᠣᠪᠣᠷ᠎ᠢᠶᠠᠷ ᠱᠢᠷᠦᠭᠦᠨ ᠥᠷᠢᠰᠥᠯᠳᠦᠭᠡᠨ᠎ᠳᠦ ᠣᠷᠣᠯᠴᠠᠵᠤ᠂ ᠲᠡᠮᠡᠴᠡᠯ᠎ᠤᠨ ᠡᠷᠴᠢ ᠵᠣᠷᠢᠭ᠂ ᠱᠠᠯᠠᠪᠳᠠᠨ ᠵᠠᠪᠳᠤᠬᠤ ᠠᠢᠵᠠᠮ᠎ᠢᠶᠠᠷ ᠤᠷᠤᠭ᠍ᠰᠢᠯᠠᠬᠤ ᠬᠡᠷᠡᠭ᠌ᠲᠡᠢ ᠃ ᠡᠷᠬᠡᠪᠰᠢ ᠪᠣᠳᠠᠲᠠᠢ ᠠᠵᠢᠯᠯᠠᠬᠤ ᠤᠳᠤᠷᠢᠳᠤᠮᠵᠢ᠎ᠶ᠋ᠢ ᠪᠤᠢ ᠪᠣᠯᠭᠠᠵᠤ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠬᠥᠭ᠌ᠵᠢᠯᠲᠡ᠎ᠪᠡᠷ ᠪᠠᠭᠠᠲᠤᠷ᠎ᠢ ᠦᠨᠡᠯᠡᠵᠦ᠍᠂ ᠪᠣᠳᠠᠲᠤ ᠠᠮᠵᠢᠯᠲᠠ᠎ᠪᠠᠷ ᠭᠠᠪᠢᠶ᠎ᠠ ᠤᠰᠤᠯ ᠢ᠋ ᠲᠡᠮᠳᠡᠭᠯᠠᠵᠤ᠂ ᠠᠵᠢᠯ ᠬᠢᠬᠦ ᠳ᠋ᠤ ᠶᠠᠪᠤᠴᠠ ᠵᠢ ᠦᠵᠡᠬᠦ ᠪᠡᠷ ᠪᠠᠷᠠᠬᠤ ᠦᠬᠡᠢ ᠨᠡᠩ ᠴᠤ᠌ ᠦᠷ᠎ᠡ ᠳ᠋ᠦᠩ᠎ᠢ ᠨᠢ ᠦᠵᠡᠬᠦ᠌ ᠬᠡᠷᠡᠭ᠌ᠲᠡᠢ᠂ 《ᠦᠩᠭᠡ ᠵᠢᠨ ᠴᠡᠴᠡᠭ ᠮᠢᠷᠠᠯᠵᠠᠨ ᠲᠡᠯᠭᠡᠷᠡᠭᠡᠳ ᠦᠷ᠎ᠡ ᠵᠢᠮᠢᠰ ᠰᠠᠭᠤᠬᠤ ᠦᠬᠡᠢ》 ᠪᠠᠢᠵᠤ ᠪᠣᠯᠬᠤ ᠦᠭᠡᠢ᠃ ᠡᠷᠬᠡᠪᠰᠢ 《ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ》 ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠵᠦ᠍᠂ 《ᠵᠢᠷᠤᠮᠵᠢᠭᠤᠯᠬᠤ᠂ ᠴᠣᠮᠬᠠᠳᠭᠠᠬᠤ᠂ ᠲᠦᠷᠭᠡᠳᠭᠡᠬᠦ᠌》 ᠱᠠᠭᠠᠷᠳᠠᠯᠭ᠎ᠠ ᠶᠣᠰᠣᠭᠠᠷ᠂ ᠥᠪᠡᠷ᠎ᠤᠨ ᠪᠡᠶ᠎ᠡ ᠳ᠋ᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠂ ᠬᠢᠲᠤᠭᠠᠨ᠎ᠤ ᠢᠷ᠎ᠢ ᠳᠣᠲᠣᠭ᠍ᠰᠢ ᠬᠠᠨᠳᠤᠭᠤᠯᠬᠤ ᠰᠥᠰᠥ᠍ ᠵᠣᠷᠢᠭ᠎ᠢᠶᠠᠷ ᠰᠤᠷᠲᠠᠯ᠎ᠤᠨ ᠬᠡᠮ ᠰᠣᠭᠣᠭ᠎ᠢ ᠳᠠᠷᠤᠶ ᠲᠦᠷᠭᠡᠨ ᠠᠷᠢᠯᠭᠠᠵᠤ᠂ ᠪᠥᠬᠥ᠌ ᠣᠷᠣᠨ᠎ᠤ ᠳᠡᠭᠡᠷ᠎ᠠ ᠳᠤᠤᠷ᠎ᠠ ᠱᠠᠲᠤᠨ᠎ᠤ ᠠᠵᠢᠯ ᠬᠢᠵᠦ᠍ ᠦᠶ᠋ᠯᠡᠰ ᠪᠤᠰᠭᠠᠬᠤ ᠴᠣᠭ ᠰᠦᠯᠳᠡ᠎ᠶ᠋ᠢ ᠭᠦᠶ᠋ᠴᠡᠳ ᠬᠥᠭ᠌ᠵᠢᠭᠡᠬᠦ᠌ ᠬᠡᠷᠡᠭ᠌ᠲᠡᠶ᠃
ᠡᠷᠴᠢ ᠵᠣᠷᠢᠭ᠎ᠢᠶᠠᠨ ᠬᠥᠪᠴᠢᠯᠡᠵᠦ᠍᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠬᠤᠷᠳᠤᠴᠠ᠎ᠶ᠋ᠢ ᠲᠦᠷᠭᠡᠳᠭᠡᠬᠦ᠌᠎ᠳᠦ ᠵᠠᠩᠭᠢᠯᠠᠭ᠎ᠠ ᠨᠢ ᠺᠠᠳ᠋ᠷ᠎ᠢ ᠦᠵᠡᠵᠦ᠍᠂ ᠺᠠᠳ᠋ᠷ᠎ᠤᠨ ᠪᠠᠢᠳᠠᠯ᠂ ᠡᠷᠴᠢ ᠵᠣᠷᠢᠭ ᠪᠣᠯᠤᠨ ᠰᠤᠷᠲᠠᠯ᠎ᠢ ᠦᠵᠡᠨ᠎ᠡ᠃ ᠵᠣᠷᠢᠭ᠍ᠲᠠᠢ᠎ᠪᠠᠷ ᠠᠰᠠᠭᠤᠳᠠᠯ᠎ᠢ ᠬᠦᠴᠦᠯᠡᠨ ᠱᠢᠢᠳᠪᠦᠷᠢᠯᠡᠪᠡᠯ ᠰᠠᠶᠢ ᠦᠨᠡᠨ ᠬᠠᠷᠢᠭᠤᠴᠠᠯᠭ᠎ᠠ ᠡᠭᠦᠷᠭᠡᠯᠡᠵᠦ᠍ ᠴᠢᠳᠠᠨ᠎ᠠ᠂ ᠬᠦᠴᠢᠷ ᠪᠡᠷᠬᠡᠱᠢᠶᠡᠯ᠎ᠦᠨ ᠳᠤᠮᠳᠠ ᠴᠢᠳᠠᠮᠠᠭᠠᠢ᠎ᠪᠠᠷ ᠱᠢᠨ᠎ᠡ ᠪᠠᠢᠳᠠᠯ᠎ᠢ ᠨᠡᠭᠡᠭᠡᠪᠡᠯ ᠰᠠᠶᠢ ᠠᠮᠵᠢᠯᠲᠠ ᠪᠦᠲᠦᠮᠵᠢ ᠭᠠᠷᠭᠠᠵᠤ ᠴᠢᠳᠠᠨ᠎ᠠ᠃ ᠣᠳᠣᠬᠠᠨ᠎ᠳᠤ᠂ ᠮᠠᠨ᠎ᠤ ᠣᠷᠣᠨ᠎ᠤ ᠬᠥᠭ᠌ᠵᠢᠯᠲᠡ᠎ᠳᠦ ᠪᠠᠰᠠ ᠴᠥᠭᠡᠨ ᠪᠤᠰᠤ ᠪᠡᠷᠬᠡ ᠪᠣᠭᠣᠮᠲᠠ᠎ᠶ᠋ᠢ ᠲᠤᠭᠤᠯᠬᠤ ᠬᠡᠷᠡᠭ᠌ᠲᠡᠢ᠂ ᠮᠠᠰᠢ ᠤᠯᠠᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠬᠡᠷᠡᠭ᠌ᠲᠡᠢ ᠪᠠᠢᠨ᠎ᠠ᠃ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠶᠡᠬᠡᠰᠭᠡᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠴᠢᠬᠤᠯᠠ ᠡᠯᠧᠮᠧᠨ᠋ᠲ᠎ᠦᠨ ᠲᠤᠯᠭᠠᠭᠤᠷᠢᠯᠠᠯ᠎ᠢ ᠴᠢᠩᠭᠠᠳᠭᠠᠵᠤ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠪᠡᠨ ᠬᠤᠪᠢᠷᠠᠭᠤᠯᠵᠤ᠂ ᠠᠶᠤᠯ ᠲᠦᠭ᠌ᠰᠢᠭᠦᠷᠢ ᠭᠡᠮ ᠰᠣᠭᠣᠭ᠎ᠢ ᠠᠷᠢᠯᠭᠠᠬᠤ᠎ᠳᠤ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠪᠣᠳᠠᠲᠠᠢ ᠠᠵᠢᠯᠯᠠᠭ᠎ᠠ ᠠᠪᠬᠤ ᠭᠡᠷᠡᠭᠳᠠᠢ᠃ ᠪᠣᠭᠣᠮᠲᠠ ᠱᠢᠪᠲᠤᠯᠬᠤ ᠵᠠᠩᠭᠢᠯᠠᠭ᠎ᠠ᠎ᠶ᠋ᠢᠨ ᠱᠠᠲᠤᠨ᠎ᠳᠤ ᠣᠷᠣᠬᠤ ᠲᠤᠳᠤᠮ᠂ ᠤᠯᠠᠮ ᠢᠯᠡᠭᠦᠦ ᠦᠷᠭᠦᠯᠵᠢᠯᠡᠨ ᠬᠦᠴᠦᠯᠡᠵᠦ᠍᠂ ᠠᠯᠬᠤᠮ ᠠᠯᠬᠤᠮ᠎ᠢᠶᠠᠷ ᠦᠷ᠎ᠠ ᠪᠦᠳᠤᠮᠵᠢ ᠭᠠᠷᠭᠠᠬᠤ ᠭᠡᠷᠡᠭᠳᠠᠢ᠃ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ ᠵᠠᠩᠭᠢᠯᠠᠭ᠎ᠠ᠎ᠶ᠋ᠢᠨ ᠴᠠᠭ ᠦᠶ᠎ᠡ ᠪᠣᠯᠬᠤ ᠲᠤᠳᠤᠮ ᠤᠯᠠᠮ ᠨᠠᠷᠢᠨ ᠬᠢᠨᠠᠮᠠᠭᠠᠢ ᠤᠷᠤᠵᠤ ᠬᠠᠲᠠᠭᠤ᠎ᠲᠠᠶ ᠨᠢ ᠬᠠᠯᠳᠠᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠬᠡᠷᠡᠭ᠌ᠲᠡᠢ᠃ ᠪᠢᠳᠡ ᠲᠡᠮᠡᠴᠡᠯ᠎ᠦᠨ ᠵᠣᠷᠢᠭ ᠰᠠᠨᠠᠭ᠎ᠠ᠎ᠪᠠᠨ ᠴᠢᠩᠭᠠᠳᠭᠠᠵᠤ᠂ 《ᠰᠢᠢᠳᠪᠦᠷᠢᠯᠡᠬᠦ ᠰᠡᠳᠭᠢᠬᠦᠢ》 ᠪᠡᠨ ᠴᠢᠩᠭᠠᠳᠭᠠᠵᠤ᠂ ᠬᠦᠴᠢᠷ ᠪᠡᠷᠬᠡᠱᠢᠶᠡᠯ ᠬᠠᠷᠰᠢ ᠰᠠᠭᠠᠳ᠎ᠢ ᠲᠠᠪᠠᠬᠤ ᠵᠠᠮ ᠢ᠋ ᠵᠣᠷᠢᠭ᠍ᠲᠠᠢ ᠡᠷᠢᠵᠦ᠍᠂ ᠶᠠᠪᠤᠳᠠᠯ ᠤᠴᠢᠷ᠎ᠢ ᠵᠥᠪᠬᠡᠨ ᠰᠠᠢᠲᠤᠷ ᠬᠢᠬᠦ᠌᠎ᠪᠠᠷ ᠠᠷᠭ᠎ᠠ ᠰᠦᠪᠡᠭ᠌ᠴᠢᠯᠡᠬᠦ ᠡᠴᠡ ᠪᠢᠰᠢ᠂ ᠬᠢᠬᠦ᠌ ᠦᠭᠡᠢ ᠪᠠᠢᠬᠤᠱᠢᠯᠲᠠᠭ ᠡᠷᠢᠵᠤ ᠪᠤᠯᠬᠤ ᠦᠬᠡᠢ᠂ ᠪᠣᠯᠤᠯᠴᠠᠭ᠎ᠠ ᠦᠭᠡᠢ ᠵᠦᠢᠯ᠎ᠢ ᠪᠤᠯᠤᠯᠴᠠᠭ᠎ᠠ ᠳᠠᠢ ᠪᠤᠯᠭᠠᠬᠤ ᠭᠡᠷᠡᠭᠳᠠᠢ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠲᠦᠷᠦᠭᠦᠯᠡᠨ ᠬᠢᠵᠦ᠍᠂ ᠲᠦᠷᠦᠭᠦᠯᠡᠨ ᠭᠠᠪᠱᠢᠭᠠᠢᠯᠠᠵᠤ᠂ ᠤᠳᠤᠷᠢᠳᠭᠤ ᠺᠠᠳ᠋ᠷᠴᠤᠳᠮᠠᠩᠯᠠᠢᠯᠠᠬᠤ ᠪᠡᠷ ᠪᠦᠬᠦ᠌ ᠨᠡᠢᠭᠡᠮ᠎ᠤᠨ 《ᠲᠦᠮᠡᠨ ᠠᠬᠳᠠ ᠵᠢᠨ ᠲᠦᠪᠡᠷᠬᠡᠨ》 ᠢ᠋ ᠳᠠᠢᠴᠢᠯᠠᠬᠤ ᠬᠡᠷᠡᠭ᠌ᠲᠡᠢ᠃
ᠱᠢᠨ᠎ᠡ ᠠᠶᠠᠨ᠎ᠤ ᠬᠡᠬᠡᠨ ᠰᠠᠷᠠᠭᠤᠯ ᠠᠯᠤᠰ ᠢᠷᠡᠭᠡᠳᠦᠢ ᠬᠥᠮᠦᠰ᠎ᠢ ᠡᠷᠡᠯᠬᠡᠭ᠌ᠯᠡᠨ ᠤᠷᠤᠭ᠍ᠰᠢᠯᠠᠭᠤᠯᠵᠤ᠂ ᠣᠳᠣᠬᠢᠴᠢᠯᠠᠯᠲᠠ᠎ᠶ᠋ᠢᠨ ᠰᠦᠷᠯᠢᠭ ᠰᠠᠢᠬᠠᠨ ᠵᠢᠷᠤᠭ ᠲᠥᠰᠦᠪ ᠬᠥᠮᠦᠰ᠎ᠢ ᠤᠷᠮᠠᠱᠢᠭᠤᠯᠤᠨ ᠵᠤᠷᠢᠭᠵᠢᠭᠤᠯᠵᠤ ᠪᠠᠢᠨ᠎ᠠ᠃ ᠥᠪᠥᠷ ᠮᠣᠩᠭᠣᠯ᠎ᠢ ᠨᠡᠩ ᠲᠦᠷᠭᠡᠨ ᠨᠡᠩ ᠰᠠᠢ᠌ᠨ ᠬᠥᠭ᠌ᠵᠢᠭᠦᠯᠦᠶᠡ ᠭᠡᠪᠡᠯ ᠳᠥᠭᠥᠮ ᠠᠷᠭ᠎ᠠ ᠭᠡᠵᠦ ᠪᠠᠢᠬᠤ ᠦᠭᠡᠢ᠂ ᠭᠠᠭ᠍ᠴᠠ ᠬᠦ᠌ ᠲᠦᠷᠭᠡᠨ ᠬᠢᠵᠦ ᠶᠡᠬᠡ ᠪᠡᠷ ᠬᠢᠵᠦ᠂ ᠱᠢᠷᠭᠠᠭᠤ ᠠᠵᠢᠯᠯᠠᠵᠤ ᠪᠣᠳᠠᠲᠠᠢ ᠬᠢᠬᠦ᠌ ᠯᠠ ᠬᠡᠷᠡᠭ᠌ᠲᠡᠢ᠃ ᠪᠢᠳᠡ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠵᠢᠳᠬᠦᠯ ᠴᠢᠷᠮᠠᠢᠯᠭ᠎ᠠ ᠭᠠᠷᠭᠠᠵᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠤᠮᠤᠭ ᠪᠠᠳᠠᠷᠠᠩᠭᠤᠢ ᠡᠷᠡᠯᠬᠡᠭᠯᠡᠨ ᠴᠢᠷᠮᠠᠢᠵᠤ᠂ ᠵᠤᠷᠢᠭᠲᠠᠢ ᠤᠷᠤᠭ᠍ᠰᠢᠯᠠᠵᠤ᠂ ᠨᠡᠩ ᠪᠣᠳᠠᠲᠠᠢ ᠰᠤᠷᠲᠠᠯ᠎ᠢᠶᠠᠷ ᠠᠵᠢᠯ ᠬᠢᠵᠦ᠍ ᠦᠢᠯᠡᠰ ᠪᠦᠳᠦᠭᠡᠵᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠶᠡᠬᠡ ᠬᠥᠭ᠌ᠵᠢᠯᠲᠡ᠂ ᠲᠦᠷᠭᠡᠨ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠦᠬᠦ᠌ ᠤᠯᠤᠰ᠎ᠤᠨ ᠳᠤᠮᠳᠠ ᠲᠦᠪᠱᠢᠨ᠎ᠳᠦ ᠬᠦᠷᠭᠡᠬᠦ᠌ ᠬᠠᠷᠠᠯᠲᠠ᠎ᠶ᠋ᠢ ᠡᠷᠲᠡᠬᠡᠨ ᠪᠡᠶᠡᠯᠡᠭᠦᠯᠬᠦ ᠬᠡᠷᠡᠭᠲᠡᠢ᠃