ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠦᠨ᠎ᠡ
2023-01-28 11:01:08
ᠵᠣᠬᠢᠶᠠᠭ᠍ᠴᠢ᠄
ᠵᠸᠩ ᠰᠢᠶᠠᠩ ᠫᠢᠩ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ 2014 ᠣᠨ᠎ᠳᠤ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ ᠪᠣᠯ ᠥᠪᠥᠷ ᠮᠣᠩᠭᠣᠯ᠎ᠤᠨ ᠳᠠᠪᠠᠭᠤᠯᠢᠭ ᠮᠥᠨ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠪᠡᠨ ᠬᠤᠪᠢᠷᠠᠭᠤᠯᠬᠤ ᠨᠢ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠢ ᠠᠪᠬᠤ ᠦᠭᠡᠢ ᠭᠡᠰᠡᠨ ᠶᠠᠪᠤᠳᠠᠯ ᠪᠢᠰᠢ᠂ ᠬᠠᠷᠢᠨ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠭᠣᠣᠯᠳᠠᠯᠭ᠎ᠠ᠎ᠶ᠋ᠢ ᠡᠬᠢ ᠪᠠᠶᠠᠯᠢᠭ᠎ᠢ ᠣᠨᠳᠣᠣᠱᠢᠭᠤᠯᠤᠨ ᠦᠷᠳᠡᠭ᠎ᠢ ᠨᠢ ᠨᠡᠮᠡᠭ᠌ᠳᠡᠭᠦᠯᠬᠦ᠌ ᠳᠡᠭᠡᠷ᠎ᠡ ᠲᠠᠯᠪᠢᠵᠤ᠂ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠨᠤᠷᠮ᠎ᠠ ᠪᠣᠯᠤᠨ ᠠᠵᠤ ᠦᠢᠯᠡᠰ᠎ᠦᠨ ᠨᠠᠷᠢᠯᠢᠭ ᠡᠳ᠋ᠱᠢᠭᠦᠯᠬᠦ᠌ ᠬᠡᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠡᠬᠢ ᠪᠠᠶᠠᠯᠢᠭ᠎ᠢ ᠣᠨᠳᠣᠣᠱᠢᠭᠤᠯᠤᠨ ᠦᠷᠳᠡᠭ᠎ᠢ ᠨᠢ ᠨᠡᠮᠡᠭ᠌ᠳᠡᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠳᠠᠯᠳᠠ ᠬᠦᠴᠦᠨ ᠯᠤᠲᠤ ᠶᠡᠬᠡ ᠪᠥᠭᠡᠳ ᠭᠡᠭᠡᠨ ᠰᠠᠷᠠᠭᠤᠯ ᠠᠯᠤᠰ ᠢᠷᠡᠭᠡᠳᠦᠶ᠎ᠲᠡᠶ ᠶᠤᠮ᠃ ᠥᠪᠥᠷ ᠮᠣᠩᠭᠣᠯ ᠡᠨᠧᠷᠭᠢ᠎ᠶ᠋ᠢᠨ ᠲᠤᠮᠤ ᠣᠷᠣᠨ ᠪᠣᠯᠤᠭ᠍ᠰᠠᠨ᠎ᠤ ᠬᠤᠪᠢ᠎ᠳᠤ᠂ ᠨᠡᠭᠦᠷᠡᠰᠦᠨ᠎ᠦ ᠡᠬᠢ ᠪᠠᠶᠠᠯᠢᠭ ᠡᠯᠪᠡᠭ ᠳᠡᠯᠪᠡᠭ᠂ ᠰᠠᠯᠬᠢ ᠭᠡᠷᠡᠯ᠎ᠦᠨ ᠡᠬᠢ ᠪᠠᠶᠠᠯᠢᠭ ᠬᠢᠵᠠᠭᠠᠯᠠᠰᠢ ᠦᠭᠡᠢ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢ ᠬᠥᠭ᠌ᠵᠢᠭᠦᠯᠬᠦ᠌ ᠲᠠᠯ᠎ᠠ᠎ᠪᠠᠷ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠳᠠᠪᠠᠭᠤᠯᠢᠭ᠂ ᠮᠡᠷᠭᠡᠵᠢᠯ᠎ᠦᠨ ᠳᠠᠪᠠᠭᠤᠯᠢᠭ᠎ᠲᠠᠶ ᠶᠤᠮ᠃ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠪᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠰᠡᠳᠦᠪ᠎ᠲᠦ ᠪᠠᠢᠪᠠᠰᠤ ᠵᠣᠬᠢᠬᠤ ᠠᠭᠤᠯᠭ᠎ᠠ ᠪᠣᠯᠬᠤ ᠪᠥᠭᠡᠳ ᠪᠠᠰᠠ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ᠎ᠶ᠋ᠢᠨ ᠭᠠᠷᠳᠡᠴᠡ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠤᠳᠤᠯᠤᠨ ᠤᠩᠱᠢᠬᠤ᠎ᠳᠤ᠂ ᠨᠡᠭᠦᠷᠡᠰᠦ ᠨᠢ ᠥᠪᠥᠷ ᠮᠣᠩᠭᠣᠯ᠎ᠤᠨ ᠴᠢᠬᠤᠯᠠ ᠠᠵᠤ ᠦᠢᠯᠡᠰ ᠪᠣᠯᠤᠭ᠍ᠰᠠᠨ᠎ᠤ ᠬᠤᠪᠢ᠎ᠳᠤ᠂ ᠬᠦᠴᠦᠷᠬᠡᠭ᠌ᠵᠢᠭᠦᠯᠦᠨ ᠪᠤᠵᠠᠭᠠᠢᠷᠠᠭᠤᠯᠬᠤ᠎ᠡᠴᠡ ᠪᠢᠰᠢ ᠪᠠᠭᠠᠰᠬᠠᠵᠤ ᠪᠤᠯᠬᠤ ᠦᠭᠡᠢ ᠬᠠᠶᠠᠵᠤ ᠪᠤᠯᠬᠤ ᠦᠭᠡᠢ ᠭᠡᠳᠡᠭ᠎ᠢ ᠨᠡᠩ ᠭᠦᠨᠵᠡᠭᠡᠢ ᠣᠢᠯᠠᠭᠠᠪᠠ; ᠬᠡᠷᠪᠡ ᠵᠥᠪᠬᠡᠨ ᠭᠠᠷᠤᠯᠲᠠ ᠵᠢ ᠨᠡᠮᠡᠭᠳᠡᠭᠦᠯᠬᠦ ᠲᠠᠯ᠎ᠠ᠎ᠪᠠᠷ ᠠᠷᠭ᠎ᠠ ᠭᠠᠷᠭᠠᠵᠤ᠂ ᠠᠵᠤ ᠦᠢᠯᠡᠰ᠎ᠦᠨ ᠲᠠᠯ᠎ᠠ᠎ᠪᠠᠷ ᠠᠷᠭ᠎ᠠ ᠭᠠᠷᠭᠠᠬᠤ ᠦᠭᠡᠢ ᠪᠣᠯ᠂ ᠳᠥᠭᠥᠮᠬᠡᠨ᠎ᠢᠶᠡᠷ 《ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ》 ᠪᠠᠢᠳᠠᠯ᠎ᠢ ᠬᠤᠪᠢᠷᠠᠭᠤᠯᠵᠤ ᠴᠢᠳᠠᠬᠤ ᠦᠭᠡᠢ ᠭᠡᠳᠡᠭ᠎ᠢ ᠨᠡᠩ ᠭᠦᠨᠵᠡᠭᠡᠢ ᠤᠢᠯᠠᠭᠠᠪᠠ᠃

ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠬᠡᠯᠬᠢᠶ᠎ᠠ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠲᠤᠬᠠᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠬᠥᠭ᠌ᠵᠢᠯᠲᠡ᠎ᠶ᠋ᠢᠨ ᠬᠠᠷᠠᠯᠲᠠ ᠪᠣᠯᠤᠨ ᠪᠡᠶᠡᠯᠡᠭᠦᠯᠬᠦ᠌ ᠠᠷᠭ᠎ᠠ ᠵᠠᠮ᠎ᠢ ᠲᠣᠳᠣᠷᠬᠠᠢᠯᠠᠭ᠍ᠰᠠᠨ ᠪᠥᠭᠡᠳ ᠪᠠᠢᠷᠢᠱᠢᠭᠤᠯᠤᠯᠲᠠ ᠪᠠᠢᠷᠢ ᠲᠣᠭ᠍ᠲᠠᠭᠠᠯᠲᠠ ᠪᠣᠯᠤᠨ ᠪᠣᠳᠠᠲᠠᠢ ᠭᠠᠷᠳᠡᠴᠡ ᠵᠢ ᠵᠢᠭᠠᠵᠤ ᠭᠠᠷᠭᠠᠪᠠ᠃ ᠬᠥᠭ᠌ᠵᠢᠯᠲᠡ᠎ᠶ᠋ᠢᠨ ᠬᠠᠷᠠᠯᠲᠠ ᠪᠣᠯ ᠳᠠᠷᠤᠢ ᠡᠨᠡ ᠵᠢᠯ᠎ᠦᠨ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠦᠷᠳᠡᠭ ᠢ᠋ ᠮᠢᠩᠭᠠᠨ ᠳ᠋ᠦᠩᠱᠢᠭᠤᠷ ᠲᠥᠭᠥᠷᠢᠭ᠎ᠦᠨ ᠶᠡᠬᠡ ᠪᠣᠭᠣᠮᠲᠠ᠎ᠶ᠋ᠢ ᠳᠠᠪᠠᠭᠤᠯᠬᠤ᠎ᠪᠠᠷ ᠴᠢᠷᠮᠠᠢᠨ᠎ᠠ᠂ ᠪᠢᠳᠡ ᠬᠠᠷᠠᠯᠲᠠ᠎ᠪᠠᠨ ᠤᠨᠢᠯᠠᠨ ᠱᠠᠯᠠᠪᠳᠠᠨ ᠲᠦᠷᠭᠡᠨ ᠬᠢᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ ᠬᠡᠷᠡᠭ᠌ᠲᠡᠢ᠃ ᠪᠡᠶᠡᠯᠡᠭᠦᠯᠬᠦ᠌ ᠠᠷᠭ᠎ᠠ ᠵᠠᠮ ᠪᠣᠯ ᠳᠠᠷᠤᠢ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠣᠨᠴᠠ ᠲᠦᠷᠦᠯ᠎ᠦᠨ ᠲᠦᠯᠡᠰᠢ ᠪᠠ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠨᠡᠭᠦᠷᠡᠰᠦ᠎ᠪᠡᠷ ᠠᠯᠺᠸᠨ ᠦᠢᠯᠡᠳᠬᠦ᠌᠎ᠶ᠋ᠢ ᠬᠠᠷᠢᠮᠠᠬᠠᠢ ᠪᠡᠶᠡᠲᠦ ᠮᠠᠲ᠋ᠧᠷᠢᠶᠠᠯ ᠂ ᠨᠢᠯᠦᠨ ᠂ ᠣᠨᠴᠠ ᠲᠦᠷᠦᠯ᠎ᠦᠨ ᠰᠦᠯᠢᠶᠣᠣ ᠵᠡᠷᠭᠡ ᠦᠢᠯᠡᠳᠬᠦᠨ ᠲᠡᠢᠰᠢ ᠤᠷᠲᠤᠳᠭᠠᠬᠤ᠎ᠶ᠋ᠢ ᠭᠣᠣᠯᠳᠠᠯᠭ᠎ᠠ᠎ᠲᠠᠶ ᠠᠬᠢᠭᠤᠯᠵᠤ ᠂ ᠨᠡᠭᠦᠷᠡᠰᠦ᠎ᠪᠡᠷ ᠡᠲ᠋ᠠ ᠬᠣᠶᠠᠷᠴᠢ ᠠᠯᠺᠣᠣᠯ ᠦᠢᠯᠡᠳᠬᠦ᠌ ᠡᠴᠡ ᠪᠦᠭᠡᠭᠡᠨᠡᠷᠢᠯ ᠡᠲ᠋ᠠ ᠠᠯᠺᠣᠣᠯ᠎ᠤᠨ ᠬᠦᠴᠢᠯ᠂ ᠪᠦᠭᠡᠭᠡᠨᠡᠷᠢᠯ ᠡᠰᠲ᠋ᠧᠷ᠎ᠦᠨ ᠱᠢᠷᠬᠡᠭ ᠵᠡᠷᠭᠡ ᠦᠢᠯᠡᠳᠬᠦᠨ ᠲᠡᠢᠰᠢ ᠤᠷᠲᠤᠳᠭᠠᠬᠤ᠎ᠶ᠋ᠢ ᠠᠬᠢᠭᠤᠯᠵᠤ᠂ ᠮᠡᠷᠭᠡᠵᠢᠯ᠂ ᠲᠥᠬᠥᠭᠡᠷᠦᠮᠵᠢ᠂ ᠲᠦᠷᠭᠡᠳᠭᠡᠭᠦᠷ ᠵᠡᠷᠭᠡ ᠣᠷᠣᠨ᠎ᠤ ᠳᠣᠲᠣᠷᠠᠬᠢ ᠢᠵᠢ ᠪᠦᠷᠢᠳᠦᠬᠦᠯᠬᠦ᠌ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ᠂ ᠪᠢᠳᠡ ᠬᠠᠷᠡᠴᠡ᠎ᠪᠠᠨ ᠬᠤᠯᠠ ᠲᠠᠯᠪᠢᠵᠤ᠂ ᠲᠠᠪᠠᠭᠤᠯᠢᠭ ᠵᠢᠡᠨ ᠨᠡᠩ ᠢᠯᠡᠬᠦᠦ ᠪᠠᠳᠠᠷᠠᠭᠤᠯᠤᠨ᠂ ᠭᠡᠯᠬᠢᠶ᠎ᠡ ᠵᠢ ᠪᠦᠬᠦ ᠲᠠᠯ᠎ᠡ ᠪᠡᠷ ᠤᠷᠳᠤᠳᠬᠠᠵᠤ ᠂ ᠪᠦᠬᠦ᠌ ᠬᠡᠯᠬᠢᠶᠡᠨ᠎ᠦ ᠤᠷ᠎ᠡ ᠮᠡᠷᠭᠡᠵᠢᠯ ᠢ᠋ ᠦᠭᠡᠷᠡᠴᠢᠯᠡᠨ ᠰᠠᠢᠵᠢᠷᠠᠭᠤᠯᠬᠤ ᠬᠡᠷᠡᠭ᠌ᠲᠡᠢ᠃ ᠪᠠᠢᠷᠢᠱᠢᠭᠤᠯᠤᠯᠳᠠ ᠪᠠᠢᠷᠢ ᠲᠣᠭ᠍ᠲᠠᠭᠠᠯᠳᠠ ᠪᠣᠯ ᠳᠠᠷᠤᠶ ᠣᠷᠳᠣᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠬᠤ᠎ᠶ᠋ᠢ ᠭᠤᠤᠯᠳᠠᠯᠭ᠎ᠠ᠎ᠲᠠᠶ ᠳᠡᠮᠵᠢᠵᠦ᠍ ᠂ ᠣᠷᠳᠣᠰ᠎ᠤᠨ ᠳᠠᠬᠢᠯᠲᠠ ᠡᠨᠧᠷᠭᠢ᠎ᠪᠡᠷ ᠤᠰᠤᠲᠥ᠋ᠷᠥᠭ᠌ᠴᠢ ᠦᠶ᠋ᠯᠡᠳᠬᠦ᠌ ᠪᠠ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ  ᠎ᠶ᠋ᠢᠨ ᠠᠵᠤ ᠦᠶ᠋ᠯᠡᠰ᠎ᠦᠨ ᠵᠣᠬᠢᠴᠠᠯᠳᠤᠨ ᠬᠥᠭ᠌ᠵᠢᠬᠦ᠌᠎ᠶ᠋ᠢ ᠳᠡᠮᠵᠢᠵᠦ᠍᠂ ᠦᠬᠠᠶ᠎ᠶ᠋ᠢᠨ ᠨᠡᠭᠦᠷᠡᠰᠦ᠎ᠪᠡᠷ ᠰᠠᠭᠤᠷᠢ ᠪᠣᠯᠭᠠᠭ᠍ᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠎ᠤᠨ ᠠᠵᠤ ᠦᠶ᠋ᠯᠡᠰ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠶ᠋ᠢ ᠳᠡᠮᠵᠢᠨ᠎ᠡ᠂ ᠪᠢᠳᠡ ᠡᠷᠴᠢᠮᠵᠢᠭᠦᠯᠦᠨ ᠴᠤᠭ᠍ᠯᠠᠷᠠᠭᠤᠯᠵᠤ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠬᠠᠮᠤᠭ᠎ᠤᠨ ᠲᠣᠬᠢᠷᠠᠮᠵᠢᠲᠠᠶ ᠭᠠᠵᠠᠷ᠎ᠲᠤ ᠬᠠᠮᠤᠭ᠎ᠤᠨ ᠲᠣᠬᠢᠷᠠᠮᠵᠢᠲᠠᠶ ᠠᠵᠤ ᠦᠶ᠋ᠯᠡᠰ᠎ᠢ ᠬᠥᠭ᠌ᠵᠢᠭᠦᠯᠬᠦ᠌ ᠬᠡᠷᠡᠭ᠌ᠲᠡᠶ᠃ ᠪᠣᠳᠠᠲᠠᠢ ᠭᠠᠷᠳᠡᠴᠡ ᠨᠢ ᠳᠠᠷᠤᠢ ᠨᠢᠭᠡ ᠪᠦᠯᠦᠭ ᠱᠢᠨ᠎ᠡ ᠬᠡᠯᠪᠡᠷᠢ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠢ ᠲᠦᠷᠭᠡᠨ ᠪᠠᠢᠷᠢᠱᠢᠭᠤᠯᠵᠤ᠂ ᠨᠡᠭᠦᠷᠡᠰᠦ ᠬᠡᠦᠷᠡᠰᠦ᠂ ᠾᠯᠣᠷᠲᠤ ᠱᠦᠯᠲᠦ᠂ ᠹᠯᠣᠷ ᠴᠠᠬᠢᠭᠤᠷ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠢ ᠤᠷᠲᠤᠳᠭᠠᠨ ᠠᠭᠤᠰᠤᠯᠴᠠᠭᠤᠯᠵᠤ ᠂ ᠲᠤᠮᠤ ᠲᠦᠷᠦᠯ ᠵᠦᠢᠯ ᠪᠣᠯᠤᠨ ᠤᠷᠲᠤᠳᠭᠠᠨ ᠨᠠᠷᠢᠯᠢᠭ ᠬᠤᠪᠢᠶᠠᠭ᠍ᠰᠠᠨ ᠰᠠᠢ᠌ᠨ ᠲᠦᠷᠦᠯ ᠵᠦᠢᠯ ᠵᠢᠡᠷ ᠣᠨᠳᠣᠣᠱᠢᠭᠤᠯᠤᠨ ᠦᠷᠳᠡᠭ᠎ᠢ ᠨᠡᠮᠡᠭ᠌ᠳᠡᠭᠦᠯᠬᠦ᠌ ᠱᠢᠨ᠎ᠡ ᠣᠷᠣᠨ ᠵᠠᠢ᠎ᠶ᠋ᠢ ᠲᠤᠯᠭᠠᠭᠤᠷᠢᠯᠠᠵᠤ ᠂ ᠪᠢᠳᠡ ᠨᠢᠭᠡ ᠪᠦᠯᠦᠭ ᠵᠢᠱ᠌ᠢᠢ᠎ᠡ ᠦᠵᠡᠭᠦᠯᠬᠦ᠌ ᠢᠨᠵᠧᠨᠧᠷᠢᠩ᠎ᠦᠨ ᠲᠦᠷᠦᠯ ᠵᠦᠢᠯ᠎ᠢ ᠬᠡᠷᠡᠭ᠌ᠵᠢᠭᠦᠯᠵᠦ᠍᠂ ᠨᠢᠭᠡ ᠪᠦᠯᠦᠭ ᠬᠡᠯᠬᠢᠶᠡᠨ᠎ᠦ ᠭᠣᠣᠯ ᠲᠠᠭᠠᠭᠤᠯᠤᠭ᠍ᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ 《ᠨᠡᠭᠦᠷᠡᠰᠦ》 ᠵᠢᠨ ᠬᠡᠯᠬᠢᠶ᠎ᠠ᠎ᠶ᠋ᠢ ᠤᠷᠲᠤᠳᠭᠠᠵᠤ ᠂ 《ᠨᠡᠭᠦᠷᠡᠰᠦ》 ᠵᠢᠨ ᠦᠷᠳᠡᠭ᠎ᠢ ᠳᠡᠭᠡᠭ᠌ᠰᠢᠯᠡᠭᠦᠯᠦᠨ᠎ᠠ᠃

ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳ᠋ᠤ ᠬᠦᠷᠬᠦ᠂ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠠᠬᠤᠢ ᠪᠠᠢᠳᠠᠯ ᠳ᠋ᠤ ᠰᠠᠭᠤᠷᠢᠯᠠᠨ᠂ ᠮᠠᠨ᠎ᠤ ᠤᠯᠤᠰ᠎ᠤᠨ ᠨᠡᠭᠦᠷᠡᠰᠦ ᠡᠯᠪᠡᠭ᠂ ᠲᠣᠰᠣ ᠪᠠᠭ᠎ᠠ᠂ ᠱᠢᠲᠠᠮᠠᠬᠠᠶ ᠬᠡᠶ ᠴᠦᠬᠡᠨ ᠪᠣᠳᠠᠲᠤ ᠪᠠᠢᠳᠠᠯ᠎ᠳᠤ ᠰᠠᠭᠤᠷᠢᠯᠠᠨ᠂ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠤᠯᠤᠰ᠎ᠤᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ ᠡᠷᠡᠰ ᠪᠡᠶᠡᠯᠡᠭᠦᠯᠦᠨ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ ᠢ᠋ ᠳᠡᠭᠡᠳᠦ ᠳᠡᠰ ᠤ᠋ᠨ ᠪᠤᠯᠭᠠᠬᠤ᠂ ᠣᠯᠠᠨ ᠡᠱᠢᠵᠢᠭᠦᠯᠬᠦ᠂ ᠪᠣᠬᠢᠷᠲᠤᠯ ᠥᠬᠡᠶ ᠬᠥᠭ᠌ᠵᠢᠭᠦᠯᠬᠦ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠴᠢᠷᠮᠠᠢᠵᠤ ᠪᠠᠢᠭᠠᠳ ᠨᠡᠭᠦᠷᠡᠰᠦ᠎ᠶ᠋ᠢ《ᠨᠣᠭᠣᠭᠠᠷᠠᠭᠤᠯᠵᠤ》᠂ ᠨᠡᠭᠦᠷᠡᠰᠦ᠎ᠶ᠋ᠢ《ᠭᠡᠷᠡᠯ ᠭᠢᠯᠪᠠᠭ᠎ᠠ᠎ᠲᠠᠶ ᠪᠣᠯᠭᠠᠵᠤ》᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠥᠪᠥᠷ ᠮᠣᠩᠭᠣᠯ᠎ᠤᠨ ᠦᠵᠡᠰᠭᠦᠯᠡᠩᠲᠦ ᠰᠠᠢᠬᠠᠨ ᠨᠡᠷ᠎ᠡ᠎ᠶ᠋ᠢᠨ ᠬᠠᠭᠤᠳᠠᠰᠤ᠎ᠶ᠋ᠢ ᠴᠢᠷᠮᠠᠢᠨ ᠴᠣᠭ᠍ᠴᠠᠯᠠᠬᠤ ᠬᠡᠷᠡᠭᠳᠠᠢ᠃

(ᠭᠠᠷᠳᠠᠨ ᠪᠢᠴᠢᠭᠴᠢ ᠄ ᠳ᠋ᠤᠸᠠᠨ ᠰᠦᠩ᠎ᠳ᠋ᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号