ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠴᠠᠭ ᠦᠶ᠎ᠡ᠎ᠶ᠋ᠢᠨ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠰᠢᠶᠠᠨ᠎ᠠ
2023-01-30 16:14:24
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ᠎ᠤ  ᠪᠡᠶ᠎ᠡ᠎ᠶ᠋ᠢᠨ ᠲᠠᠮᠢᠷ᠎ᠤᠨ ᠱᠢᠰᠲ᠋ᠧᠮ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ ᠂ ᠤᠷᠤᠯᠳᠤᠭᠠᠨ᠎ᠢᠶᠠᠷ ᠭᠠᠳᠠᠴᠠ ᠪᠣᠯᠭᠠᠵᠤ ᠂ ᠰᠤᠷᠭᠠᠭᠤᠯᠢ᠎ᠪᠠᠷ ᠬᠦᠴᠦᠯᠡᠬᠦ᠌ ᠴᠡᠭ ᠪᠣᠯᠭᠠᠵᠤ ᠂ ᠡᠷᠡᠭᠦᠯ ᠮᠡᠨᠳᠦ᠍᠎ᠪᠡᠷ ᠲᠤᠰᠤᠯᠲᠠ ᠪᠣᠯᠭᠠᠵᠤ ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠠᠬᠢᠭᠤᠯᠪᠠ᠃  ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ᠂ ᠪᠡᠶ᠎ᠡ᠎ᠶ᠋ᠢᠨ ᠲᠠᠮᠢᠷ᠎ᠤᠨ ᠰᠤᠷᠭᠠᠭᠤᠯᠢ᠎ᠶ᠋ᠢᠨ ᠥᠭᠡᠷᠡᠴᠢᠯᠡᠯᠲᠡ᠂ ᠬᠥᠯ ᠪᠥᠮᠪᠥᠭᠡ᠎ᠶ᠋ᠢᠨ ᠥᠭᠡᠷᠡᠴᠢᠯᠡᠯᠲᠡ᠂ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠬᠥᠭ᠌ᠵᠢᠯᠲᠡ᠎ᠵᠢ ᠠᠬᠢᠭᠤᠯᠬᠤ ᠲᠠᠯ᠎ᠠ᠎ᠪᠠᠷ ᠬᠦᠴᠦᠯᠡᠵᠦ᠍᠂ ᠪᠠᠶᠠᠷᠯᠠᠭᠤᠱᠢᠲᠠᠶ ᠦᠷ᠎ᠡ ᠪᠦᠲᠦᠭᠡᠯ ᠤᠯᠵᠠᠢ ᠃

ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ᠎ᠢ ᠲᠦᠭᠡᠮᠡᠯᠵᠢᠬᠦᠯᠦᠨ ᠲᠡᠯᠭᠡᠷᠡᠬᠦᠯᠦᠨ᠎ᠡ

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌ ᠭᠠᠵᠠᠷ ᠪᠣᠯᠤᠭ᠍ᠰᠠᠨ᠎ᠤ ᠬᠤᠪᠢ᠎ᠳᠤ ᠂ ᠮᠠᠨ᠎ᠤ ᠤᠷᠤᠨ ᠮᠥᠰᠥ᠍ ᠴᠠᠰᠤᠨ᠎ᠤ ᠡᠬᠢ ᠪᠠᠶᠠᠯᠢᠭ᠎ᠤᠨ ᠳᠠᠪᠠᠭᠤᠯᠢᠭ ᠲᠸ᠋ ᠪᠠᠨ ᠲᠦᠰᠢᠭᠯᠡᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠶᠡᠬᠡ᠎ᠪᠡᠷ ᠬᠥᠭ᠌ᠵᠢᠬᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠱᠠᠲᠤᠯᠵᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂  ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠰᠤᠷᠭᠠᠭᠤᠯᠢ᠎ᠶ᠋ᠢᠨ ᠬᠦᠷᠢᠶᠡᠨ᠎ᠳᠦ ᠣᠷᠣᠵᠤ᠂ ᠰᠤᠷᠭᠠᠭᠤᠯᠢ᠎ᠶ᠋ᠢᠨ ᠬᠦᠷᠢᠶᠡᠨ᠎ᠳᠦ ᠠᠭᠤᠰᠤᠯᠴᠠᠬᠤ᠎ᠶ᠋ᠢ ᠠᠬᠢᠭᠤᠯᠵᠤ᠂ ᠨᠠᠩ ᠣᠯᠠᠨ ᠬᠡᠦᠬᠡᠳ ᠵᠠᠯᠠᠭᠤᠴᠤᠳ ᠪᠠᠭᠠᠴᠤᠳ᠎ᠲᠤ ᠮᠥᠰᠥ᠍ ᠴᠠᠰᠤᠨ᠎ᠤ ᠨᠠᠭᠠᠳᠤᠮ᠎ᠤᠨ ᠪᠠᠶᠠᠷ ᠴᠡᠨᠭᠭᠡᠯ᠎ᠢ ᠡᠳ᠋ᠯᠡᠭᠦᠯᠦᠨ᠎ᠡ᠃


jie3.png


ᠬᠥᠯᠥᠨ ᠪᠣᠢᠷ ᠬᠤᠲᠠ  ᠠᠷᠪᠠᠨ ᠳᠥᠷᠪᠡᠳᠦᠭᠡᠷ ᠬᠤᠭᠤᠴᠠᠭᠠᠨ᠎ᠤ  ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ ᠪᠡᠷ ᠠᠵᠠ ᠲᠣᠬᠢᠶᠠᠯ ᠪᠣᠯᠭᠠᠵᠤ ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠰᠠᠭᠤᠷᠢ ᠲᠥᠬᠥᠭᠡᠷᠦᠮᠵᠢ᠎ᠶ᠋ᠢ ᠲᠠᠰᠤᠷᠠᠯᠲᠠ ᠥᠬᠡᠶ ᠪᠠᠢᠭᠤᠯᠤᠨ ᠲᠡᠭᠦᠯᠳᠡᠷᠵᠢᠭᠦᠯᠵᠦ᠍᠂ ᠮᠥᠰᠥ᠍ ᠴᠠᠰᠤᠨ᠎ᠤ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢ᠎ᠶ᠋ᠢ ᠶᠡᠬᠡ᠎ᠪᠡᠷ ᠪᠡᠬᠢᠵᠢᠭᠦᠯᠵᠦ᠍ ᠂ ᠢᠯᠡᠳᠲᠡ ᠦᠷ᠎ᠡ ᠪᠦᠲᠦᠮᠵᠢ ᠤᠯᠪᠠ᠃ 《ᠠᠵᠢᠯᠯᠠᠭ᠎ᠠ᠎ᠪᠠᠷ ᠲᠦᠭᠡᠮᠡᠯᠵᠢᠭᠦᠯᠦᠯᠲᠡ᠎ᠶ᠋ᠢ ᠠᠬᠢᠭᠤᠯᠵᠤ ᠂ ᠤᠷᠤᠯᠳᠤᠭᠠᠨ᠎ᠢᠶᠠᠷ ᠬᠥᠭ᠌ᠵᠢᠯᠲᠡ᠎ᠶ᠋ᠢ ᠠᠬᠢᠭᠤᠯᠬᠤ》 ᠎ᠶ᠋ᠢ ᠪᠠᠷᠢᠮᠲᠠᠯᠠᠵᠤ᠂ ᠵᠢᠯ ᠪᠦᠷᠢ ᠵᠠᠯᠠᠭᠤᠴᠤᠳ ᠪᠠᠭᠠᠴᠤᠳ᠎ᠤᠨ ᠡᠯ᠎ᠡ ᠲᠥᠷᠥᠯ᠎ᠦᠨ ᠮᠥᠰᠥ᠍ ᠴᠠᠰᠤᠨ᠎ᠤ ᠤᠷᠤᠯᠳᠤᠭᠠᠨ᠎ᠤ ᠠᠵᠢᠯᠯᠠᠭ᠎ᠠ᠎ᠶ᠋ᠢ 30 ᠭᠠᠷᠤᠶ ᠲᠥᠷᠥᠯ ᠥᠷᠨᠢᠭᠦᠯᠬᠦ᠌᠎ᠶ᠋ᠢᠨ ᠬᠠᠮᠲᠤ ᠡᠪᠦᠯ᠎ᠦᠨ ᠤᠯᠠᠷᠢᠯ᠎ᠤᠨ ᠨᠠᠭᠠᠳᠤᠮ ᠂ ᠮᠥᠰᠥ᠍ ᠴᠠᠰᠤᠨ᠎ᠤ ᠨᠠᠢᠷ  ᠵᠡᠷᠭᠡ ᠡᠪᠦᠯ᠎ᠦᠨ ᠤᠯᠠᠷᠢᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠤ ᠠᠵᠢᠯᠯᠠᠭ᠎ᠠ ᠥᠷᠨᠢᠭᠦᠯᠬᠦ᠌᠎ᠶ᠋ᠢ ᠪᠠᠷᠢᠮᠲᠠᠯᠠᠵᠤ᠂ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ; ᠮᠥᠰᠥ᠍ ᠴᠠᠰᠤᠨ᠎ᠤ ᠲᠠᠯᠠᠪᠠᠢ ᠣᠷᠳᠣᠨ᠎ᠤ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠬᠦᠴᠦᠯᠡᠨ ᠠᠳᠭᠤᠵᠤ᠂ ᠶᠠᠭ᠍ᠰᠢ ᠬᠣᠲᠠ᠎ᠶ᠋ᠢᠨ ᠹᠧᠩ ᠬᠤᠸᠠᠩ ᠱᠠᠨ ᠴᠡᠨᠡᠯᠡᠯᠲᠡ᠎ᠶᠢᠨ ᠲᠠᠯᠠᠪᠠᠢ ᠂ ᠵᠠᠯᠠᠨ ᠠᠢᠯ᠎ᠤᠨ ᠵᠢᠨ ᠯᠦᠩ ᠱᠠᠨ ᠴᠡᠨᠡᠯᠡᠯᠲᠡ᠎ᠶᠢᠨ ᠲᠠᠯᠠᠪᠠᠢ᠂ ᠬᠠᠢᠯᠠᠷ᠎ᠤᠨ ᠵᠡᠭᠦᠨ ᠠᠭᠤᠯᠠᠨ᠎ᠤ ᠴᠡᠨᠡᠯᠡᠯᠲᠡ᠎ᠶᠢᠨ ᠲᠠᠯᠠᠪᠠᠢ᠂ ᠮᠠᠨᠵᠤᠤᠷ᠎ᠤᠨ ᠭᠡᠷ ᠳᠣᠲᠣᠷᠠᠬᠢ ᠴᠡᠨᠡᠯᠡᠯᠲᠡ᠎ᠶᠢᠨ ᠲᠠᠯᠠᠪᠠᠢ᠂ ᠥᠪᠥᠷ ᠮᠣᠩᠭᠣᠯ᠎ᠤᠨ ᠮᠥᠰᠥᠨ ᠳᠡᠭᠡᠷᠡᠬᠢ ᠬᠥᠳᠡᠯᠭᠡᠭᠡᠨ᠎ᠦ ᠪᠣᠯᠪᠠᠰᠤᠷᠠᠯ᠎ᠤᠨ ᠲᠥᠪ᠎ᠢ ᠵᠠᠯᠭᠠᠭ᠎ᠠ᠎ᠪᠠᠷ ᠪᠠᠢᠭᠤᠯᠤᠨ ᠠᠱᠢᠭ᠍ᠯᠠᠯᠲᠠ᠎ᠳᠤ ᠣᠷᠣᠭᠤᠯᠪᠠ᠃ ᠡᠭᠦᠨ᠎ᠡᠴᠡ ᠭᠠᠳᠠᠨ᠎ᠠ ᠂ ᠬᠥᠯᠥᠨ ᠪᠣᠢᠷ ᠬᠣᠲᠠ ᠵᠢᠯ ᠪᠦᠷᠢ ᠪᠡᠶ᠎ᠡ᠎ᠶ᠋ᠢᠨ ᠲᠠᠮᠢᠷ᠎ᠤᠨ ᠱᠠᠩᠨᠠᠯᠲᠤ ᠰᠤᠭᠤᠯᠤᠭ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠮᠥᠩᠭᠥ᠎ᠶ᠋ᠢᠨ ᠨᠥᠬᠥᠪᠥᠷᠢ ᠥᠭ᠌ᠬᠦ ᠬᠡᠯᠪᠡᠷᠢ᠎ᠪᠡᠷ ᠳᠠᠮᠵᠢᠭᠤᠯᠤᠨ ᠂ ᠡᠯ᠎ᠡ ᠬᠣᠱᠢᠭᠤ ᠬᠣᠲᠠ ᠲᠣᠭᠣᠷᠢᠭ᠎ᠤᠨ ᠰᠤᠷᠭᠠᠭᠤᠯᠢ ᠂ ᠴᠡᠴᠡᠷᠯᠢᠭ ᠂ ᠠᠭᠤᠳᠠᠮ ᠲᠠᠯᠠᠪᠠᠶ ᠵᠡᠷᠭᠡ᠎ᠳᠦ ᠲᠥᠬᠥᠮ ᠲᠡᠱᠢᠯᠲᠡ᠎ᠶ᠋ᠢᠨ ᠲᠠᠯᠠᠪᠠᠶ ᠪᠠᠢᠭᠤᠯᠬᠤ᠎ᠪᠡᠷ ᠳᠡᠮᠵᠢᠵᠦ᠍ ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠬᠥᠭ᠌ᠵᠢᠭᠦᠯᠬᠦ᠌᠎ᠳᠦ ᠪᠠᠲᠤᠯᠠᠭ᠎ᠠ ᠬᠠᠩᠭᠠᠭ᠍ᠰᠠᠨ ᠪᠠᠢᠨ᠎ᠠ; ᠥᠪᠥᠷ ᠮᠣᠩᠭᠣᠯ᠎ᠤᠨ ᠮᠥᠰᠥ᠍ ᠴᠠᠰᠤᠨ᠎ᠤ ᠲᠠᠮᠢᠷ᠎ᠤᠨ ᠰᠤᠷᠭᠠᠭᠤᠯᠢ ᠵᠢᠴᠢ ᠬᠣᠯᠪᠣᠭ᠍ᠳᠠᠯ ᠪᠥᠬᠥᠶ ᠬᠣᠱᠢᠭᠤ ᠬᠣᠲᠠ ᠲᠣᠭᠣᠷᠢᠭ᠎ᠲᠤ ᠵᠠᠯᠠᠭᠤᠴᠤᠳ ᠪᠠᠭᠠᠴᠤᠳ᠎ᠤᠨ ᠲᠦᠷᠭᠡᠨ ᠲᠡᠱᠢᠯᠲᠡ ᠂ ᠣᠢᠷ᠎ᠠ ᠵᠠᠮ᠎ᠤᠨ ᠲᠦᠷᠭᠡᠨ ᠲᠡᠱᠢᠯᠲᠡ ᠂ ᠬᠡᠭᠡᠷ᠎ᠡ᠎ᠶ᠋ᠢᠨ ᠴᠡᠨᠡᠯᠡᠯᠲᠡ᠂ ᠡᠪᠦᠯ᠎ᠦᠨ ᠤᠯᠠᠷᠢᠯ᠎ᠤᠨ ᠬᠣᠶᠠᠷ ᠲᠥᠷᠥᠯ ᠂ ᠮᠥᠰᠥᠨ ᠪᠥᠮᠪᠥᠭᠡ ᠂ ᠤᠷᠠᠨ ᠲᠡᠱᠢᠯᠲᠡ ᠵᠡᠷᠭᠡ ᠣᠯᠠᠨ ᠡᠩᠨᠡᠭᠡ᠎ᠶ᠋ᠢ ᠤᠷᠢᠳ ᠬᠣᠵᠢᠳ ᠵᠣᠬᠢᠶᠠᠨ ᠪᠠᠢᠭᠤᠯᠵᠤ ᠂ ᠡᠯ᠎ᠡ ᠲᠥᠷᠥᠯ ᠵᠦᠶ᠋ᠯ᠎ᠦᠨ ᠠᠩᠭᠢ ᠤᠷᠤᠯᠳᠤᠭᠠᠨ᠎ᠤ ᠪᠣᠯᠪᠠᠰᠤᠷᠠᠯ᠎ᠢ ᠢᠳᠡᠪᠬᠢᠲᠡᠶ ᠥᠷᠨᠢᠭᠦᠯᠵᠦ᠍ ᠂ ᠴᠢᠳᠠᠪᠤᠷᠢᠲᠠᠨ ᠬᠥᠮᠦᠵᠢᠭᠦᠯᠬᠦ᠌ ᠪᠦᠷᠢᠨ ᠲᠡᠭᠦᠯᠳᠡᠷ ᠱᠢᠰᠲ᠋ᠸᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃

ᠡᠬᠦᠨ ᠡᠴᠡ ᠭᠠᠳᠠᠨ᠎ᠠ᠂ ᠬᠥᠯᠥᠨ ᠪᠣᠢᠷ ᠬᠣᠲᠠ ᠪᠠᠰᠠ ᠡᠪᠦᠯ᠎ᠦᠨ ᠤᠯᠠᠷᠢᠯ᠎ᠤᠨ ᠲᠠᠮᠢᠷ᠎ᠤᠨ ᠬᠦᠳᠡᠯᠭᠡᠭᠡᠨ᠎ᠤ ᠡᠯ᠎ᠡ ᠲᠥᠷᠥᠯ ᠵᠦᠶ᠋ᠯ᠎ᠦᠨ ᠲᠤᠰᠭᠠᠶ ᠮᠡᠷᠭᠡᠵᠢᠯ᠎ᠦᠨ ᠠᠩᠭᠢ ᠪᠣᠯᠤᠨ ᠡᠯ᠎ᠡ ᠬᠣᠱᠢᠭᠤ ᠬᠣᠲᠠ ᠲᠣᠭᠣᠷᠢᠭ᠎ᠤᠨ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠡᠩᠨᠡᠭᠡ᠎ᠶ᠋ᠢᠨ ᠪᠣᠯᠪᠠᠰᠤᠷᠠᠯ᠎ᠤᠨ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠥᠷᠢᠰᠥᠯᠳᠦᠭᠡᠨ᠎ᠦ ᠬᠢᠷᠢ ᠲᠦᠪᠱᠢᠨ᠎ᠵᠢᠡᠨ ᠳᠡᠭᠡᠭ᠌ᠰᠢᠯᠡᠭᠦᠯᠬᠦ ᠵᠢᠨ ᠬᠠᠮᠳᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠣᠨᠴᠠᠯᠢᠭ᠍ᠲᠤ ᠰᠤᠷᠭᠠᠭᠤᠯᠢ᠂ ᠡᠪᠦᠯ᠎ᠦᠨ ᠤᠯᠠᠷᠢᠯ᠎ᠤᠨ ᠤᠯᠠᠮᠵᠢᠯᠠᠯᠳᠤ ᠪᠡᠶ᠎ᠡ᠎ᠶ᠋ᠢᠨ ᠲᠠᠮᠢᠷ᠎ᠤᠨ  ᠲᠥᠷᠥᠯ ᠵᠦᠶ᠋ᠯ᠎ᠦᠨ ᠰᠤᠷᠭᠠᠭᠤᠯᠢ ᠵᠢᠴᠢ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠤ ᠰᠠᠭᠤᠷᠢᠨ᠎ᠢ᠋ ᠡᠭᠦᠳᠦᠨ ᠪᠠᠢᠭᠤᠯᠬᠤ ᠪᠠ ᠬᠠᠮᠢᠶᠠᠷᠬᠤ ᠡᠷᠴᠢᠮ᠎ᠢᠶᠡᠨ ᠴᠢᠩᠭᠠᠷᠠᠭᠤᠯᠵᠤ ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠪᠡᠯᠡᠳᠭᠡᠯ ᠱᠢᠯᠢᠳᠡᠭ ᠴᠢᠳᠠᠪᠤᠷᠢᠲᠠᠨ᠎ᠢ ᠬᠥᠮᠦᠵᠢᠭᠦᠯᠦᠨ ᠬᠦᠷᠭᠡᠪᠡ᠃ ᠣᠳᠣᠬᠠᠨ᠎ᠳᠤ ᠂ ᠬᠥᠯᠥᠨ ᠪᠣᠢᠷ ᠬᠣᠲᠠ ᠶᠠᠭ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ ᠡᠷᠭᠢᠯᠡᠬᠦ᠌ ᠠᠵᠢᠯ᠎ᠢ ᠡᠮᠬᠢ ᠵᠢᠷᠤᠮ᠎ᠲᠠᠶ ᠠᠬᠢᠭᠤᠯᠵᠤ ᠪᠠᠢᠬᠤ ᠪᠥᠭᠡᠳ ᠡᠭᠦᠨ᠎ᠢᠶᠡᠷ ᠠᠵᠠ ᠲᠣᠬᠢᠶᠠᠯ ᠪᠣᠯᠭᠠᠵᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍ ᠪᠤᠢ᠃


jie4.png


ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶᠢᠨ ᠬᠦᠭᠵᠢᠯᠲᠡ ᠱᠢᠨ᠎ᠡ ᠳᠡᠭ᠌ᠲᠡᠷ᠎ᠲᠦ ᠭᠠᠷᠪᠠ

2022ᠤᠨ᠎ᠳᠦ ᠶᠠᠪᠤᠭ᠍ᠳᠠᠭ᠍ᠰᠠᠨ ᠠᠩᠬᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠎ᠳᠤ᠂ ᠣᠷᠳᠣᠰ ᠬᠣᠲᠠ ᠵᠢᠨ  4 ᠠᠩᠭᠢ  ᠣᠷᠣᠯᠴᠠᠵᠤ ᠂  U13 ᠠᠩᠭᠢ ᠭᠠᠷᠮᠠᠭᠠᠶ ᠦᠢᠯᠡᠳᠦᠯ᠎ᠢᠶᠡᠨ ᠪᠠᠳᠠᠷᠠᠭᠤᠯᠵᠤ᠂  ᠪᠥᠬᠥ᠌ ᠤᠯᠤᠰ᠎ᠤᠨ 16 ᠬᠦᠴᠦᠷᠬᠡᠭ᠎ᠲᠦ ᠣᠷᠣᠵᠤ᠂ ᠲᠡᠦᠭᠡᠳᠦ ᠴᠢᠨᠠᠷᠳᠠᠢ ᠲᠠᠪᠠᠯᠳᠠ ᠵᠢ ᠪᠡᠶᠡᠯᠡᠬᠦᠯᠦᠭᠰᠡᠨ ᠪᠠᠢᠨ᠎ᠠ᠃ ᠣᠳᠣᠬᠠᠨ ᠪᠣᠯᠲᠠᠯ᠎ᠠ᠂ ᠣᠷᠳᠣᠰ ᠬᠣᠲᠠ᠎ᠶ᠋ᠢᠨ ᠳᠠᠩᠰᠠᠯᠠᠭᠤᠯᠤᠭ᠍ᠰᠠᠨ ᠪᠥᠮᠪᠥᠭᠡᠴᠢᠨ 947 ᠬᠥᠮᠦᠨ᠂ ᠳᠠᠩᠰᠠᠯᠠᠭᠤᠯᠤᠭ᠍ᠰᠠᠨ ᠺᠯᠦᠪ 20᠂ ᠭᠡᠱᠢᠭᠦᠳ᠎ᠦᠨ ᠨᠡᠢᠭᠡᠮᠯᠢᠭ 8 ᠪᠠᠢᠵᠤ ᠂ ᠵᠠᠯᠠᠭᠤᠴᠤᠳ ᠪᠠᠭᠠᠴᠤᠳ᠎ᠤᠨ ᠤᠷᠤᠯᠳᠤᠭᠠᠨ᠎ᠳᠤ ᠣᠷᠣᠯᠴᠠᠭ᠍ᠰᠠᠨ ᠬᠥᠮᠦᠨ᠎ᠦ ᠲᠣᠭ᠎ᠠ 2 ᠲᠦᠮᠡ ᠭᠠᠷᠤᠶ ᠪᠣᠯᠵᠠᠶ᠃ ᠣᠷᠳᠣᠰ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠎ᠦᠨ ᠳᠡᠳ᠋ ᠡᠷᠬᠢᠯᠡᠭ᠌ᠴᠢ ᠵᠣᠣ ᠱᠢᠶᠤᠤ ᠯᠦᠩ᠄《ᠣᠯᠠᠨ ᠲᠦᠮᠡᠨ᠎ᠦ ᠬᠥᠯ ᠪᠥᠮᠪᠥᠭᠡ᠎ᠶ᠋ᠢ ᠬᠥᠭ᠌ᠵᠢᠭᠦᠯᠬᠦ᠌ ᠪᠠ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠠᠬᠢᠭᠤᠯᠬᠤ ᠪᠣᠯ ᠡᠨᠡ ᠬᠦ᠌ ᠠᠮᠵᠢᠯᠲᠠ᠎ᠶ᠋ᠢ ᠤᠯᠤᠭᠰᠠᠨ᠎ᠤ ᠵᠠᠩᠭᠢᠯᠠᠭ᠎ᠠ ᠮᠥᠨ》 ᠭᠡᠵᠦ ᠭᠡᠯᠡᠪᠡ᠃

ᠣᠢᠷ᠎ᠠ᠎ᠶ᠋ᠢᠨ ᠵᠢᠯ᠎ᠦᠨ ᠲᠤᠷᠰᠢ᠂ ᠣᠷᠳᠣᠰ ᠬᠣᠲᠠ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠥᠭᠡᠷᠡᠴᠢᠯᠡᠯᠲᠡ ᠬᠥᠭ᠌ᠵᠢᠯᠲᠡ᠎ᠶ᠋ᠢ ᠭᠦᠨᠵᠡᠭᠡᠶ ᠠᠬᠢᠭᠤᠯᠵᠤ ᠂ 《 ᠣᠷᠳᠣᠰ ᠬᠣᠲᠠ᠎ᠶ᠋ᠢᠨ 〈ᠠᠷᠪᠠᠨ ᠳᠥᠷᠪᠡᠳᠦᠭᠡᠷ ᠲᠠᠪᠤᠨ ᠵᠢᠯ 〉 ᠎ᠤ᠋ᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ 》 ᠂ 《 ᠣᠷᠳᠣᠰ ᠬᠣᠲᠠ᠎ᠶ᠋ᠢᠨ ᠬᠥᠯ ᠪᠥᠮᠪᠥᠭᠡ᠎ᠶ᠋ᠢᠨ ᠳᠤᠮᠳᠠ ᠣᠷᠳᠣ ᠬᠤᠭᠤᠴᠠᠭᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ 》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠲᠣᠭ᠍ᠲᠠᠭᠠᠵᠤ ᠂ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠪᠡᠷ ᠰᠠᠭᠤᠷᠢ ᠪᠣᠯᠭᠠᠬᠤ ᠂ ᠨᠡᠢᠭᠡᠮ᠎ᠦᠨ ᠬᠥᠯ ᠪᠥᠮᠪᠥᠭᠡ᠎ᠶ᠋ᠢ ᠪᠦᠷᠢᠨ ᠪᠥᠷᠬᠥᠭᠦᠯᠬᠦ᠌ ᠂ ᠬᠥᠯ ᠪᠥᠮᠪᠥᠭᠡ᠎ᠶ᠋ᠢᠨ ᠰᠣᠶᠣᠯ᠎ᠢ ᠭᠦᠨᠵᠡᠭᠡᠶ ᠬᠥᠭ᠌ᠵᠢᠭᠦᠯᠬᠦ᠌ ᠵᠢᠯᠣᠭᠣᠳᠭᠤ ᠴᠢᠭ᠌ᠯᠡᠯᠲᠡ᠎ᠶ᠋ᠢ ᠲᠣᠭ᠍ᠲᠠᠭᠠᠵᠤ ᠂ ᠣᠷᠣᠨ ᠪᠦᠰᠡ᠎ᠶ᠋ᠢᠨ ᠣᠨᠴᠠᠯᠢᠭ᠎ᠲᠠᠶ ᠤᠶᠠᠯᠳᠤᠭᠤᠯᠤᠨ ᠂ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠵᠦ᠍ ᠂ ᠵᠠᠯᠠᠭᠤᠴᠤᠳ᠎ᠤᠨ ᠪᠣᠯᠪᠠᠰᠤᠷᠠᠯ᠎ᠤᠨ ᠱᠢᠰᠲ᠋ᠧᠮ᠎ᠪᠠ ᠤᠷᠤᠯᠳᠤᠭᠠᠨ᠎ᠤ ᠱᠢᠰᠲ᠋ᠧᠮ᠎ᠢ ᠪᠦᠷᠢᠨᠱᠢᠬᠦᠯᠵᠦ᠍᠂ ᠤᠷᠤᠯᠳᠤᠭᠠᠨ᠎ᠤ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠦᠨ ᠂ ᠬᠥᠯ ᠪᠥᠮᠪᠥᠭᠡ᠎ᠶ᠋ᠢᠨ ᠥᠭᠡᠷᠡᠴᠢᠯᠡᠯᠲᠡ ᠬᠥᠭ᠌ᠵᠢᠯᠲᠡ ᠬᠣᠴᠣᠷᠤᠩᠭᠤᠶ ᠪᠠᠢᠭᠰᠠᠨ ᠠᠢᠮᠠᠭ ᠬᠣᠲᠠ᠎ᠠᠴᠠ ᠪᠠᠨ ᠢᠳᠡᠭ ᠢᠳᠡᠭ ᠵᠢᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠦ ᠣᠷᠣᠪᠠ᠃ ᠣᠷᠳᠣᠰ ᠬᠣᠲᠠ ᠣᠯᠠᠨ ᠡᠱᠢᠲᠦ ᠬᠥᠯ ᠪᠥᠮᠪᠥᠭᠡ᠎ᠶ᠋ᠢᠨ ᠤᠷᠤᠯᠳᠤᠭᠠᠨ᠎ᠤ ᠱᠢᠰᠲ᠋ᠧᠮ ᠪᠠᠢᠭᠤᠯᠬᠤ᠎ᠶ᠋ᠢ ᠢᠳᠡᠪᠬᠢᠲᠡᠶ ᠠᠬᠢᠭᠤᠯᠵᠤ ᠂ ᠲᠠᠰᠬᠠᠯᠵᠢᠠᠭᠤᠯᠤᠭᠴᠢ ᠂ ᠬᠢᠨᠠᠭ᠍ᠴᠢ᠎ᠶ᠋ᠢ ᠬᠥᠮᠦᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ ᠂ ᠡᠯ᠎ᠡ ᠬᠣᠱᠢᠭᠤ ᠲᠣᠭᠣᠷᠢᠭ᠎ᠲᠤ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠤᠷᠤᠯᠳᠤᠭᠠᠨ᠎ᠢ ᠥᠷᠭᠡᠨ᠎ᠢᠶᠡᠷ ᠥᠷᠨᠢᠭᠦᠯᠪᠡ᠃ 《ᠬᠣᠲᠠ᠎ᠶ᠋ᠢᠨ ᠳᠠᠷᠤᠭ᠎ᠠ ᠬᠤᠨᠳᠠᠭᠠᠲᠤ》 ᠳᠥᠷᠪᠡᠨ ᠱᠠᠲᠤᠨ᠎ᠤ ᠬᠣᠯᠪᠣᠭᠠᠲᠤ ᠤᠷᠤᠯᠳᠤᠭᠠᠨ ᠨᠢ ᠪᠥᠬᠥ᠌ ᠬᠣᠲᠠ᠎ᠶ᠋ᠢᠨ ᠡᠯ᠎ᠡ ᠰᠤᠷᠭᠠᠭᠤᠯᠢ᠎ᠶ᠋ᠢ ᠬᠠᠮᠤᠷᠴᠤ᠌ ᠂ ᠰᠤᠷᠭᠠᠭᠤᠯᠢ᠎ᠪᠠᠷ ᠨᠢᠭᠡᠴᠢ ᠪᠣᠯᠭᠠᠨ ᠵᠣᠬᠢᠶᠠᠨ ᠪᠠᠢᠭᠤᠯᠵᠤ ᠥᠷᠨᠢᠭᠦᠯᠦᠭ᠌ᠰᠡᠨ ᠭᠠᠷᠠᠭ᠎ᠤᠨ ᠰᠡᠭᠦᠯᠴᠢ᠎ᠶ᠋ᠢᠨ ᠬᠣᠯᠪᠣᠭᠠᠲᠤ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠣᠷᠣᠯᠴᠠᠭ᠎ᠠ᠎ᠶ᠋ᠢ ᠨᠠᠩ ᠥᠷᠭᠡᠨ ᠳᠡᠯᠭᠡᠷ ᠪᠣᠯᠭᠠᠵᠤ ᠂ ᠬᠥᠯ ᠪᠥᠮᠪᠥᠭᠡ᠎ᠶ᠋ᠢᠨ ᠪᠡᠯᠡᠳᠭᠡᠯ ᠴᠢᠳᠠᠪᠤᠷᠢᠲᠠᠨ᠎ᠢ ᠱᠢᠯᠭᠠᠷᠠᠭᠤᠯᠬᠤ ᠠᠷᠭ᠎ᠠ ᠵᠠᠮ᠎ᠢ ᠨᠠᠩ ᠰᠢᠯᠤᠭᠤᠨ ᠪᠣᠯᠭᠠᠵᠠᠶ᠃

ᠬᠥᠯ ᠪᠥᠮᠪᠥᠭᠡ᠎ᠶ᠋ᠢᠨ ᠰᠠᠭᠤᠷᠢ᠎ᠶ᠋ᠢ ᠰᠠᠢᠲᠤᠷ ᠲᠠᠯᠪᠢᠬᠤ᠎ᠶ᠋ᠢᠨ ᠲᠥᠯᠥᠭᠡ ᠂ ᠣᠷᠳᠣᠰ ᠬᠣᠲᠠ  ᠥᠪᠡᠷᠲᠡᠭᠡᠨ ᠵᠠᠰᠠᠬᠤ ᠣᠷᠣᠨ᠎ᠤ 12 ᠠᠢᠮᠠᠭ ᠬᠣᠲᠠ᠎ᠳᠤ ᠬᠡᠦᠬᠡᠳ᠎ᠦᠨ ᠬᠥᠯ ᠪᠥᠮᠪᠥᠭᠡ᠎ᠶ᠋ᠢᠨ ᠠᠵᠢᠯ᠎ᠤᠨ ᠵᠥᠪᠯᠡᠯ᠎ᠢ ᠲᠦᠷᠦᠭᠦᠯᠡᠨ ᠪᠠᠢᠭᠤᠯᠵᠤ ᠂ ᠬᠡᠦᠬᠡᠳ᠎ᠦᠨ ᠬᠥᠯ ᠪᠥᠮᠪᠥᠭᠡ᠎ᠶ᠋ᠢᠨ ᠲᠣᠭ᠍ᠯᠠᠭᠠᠮ᠎ᠤᠨ ᠵᠢᠭᠠᠬᠤ ᠮᠠᠲ᠋ᠧᠷᠢᠶᠠᠯ᠎ᠢ ᠨᠢᠭᠡ ᠢᠵᠢ ᠭᠤᠷᠪᠠᠨ ᠳᠡᠪᠲᠡᠷ ᠨᠠᠢᠷᠠᠭᠤᠯᠤᠨ ᠪᠢᠴᠢᠬᠦ᠌᠎ᠶ᠋ᠢᠨ ᠬᠠᠮᠲᠤ ᠪᠥᠬᠥ᠌ ᠣᠷᠣᠨ᠎ᠤ ᠬᠡᠪᠴᠢᠶᠡᠨ᠎ᠳᠦ ᠬᠡᠷᠡᠭ᠌ᠵᠢᠭᠦᠯᠬᠦ ᠪᠡᠷ ᠪᠤᠢ᠃ ᠣᠳᠣᠬᠠᠨ ᠪᠣᠯᠲᠠᠯ᠎ᠠ ᠂ ᠣᠷᠳᠣᠰ ᠬᠣᠲᠠ᠎ᠳᠤ ᠨᠡᠢᠲᠡ 115 ᠬᠡᠦᠬᠡᠳ᠎ᠦᠨ ᠴᠡᠴᠡᠷᠯᠢᠭ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠯ ᠪᠥᠮᠪᠥᠭᠡ᠎ᠶ᠋ᠢᠨ ᠣᠨᠴᠠᠯᠢᠭ᠍ᠲᠤ ᠬᠡᠦᠬᠡᠳ᠎ᠦᠨ ᠴᠡᠴᠡᠷᠯᠢᠭ᠎ᠢᠶᠡᠷ ᠨᠡᠷᠡᠢᠳᠦᠭ᠌ᠳᠡᠵᠦ᠍ ᠂ ᠲᠤᠬᠠᠶ᠎ᠶ᠋ᠢᠨ ᠭᠠᠵᠠᠷ᠎ᠤᠨ᠎ᠬᠢᠨ ᠪᠠᠰᠠ ᠬᠣᠱᠢᠭᠤ ᠲᠣᠭᠣᠷᠢᠭ᠎ᠤᠨ 《ᠨᠠᠬᠢᠶ᠎ᠠ ᠬᠤᠨᠳᠠᠭᠠᠲᠤ》 ᠬᠥᠯ ᠪᠥᠮᠪᠥᠭᠡ᠎ᠶ᠋ᠢᠨ ᠤᠷᠤᠯᠳᠤᠭᠠᠨ᠎ᠢ ᠵᠤᠬᠢᠶᠠᠨ ᠪᠠᠢᠭᠤᠯᠵᠤ᠂ ᠬᠡᠦᠬᠡᠳ᠎ᠦᠨ ᠴᠡᠴᠡᠷᠯᠢᠭ᠎ᠦᠨ ᠳᠠᠷᠤᠭ᠎ᠠ ᠴᠢᠬᠤᠯᠠᠴᠢᠯᠠᠬᠤ ᠂ ᠬᠡᠦᠬᠡᠳ ᠣᠷᠣᠯᠴᠠᠬᠤ ᠂ ᠬᠡᠷ᠎ᠦᠨ ᠠᠬᠠᠮᠠᠳ ᠳᠡᠮᠵᠢᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃ ᠣᠷᠳᠣᠰ ᠬᠣᠲᠠ᠎ᠳᠤ ᠤᠳᠤᠬᠠᠨ᠎ᠳᠦ ᠨᠢᠭᠡᠨᠲᠡ ᠡᠯ᠎ᠡ ᠱᠠᠲᠤᠨ᠎ᠤ ᠡᠯ᠎ᠡ ᠲᠥᠷᠥᠯ᠎ᠦᠨ ᠲᠤᠰᠭᠠᠶ ᠮᠡᠷᠭᠡᠵᠢᠯ᠎ᠦᠨ ᠬᠥᠯ ᠪᠥᠮᠪᠥᠭᠡ᠎ᠶ᠋ᠢᠨ ᠺᠯᠦᠪ 100 ᠱᠢᠬᠠᠮ ᠪᠣᠶ᠃ 《 ᠪᠢᠳᠡ ᠨᠠᠩ ᠣᠯᠠᠨ ᠬᠡᠦᠬᠡᠳ ᠵᠠᠯᠠᠭᠤᠴᠤᠳ ᠪᠠᠭᠠᠴᠤᠳ᠎ᠢ ᠬᠥᠯ ᠪᠥᠮᠪᠥᠭᠡ᠎ᠶ᠋ᠢᠨ ᠪᠦᠯᠬᠦᠮ ᠨᠡᠢᠲᠡ᠎ᠳᠦ ᠣᠷᠣᠯᠴᠠᠭᠤᠯᠬᠤ᠎ᠶ᠋ᠢ ᠢᠳᠡᠪᠬᠢᠲᠡᠶ ᠰᠠᠨᠠᠭᠠᠴᠢᠯᠠᠵᠤ ᠂ ᠬᠥᠯ ᠪᠥᠮᠪᠥᠭᠡ᠎ᠶ᠋ᠢᠨ ᠪᠣᠯᠪᠠᠰᠤᠷᠠᠯ᠎ᠢᠶᠠᠷ ᠳᠠᠮᠵᠢᠭᠤᠯᠤᠨ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠴᠢᠩᠭᠠᠳᠭᠠᠬᠤ᠎ᠪᠠᠷ ᠪᠠᠷᠠᠬᠤ ᠥᠬᠡᠶ ᠨᠠᠩ ᠴᠤ᠌ ᠲᠡᠳᠡᠨ᠎ᠦ ᠡᠷᠡᠯᠬᠡᠭ ᠪᠠᠭᠠᠲᠤᠷᠯᠢᠭ ᠡᠷᠡᠰ ᠬᠠᠲᠠᠭᠤ᠂ ᠱᠢᠨᠲᠠᠷᠠᠰᠢ ᠥᠬᠡᠶ ᠵᠠᠩ ᠴᠢᠨᠠᠷ᠎ᠢ ᠬᠦᠮᠦᠵᠢᠭᠦᠯᠦᠨ᠎ᠡ》 ᠭᠡᠵᠦ ᠤᠷᠳᠤᠰ ᠬᠤᠲᠠ᠎ᠶᠢᠨ ᠰᠤᠶᠤᠯ ᠪᠡᠶ᠎ᠠ᠎ᠶᠢᠨ ᠲᠠᠮᠢᠷ᠎ᠤᠨ ᠲᠤᠪᠴᠢᠶᠠᠨ᠎ᠤ  ᠵᠣᠣ ᠱᠢᠶᠤᠤ ᠯᠦᠩ ᠶᠠᠷᠢᠵᠦ ᠪᠠᠢᠯ᠎ᠠ᠃

ᠦᠪᠡᠷᠲᠡᠭᠡᠨ ᠵᠠᠰᠠᠬᠤ ᠤᠷᠤᠨ ᠣᠢᠷ᠎ᠠ᠎ᠶ᠋ᠢᠨ ᠵᠢᠯ᠎ᠦᠳ᠎ᠲᠦ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠠᠵᠢᠯ᠎ᠢ ᠢᠮᠠᠭ᠍ᠲᠠ ᠪᠠᠷᠢᠮᠲᠠᠯᠠᠨ ᠠᠬᠢᠭᠤᠯᠤᠭ᠍ᠰᠠᠭᠠᠷ ᠢᠷᠡᠵᠦ᠂   ᠴᠠᠭ ᠦᠶ᠎ᠡ᠎ᠶ᠋ᠢᠨ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠪᠠ᠃

(ᠳᠤᠰ ᠵᠤᠬᠢᠶᠠᠯ᠎ᠤᠨ ᠬᠡᠷᠡᠯ ᠵᠢᠷᠤᠭ᠎ᠢ ᠰᠢᠨᠬᠤᠸᠠ ᠰᠦᠯᠵᠢᠶᠡᠨ ᠡᠴᠡ  ᠠᠪᠤᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号