ᠡᠪᠦᠯ᠎ᠦᠨ ᠠᠮᠠᠷᠠᠯᠲᠠ᠎ᠳᠦ ᠬᠡᠥᠬᠡᠳ᠎ᠤᠨ ᠨᠢᠳᠤᠨ᠎ᠤ ᠬᠠᠷᠠᠭ᠎ᠠ ᠵᠢ ᠰᠠᠢᠳᠦᠷ ᠬᠠᠮᠠᠭᠠᠯᠠᠶ᠎ᠠ
2023-01-30 17:16:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠬᠢᠵᠢᠭ᠎ᠦᠨ ᠪᠠᠢᠳᠠᠯ᠎ᠠᠴᠠ ᠪᠣᠯᠵᠤ᠂ ᠮᠠᠰᠢ ᠣᠯᠠᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠭᠡᠷ᠎ᠲᠡᠬᠡᠨ ᠰᠠᠭᠤᠵᠤ ᠰᠦᠯᠵᠢᠶᠡᠨ ᠳᠡᠭᠡᠷ᠎ᠡ ᠬᠢᠴᠢᠶᠡᠯ ᠣᠷᠣᠵᠤ ᠪᠠᠢᠭᠰᠠᠨ ᠶᠤᠮ᠃ ᠡᠭᠦᠨ ᠡᠴᠡ ᠪᠤᠯᠵᠤ ᠰᠦᠯᠵᠢᠶᠡᠨ᠎ᠦ ᠬᠢᠴᠢᠶᠡᠯ᠎ᠦᠨ ᠬᠤᠭᠤᠴᠠᠭᠠᠨ᠎ᠳᠤ ᠺᠣᠮᠫᠢᠦ᠋ᠲ᠋ᠧᠷ ᠦᠵᠡᠵᠦ᠍᠂ ᠠᠮᠠᠷᠠᠬᠤ ᠴᠠᠭ᠎ᠲᠤ ᠭᠠᠷ ᠤᠲᠠᠰᠤ ᠨᠠᠭᠠᠳᠭᠤ ᠨᠢ ᠵᠠᠷᠢᠮ ᠬᠡᠦᠬᠡᠳ᠎ᠦᠨ ᠬᠡᠪ᠎ᠦᠨ ᠪᠠᠢᠳᠠᠯ ᠪᠣᠯᠵᠠᠶ᠃ ᠣᠳᠦ ᠡᠪᠦᠯ᠎ᠤᠨ ᠠᠮᠠᠷᠠᠯᠳᠠ ᠪᠤᠯᠵᠤ᠂ ᠬᠡᠥᠬᠡᠳ᠎ᠤᠨ ᠤᠢᠷ᠎ᠠ ᠬᠠᠷᠠᠭ᠎ᠠ ᠤᠯᠠᠨ ᠡᠭᠦᠰᠳᠡᠭ ᠠᠶᠤᠯᠲᠤ ᠬᠤᠭᠤᠴᠠᠭ᠎ᠠ ᠬᠦᠷᠴᠦ᠍ ᠢᠷᠡᠭᠰᠡᠨ ᠪᠤᠯᠬᠤᠷ ᠬᠡᠦᠬᠡᠳ᠎ᠦᠨ ᠬᠠᠷᠠᠭᠠᠨ᠎ᠤ ᠠᠰᠠᠭᠤᠳᠠᠯ᠎ᠢ ᠣᠨᠴᠠᠭᠠᠶ ᠠᠩᠬᠠᠷᠬᠤ ᠴᠢᠬᠤᠯᠠᠲᠠᠶ᠃ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠡᠦᠬᠡᠳ᠎ᠦᠨ ᠬᠠᠷᠠᠭ᠎ᠠ ᠮᠠᠭᠤᠳᠠᠪᠠᠯ᠂ ᠡᠷᠬᠡᠪᠰᠢ ᠴᠠᠭ ᠲᠤᠬᠠᠶ᠎ᠳᠤᠨᠢ ᠲᠤᠰᠭᠠᠶ ᠨᠢᠳᠦᠨ᠎ᠤ ᠡᠮᠨᠡᠯᠭᠡ᠎ᠳᠤ ᠬᠦᠷᠴᠦ᠍ ᠡᠮᠨᠡᠭᠦᠯᠬᠦ᠌ ᠬᠡᠷᠡᠭ᠌ᠲᠡᠶ᠃

ᠬᠤᠨᠠᠨ᠎ᠤ ᠴᠠᠩᠱᠠ᠎ᠳᠤ ᠰᠠᠭᠤᠭ᠎ᠠ 10 ᠨᠠᠰᠤᠲᠠᠢ ᠨᠢ ᠨᠢ (ᠪᠤᠷᠤᠭᠤᠯᠠᠭ᠍ᠰᠠᠨ ᠨᠡᠷ᠎ᠡ)ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠭᠡᠷ᠎ᠲᠡᠬᠡᠨ ᠰᠠᠭᠤᠵᠤ ᠰᠦᠯᠵᠢᠶᠡᠨ ᠳᠡᠭᠡᠷ᠎ᠡ ᠬᠢᠴᠢᠶᠡᠯ ᠣᠷᠣᠵᠤ᠂ ᠡᠳᠦᠷᠵᠢᠨ ᠡᠯᠧᠺᠲ᠋ᠷᠣᠨ ᠦᠢᠯᠡᠳᠬᠦᠨ᠎ᠲᠡᠶ ᠬᠠᠮᠲᠤ ᠪᠠᠢᠯ᠎ᠠ᠃ ᠨᠢᠭᠡ ᠡᠳᠦᠷ ᠲᠦ᠍ ᠲᠡᠷᠡ ᠺᠣᠮᠫᠢᠦ᠋ᠲ᠋ᠧᠷ᠂ iPad ᠵᠢᠴᠢ ᠭᠠᠷ ᠤᠲᠠᠰᠤ ᠵᠢ 4 — 5 ᠴᠠᠭ ᠦᠵᠡᠵᠦ᠍᠂ ᠰᠥᠨᠢ ᠳᠦᠯᠢ ᠪᠣᠯᠲᠠᠯ᠎ᠠ ᠡᠯᠧᠺᠲ᠋ᠷᠣᠨ ᠲᠥᠬᠥᠭᠡᠷᠦᠮᠵᠢ ᠬᠡᠷᠡᠭ᠌ᠯᠡᠬᠦ᠌ ᠳᠤᠷᠠᠲᠠᠶ ᠪᠤᠯᠵᠠᠢ᠃

ᠨᠢ ᠨᠢ ᠤᠤᠯ᠎ᠳᠠᠭᠠᠨ ᠣᠢᠷ᠎ᠠ ᠬᠠᠷᠠᠭ᠎ᠠ᠎ᠶ᠋ᠢᠨ ᠠᠰᠠᠭᠤᠳᠠᠯ ᠲᠠᠢ ᠪᠠᠢᠬᠰᠠᠨ᠎ᠤ ᠳᠡᠭᠡᠷ᠎ᠡ᠂ ᠬᠠᠭᠠᠰ ᠰᠠᠷ᠎ᠠ ᠱᠢᠬᠠᠮ᠎ᠤᠨ ᠬᠤᠭᠤᠴᠠᠭᠠᠨ᠎ᠳᠤ ᠦᠷᠭᠦᠯᠵᠢ ᠨᠢᠳᠦ ᠪᠡᠨ ᠨᠤᠬᠤᠯᠠᠬᠤ ᠪᠤᠯᠤᠭᠰᠠᠨ᠎ᠢ ᠮᠡᠳᠡᠭᠡᠳ ᠡᠵᠢ ᠨᠢ ᠲᠡᠭᠦᠨ᠎ᠢ ᠨᠢᠳᠦᠨ ᠱᠢᠯ᠎ᠦᠨ ᠳᠡᠯᠭᠡᠭᠦᠷ᠎ᠲᠦ ᠠᠪᠠᠴᠢᠵᠤ  ᠱᠢᠯᠭᠠᠭᠤᠯᠤᠭ᠍ᠰᠠᠨ᠎ᠳᠤ ᠬᠣᠶᠠᠷ ᠨᠢᠳᠦᠨ᠎ᠦ ᠣᠢᠷ᠎ᠠ ᠬᠠᠷᠠᠭ᠎ᠠ᠎ᠶ᠋ᠢᠨ ᠬᠡᠮᠵᠢᠶ᠎ᠡ ᠨᠢ ᠣᠬᠣᠷᠬᠠᠨ ᠬᠠᠭᠠᠰ ᠰᠠᠷ᠎ᠠ᠎ᠶ᠋ᠢᠨ ᠳᠣᠲᠣᠷ᠎ᠠ 200 ᠭᠷᠠᠳᠦ᠋ᠰ ᠨᠡᠮᠡᠭ᠌ᠳᠡᠭ᠌ᠰᠡᠨ ᠪᠠᠢᠯ᠎ᠠ᠃ ᠡᠵᠢ ᠨᠢ ᠲᠡᠭᠦᠨ᠎ᠤ ᠣᠢᠷ᠎ᠠ ᠬᠠᠷᠠᠭ᠎ᠠ᠎ᠶ᠋ᠢᠨ ᠬᠡᠮᠵᠢᠶ᠎ᠡ ᠡᠨᠡ ᠮᠡᠳᠦ ᠲᠦᠷᠭᠡᠨ ᠨᠡᠮᠡᠭ᠌ᠳᠡᠭ᠌ᠰᠡᠨ᠎ᠳᠦ ᠭᠠᠢᠬᠠᠰᠢ ᠠᠯᠳᠠᠨ ᠠᠶᠤᠵᠤ᠂ ᠴᠠᠩᠱᠠ᠎ᠶ᠋ᠢᠨ ᠠᠶ ᠡᠯ ᠨᠢᠳᠦᠨ᠎ᠦ ᠡᠮᠨᠡᠯᠭᠡ᠎ᠶ᠋ᠢᠨ ᠬᠣᠷᠢᠶ᠎ᠡ᠎ᠳᠦ ᠬᠦᠷᠴᠦ᠍ ᠡᠮᠴᠢᠯᠡᠭᠦᠯᠵᠡᠢ᠃

ᠪᠠᠢᠴᠠᠭᠠᠭ᠍ᠰᠠᠨ᠎ᠤ ᠳ᠋ᠦᠩ᠎ᠳᠦ᠂ ᠨᠢ ᠨᠢ᠎ᠶ᠋ᠢᠨ ᠵᠡᠭᠦᠨ ᠬᠠᠷᠠᠭ᠎ᠠ ᠨᠢ 450 ᠭᠷᠠᠳᠦ᠋ᠰ ᠬᠦᠷᠴᠦ᠍᠂ ᠪᠠᠷᠠᠭᠤᠨ ᠬᠠᠷᠠᠭ᠎ᠠ ᠨᠢ 425 ᠭᠷᠠᠳᠦ᠋ᠰ ᠪᠤᠯᠪᠠ᠃ ᠴᠠᠩᠱᠠ᠎ᠶ᠋ᠢᠨ ᠠᠶ ᠡᠯ ᠨᠢᠳᠦᠨ᠎ᠦ ᠡᠮᠨᠡᠯᠭᠡ᠎ᠶ᠋ᠢᠨ ᠬᠣᠷᠢᠶᠠᠨ᠎ᠤ ᠲᠣᠮᠣ ᠬᠠᠷᠠᠭ᠎ᠠ᠎ᠶ᠋ᠢᠨ ᠬᠡᠷᠡᠯ᠎ᠦᠨ ᠰᠠᠯᠠᠭᠠᠨ᠎ᠤ ᠮᠡᠷᠭᠡᠵᠢᠯ᠎ᠦᠨ ᠳᠤᠭᠤᠢᠯᠠᠩ᠎ᠤᠨ ᠳᠠᠷᠤᠭ᠎ᠠ ᠦ᠋ ᠬᠤᠤ ᠷᠠᠨ ᠳ᠋ᠣᠺᠲ᠋ᠣᠷ ᠪᠠᠢᠴᠠᠭᠠᠯᠲᠠ ᠬᠢᠭ᠌ᠰᠡᠨ᠎ᠦ ᠳᠠᠷᠠᠭ᠎ᠠ᠂ ᠬᠡᠦᠬᠡᠳ᠎ᠦᠨ ᠨᠢᠳᠦᠨ᠎ᠦ ᠲᠡᠩᠭᠡᠯᠢᠭ᠎ᠦᠨ ᠣᠷᠳᠣ᠎ᠶ᠋ᠢ ᠡᠪᠦᠯ᠎ᠦᠨ ᠠᠮᠠᠷᠠᠯᠲᠠ᠎ᠶ᠋ᠢᠨ ᠡᠮᠦᠨᠡᠬᠢ᠎ᠲᠡᠶ ᠬᠠᠷᠢᠴᠠᠭᠤᠯᠪᠠᠯ ᠢᠯᠡᠷᠬᠡᠶ ᠬᠤᠪᠢᠷᠠᠯᠲᠠ ᠭᠠᠷᠤᠭ᠍ᠰᠠᠨ ᠥᠬᠡᠶ᠎ᠶ᠋ᠢ ᠣᠯᠵᠤ ᠮᠡᠳᠡᠵᠡᠶ᠂ ᠠᠨᠠᠭᠠᠬᠤ ᠤᠬᠠᠭᠠᠨ᠎ᠤ ᠬᠠᠷᠠᠭ᠎ᠠ ᠱᠢᠯᠭᠠᠬᠤ ᠵᠢᠴᠢ ᠬᠠᠷᠠᠭᠠᠨ᠎ᠤ ᠴᠢᠳᠠᠪᠤᠷᠢ᠎ᠶ᠋ᠢᠨ ᠪᠠᠢᠴᠠᠭᠠᠯᠲᠠ ᠬᠢᠬᠦ᠌ ᠶᠠᠪᠤᠴᠠ᠎ᠳᠤ ᠬᠡᠦᠬᠡᠳ᠎ᠦᠨ ᠪᠠᠴᠢᠮ ᠪᠠᠢᠳᠠᠯ᠎ᠢ ᠲᠣᠬᠢᠷᠠᠭᠤᠯᠬᠤ ᠢᠯᠡᠷᠡᠯ᠎ᠲᠡᠶ ᠪᠠᠢᠬᠤ᠎ᠶ᠋ᠢ ᠮᠡᠳᠡᠭᠡᠳ᠂ ᠤᠯᠠᠮ ᠨᠢᠭᠡ ᠠᠯᠬᠤᠮ ᠰᠣᠷᠮᠤᠤᠰᠤᠯᠢᠭ ᠪᠤᠯᠴᠢᠩ᠎ᠤᠨ ᠮᠢᠨᠴᠦᠭᠦᠷᠡᠯ᠎ᠦᠨ ᠬᠠᠷᠠᠭ᠎ᠠ ᠱᠢᠯᠭᠠᠬᠤ(ᠶᠡᠷᠦ᠍᠎ᠳᠡᠭᠡᠨ ᠬᠡᠦᠬᠡᠨ ᠬᠠᠷᠠᠭ᠎ᠠ ᠵᠢ ᠱᠢᠯᠭᠠᠬᠤ ᠭᠡᠳᠡᠭ)ᠪᠠᠢᠴᠠᠭᠠᠯᠳᠠ ᠬᠢᠭ᠌ᠰᠡᠨ᠎ᠦ ᠳᠠᠷᠠᠭ᠎ᠠ᠂ ᠨᠢ ᠨᠢ ᠭᠤᠤᠯᠳᠠᠭᠤ ᠣᠬᠣᠷᠬᠠᠨ ᠬᠤᠭᠤᠴᠠᠭᠠᠨ᠎ᠳᠤ ᠪᠠᠢᠨ ᠳᠠᠬᠢᠨ ᠣᠢᠷ᠎ᠠ ᠬᠠᠷᠠᠵᠤ᠂ ᠨᠢᠳᠦ᠍᠎ᠪᠡᠨ ᠬᠡᠲᠦ ᠬᠡᠷᠡᠭ᠌ᠯᠡᠭ᠌ᠰᠡᠨ᠎ᠡᠴᠡ ᠪᠣᠯᠵᠣ ᠲᠣᠬᠢᠷᠠᠭᠤᠯᠬᠤ ᠴᠢᠳᠠᠪᠤᠷᠢ ᠨᠢ ᠬᠡᠪ᠎ᠦᠨ ᠪᠤᠰᠤ ᠪᠣᠯᠵᠣ᠂ ᠣᠢᠷ᠎ᠠ ᠬᠠᠷᠠᠭ᠎ᠠ᠎ᠶ᠋ᠢᠨ ᠬᠡᠮᠵᠢᠶ᠎ᠡ ᠨᠢ ᠨᠡᠮᠡᠭ᠌ᠳᠡᠭ᠌ᠰᠡᠨ᠎ᠢ ᠣᠯᠵᠤ ᠮᠡᠳᠡᠭᠰᠡᠨ ᠪᠠᠢᠨ᠎ᠠ᠂ ᠡᠭᠦᠨ᠎ᠢ ᠶᠡᠷᠦ᠍᠎ᠳᠡᠭᠡᠨ ᠬᠠᠭᠤᠷᠮᠠᠭ ᠣᠢᠷ᠎ᠠ ᠬᠠᠷᠠᠭ᠎ᠠ᠎ᠶ᠋ᠢᠨ ᠨᠡᠮᠡᠭ᠌ᠳᠡᠯ ᠭᠡᠳᠡᠭ᠃

ᠳᠠᠷᠠᠭ᠎ᠠ ᠨᠢ᠂ ᠡᠦ ᠬᠤᠤ ᠷᠠᠨ᠎ᠳ᠋ᠤᠺᠲ᠋ᠤᠷ ᠨᠢ ᠨᠢ᠎ᠳᠦ ᠲᠣᠬᠢᠷᠠᠭᠤᠯᠬᠤ ᠴᠢᠳᠠᠪᠤᠷᠢ᠎ᠶ᠋ᠢ ᠰᠠᠢᠵᠢᠷᠠᠭᠤᠯᠬᠤ ᠨᠢᠳᠦᠨ᠎ᠦ ᠡᠮ ᠵᠢᠴᠢ ᠲᠣᠬᠢᠷᠠᠭᠤᠯᠬᠤ᠎ᠶ᠋ᠢ ᠰᠤᠯᠠᠳᠭᠠᠬᠤ ᠪᠣᠯᠪᠠᠰᠤᠷᠠᠯ᠎ᠤᠨ ᠲᠥᠰᠦᠯ ᠭᠠᠷᠭᠠᠵᠤ᠂ ᠭᠡᠷ᠎ᠦᠨ ᠠᠬᠠᠮᠠᠳ᠎ᠢ ᠭᠡᠷ᠎ᠲᠡᠬᠡᠨ ᠬᠡᠦᠬᠡᠳ᠎ᠦᠨ ᠨᠢᠳᠦ᠍᠎ᠪᠡᠨ ᠬᠡᠷᠡᠭ᠌ᠯᠡᠬᠦ᠌ ᠦᠢᠯᠡ ᠠᠵᠢᠯᠯᠠᠭ᠎ᠠ᠎ᠶ᠋ᠢ ᠬᠢᠨᠠᠨ ᠪᠠᠢᠴᠠᠭᠠᠵᠤ᠂ ᠢᠯᠠᠩᠭᠤᠶ᠎ᠠ ᠬᠡᠦᠬᠡᠳ᠎ᠦᠨ ᠭᠠᠭ᠍ᠴᠠ ᠤᠳᠠᠭ᠎ᠠ ᠦᠷᠭᠦᠯᠵᠢᠯᠡᠨ ᠣᠢᠷ᠎ᠠ ᠵᠠᠶ᠎ᠳᠤ ᠨᠢᠳᠦ᠍᠎ᠪᠡᠨ ᠬᠡᠷᠡᠭ᠌ᠯᠡᠬᠦ᠌ ᠴᠠᠭ᠎ᠢ ᠴᠢᠩᠭ᠎ᠠ ᠬᠢᠵᠠᠭᠠᠷᠯᠠᠬᠤ ᠬᠡᠷᠡᠭ᠌ᠲᠡᠶ ᠭᠡᠵᠦ᠍ ᠵᠠᠬᠢᠪᠠ᠃ ᠬᠡᠰᠡᠭ ᠬᠤᠭᠤᠴᠠᠭᠠᠨ᠎ᠤ ᠡᠮᠴᠢᠯᠡᠭᠡ᠎ᠪᠡᠷ ᠳᠠᠮᠵᠢᠨ᠂ ᠨᠢ ᠨᠢ᠎ᠶ᠋ᠢᠨ ᠤᠢᠷ᠎ᠠ ᠬᠠᠷᠠᠭ᠎ᠠ ᠨᠢ ᠤᠤᠯ᠎ᠤᠨ 200 ᠭᠷᠠᠳᠦ᠋ᠰ ᠣᠷᠴᠢᠮ ᠪᠣᠯᠤᠭᠰᠠᠨ ᠪᠠᠢᠨ᠎ᠠ᠃

ᠡᠦ ᠬᠤᠤ ᠷᠠᠨ᠄《ᠣᠬᠣᠷᠬᠠᠨ ᠬᠤᠭᠤᠴᠠᠭᠠᠨ᠎ᠳᠤ ᠦᠷᠭᠦᠯᠵᠢᠯᠡᠨ ᠣᠢᠷ᠎ᠠ ᠵᠠᠶ᠎ᠳᠤ ᠨᠢᠳᠦ᠍᠎ᠪᠡᠨ ᠬᠡᠷᠡᠭ᠌ᠯᠡᠭ᠌ᠰᠡᠨ᠎ᠡᠴᠡ ᠪᠣᠯᠤᠭ᠍ᠰᠠᠨ ᠪᠠᠴᠢᠮ ᠪᠠᠢᠳᠠᠯ᠎ᠢ ᠲᠣᠬᠢᠷᠠᠭᠤᠯᠬᠤ᠂ ᠴᠢᠨᠠᠭ᠍ᠰᠢᠯᠠᠪᠠᠯ ᠵᠠᠭᠤᠷᠠᠯ᠎ᠢ ᠲᠣᠬᠢᠷᠠᠭᠤᠯᠬᠤ᠂ ᠥᠭᠡᠷ᠎ᠡ᠎ᠪᠡᠷ ᠬᠡᠯᠡᠪᠡᠯ ᠬᠠᠭᠤᠷᠮᠠᠭ ᠣᠢᠷ᠎ᠠ ᠬᠠᠷᠠᠭ᠎ᠠ᠎ᠶ᠋ᠢ ᠡᠮ᠎ᠢᠶᠡᠷ ᠵᠠᠰᠠᠬᠤ ᠪᠠ ᠬᠠᠷᠠᠭᠠᠨ ᠰᠡᠷᠡᠯ᠎ᠦᠨ ᠪᠣᠯᠪᠠᠰᠤᠷᠠᠯ᠎ᠢᠶᠠᠷ ᠳᠡᠮᠵᠢᠨ ᠰᠡᠷᠭᠦᠭᠡᠬᠦ᠌ ᠪᠣᠯᠤᠮᠵᠢ᠎ᠲᠠᠶ᠃ ᠬᠡᠷᠪᠡ  ᠣᠢᠷ᠎ᠠ ᠬᠠᠷᠠᠭ᠎ᠠ ᠵᠢᠨ ᠵᠢᠨᠭᠬᠢᠨᠢ ᠬᠠᠭᠤᠷᠮᠠᠬ ᠎ᠢ ᠰᠢᠯᠭᠠᠬᠤ ᠦᠭᠡᠢ ᠪᠡᠷ᠂ ᠰᠣᠬᠣᠷ ᠪᠠᠯᠠᠢ᠎ᠪᠠᠷ ᠬᠡᠦᠬᠡᠳ᠎ᠦᠨ᠎ᠢᠶᠡᠨ ᠰᠢᠯ᠎ᠢ ᠰᠤᠯᠢᠵᠤ ᠲᠠᠭᠠᠷᠠᠭᠤᠯᠪᠠᠯ᠂ ᠲᠣᠯᠣᠭᠠᠢ ᠡᠷᠭᠢᠬᠦ᠌᠂ ᠨᠢᠳᠦ ᠡᠪᠡᠳᠬᠦ᠌ ᠵᠡᠷᠭᠡ ᠡᠪᠡᠳᠴᠢᠨ᠎ᠦ ᠢᠯᠡᠷᠡᠯ ᠭᠠᠷᠴᠤ᠌ ᠮᠡᠳᠡᠬᠦ᠌ ᠪᠥᠭᠡᠳ ᠴᠢᠨᠠᠭ᠍ᠰᠢᠯᠠᠨ ᠵᠢᠩᠬᠢᠨᠢ ᠣᠢᠷ᠎ᠠ ᠬᠠᠷᠠᠭ᠎ᠠ ᠪᠣᠯᠵᠤ᠂ ᠡᠮᠴᠢᠯᠡᠨ ᠵᠠᠰᠠᠵᠤ ᠲᠡᠢᠯᠬᠦ ᠦᠭᠡᠢ ᠪᠠᠢᠳᠠᠯ᠎ᠳᠦ ᠬᠦᠷᠳᠡᠭ》 ᠭᠡᠵᠤ ᠲᠠᠨᠢᠯᠴᠠᠭᠤᠯᠤᠨ ᠶᠠᠷᠢᠯ᠎ᠠ᠃


jie3.png


《ᠬᠡᠦᠬᠡᠳ ᠣᠷᠳᠣ ᠬᠤᠭᠤᠴᠠᠭ᠎ᠠ᠎ᠪᠠᠷ ᠨᠢᠳᠦ᠍᠎ᠪᠡᠨ ᠬᠡᠷᠡᠭ᠌ᠯᠡᠪᠡᠯ᠂ 〈 20 - 20 - 20 〉 ᠎ᠶ᠋ᠢᠨ ᠲᠦᠷᠢᠮ᠎ᠢ ᠵᠢᠷᠤᠮᠯᠠᠨ ᠨᠢᠳᠦ᠍᠎ᠪᠡᠨ ᠵᠣᠬᠢᠰᠲᠠᠶ ᠰᠤᠯᠠᠳᠭᠠᠵᠤ᠂ 20 ᠮᠢᠨᠦ᠋ᠲ ᠠᠯᠤᠰᠯᠠᠬᠤ ᠪᠦᠷᠢ 20 ᠰᠧᠺᠦ᠋ᠨ᠋ᠳ᠋ ᠠᠮᠠᠷᠠᠵᠤ᠂ ᠬᠠᠷᠠᠴᠠ᠎ᠪᠠᠨ ᠳᠡᠯᠭᠡᠴᠡ᠎ᠡᠴᠡ ᠰᠠᠯᠭᠠᠵᠤ᠂ 20 ᠹᠦᠨᠲ(ᠪᠠᠷᠤᠭ 6 ᠮᠧᠲ᠋ᠷ) ᠡᠴᠡ ᠴᠠᠭᠠᠨᠠᠬᠢ ᠬᠤᠯᠠ ᠵᠢ ᠪᠠᠷᠠᠯᠠᠵᠤ᠂  ᠬᠣᠯᠠ᠎ᠶ᠋ᠢ ᠢᠯᠡᠬᠦᠦ ᠬᠠᠷᠠᠵᠤ ᠣᠢᠷ᠎ᠠ ᠵᠠᠢ᠎ᠶ᠋ᠢ ᠳᠤᠲᠠᠭᠤ ᠬᠠᠷᠠᠨ᠎ᠠ᠃ ᠸᠢᠳᠢᠣ᠋ ᠪᠡᠷ ᠰᠤᠷᠤᠯᠴᠠᠬᠤ ᠶᠠᠪᠤᠴᠠ᠎ᠳᠤ᠂ ᠰᠠᠨᠠᠭᠠᠴᠢᠯᠠᠭ᠎ᠠ᠎ᠲᠠᠶ᠎ᠪᠠᠷ ᠨᠢᠳᠦ᠍᠎ᠪᠡᠨ ᠪᠠᠭ᠎ᠠ ᠠᠨᠢᠵᠤ ᠨᠡᠬᠡᠭᠡᠨ᠂ ᠳᠡᠭᠡᠭ᠌ᠰᠢ ᠳᠣᠷᠣᠭ᠍ᠰᠢ ᠵᠡᠭᠦᠨᠰᠢ ᠪᠠᠷᠠᠭᠤᠨᠰᠢ ᠡᠷᠭᠢᠯᠳᠦᠭᠦᠯᠦᠨ᠂ ᠨᠢᠳᠦ᠍᠎ᠪᠡᠨ ᠰᠤᠯᠠᠳᠭᠠᠵᠤ ᠰᠤᠷᠬᠤ ᠬᠡᠷᠡᠭ᠌ᠲᠡᠶ᠃ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠡᠳᠦᠷ ᠪᠦᠷᠢ ᠭᠠᠳᠠᠨ᠎ᠠ ᠬᠣᠶᠠᠷ ᠴᠠᠭ ᠬᠥᠳᠡᠯᠭᠡᠭᠡᠨ ᠬᠢᠵᠦ᠍᠂ ᠨᠢᠳᠦ᠍᠎ᠪᠡᠨ ᠶᠡᠬᠡ ᠪᠠᠢᠭᠠᠯᠢ᠎ᠶ᠋ᠢᠨ ᠬᠡᠷᠡᠯ᠎ᠦᠨ ᠳᠤᠤᠷ᠎ᠠ ᠭᠦᠶ᠋ᠴᠡᠳ ᠲᠠᠰᠬᠠᠵᠤ ᠪᠣᠯᠤᠨ᠎ᠠ᠂ ᠡᠨᠡ ᠨᠢ ᠬᠡᠦᠬᠡᠳ᠎ᠢ ᠭᠠᠷ ᠤᠲᠠᠰᠤ᠎ᠪᠠᠨ ᠬᠠᠷᠠᠵᠤ ᠲᠣᠭ᠍ᠯᠠᠭᠠᠮ ᠨᠠᠭᠠᠳᠭᠤ᠎ᠠᠴᠠ ᠢᠯᠡᠬᠦᠦ ᠡᠷᠡᠭᠦᠯ ᠴᠢᠭᠢᠷᠠᠭ ᠪᠣᠯᠭᠠᠨ᠎ᠠ》 ᠭᠡᠵᠤ ᠡᠦ ᠬᠤᠤ ᠷᠠᠨ ᠬᠡᠯᠡᠯ᠎ᠡ᠃ ᠮᠦᠨ ᠴᠦ᠍᠂ ᠬᠡᠷ᠎ᠦᠨ ᠠᠬᠠᠮᠠᠳ ᠪᠣᠯᠤᠭ᠍ᠰᠠᠳ ᠬᠡᠦᠬᠡᠳ᠎ᠦᠨ᠎ᠢᠶᠡᠨ ᠣᠢᠷ᠎ᠠ ᠬᠠᠷᠠᠭ᠎ᠠ᠎ᠶ᠋ᠢ ᠰᠡᠷᠭᠡᠢᠯᠡᠬᠥ ᠎ᠳᠤ  ᠰᠠᠢᠳᠦᠷ ᠠᠨᠭᠬᠠᠷᠴᠦ᠂ ᠡᠪᠦᠯ᠎ᠦᠨ ᠠᠮᠠᠷᠠᠯᠲᠠ᠎ᠶ᠋ᠢᠨ ᠬᠤᠭᠤᠴᠠᠭᠠᠨ᠎ᠳᠤ ᠪᠠᠰᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠡᠦᠬᠡᠳ᠎ᠢᠶᠡᠨ ᠳᠠᠭᠠᠭᠤᠯᠤᠨ ᠡᠮᠨᠡᠯᠭᠡ᠎ᠳᠦ ᠬᠦᠷᠴᠦ᠍ ᠪᠠᠢᠴᠠᠭᠠᠯᠲᠠ ᠬᠢᠵᠦ᠍᠂ ᠬᠡᠦᠬᠡᠳ᠎ᠦᠨ᠎ᠢᠶᠡᠨ ᠨᠢᠳᠦᠨ᠎ᠦ ᠡᠷᠡᠭᠦᠯ ᠮᠡᠨᠳᠦ᠍᠎ᠶ᠋ᠢᠨ ᠪᠠᠢᠳᠠᠯ᠎ᠢ ᠴᠠᠭ ᠢᠮᠠᠭ᠍ᠲᠠ ᠠᠩᠬᠠᠷᠬᠤ ᠬᠡᠷᠡᠭ᠌ᠲᠡᠶ ᠭᠡᠵᠤ ᠲᠡᠷᠡ ᠰᠠᠨᠠᠭᠤᠯᠵᠠᠢ᠃

ᠡᠪᠡᠳᠴᠢᠲᠡᠨ᠎ᠢ ᠡᠪᠡᠳᠴᠢᠨ ᠦᠵᠡᠭᠦᠯᠬᠦ᠌᠎ᠳᠦ ᠲᠥᠬᠥᠮ ᠪᠣᠯᠭᠠᠵᠤ᠂ ᠬᠡᠷ᠎ᠦᠨ ᠠᠬᠠᠮᠠᠳ᠎ᠢ ᠰᠠᠨᠠᠭ᠎ᠠ ᠠᠮᠤᠷ ᠡᠮᠨᠡᠭᠦᠯᠬᠦ᠌᠎ᠶ᠋ᠢᠨ ᠲᠥᠯᠥᠭᠡ᠂ ᠠᠶ ᠡᠯ ᠨᠢᠳᠦᠨ᠎ᠦ ᠰᠠᠯᠠᠭ᠎ᠠ᠎ᠨᠢ ᠰᠦᠯᠵᠢᠶᠡᠨ᠎ᠦ ᠡᠮᠨᠡᠯᠭᠡ᠎ᠶ᠋ᠢᠨ ᠬᠣᠷᠢᠶᠠᠨ᠎ᠤ ᠲᠠᠪᠴᠠᠩ᠎ᠢ ᠪᠠᠢᠭᠤᠯᠵᠤ᠂ ᠡᠪᠡᠳᠴᠢᠲᠡᠨ᠎ᠢ ᠬᠠᠪᠰᠤᠷᠤᠨ ᠥᠨᠳᠥᠷ ᠪᠦᠲᠦᠮᠵᠢᠲᠡᠶ ᠡᠮᠬᠢ ᠵᠢᠷᠤᠮ᠎ᠲᠠᠶ ᠡᠮᠨᠡᠭᠦᠯᠬᠦ᠌᠎ᠶ᠋ᠢ ᠪᠡᠶᠡᠯᠡᠭᠦᠯᠪᠡ᠃ ᠡᠪᠡᠳᠴᠢᠲᠡᠨ ᠵᠢᠴᠢ ᠲᠡᠭᠦᠨ᠎ᠦ ᠬᠡᠷ ᠪᠦᠯᠢ᠎ᠶ᠋ᠢᠨ᠎ᠬᠢᠨ ᠰᠦᠯᠵᠢᠶᠡᠨ᠎ᠦ ᠡᠮᠨᠡᠯᠭᠡ᠎ᠶ᠋ᠢᠨ ᠬᠣᠷᠢᠶ᠎ᠠ᠎ᠪᠠᠷ ᠳᠡᠮᠵᠢᠨ ᠪᠥᠬᠥ᠌ ᠤᠯᠤᠰ᠎ᠤᠨ ᠡᠯ᠎ᠡ ᠭᠠᠵᠠᠷ᠎ᠤᠨ ᠠᠶ ᠡᠯ ᠲᠤᠰᠭᠠᠶ ᠮᠡᠷᠭᠡᠵᠢᠯᠲᠡᠨ᠎ᠦ ᠰᠦᠯᠵᠢᠶᠡᠨ ᠭᠠᠳᠠᠨᠠᠬᠢ ᠡᠭᠦᠳᠡᠨ ᠡᠮᠨᠡᠯᠭᠡ᠎ᠶ᠋ᠢᠨ ᠳ᠋ᠤᠭᠠᠷ᠎ᠢ ᠠᠪᠴᠦ᠂ ᠡᠮᠨᠡᠯᠭᠡ᠎ᠶ᠋ᠢᠨ ᠬᠣᠷᠢᠶᠠᠨ᠎ᠳᠤ ᠰᠦᠶ᠋ᠳᠭᠡᠯ ᠲᠤᠱᠢᠶᠠᠵᠤ᠂ ᠣᠨᠣᠱᠢᠯᠠᠯᠳᠠ ᠵᠢᠨ ᠮᠡᠳᠡᠭᠦᠯᠦᠯᠲᠡ᠎ᠶ᠋ᠢ ᠴᠠᠭ ᠲᠤᠬᠠᠶ᠎ᠳᠤᠨᠢ ᠪᠠᠢᠴᠠᠭᠠᠨ ᠯᠠᠪᠯᠠᠵᠤ ᠪᠣᠯᠤᠨ᠎ᠠ᠃

《ᠠᠷᠠᠳ᠎ᠤᠨ ᠰᠦᠯᠵᠢᠶ᠎ᠡ》 ᠡᠴᠡ ᠤᠷᠴᠢᠭᠤᠯᠤᠨ ᠨᠠᠢᠷᠠᠭᠤᠯᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号