ᠨᠠᠮ᠎ᠤᠨ ᠬᠣᠷᠢᠳᠤᠭᠠᠷ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠨᠢᠭᠡᠳᠦᠮᠡᠯ ᠹᠷᠣᠨᠲ᠎ᠤᠨ ᠬᠥᠮᠦᠰ ᠬᠢᠵᠢᠭ᠎ᠦᠨ ᠪᠠᠢᠳᠠᠯ ᠵᠡᠷᠭᠡ ᠱᠢᠯᠲᠠᠭᠠᠨ᠎ᠠᠴᠠ ᠪᠣᠯᠵᠣ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠥᠪᠯᠡᠷᠡᠭᠦᠯᠦᠨ ᠰᠤᠷᠤᠯᠴᠠᠬᠤ᠎ᠳᠤ ᠳᠥᠭᠥᠮ ᠦᠭᠡᠢ ᠪᠠᠢᠳᠠᠯ᠎ᠳᠤ ᠴᠢᠭ᠌ᠯᠡᠭᠦᠯᠦᠨ᠂ ᠡᠵᠡᠨ ᠬᠣᠷᠣᠭ᠎ᠠ ᠬᠣᠱᠢᠭᠤ 《ᠲᠦᠩ ᠱᠢᠨ ᠢ ᠵᠢᠶᠠ》 ᠤᠶᠤᠨᠴᠢ ᠨᠢᠭᠡᠳᠦᠮᠡᠯ ᠹᠷᠣᠨᠲ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ ᠳᠡᠭᠡᠷ᠎ᠡ ᠰᠤᠷᠤᠯᠴᠠᠨ ᠰᠣᠯᠢᠯᠴᠠᠬᠤ ᠬᠡᠰᠡᠭ ᠭᠠᠷᠭᠠᠪᠠ᠃ ᠭᠠᠷ ᠤᠲᠠᠰᠤ᠂ ᠰᠢᠯᠵᠢᠮᠡᠯ ᠳᠡᠯᠭᠡᠴᠡ ᠵᠡᠷᠭᠡ ᠪᠡᠷ ᠳᠠᠮᠵᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠦᠨ ᠪᠦᠬᠦ᠌ ᠠᠭᠤᠯᠭ᠎ᠠ ᠂ ᠢᠯᠡᠳᠬᠡᠯ ᠤ᠋ᠨ ᠵᠣᠷᠢᠭ ᠰᠠᠨᠠᠭᠠᠨ᠎ᠤ ᠲᠠᠢᠯᠤᠮᠵᠢ ᠵᠡᠷᠭᠡ ᠪᠠᠢᠪᠠᠰᠤ ᠵᠣᠬᠢᠬᠤ ᠪᠦᠬᠦᠨ᠎ᠢ ᠲᠡᠷᠡ ᠬᠡᠪ᠎ᠢᠶᠡᠷ ᠨᠢ ᠰᠤᠷᠤᠯᠴᠠᠬ᠍ᠰᠠᠨᠤ ᠳᠠᠷᠠᠭ᠎ᠠ᠂ ᠪᠠᠰᠠ ᠰᠦᠯᠵᠢᠶᠡᠨ ᠳᠡᠭᠡᠷ᠎ᠡ ᠰᠠᠨᠠᠯ᠎ᠢᠶᠠᠨ ᠰᠣᠯᠢᠯᠴᠠᠵᠤ᠂ ᠶᠠᠷᠢᠯᠴᠠᠵᠤ ᠪᠤᠯᠤᠨ᠎ᠠ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠨᠢᠭᠡᠳᠦᠮᠡᠯ ᠹᠷᠣᠨᠲ᠎ᠤᠨ ᠠᠵᠢᠯ᠎ᠤᠨ ᠱᠢᠨ᠎ᠡ ᠪᠠᠢᠷᠢᠱᠢᠯ᠎ᠢ ᠵᠢᠷᠤᠭ᠍ᠯᠠᠪᠠ᠄ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭ᠌ᠵᠢᠭᠦᠯᠦᠨ᠎ᠡ᠃ ᠶᠡᠬᠡ ᠨᠢᠭᠡᠳᠦᠮᠡᠯ ᠹᠷᠣᠨᠲ᠎ᠤᠨ ᠠᠵᠢᠯ᠎ᠤᠨ ᠪᠠᠢᠷᠢᠱᠢᠯ᠎ᠢ ᠲᠡᠭᠦᠯᠳᠡᠷᠵᠢᠭᠦᠯᠵᠦ᠍᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠨ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠲᠠᠢ᠌ᠴᠢᠯᠠᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠵᠢᠨ ᠵᠡᠭᠦᠳᠦ᠍᠎ᠶ᠋ᠢ ᠪᠡᠶᠡᠯᠡᠭᠦᠯᠬᠦ᠌᠎ᠶ᠋ᠢᠨ ᠲᠣᠭᠣᠷᠢᠨ᠎ᠳᠤ ᠬᠠᠮᠲᠤ᠎ᠪᠠᠷ ᠪᠣᠳᠣᠯᠬᠢᠯᠠᠵᠤ᠂ ᠬᠠᠮᠲᠤ᠎ᠪᠠᠷ ᠴᠢᠷᠮᠠᠢᠨ᠎ᠠ᠃
《ᠬᠠᠮᠲᠤ ᠪᠠᠷ ᠪᠣᠳᠣᠯᠬᠢᠯᠠᠵᠤ ᠂ ᠬᠠᠮᠲᠤ ᠪᠠᠷ ᠴᠢᠷᠮᠠᠢᠬᠤ 》 ᠳ᠋ᠤ ᠂ ᠠᠵᠢᠯ᠎ᠤᠨ ᠠᠷᠭ᠎ᠠ ᠬᠡᠯᠪᠡᠷᠢ᠎ᠪᠡᠨ ᠱᠢᠨᠡᠴᠢᠯᠡᠬᠦ᠌ ᠴᠢᠬᠤᠯᠠᠲᠠᠢ᠃《ᠲᠣᠭᠠᠴᠢᠯᠠᠭ᠍ᠰᠠᠨ ᠨᠢᠭᠡᠳᠦᠮᠡᠯ ᠹᠷᠣᠨᠲ》᠎ᠤ᠋ᠨ ᠱᠢᠨ᠎ᠡ᠎ᠶ᠋ᠢ ᠡᠭᠦᠳᠦᠨ ᠬᠥᠭ᠌ᠵᠢᠭᠦᠯᠵᠦ᠍᠂ ᠡᠭᠦᠯᠡᠨ ᠦᠵᠦᠭᠦᠷᠯᠢᠭ᠎ᠦᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠤᠨ᠂ ᠠᠭᠤᠰᠤᠯᠴᠠᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠪᠣᠯ ᠱᠢᠨ᠎ᠡ ᠴᠠᠭ ᠦᠶ᠎ᠡ᠎ᠶ᠋ᠢᠨ ᠨᠢᠭᠡᠳᠦᠮᠡᠯ ᠹᠷᠣᠨᠲ᠎ᠤᠨ ᠠᠵᠢᠯ᠎ᠤᠨ ᠵᠢᠭ᠍ᠰᠠᠭᠠᠯᠴᠢᠯᠠᠭ᠍ᠰᠠᠨ ᠂ ᠤᠶᠤᠨᠴᠢᠯᠠᠭ᠍ᠰᠠᠨ ᠂ ᠱᠢᠯᠵᠢᠶᠠᠴᠢᠯᠡᠭᠰᠡᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ ᠪᠣᠯᠤᠨ᠎ᠠ᠃ ᠡᠭᠦᠨ ᠳ᠋ᠤ᠂ ᠡᠵᠡᠨ ᠬᠣᠷᠣᠭ᠎ᠠ ᠬᠣᠱᠢᠭᠤᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ《ᠣᠶᠤᠨᠴᠢ ᠨᠢᠭᠡᠳᠦᠮᠡᠯ ᠹᠷᠣᠨᠲ》᠎ᠤ᠋ᠨ ᠪᠠᠢᠭᠤᠯᠤᠯᠲᠠ᠎ᠶ᠋ᠢᠨ ᠱᠢᠨ᠎ᠡ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠵᠦ᠍᠂ ᠪᠥᠬᠥ᠌ ᠣᠷᠣᠨ᠎ᠤ ᠠᠩᠬᠠᠳᠠᠭ᠍ᠴᠢ ᠨᠢᠭᠡᠳᠦᠮᠡᠯ ᠹᠷᠣᠨᠲ᠎ᠤᠨ ᠠᠵᠢᠯ᠎ᠤᠨ ᠵᠢᠷᠭᠢᠶ᠎ᠡ ᠵᠢᠨ ᠵᠢᠵᠢᠭ ᠳᠠᠪᠴᠠᠩ — 《 ᠲᠦᠩ ᠱᠢᠨ ᠢ ᠵᠢᠶᠠ》 ᠣᠶᠤᠨᠴᠢ ᠨᠢᠭᠡᠳᠦᠮᠡᠯ ᠹᠷᠣᠨᠲ᠎ᠤᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠢ ᠰᠤᠳᠤᠯᠤᠨ ᠨᠡᠭᠡᠭᠡᠵᠠᠢ᠃
ᠵᠢᠷᠭᠢᠶ᠎ᠡ᠎ᠶ᠋ᠢᠨ ᠵᠢᠵᠢᠭ ᠳᠠᠪᠴᠠᠩ᠎ᠳᠤ 《ᠲᠦᠩ ᠱᠢᠨ ᠢ ᠵᠢᠶᠠ》 ᠵᠢ ᠨᠡᠭᠡᠭᠡᠪᠡᠯ ᠂ ᠨᠢᠭᠡᠳᠦᠮᠡᠯ ᠹᠷᠣᠨᠲ᠎ᠤᠨ ᠠᠵᠢᠯᠳᠠᠨ ᠪᠣᠯᠤᠨ ᠪᠦᠯᠬᠦᠮ᠎ᠦᠨ ᠬᠠᠮᠢᠶᠠᠷᠤᠯᠲᠠ ᠂ ᠲᠦᠩ ᠱᠢᠨ ᠬᠡᠷᠡᠭ ᠵᠥᠪᠯᠡᠬᠦ᠌ ᠲᠢᠩᠬᠢᠮ ᠂ ᠢ ᠱᠢᠨ ᠦᠢᠯᠡᠴᠢᠯᠡᠭᠡᠨ᠎ᠦ ᠪᠦᠯᠬᠦᠮ ᠂ ᠠᠵᠢᠯᠯᠠᠭ᠎ᠠ᠎ᠶ᠋ᠢᠨ ᠬᠠᠮᠢᠶᠠᠷᠤᠯᠲᠠ ᠵᠡᠷᠭᠡ 8 ᠴᠢᠳᠠᠮᠵᠢ᠎ᠶ᠋ᠢᠨ ᠬᠡᠰᠡᠭ᠎ᠲᠦ ᠡᠵᠡᠨ ᠬᠣᠷᠣᠭ᠎ᠠ ᠬᠣᠱᠢᠭᠤᠨ᠎ᠤ ᠨᠢᠭᠡᠳᠦᠮᠡᠯ ᠹᠷᠣᠨᠲ᠎ᠤᠨ ᠡᠯ᠎ᠡ ᠬᠦᠷᠢᠶᠡᠨ᠎ᠦ ᠭᠣᠣᠯ ᠪᠣᠯᠬᠤ ᠲᠣᠭ᠎ᠠ ᠪᠠᠷᠢᠮᠲᠠ᠎ᠶ᠋ᠢ ᠴᠤᠭ᠍ᠯᠠᠭᠤᠯᠪᠠ᠃ ᠰᠤᠷᠪᠤᠯᠵᠢᠯᠠᠭ᠍ᠴᠢ ᠳᠤᠷ᠎ᠠ ᠵᠢᠨ ᠨᠢᠭᠡ 《 ᠢ ᠱᠢᠨ ᠦᠶ᠋ᠯᠡᠴᠢᠯᠡᠭᠡᠨ᠎ᠦ ᠪᠦᠯᠬᠦᠮ》 ᠤ᠋ᠨ ᠪᠤᠯᠤᠩ᠎ᠢ ᠨᠡᠭᠡᠭᠡᠵᠦ᠍ ᠂ ᠴᠢᠨᠠᠷ ᠰᠠᠢᠲᠠᠶ ᠬᠥᠭ᠌ᠵᠢᠯᠲᠡ᠎ᠶ᠋ᠢᠨ ᠪᠦᠯᠬᠦᠮ᠂ ᠰᠣᠶᠣᠯ ᠰᠤᠷᠭᠠᠨ ᠬᠥᠮᠦᠵᠢᠯ᠎ᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠪᠦᠯᠬᠦᠮ ᠂ ᠲᠠᠷᠢᠶᠠᠯᠠᠩ᠎ᠢ ᠲᠤᠰᠠᠯᠠᠵᠤ ᠬᠥᠭ᠌ᠵᠢᠭᠦᠯᠦᠨ ᠮᠠᠨᠳᠤᠭᠤᠯᠬᠤ ᠪᠦᠯᠬᠦᠮ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠱᠢᠭᠤᠴᠢ ᠪᠦᠯᠬᠦᠮ᠂ ᠬᠠᠤᠯᠢᠪᠢᠳᠡᠨᠤ ᠳᠡᠷᠭᠡᠳᠡ ᠪᠦᠯᠬᠦᠮ ᠵᠡᠷᠭᠡ ᠦᠶ᠋ᠯᠡᠴᠢᠯᠡᠭᠡᠨ᠎ᠦ ᠪᠦᠯᠬᠦᠮ ᠨᠡᠢᠲᠡ᠎ᠶ᠋ᠢ ᠣᠯᠵᠤ ᠬᠠᠷᠠᠠ᠂ ᠪᠦᠯᠬᠦᠮ ᠨᠢᠭᠡ ᠪᠦᠷᠢᠳᠦ ᠴᠥᠮ ᠬᠠᠮᠢᠶ᠎ᠠ ᠪᠥᠬᠥᠶ ᠲᠤᠰᠭᠠᠶ ᠮᠡᠷᠭᠡᠵᠢᠯ᠎ᠦᠨ ᠬᠥᠮᠦᠰ ᠰᠦᠯᠵᠢᠶᠡᠨ ᠳᠡᠭᠡᠷ᠎ᠡ ᠦᠶ᠋ᠯᠡᠴᠢᠯᠡᠵᠦ᠍ ᠂ ᠬᠡᠷᠡᠭ᠌ᠴᠡᠭᠡ᠎ᠲᠡᠶ ᠯᠡ ᠶᠤᠮ ᠪᠣᠯ ᠳᠠᠷᠤᠶ ᠦᠶ᠋ᠯᠡᠴᠢᠯᠡᠭᠡᠨ᠎ᠦ ᠪᠦᠯᠬᠦᠮ᠎ᠳᠦ ᠣᠷᠣᠬᠤ᠎ᠪᠠᠷ ᠭᠤᠶᠤᠴᠢᠯᠠᠵᠤ ᠬᠠᠪᠰᠤᠷᠤᠯᠭ᠎ᠠ ᠡᠷᠢᠵᠦ᠍ ᠪᠣᠯᠤᠨ᠎ᠠ᠃
ᠤᠯᠤᠰ᠎ᠲᠠᠭᠠᠨ ᠪᠤᠴᠠᠵᠤ ᠢᠷᠡᠭ᠌ᠰᠡᠨ ᠣᠶᠤᠲᠠᠨ ᠴᠢᠨ ᠶᠤᠸᠠᠢ ᠡᠵᠡᠨ ᠬᠣᠷᠣᠭ᠎ᠠ ᠬᠣᠱᠢᠭᠤᠨ᠎ᠤ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠲᠥᠪ᠎ᠲᠦ ᠠᠵᠢᠯᠯᠠᠭ᠍ᠰᠠᠨ᠎ᠤ ᠳᠠᠷᠠᠭ᠎ᠠ ᠂ ᠨᠠᠩ ᠣᠯᠠᠨ ᠰᠤᠷᠤᠯᠴᠠᠬᠤ ᠪᠠ ᠪᠣᠯᠪᠠᠰᠤᠷᠠᠯ ᠭᠥᠷᠳᠡᠬᠦ᠌ ᠠᠵᠠ ᠲᠣᠬᠢᠶᠠᠯ ᠤᠯᠬᠤ᠎ᠶ᠋ᠢ ᠬᠦᠰᠡᠵᠦ᠍ ᠪᠠᠢᠪᠠ᠂ ᠲᠡᠷᠡ ᠲᠠᠪᠴᠠᠩ ᠳᠡᠭᠡᠷ᠎ᠡ᠄《ᠪᠢ ᠪᠣᠯᠪᠠᠰᠤᠷᠠᠯ᠎ᠳᠤ ᠣᠷᠣᠯᠴᠠᠵᠤ᠂ ᠥᠪᠡᠷ᠎ᠢ᠎ᠪᠡᠨ ᠨᠠᠩ ᠰᠠᠢᠲᠤᠷ ᠳᠡᠭᠡᠭ᠌ᠰᠢᠯᠡᠭᠦᠯᠬᠦ᠌ ᠰᠠᠨᠠᠭ᠎ᠠ᠎ᠲᠠᠶ ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ᠎ᠡᠴᠡ ᠲᠠᠨᠢᠯᠴᠠᠭᠤᠯᠵᠤ ᠦᠭᠬᠦ᠎ᠶ᠋ᠢ ᠬᠦᠰᠡᠵᠦ᠍ ᠪᠠᠢᠨ᠎ᠠ》 ᠭᠡᠵᠦ ᠦᠭᠡ ᠦᠯᠡᠳᠡᠭᠡᠪᠡ᠃ ᠴᠢᠨ ᠶᠤᠸᠠᠢ ᠵᠢᠨ ᠦᠯᠡᠳᠡᠭᠡᠭ᠌ᠰᠡᠨ ᠦᠭᠡ᠎ᠶ᠋ᠢ ᠣᠯᠵᠤ ᠦᠵᠡᠭ᠌ᠰᠡᠨ᠎ᠦ ᠳᠠᠷᠠᠭ᠎ᠠ ᠂ ᠨᠢᠭᠡᠳᠦᠮᠡᠯ ᠹᠷᠣᠨᠲ᠎ᠤᠨ ᠺᠠᠳ᠋ᠷ ᠴᠠᠭ ᠲᠤᠬᠠᠶ᠎ᠳᠤᠨᠢ ᠲᠡᠭᠦᠨ᠎ᠲᠡᠶ ᠬᠠᠷᠢᠯᠴᠠᠵᠤ ᠂ ᠲᠡᠭᠦᠨ᠎ᠢ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠢᠶᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠂ ᠰᠦᠯᠵᠢᠶᠠᠨ ᠤᠲᠤᠨ ᠱᠢᠭᠤᠳ ᠨᠡᠪᠲᠡᠷᠡᠭᠦᠯᠭᠡ ᠬᠢᠬᠦ᠌ ᠵᠡᠷᠭᠡ ᠪᠣᠯᠪᠠᠰᠤᠷᠠᠯ᠎ᠳᠤ ᠣᠷᠣᠯᠴᠠᠭᠤᠯᠵᠠᠶ᠃
ᠬᠠᠪᠰᠤᠷᠤᠯᠭ᠎ᠠ ᠡᠷᠢᠵᠦ᠍ ᠴᠢᠳᠠᠬᠤ᠎ᠪᠠᠷ ᠪᠠᠷᠠᠬᠤ ᠦᠭᠡᠢ ᠂ 《 ᠲᠦᠡᠭ ᠰᠢᠨ ᠢ ᠵᠢᠶᠠ》 ᠭᠡᠬᠦ᠌ ᠡᠨᠡ ᠬᠦ᠌ ᠵᠢᠵᠢᠭ ᠳᠠᠪᠴᠠᠩ᠎ᠳᠤ ᠪᠠᠰᠠ ᠨᠢᠭᠡᠳᠦᠮᠡᠯ ᠹᠷᠣᠨᠲ᠎ᠤᠨ ᠬᠦᠷᠢᠶᠡᠨ᠎ᠳᠡᠬᠢ ᠤᠯᠠᠨ ᠵᠦᠢᠯ᠎ᠦᠨ ᠦᠢᠯᠡᠴᠢᠯᠡᠭᠡ ᠪᠠ ᠠᠵᠢᠯ ᠶᠠᠪᠤᠳᠠᠯ ᠭᠦᠢᠴᠡᠳᠭᠡᠬᠦ᠌ ᠴᠢᠳᠠᠮᠵᠢ᠎ᠶ᠋ᠢ ᠪᠡᠶᠡᠯᠡᠭᠦᠯᠵᠦ᠍ ᠴᠢᠳᠠᠨ᠎ᠠ ᠂ ᠵᠢᠱ᠌ᠢᠶᠡᠯᠡᠪᠡᠯ ᠬᠠᠮᠲᠤᠷᠠᠨ ᠠᠵᠢᠯᠯᠠᠬᠤ ᠂ ᠰᠦᠯᠵᠢᠶᠡᠨ ᠳᠡᠭᠡᠷᠡᠬᠢ ᠦᠢᠯᠡᠴᠢᠯᠡᠭᠡ᠂ ᠰᠤᠷᠤᠯᠴᠠᠯᠭ᠎ᠠ ᠰᠣᠯᠢᠯᠴᠠᠭ᠎ᠠ ᠵᠡᠷᠭᠡ ᠪᠣᠯᠤᠨ᠎ᠠ᠃ ᠲᠠᠪᠴᠠᠩ ᠨᠢ ᠨᠢᠭᠡᠳᠦᠮᠡᠯ ᠹᠷᠣᠨᠲ᠎ᠤᠨ ᠰᠠᠭᠤᠷᠢ ᠮᠡᠳᠡᠭᠡ ᠵᠠᠩᠭᠢ᠎ᠶ᠋ᠢᠨ ᠬᠥᠮᠥᠷᠭᠡ᠎ᠶ᠋ᠢ ᠭᠠᠷᠳᠠᠨ ᠪᠠᠢᠭᠤᠯᠵᠤ᠂ ᠬᠥᠮᠦᠨ᠎ᠦ ᠲᠣᠭ᠎ᠠ᠂ ᠨᠠᠰᠤ ᠵᠢᠯ᠂ ᠦᠨᠳᠦᠰᠦᠲᠡᠨ᠂ ᠴᠢᠨᠠᠷ᠎ᠤᠨ ᠢᠯᠭᠠᠯ ᠂ ᠮᠡᠷᠭᠡᠵᠢᠯ᠎ᠦᠨ ᠴᠣᠯᠠ᠂ ᠰᠤᠷᠤᠯᠭ᠎ᠠ᠎ᠶ᠋ᠢᠨ ᠨᠠᠮᠲᠠᠷ ᠵᠡᠷᠭᠡ ᠤᠯᠠᠨ ᠲᠠᠯ᠎ᠠ᠎ᠠᠴᠠ ᠨᠢᠭᠡᠳᠦᠮᠡᠯ ᠹᠷᠣᠨᠲ᠎ᠤᠨ ᠪᠦᠷᠢᠯᠳᠦᠬᠦᠨ᠎ᠦ ᠮᠡᠳᠡᠭᠡ ᠵᠠᠩᠭᠢ᠎ᠶ᠋ᠢ ᠨᠠᠷᠢᠨ ᠲᠣᠳᠣᠷᠬᠠᠢ ᠲᠡᠮᠳᠡᠭ᠌ᠯᠡᠵᠦ᠍ ᠂ ᠨᠢᠭᠡᠳᠦᠮᠡᠯ ᠹᠷᠣᠨᠲ᠎ᠤᠨ ᠠᠵᠢᠯ ᠢᠯᠠᠩᠭᠤᠶ᠎ᠠ ᠦᠨᠳᠦᠰᠦᠨ ᠱᠠᠲᠤᠨ᠎ᠤ ᠨᠢᠭᠡᠳᠦᠮᠡᠯ ᠹᠷᠣᠨᠲ᠎ᠤᠨ ᠠᠵᠢᠯ᠎ᠳᠤ ᠤᠷᠳᠤ ᠬᠤᠭᠤᠴᠠᠭ᠎ᠠ᠎ᠪᠠᠷ ᠲᠤᠯᠭᠠᠷᠠᠵᠤ ᠪᠠᠢᠭ᠍ᠰᠠᠨ ᠰᠠᠭᠤᠷᠢ ᠮᠡᠳᠡᠭᠡ ᠵᠠᠩᠭᠢ᠎ᠶ᠋ᠢ ᠣᠨᠣᠪᠴᠢᠲᠠᠢ ᠡᠵᠡᠮᠱᠢᠭ᠌ᠰᠡᠨ ᠦᠭᠡᠢ ᠠᠰᠠᠭᠤᠳᠠᠯ᠎ᠢ ᠱᠢᠢᠳᠪᠦᠷᠢᠯᠡᠪᠡ᠃ ᠣᠢᠯᠠᠭᠠᠭ᠍ᠰᠠᠨ᠎ᠢᠶᠠᠷ ᠂ ᠲᠣᠰ ᠲᠠᠪᠴᠠᠩ᠎ᠢ ᠡᠨᠡ ᠵᠢᠯ᠎ᠦᠨ 9 ᠰᠠᠷ᠎ᠠ᠎ᠠᠴᠠ ᠡᠬᠢᠯᠡᠨ ᠬᠡᠷᠡᠭ᠌ᠯᠡᠭ᠌ᠰᠡᠨ᠎ᠡᠴᠡ ᠨᠠᠭᠠᠰᠢ ᠂ ᠪᠥᠬᠥ᠌ ᠬᠣᠱᠢᠭᠤᠨ᠎ᠤ 191《ᠨᠢᠭᠡᠳᠦᠮᠡᠯ ᠹᠷᠣᠨᠲ᠎ᠤᠨ ᠬᠡᠷ》᠎ᠢ᠋ ᠪᠦᠬᠦᠨ᠎ᠢ ᠣᠷᠣᠯᠴᠠᠭᠤᠯᠵᠤ ᠂ 362 ᠨᠢᠭᠡᠳᠦᠮᠡᠯ ᠹᠷᠣᠨᠲ᠎ᠤᠨ ᠬᠣᠯᠪᠣᠭᠠᠴᠢᠨ 《ᠰᠦᠯᠵᠢᠶᠡᠨ᠎ᠳᠦ ᠭᠠᠷᠴᠤ ᠠᠵᠢᠯ᠎ᠤᠨ ᠪᠠᠢᠷᠢᠬᠦᠷᠬᠡᠬᠦ》 ᠵᠢ ᠳᠠᠢᠴᠢᠯᠠᠵᠦ᠂ ᠡᠯ᠎ᠡ ᠲᠥᠷᠥᠯ᠎ᠦᠨ ᠨᠢᠭᠡᠳᠦᠮᠡᠯ ᠹᠷᠣᠨᠲ᠎ᠤᠨ ᠬᠥᠮᠦᠰ᠎ᠤᠨ ᠳᠠᠩᠰᠠᠯᠠᠭᠤᠯᠤᠭ᠍ᠰᠠᠨ ᠬᠡᠷᠡᠭ᠌ᠯᠡᠭ᠌ᠴᠢ ᠨᠢᠭᠡᠨᠲᠡ 1000 ᠭᠠᠷᠤᠶ ᠪᠤᠯᠪᠠ᠃
ᠡᠳᠦᠭᠡ ᠂ 《ᠲᠦᠩ ᠱᠢᠨ ᠢ ᠵᠢᠶᠠ》 ᠤᠶᠤᠨᠴᠢ ᠨᠢᠭᠡᠳᠦᠮᠡᠯ ᠹᠷᠣᠨᠲ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠦ ᠲᠠᠪᠴᠠᠩ ᠨᠢ ᠨᠢᠭᠡᠨᠲᠡ ᠨᠢᠭᠡᠳᠦᠮᠡᠯ ᠹᠷᠣᠨᠲ᠎ᠤᠨ ᠤᠬᠠᠭᠤᠯᠭ᠎ᠠ᠎ᠶ᠋ᠢᠨ ᠴᠢᠬᠤᠯᠠ ᠲᠠᠪᠴᠠᠩ ᠪᠣᠯᠵᠠᠢ᠃ 《〈ᠣᠶᠤᠨᠴᠢ ᠨᠢᠭᠡᠳᠦᠮᠡᠯ ᠹᠷᠣᠨᠲ〉 ᠤ᠋ᠨ ᠲᠠᠪᠴᠠᠩ᠎ᠨᠢ ᠤᠯᠠᠮᠵᠢᠯᠠᠯᠲᠤ ᠠᠯᠪᠠᠯᠠᠬᠤ ᠵᠠᠭ᠍ᠪᠤᠷ᠎ᠢ ᠡᠪᠳᠡᠵᠦ᠍ ᠂ ᠠᠯᠪᠠᠯᠠᠬᠤ ᠶᠠᠪᠤᠴᠠ᠎ᠶ᠋ᠢ ᠪᠣᠭᠣᠨᠢᠰᠭᠠᠵᠤ ᠂ ᠠᠯᠪᠠᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍ ᠂ ᠪᠢᠳᠡᠨ᠎ᠦ ᠡᠳᠦᠷ ᠲᠤᠲᠤᠮ᠎ᠤᠨ ᠠᠵᠢᠯ᠎ᠳᠤ ᠮᠠᠰᠢ ᠶᠡᠬᠡ ᠲᠥᠬᠥᠮ ᠦᠵᠡᠭᠦᠯᠪᠡ》 ᠭᠡᠵᠦ᠍ ᠨᠢᠭᠡᠳᠤᠮᠠᠯ ᠹᠷᠣᠨᠲ ᠤᠨ ᠠᠵᠢᠯᠳᠠᠨ ᠮᠠᠨᠳᠤᠯ᠎ᠠ ᠪᠠᠶᠠᠷᠲᠠᠶ ᠬᠡᠯᠡᠨ᠎ᠡ᠃
ᠣᠳᠣᠬᠠᠨ ᠪᠣᠯᠲᠠᠯ᠎ᠠ ᠂ ᠡᠵᠡᠨ ᠬᠣᠷᠣᠭ᠎ᠠ ᠬᠣᠱᠢᠭᠤᠨ᠎ᠤ ᠨᠢᠭᠡᠳᠦᠮᠡᠯ ᠹᠷᠣᠨᠲ᠎ᠤᠨ ᠬᠡᠯᠲᠡᠰ ᠲᠣᠰ ᠲᠠᠪᠴᠠᠩ᠎ᠳᠤ ᠲᠦᠱᠢᠭ᠌ᠯᠡᠨ ᠰᠦᠯᠵᠢᠶᠡᠨ ᠳᠡᠭᠡᠷᠡᠬᠢ ᠪᠠ ᠪᠤᠳᠠᠳᠦ ᠴᠤᠭᠴᠠ ᠵᠢᠨ ᠠᠵᠢᠯᠯᠠᠭ᠎ᠠ᠎ᠶ᠋ᠢ ᠨᠡᠢᠲᠡ 100 ᠭᠠᠷᠤᠶ ᠤᠳᠠᠭ᠎ᠠ ᠵᠣᠬᠢᠶᠠᠨ ᠪᠠᠢᠭᠤᠯᠵᠤ ᠂ 1200 ᠭᠠᠷᠤᠶ ᠮᠡᠳᠡᠭᠡ ᠵᠠᠩᠭᠢ ᠨᠡᠢᠲᠡᠯᠡᠪᠡ᠃ ᠡᠭᠦᠨ᠎ᠡᠴᠡ ᠭᠠᠳᠠᠨ᠎ᠠ ᠂ ᠲᠣᠰ ᠲᠠᠪᠴᠠᠩ᠎ᠨᠢ ᠬᠡᠯᠲᠠᠰ ᠤ᠋ᠨ ᠲᠠᠷᠤᠭ᠎ᠠ ᠵᠢᠨ ᠵᠠᠬᠢᠳᠠᠯ᠎ᠤᠨ ᠬᠠᠢᠷᠴᠠᠭ ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠵᠡᠷᠭᠡ ᠬᠠᠷᠢᠯᠴᠠᠨ ᠦᠶ᠋ᠯᠡᠳᠦᠯᠴᠡᠬᠦ᠌ ᠠᠷᠭ᠎ᠠ ᠵᠠᠮ᠎ᠢᠶᠠᠷ ᠳᠠᠮᠵᠢᠨ᠂ ᠪᠥᠬᠥ᠌ ᠬᠣᠱᠢᠭᠤᠨ᠎ᠤ ᠨᠢᠭᠡᠳᠦᠮᠡᠯ ᠹᠷᠣᠨᠲ᠎ᠤᠨ ᠡᠲᠡᠭᠡᠳ᠎ᠦᠨ ᠨᠢᠭᠡᠳᠦᠮᠡᠯ ᠹᠷᠣᠨᠲ᠎ᠤᠨ ᠠᠵᠢᠯ ᠵᠢᠴᠢ ᠬᠣᠲᠠ᠎ᠶ᠋ᠢᠨ ᠪᠥᠲᠥᠭᠡᠨ ᠪᠠᠢᠭᠤᠯᠤᠯᠲᠠ᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠴᠤ᠌ ᠂ ᠱᠠᠲᠤ ᠳᠠᠷᠠᠭᠠᠯᠠᠨ ᠬᠠᠷᠢᠭᠤ ᠲᠤᠰᠭᠠᠬᠤ᠂ ᠮᠥᠷᠳᠡᠨ ᠦᠶ᠋ᠯᠡᠴᠢᠯᠡᠬᠦ᠌ ᠲᠣᠭ᠍ᠲᠠᠴᠠ᠎ᠶ᠋ᠢ ᠬᠡᠷᠡᠭ᠌ᠵᠢᠭᠦᠯᠵᠦ᠍ ᠂ ᠨᠢᠭᠡᠳᠦᠮᠡᠯ ᠹᠷᠣᠨᠲ᠎ᠤᠨ ᠠᠵᠢᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠳᠦ ᠴᠢᠬᠤᠯᠠ ᠯᠠᠪᠯᠠᠯᠲᠠ ᠪᠠ ᠰᠡᠳᠭᠢᠴᠡ ᠬᠠᠩᠭᠠᠪᠠ᠃