ᠬᠥᠯᠥᠨ ᠪᠣᠢᠷ ᠬᠣᠲᠠ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠠ ᠲᠣᠬᠢᠶᠠᠯ ᠢ᠋ ᠠᠳᠭᠤᠨ ᠂ ᠥᠪᠡᠷᠲᠡᠭᠡᠨ ᠵᠠᠰᠠᠬᠤ ᠣᠷᠣᠨ ᠤ᠋《ᠰᠦ ᠵᠢᠨ ᠦᠢᠯᠡᠰ ᠢ᠋ ᠬᠦᠭᠵᠢᠬᠦᠯᠦᠨ ᠮᠠᠨᠳᠤᠭᠤᠯᠬᠤ ᠶᠢᠰᠦᠨ ᠵᠤᠷᠪᠤᠰ》 ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠠ ᠳ᠋ᠤ ᠠᠩᠬᠠᠷᠤᠯ ᠵᠢᠡᠨ ᠲᠥᠪᠯᠡᠷᠡᠭᠦᠯᠵᠤ ᠂ ᠰᠦ ᠵᠢᠨ ᠦᠶ᠋ᠯᠡᠰ ᠢ᠋ ᠬᠥᠭ᠌ᠵᠢᠭᠦᠯᠬᠦ᠌ ᠲᠥᠷᠥ ᠶ᠋ᠢᠨ ᠪᠣᠳᠣᠯᠭ᠎ᠠ ᠶ᠋ᠢ ᠨᠡᠢᠲᠡᠯᠡᠨ ᠂ ᠦᠪᠡᠷᠮᠢᠴᠡ ᠣᠨᠴᠠᠯᠢᠭ ᠲᠠᠢ ᠳᠠᠪᠠᠭᠤᠯᠢᠭᠳᠤ ᠠᠵᠤ ᠦᠶ᠋ᠯᠡᠰ ᠢ᠋ ᠪᠣᠢᠵᠢᠭᠤᠯᠵᠤ ᠂ ᠰᠦ ᠵᠢᠨ ᠢᠷᠡᠯᠲᠡ ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢ ᠠᠬᠢᠭᠤᠯᠤᠨ ᠂ ᠪᠤᠳᠠᠳᠠᠢ ᠠᠷᠭ᠎ᠠ ᠬᠡᠮᠵᠢᠶ᠎ᠠ ᠠᠪᠴᠦ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠵᠤ ᠪᠤᠢ ᠃
ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ᠋ ᠲᠡᠭᠦᠯᠳᠡᠷᠵᠢᠭᠦᠯᠬᠦ ᠳ᠋ᠤ ᠠᠩᠬᠠᠷᠤᠯ ᠵᠢᠡᠨ ᠲᠥᠪᠯᠡᠷᠡᠭᠦᠯᠤᠨ ᠦᠨᠳᠤᠷ ᠲᠦᠪᠰᠢᠨ ᠵᠢᠡᠷ ᠠᠬᠢᠭᠤᠯᠵᠤ ᠂ 2022 ᠣᠨ ᠳ᠋ᠤ ᠬᠥᠯᠥᠨ ᠪᠣᠢᠷ ᠬᠣᠲᠠ ᠪᠥᠬᠥ᠌ ᠣᠷᠣᠨ ᠤ᠋ ᠰᠦ ᠵᠢᠨ ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠲᠤᠬᠠᠶ ᠶ᠋ᠢᠨ ᠭᠠᠵᠠᠷ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠢᠳᠡᠪᠬᠢᠲᠡᠶ ᠨᠠᠢᠳᠠᠪᠤᠷᠢᠵᠢᠭᠤᠯᠵᠤ ᠂ ᠬᠥᠯᠥᠨ ᠪᠣᠢᠷ ᠬᠣᠲᠠ ᠶ᠋ᠢᠨ 《 ᠰᠦ ᠵᠢᠨ ᠦᠢᠯᠡᠰ ᠢ᠋ ᠬᠦᠭᠵᠢᠬᠦᠯᠦᠨ ᠮᠠᠨᠳᠤᠭᠤᠯᠬᠤ ᠲᠤᠯᠤᠭᠠᠨ ᠵᠤᠷᠪᠤᠰ》 ᠠᠷᠭ᠎ᠠ ᠬᠡᠮᠵᠢᠶ᠎ᠠ ᠵᠢ ᠨᠡᠢᠲᠡᠯᠡᠨ ᠂ ᠪᠥᠬᠥ᠌ ᠬᠣᠲᠠ ᠶ᠋ᠢᠨ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠲᠥᠯᠥᠪᠵᠢᠭᠦᠯᠭᠡ ᠂ ᠶᠡᠬᠡ ᠬᠢᠩᠭᠠᠨ ᠳᠠᠪᠠᠭᠠᠨ ᠤ᠋ ᠵᠡᠭᠦᠨ ᠪᠠᠷᠠᠭᠤᠨ ᠪᠠᠶ᠎ᠠ ᠵᠢᠨ ᠰᠦ ᠵᠢᠨ ᠢᠷᠡᠯᠲᠡ ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢᠨ ᠭᠤᠷᠪᠠᠨ ᠵᠢᠯ ᠤ᠋ᠨ ᠠᠵᠢᠯᠯᠠᠭᠠᠨ ᠤ᠋ ᠲᠥᠰᠦᠯ ᠂ ᠣᠷᠣᠨ ᠨᠤᠲᠤᠭ ᠤ᠋ᠨ ᠤᠨᠴᠠᠯᠢᠬ᠍ᠳᠤ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠭᠤᠷᠪᠠᠨ ᠵᠢᠯ ᠤ᠋ᠨ ᠲᠤᠰᠭᠠᠶ ᠠᠵᠢᠯᠯᠠᠭ᠎ᠠ ᠶ᠋ᠢ ᠬᠡᠷᠡᠭ᠌ᠵᠢᠭᠦᠯᠬᠦ᠌ ᠲᠥᠰᠦᠯ ᠪᠣᠯᠤᠨ ᠰᠦ ᠵᠢᠨ ᠢᠷᠡᠯᠲᠡ ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠂ ᠣᠷᠣᠨ ᠨᠤᠲᠤᠭ ᠤ᠋ᠨ ᠤᠨᠴᠠᠯᠢᠬ᠍ᠳᠤ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠥᠭ᠌ᠵᠢᠯᠲᠡ ᠶ᠋ᠢ ᠲᠡᠳᠬᠦᠬᠦ᠌ ᠂ ᠰᠦ ᠵᠢᠨ ᠠᠵᠤ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠠᠬᠢᠭᠤᠯᠬᠤ ᠡᠳᠦᠢ ᠲᠡᠳᠦᠢ ᠠᠷᠭ᠎ᠠ ᠬᠡᠮᠵᠢᠶ᠎ᠡ ᠨᠤᠭᠦᠳ ᠤ᠋ᠨ 《 1 + 3 + 3 》 ᠵᠢᠨ ᠲᠥᠷᠥ ᠶ᠋ᠢᠨ ᠪᠣᠳᠣᠯᠭ᠎ᠠ ᠶ᠋ᠢᠨ ᠲᠤᠯᠭᠠᠭᠤᠷᠢᠯᠠᠬᠤ ᠰᠢᠰᠲᠸᠮ ᠢ᠋ ᠴᠤᠭᠴᠠᠯᠠᠨ ᠂ ᠬᠦᠴᠦ ᠪᠠᠨ ᠲᠦᠪᠯᠡᠷᠡᠭᠦᠯᠵᠤ ᠰᠦ ᠵᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠶ᠋ᠢ ᠡᠮᠬᠢ ᠵᠢᠷᠤᠮ ᠲᠠᠢ ᠠᠬᠢᠭᠤᠯᠤᠭᠰᠠᠨ ᠪᠠᠢᠨ᠎ᠠ ᠃
2022 ᠣᠨ ᠡᠴᠡ ᠨᠠᠭᠠᠰᠢ ᠂ ᠬᠥᠯᠥᠨ ᠪᠣᠢᠷ ᠬᠣᠲᠠ ᠲᠥᠷᠥᠯ ᠵᠦᠶ᠋ᠯ ᠂ ᠪᠠᠯᠠ ᠮᠥᠩᠭᠥ᠌ ᠭᠤᠶᠤᠴᠢᠯᠠᠬᠤ ᠡᠷᠴᠢᠮ ᠵᠢᠡᠨ ᠴᠢᠩᠭᠠᠷᠠᠭᠤᠯᠵᠤ ᠂ ᠲᠣᠰ ᠱᠠᠲᠤᠨ ᠤ᠋ ᠪᠠᠯᠠ ᠮᠥᠩᠭᠥ ᠶ᠋ᠢᠨ ᠪᠠᠲᠤᠯᠠᠭ᠎ᠠ ᠶ᠋ᠢᠨ ᠠᠵᠢᠯ ᠢ᠋ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠵᠦ᠍ ᠂ ᠪᠠᠯᠠ ᠮᠥᠩᠭᠥ ᠶ᠋ᠢᠨ ᠳᠠᠢᠴᠢᠯᠠᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ ᠂ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠲᠡᠳᠬᠦᠨ ᠳᠡᠮᠵᠢᠬᠦ᠌ ᠪᠠᠯᠠ ᠮᠥᠩᠭᠥ ᠶ᠋ᠢ ᠨᠡᠢᠲᠡ 9520 ᠲᠦᠮᠡᠨ ᠲᠥᠭᠥᠷᠢᠭ ᠨᠠᠢᠳᠠᠪᠤᠷᠢᠵᠢᠭᠤᠯᠪᠠ ᠃ ᠡᠭᠦᠨ ᠳ᠋ᠤ ᠥᠪᠡᠷᠲᠡᠭᠡᠨ ᠵᠠᠰᠠᠬᠤ ᠣᠷᠣᠨ ᠤ᠋《ᠰᠦ ᠵᠢᠨ ᠦᠢᠯᠡᠰ ᠢ᠋ ᠬᠦᠭᠵᠢᠬᠦᠯᠤᠨ ᠮᠠᠨᠳᠤᠭᠤᠯᠬᠤ ᠶᠢᠰᠦᠨ ᠵᠤᠷᠪᠤᠰ》 ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠠ ᠶ᠋ᠢᠨ ᠪᠠᠯᠠ ᠮᠥᠩᠭᠥ᠌ ᠵᠢ 3600 ᠲᠦᠮᠡᠨ ᠲᠥᠭᠥᠷᠢᠭ ᠂ ᠬᠥᠯᠥᠨ ᠪᠣᠢᠷ ᠬᠣᠲᠠ ᠶ᠋ᠢᠨ 《ᠰᠦ ᠵᠢᠨ ᠦᠢᠯᠡᠰ ᠢ᠋ ᠬᠦᠭᠵᠢᠬᠦᠯᠤᠨ ᠮᠠᠨᠳᠤᠭᠤᠯᠬᠤ ᠲᠤᠯᠤᠭᠠᠨ ᠵᠤᠷᠪᠤᠰ》 ᠠᠷᠭ᠎ᠠ ᠬᠡᠮᠵᠢᠶ᠎ᠠ ᠵᠢᠨ ᠢᠵᠢ ᠪᠥᠷᠢᠳᠦᠭᠦᠯᠬᠦ᠌ ᠪᠠᠯᠠ ᠮᠥᠩᠭᠥ᠌ ᠵᠢ 720 ᠲᠦᠮᠡᠨ ᠲᠥᠭᠥᠷᠢᠭ ᠂ ᠥᠪᠡᠷᠲᠡᠭᠡᠨ ᠵᠠᠰᠠᠬᠤ ᠣᠷᠣᠨ ᠤ᠋ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠲᠥᠷᠥᠯ ᠵᠦᠶ᠋ᠯ ᠤ᠋ᠨ ᠪᠠᠯᠠ ᠮᠥᠩᠭᠥ᠌ ᠪᠣᠯᠤᠨ ᠬᠦᠯᠦᠨ ᠪᠤᠢᠷ ᠬᠣᠲᠠ ᠶ᠋ᠢᠨ ᠲᠣᠰ ᠱᠠᠲᠤᠨ ᠤ᠋ ᠢᠵᠢ ᠪᠥᠷᠢᠳᠦᠭᠦᠯᠬᠦ᠌ ᠪᠠᠯᠠ ᠮᠥᠩᠭᠥ᠌ ᠵᠢ 5200 ᠲᠦᠮᠡᠨ ᠲᠥᠭᠥᠷᠢᠭ ᠨᠠᠢᠳᠠᠪᠤᠷᠢᠵᠢᠭᠤᠯᠵᠤ ᠂ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠳ᠋ᠤ ᠬᠦᠴᠦᠲᠡᠶ ᠲᠥᠷᠥ ᠶ᠋ᠢᠨ ᠪᠣᠳᠣᠯᠭ᠎ᠠ ᠶ᠋ᠢᠨ ᠪᠠᠯᠠ ᠮᠥᠩᠭᠥ ᠶ᠋ᠢᠨ ᠪᠠᠲᠤᠯᠠᠭ᠎ᠠ ᠬᠠᠩᠭᠠᠪᠠ ᠃ ᠣᠳᠣᠬᠠᠨ ᠪᠣᠯᠲᠠᠯ᠎ᠠ ᠂ ᠪᠥᠬᠥ᠌ ᠬᠣᠲᠠ ᠵᠢᠨ ᠭᠠᠳᠠᠭᠠᠳᠤ ᠡᠴᠡ ᠣᠷᠣᠭᠤᠯᠤᠭ᠍ᠰᠠᠨ 17123 ᠰᠠᠭᠠᠯᠢ ᠶ᠋ᠢᠨ ᠦᠨᠢᠶᠡᠨ ᠳ᠋ᠤ ᠨᠥᠬᠥᠪᠥᠷᠢ ᠤᠯᠭᠤᠵᠤ ᠂ ᠨᠡᠢᠳᠡ 8561.5 ᠲᠦᠮᠡᠨ ᠲᠥᠭᠥᠷᠢᠭ ᠤ᠋ᠨ ᠨᠥᠬᠥᠪᠥᠷᠢ ᠪᠠᠭᠤᠯᠭᠠᠪᠠ ᠃
ᠲᠥᠷᠥ ᠶ᠋ᠢᠨ ᠪᠣᠳᠣᠯᠭ᠎ᠠ ᠶ᠋ᠢᠨ ᠪᠠᠯᠠ ᠮᠥᠩᠭᠥ ᠶ᠋ᠢᠨ ᠠᠬᠢᠭᠤᠯᠤᠯ ᠳᠤᠤᠷ᠎ᠠ ᠂ ᠬᠥᠯᠥᠨ ᠪᠣᠢᠷ ᠬᠣᠲᠠ ᠰᠦ ᠵᠢᠨ ᠢᠷᠡᠯᠲᠡ ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ ᠵᠢ ᠬᠦᠴᠤᠯᠡᠨ ᠠᠬᠢᠭᠤᠯᠵᠤ ᠂ ᠬᠠᠩᠭᠠᠯᠭ᠎ᠠ ᠪᠠᠷ ᠬᠥᠳᠡᠯᠭᠡᠭᠦᠷ ᠪᠣᠯᠭᠠᠬᠤ ᠦᠶ᠋ᠯᠡᠳᠦᠯ ᠢ᠋ ᠪᠠᠳᠠᠷᠠᠭᠤᠯᠤᠨ ᠂ ᠶᠡᠬᠡ ᠬᠢᠩᠭᠠᠨ ᠳᠠᠪᠠᠭᠠᠨ ᠤ᠋ ᠵᠡᠭᠦᠨ ᠪᠠᠶ᠎ᠠ ᠵᠢᠨ ᠭᠠᠵᠠᠷ ᠣᠷᠣᠨ ᠳ᠋ᠤ ᠠᠷᠤᠨ ᠬᠣᠱᠢᠭᠤᠨ ᠳ᠋ᠡᠬᠢ ᠢᠯᠢ ᠪᠦᠯᠦᠭ᠌ᠯᠡᠯ ᠵᠢᠡᠷ ᠭᠤᠤᠯᠳᠠᠯᠭ᠎ᠠ ᠪᠣᠯᠭᠠᠨ ᠂ ᠳᠡᠭᠡᠳᠦ ᠲᠠᠰ ᠤ᠋ᠨ ᠣᠷᠭᠠᠨᠢᠭ ᠴᠠᠭᠠᠨ ᠢᠳᠡᠭᠡᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠪᠡ ; ᠪᠦᠳᠦᠬᠡᠭᠳᠡᠬᠦᠨ ᠵᠢᠡᠨ ᠱᠢᠯᠢᠳᠡᠭ᠌ᠵᠢᠭᠦᠯᠦᠨ ᠳᠡᠰ ᠳᠡᠪᠱᠢᠭᠦᠯᠬᠦ ᠳ᠋ᠤ ᠠᠩᠬᠠᠷᠤᠯ ᠵᠢᠡᠨ ᠲᠥᠪᠯᠡᠷᠡᠭᠦᠯᠵᠦ᠍ ᠂ ᠳᠠᠭᠠᠭᠤᠯᠤᠭ᠍ᠴᠢ ᠶ᠋ᠢᠨ ᠳᠠᠢᠴᠢᠯᠠᠬᠤ ᠦᠢᠯᠡᠳᠦᠯ ᠢ᠋ ᠪᠠᠳᠠᠷᠠᠭᠤᠯᠤᠨ ᠂ ᠶᠡᠬᠡ ᠬᠢᠩᠭᠠᠨ ᠳᠠᠪᠠᠭᠠᠨ ᠤ᠋ ᠪᠠᠷᠠᠭᠤᠨ ᠪᠠᠶ᠎ᠡ ᠳ᠋ᠤ ᠰᠠᠶ ᠱᠠᠩ ᠰᠦ ᠶ᠋ᠢᠨ ᠦᠢᠯᠡᠰ ᠤ᠋ᠨ ᠬᠢᠵᠠᠭᠠᠷᠳᠤ ᠺᠤᠮᠫᠠᠨᠢ ᠵᠢᠨ ᠨᠠᠷᠢᠯᠢᠭ ᠪᠤᠯᠪᠠᠰᠤᠷᠠᠯᠭᠤᠬᠤ ᠲᠦᠷᠦᠯ ᠵᠤᠢᠯ ᠢ᠋ ᠭᠤᠤᠯᠳᠠᠯᠭ᠎ᠠ ᠲᠠᠢ ᠠᠬᠢᠭᠤᠯᠵᠤ ᠂ ᠵᠦᠴᠦᠭᠡᠢ ᠪᠠ ᠵᠥᠭᠡᠬᠡᠶ ᠶ᠋ᠢᠨ ᠱᠢᠷᠢᠰ ᠪᠦᠳᠦᠬᠡᠭᠳᠡᠬᠦᠨ ᠢ᠋ ᠨᠡᠬᠡᠬᠡᠨ ᠬᠥᠭ᠌ᠵᠢᠭᠦᠯᠪᠡ ᠃
ᠠᠷᠤᠨ ᠬᠣᠱᠢᠭᠤ 《ᠳᠡᠭᠡᠳᠦ ᠲᠠᠰ ᠤ᠋ᠨ ᠴᠠᠭᠠᠨ ᠢᠳᠡᠭᠡᠨ ᠦᠶ᠋ᠯᠡᠳᠪᠦᠷᠢᠯᠡᠵᠦ᠍ ᠡᠳ᠋ᠱᠢᠭᠦᠯᠦᠨ ᠪᠤᠯᠪᠠᠰᠤᠷᠠᠭᠤᠯᠵᠤ ᠭᠠᠳᠠᠭ᠍ᠰᠢ ᠭᠠᠷᠭᠠᠬᠤ ᠰᠠᠭᠤᠷᠢᠨ ᠪᠠ ᠵᠠᠭᠤᠨ ᠳ᠋ᠦᠩᠱᠢᠭᠤᠷ ᠲᠠᠰ ᠤ᠋ᠨ ᠰᠦ ᠵᠢᠨ ᠠᠵᠤ ᠦᠶ᠋ᠯᠡᠰ》 ᠢ᠋ ᠴᠣᠭ᠍ᠴᠠᠯᠠᠬᠤ ᠪᠠᠷ ᠬᠠᠷᠠᠯᠲᠠ ᠪᠣᠯᠭᠠᠨ ᠂ ᠰᠦ ᠵᠢᠨ ᠦᠶ᠋ᠯᠡᠰ ᠢ᠋ ᠣᠲᠣ ᠦᠶ᠎ᠡ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠲᠡᠷᠢᠭᠦᠨ ᠴᠢᠬᠤᠯᠠ ᠠᠵᠤ ᠦᠶ᠋ᠯᠡᠰ ᠪᠣᠯᠭᠠᠨ ᠲᠦᠷᠭᠡᠳᠭᠡᠨ ᠪᠣᠢᠵᠢᠭᠤᠯᠵᠤ ᠂ ᠳᠠᠭᠠᠭᠤᠯᠤᠭ᠍ᠴᠢ ᠠᠵᠤ ᠠᠬᠤᠢᠯᠠᠯ ᠢ᠋ ᠬᠦᠴᠦᠷᠬᠡᠭ᠌ᠵᠢᠭᠦᠯᠦᠨ ᠂ ᠠᠵᠤ ᠦᠢᠯᠡᠰ ᠤ᠋ᠨ ᠬᠡᠯᠬᠢᠶ᠎ᠡ ᠶ᠋ᠢ ᠨᠥᠬᠥᠪᠥᠷᠢᠯᠡᠵᠦ᠍ ᠂ ᠠᠵᠤ ᠦᠢᠯᠡᠰ ᠤ᠋ᠨ ᠰᠦᠷᠦᠭᠵᠢᠯ ᠢ᠋ ᠴᠤᠭᠯᠠᠷᠠᠯᠠᠭᠤᠯᠵᠤ ᠂ ᠬᠥᠯᠥᠨ ᠪᠣᠢᠷ ᠤ᠋ᠨ ᠱᠢᠵᠢᠷ ᠠᠯᠲᠠᠨ ᠰᠦ ᠵᠢᠨ ᠢᠷᠡᠯᠲᠡ ᠶ᠋ᠢᠨ ᠰᠠᠭᠤᠷᠢᠨ ᠢ᠋ ᠪᠥᠲᠥᠭᠡᠨ ᠪᠠᠢᠭᠤᠯᠵᠤ ᠪᠤᠢ᠃ ᠣᠳᠣᠬᠠᠨ ᠳ᠋ᠤ ᠠᠷᠤᠨ ᠬᠣᠱᠢᠭᠤᠨ ᠤ᠋ ᠭᠤᠤᠯᠳᠠᠯᠭ᠎ᠠ ᠲᠠᠶ ᠠᠬᠢᠭᠤᠯᠵᠤ ᠪᠥᠲᠥᠭᠡᠨ ᠪᠠᠢᠭᠤᠯᠵᠤ ᠪᠠᠢᠭ᠎ᠠ 14 ᠬᠡᠪᠴᠢᠶᠡᠵᠢᠭ᠌ᠰᠡᠨ ᠰᠠᠭᠠᠯᠢ ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠲᠠᠯᠠᠪᠠᠶ ᠪᠦᠬᠦᠨ ᠵᠢᠡᠷ ᠵᠢᠡᠨ ᠪᠠᠷᠢᠯᠭ᠎ᠠ ᠡᠬᠢᠯᠡᠪᠡ; 9 ᠮᠠᠯᠵᠢᠯ ᠤ᠋ᠨ ᠲᠠᠯᠠᠪᠠᠶ ᠳ᠋ᠤ 3.3 ᠲᠦᠮᠡᠨ ᠰᠠᠭᠠᠯᠢ ᠶ᠋ᠢᠨ ᠦᠨᠢᠶ᠎ᠡ ᠣᠷᠣᠭᠤᠯᠤᠨ ᠠᠪᠴᠢᠷᠠᠵᠤ ᠂ ᠲᠡᠵᠢᠭᠡᠨ ᠦᠷᠡᠵᠢᠭᠦᠯᠬᠦ ᠬᠦᠷᠢᠶ᠎ᠡ ᠬᠡᠪᠴᠢᠶ᠎ᠡ ᠨᠢᠭᠡᠨᠲᠡ 4.4 ᠲᠦᠮᠡ ᠳ᠋ᠤ ᠬᠦᠷᠴᠠᠢ; 7 ᠮᠠᠯᠵᠢᠯ ᠤ᠋ᠨ ᠲᠠᠯᠠᠪᠠᠶ ᠨᠢ ᠡᠬᠢᠯᠡᠨ ᠰᠦ ᠰᠠᠭᠠᠵᠤ ᠂ ᠵᠢᠱ᠌ᠢᠯᠲᠡ ᠪᠡᠷ ᠪᠥᠬᠥ᠌ ᠵᠢᠯ ᠤ᠋ᠨ ᠰᠦ ᠵᠢᠨ ᠭᠠᠷᠤᠯᠲᠠ 16.7 ᠲᠦᠮᠡᠨ ᠲᠣᠨ ᠳ᠋ᠤ ᠬᠥᠷᠬᠥ᠌ ᠪᠣᠯᠤᠨ᠎ᠠ ᠃
ᠠᠷᠤᠨ ᠬᠣᠱᠢᠭᠤ ᠢᠯᠢ ᠳᠡᠭᠡᠳᠦ ᠲᠠᠰ ᠤ᠋ᠨ ᠣᠷᠭᠠᠨᠢᠭ ᠴᠠᠭᠠᠨ ᠢᠳᠡᠭᠡᠨ ᠤ᠋ ᠲᠦᠷᠦᠯ ᠵᠤᠢᠯ ᠤ᠋ᠨ ᠪᠥᠲᠥᠭᠡᠨ ᠪᠠᠢᠭᠤᠯᠤᠯᠲᠠ ᠶ᠋ᠢ ᠢᠳᠡᠪᠬᠢᠲᠡᠶ ᠠᠬᠢᠭᠤᠯᠵᠤ ᠂ ᠨᠢᠭᠡᠳᠦᠭᠡᠷ ᠬᠤᠭᠤᠴᠠᠭᠠᠨ ᠤ᠋ ᠲᠥᠷᠥᠯ ᠵᠦᠶ᠋ᠯ ᠤ᠋ᠨ 9 ᠦᠶ᠋ᠯᠡᠳᠪᠦᠷᠢᠯᠡᠯ ᠤ᠋ᠨ ᠱᠤᠭᠤᠮ ᠢ᠋ ᠪᠦᠬᠦᠨ ᠢ᠋ ᠪᠠᠢᠭᠤᠯᠵᠤ ᠳᠠᠭᠤᠰᠭᠠᠭ᠍ᠰᠠᠨ ᠪᠥᠭᠡᠳ ᠠᠱᠢᠭ᠍ᠯᠠᠯᠲᠠ ᠳ᠋ᠤ ᠣᠷᠣᠭᠤᠯᠤᠨ ᠠᠵᠢᠯᠯᠠᠭᠤᠯᠵᠤ ᠂ ᠡᠳᠦᠷ ᠪᠦᠷᠢ ᠵᠢᠨ ᠪᠤᠳᠠᠲᠠᠢ ᠪᠤᠯᠪᠠᠰᠤᠷᠠᠭᠤᠯᠬᠤ ᠬᠡᠮᠵᠢᠶ᠎ᠡ ᠨᠢ 540 ᠲᠣᠨ ᠳ᠋ᠤ ᠬᠦᠷᠴᠤ ᠂ ᠵᠢᠱ᠌ᠢᠯᠲᠡ ᠪᠡᠷ 2022 ᠣᠨ ᠤ᠋ ᠪᠥᠬᠥ᠌ ᠵᠢᠯ ᠤ᠋ᠨ ᠪᠣᠯᠪᠠᠰᠤᠷᠠᠭᠤᠯᠬᠤ ᠬᠡᠮᠵᠢᠶ᠎ᠡ ᠨᠢ 12.6 ᠲᠦᠮᠡᠨ ᠲᠣᠨ ᠬᠦᠷᠬᠦ ᠪᠣᠯᠤᠨ᠎ᠠ᠃ ᠨᠢᠳᠤᠨᠤᠨ ᠤ᠋ 10 ᠰᠠᠷ᠎ᠠ ᠶ᠋ᠢᠨ 19 ᠤ᠋ ᠡᠳᠦᠷ ᠡᠴᠡ ᠡᠬᠢᠯᠡᠨ 《ᠬᠥᠯᠥᠨ ᠪᠣᠢᠷ》 ᠵᠢᠡᠷ ᠨᠡᠷᠡᠯᠡᠭᠰᠡᠨ ᠵᠢᠨ ᠳ᠋ᠢᠶᠠᠨ ᠣᠷᠭᠠᠨᠢᠭ ᠰᠦ ᠵᠢ ᠵᠢᠩᠬᠢᠨᠢ ᠪᠡᠷ ᠪᠤᠯᠪᠠᠰᠤᠷᠠᠭᠤᠯᠵᠤ ᠂ ᠢᠯᠢ ᠶ᠋ᠢᠨ ᠳᠡᠭᠡᠳᠦ ᠲᠠᠰ ᠤ᠋ᠨ ᠱᠢᠷᠢᠰ ᠪᠦᠳᠦᠬᠡᠭᠳᠡᠬᠦᠨ ᠤ᠋ ᠨᠢᠭᠡ ᠪᠣᠯᠪᠠ ᠃ ᠲᠣᠰ ᠪᠦᠲᠦᠭᠡᠭ᠌ᠳᠡᠬᠦᠨ ᠢ᠋ ᠨᠢᠳᠤᠨᠤᠨ ᠤ᠋ 11 ᠰᠠᠷ᠎ᠠ ᠡᠴᠡ ᠡᠬᠢᠯᠡᠨ ᠰᠦᠯᠵᠢᠶᠡᠨ ᠳᠡᠭᠡᠷ᠎ᠡ ᠪᠣᠷᠣᠯᠠᠭᠤᠯᠵᠤ ᠂ ᠬᠡᠷᠡᠭ᠌ᠯᠡᠭ᠌ᠴᠢᠳ ᠤ᠋ᠨ ᠰᠢᠮ᠎ᠠ ᠲᠠᠵᠢᠬᠡᠯ ᠵᠢᠡᠷ ᠦᠨᠳᠤᠷ ᠴᠢᠨᠠᠷ ᠰᠠᠢᠳᠠᠢ ᠦᠨᠢᠶᠡᠨ ᠰᠦ ᠵᠢᠨ ᠲᠤᠬᠠᠢ ᠬᠡᠷᠡᠭ᠌ᠴᠡᠭᠡ ᠶ᠋ᠢ ᠨᠠᠩ ᠰᠠᠢᠲᠤᠷ ᠬᠠᠩᠭᠠᠪᠠ ᠃
ᠬᠥᠯᠥᠨ ᠪᠣᠢᠷ ᠤ᠋ᠨ ᠰᠠᠶ ᠱᠠᠩ ᠰᠦ ᠵᠢᠨ ᠦᠶ᠋ᠯᠡᠰ ᠤ᠋ᠨ ᠬᠢᠵᠠᠭᠠᠷᠲᠤ ᠺᠣᠮᠫᠠᠨᠢ ᠪᠣᠯ ᠡᠷᠭᠦᠨ᠎ᠡ ᠬᠤᠳᠠ ᠵᠢᠴᠢ ᠲᠡᠬᠦᠨ ᠤ᠋ ᠡᠷᠬᠢᠨ ᠲᠤᠭᠤᠷᠢᠨ ᠳ᠋ᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠶ᠋ᠢᠨ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠢᠯᠠᠯ ᠪᠣᠯᠤᠨ᠎ᠠ ᠃ ᠬᠡᠷᠡᠭᠯᠡᠭᠴᠢᠳ ᠪᠣᠯᠤᠨ ᠬᠡᠷᠡᠭ᠌ᠯᠡᠭᠡᠨ ᠤ᠋ ᠵᠠᠬ᠎ᠠ ᠳᠡᠯᠭᠡᠭᠦᠷ ᠤ᠋ᠨ ᠬᠡᠷᠡᠭᠴᠡᠬᠡ ᠱᠠᠭᠠᠷᠳᠠᠯᠭ᠎ᠠ ᠲᠠᠰᠤᠷᠠᠯᠲᠠ ᠦᠭᠡᠶ ᠳᠡᠰ ᠳᠡᠪᠱᠢᠵᠦ᠍ ᠪᠠᠢᠭ᠎ᠠ ᠪᠤᠳᠠᠳᠤ ᠪᠠᠢᠳᠠᠯ ᠤ᠋ᠨ ᠡᠮᠦᠨ᠎ᠡ ᠂ ᠲᠤᠰ ᠠᠵᠤ ᠠᠬᠤᠢᠯᠠᠯ ᠨᠢ ᠴᠠᠭᠠᠨ ᠢᠳᠡᠭᠡᠨ ᠤ᠋ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠤ ᠵᠤᠬᠢᠴᠠᠭᠤᠯᠤᠨ ᠪᠦᠳᠦᠬᠡᠭᠳᠡᠬᠦᠨ ᠤ᠋ ᠪᠦᠲᠦᠴᠡ ᠪᠡᠨ ᠢᠳᠡᠪᠬᠢᠲᠡᠶ ᠲᠣᠬᠢᠷᠠᠭᠤᠯᠵᠤ ᠂ ᠵᠦᠴᠦᠭᠡᠢ ᠪᠣᠯᠤᠨ ᠵᠥᠭᠡᠬᠡᠶ ᠶ᠋ᠢᠨ ᠱᠢᠷᠢᠰ ᠦᠢᠯᠡᠳᠬᠦᠨ ᠢ᠋ ᠨᠡᠬᠡᠬᠡᠨ ᠬᠥᠭ᠌ᠵᠢᠭᠦᠯᠵᠦ᠍ ᠂ ᠠᠵᠤ ᠠᠬᠤᠢᠯᠠᠯ ᠤ᠋ᠨ ᠪᠤᠯᠪᠠᠰᠤᠷᠠᠭᠤᠯᠤᠭᠰᠠᠨ ᠴᠤᠯ ᠦᠨᠢᠶᠡᠨ ᠰᠦ ᠂ ᠬᠠᠭ᠍ᠰᠠᠭᠠᠭ᠍ᠰᠠᠨ ᠴᠠᠭᠠᠨ ᠢᠳᠡᠬᠡᠨ ᠂ ᠵᠦᠴᠦᠭᠡᠢ ᠂ ᠵᠥᠭᠡᠬᠡᠶ ᠵᠡᠷᠭᠡ ᠪᠦᠳᠦᠬᠡᠭᠳᠡᠬᠦᠨ ᠨᠢ ᠵᠠᠬ᠎ᠠ ᠳᠡᠯᠭᠡᠭᠦᠷ ᠤ᠋ᠨ ᠬᠦᠷᠢᠶᠡᠯᠡᠯ ᠢ᠋ ᠶᠡᠬᠡᠳᠡ ᠣᠯᠵᠤ ᠪᠤᠢ ᠃ ᠨᠢᠳᠤᠨᠤᠨ ᠤ᠋ ᠲᠦᠷᠦᠭᠦᠦ 10 ᠰᠠᠷ᠎ᠠ ᠳ᠋ᠤ ᠂ ᠰᠠᠶ ᠱᠠᠩ ᠺᠤᠮᠫᠠᠨᠢ ᠵᠢᠨ ᠭᠤᠤᠯ ᠡᠵᠡᠩᠨᠡᠯᠲᠡ ᠶ᠋ᠢᠨ ᠲᠤᠬᠠᠢᠯᠠᠭ᠍ᠰᠠᠨ ᠠᠵᠢᠯ ᠤ᠋ᠨ ᠣᠷᠣᠯᠭ᠎ᠠ 1.68 ᠳ᠋ᠦᠩᠱᠢᠭᠤᠷ ᠲᠥᠭᠥᠷᠢᠭ ᠂ ᠠᠵᠤ ᠦᠶ᠋ᠯᠡᠳᠪᠦᠷᠢ ᠶ᠋ᠢᠨ ᠦᠶ᠋ᠯᠡᠳᠬᠦᠨ ᠤ᠋ ᠪᠥᠬᠥ᠌ ᠥᠷᠲᠡᠭ 1.53 ᠳ᠋ᠦᠩᠱᠢᠭᠤᠷ ᠲᠥᠭᠥᠷᠢᠭ ᠲᠦ᠍ ᠬᠦᠷᠴᠦ ᠂ ᠳᠡᠭᠡᠭ᠌ᠰᠢ ᠲᠤᠱᠢᠶᠠᠭ᠍ᠰᠠᠨ ᠭᠠᠢᠯᠢ ᠶ᠋ᠢᠨ ᠮᠥᠩᠭᠥ᠌ ᠨᠢ 271.7 ᠲᠦᠮᠡᠨ ᠲᠥᠭᠥᠷᠢᠭ ᠲᠦ᠍ ᠬᠦᠷᠴᠠᠢ ᠃
ᠨᠢᠳᠤᠨᠤᠨ ᠤ᠋ 11 ᠰᠠᠷ᠎ᠠ ᠶ᠋ᠢᠨ ᠳᠤᠮᠳᠠᠴᠢ ᠪᠠᠷ ᠂ 《ᠬᠥᠯᠥᠨ ᠪᠣᠢᠷ ᠬᠣᠲᠠ ᠶ᠋ᠢᠨ ᠣᠷᠣᠨ ᠨᠤᠲᠤᠭ ᠤ᠋ᠨ ᠣᠨᠴᠠᠯᠢᠭ᠍ᠲᠤ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠬᠥᠭ᠌ᠵᠢᠯᠲᠡ ᠶ᠋ᠢ ᠲᠡᠳᠬᠦᠨ ᠳᠡᠮᠵᠢᠬᠦ᠌ ᠲᠥᠷᠥ ᠶ᠋ᠢᠨ ᠪᠣᠳᠣᠯᠭ᠎ᠠ》 ᠶ᠋ᠢ ᠵᠢᠩᠬᠢᠨᠢ ᠪᠡᠷ ᠨᠡᠢᠲᠡᠯᠡᠵᠦ᠍ ᠂ ᠰᠦ ᠵᠢᠨ ᠦᠶ᠋ᠯᠡᠰ ᠤ᠋ᠨ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠪᠠᠷᠢᠮᠵᠢᠶᠠᠵᠢᠭᠤᠯᠤᠭ᠍ᠰᠠᠨ ᠪᠠᠢᠭᠤᠯᠤᠯᠲᠠ ᠂ ᠨᠠᠷᠠᠲᠤ ᠲᠥᠷᠥᠯ ᠲᠡᠮᠳᠡᠭ᠌ ᠤ᠋ᠨ ᠪᠠᠢᠭᠤᠯᠤᠯᠲᠠ ᠂ ᠬᠣᠱᠢᠭᠤ ᠬᠣᠲᠠ ᠲᠣᠭᠣᠷᠢᠭ ᠤ᠋ᠨ ᠱᠢᠯᠭᠠᠨ ᠪᠠᠢᠴᠠᠭᠠᠬᠤ ᠴᠢᠳᠠᠪᠤᠷᠢ ᠶ᠋ᠢᠨ ᠪᠠᠢᠭᠤᠯᠤᠯᠲᠠ ᠂ ᠣᠷᠣᠨ ᠨᠤᠲᠤᠭ ᠤ᠋ᠨ ᠣᠨᠴᠠᠯᠢᠭ᠍ᠲᠤ ᠴᠠᠭᠠᠨ ᠢᠳᠡᠭᠡᠨ ᠤ᠋ ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ ᠭᠠᠵᠠᠷ ᠢ᠋ ᠡᠭᠦᠳᠦᠨ ᠪᠠᠢᠭᠤᠯᠬᠤ ᠵᠡᠷᠭᠡ ᠲᠠᠯ᠎ᠠ ᠳ᠋ᠤ ᠲᠥᠷᠥ ᠶ᠋ᠢᠨ ᠪᠣᠳᠣᠯᠭ᠎ᠠ ᠶ᠋ᠢᠨ ᠨᠥᠬᠥᠪᠥᠷᠢ ᠪᠠ ᠳᠡᠮᠵᠢᠯᠭᠡ ᠦᠵᠡᠭᠦᠯᠵᠤ ᠂ ᠬᠥᠯᠥᠨ ᠪᠣᠢᠷ ᠬᠣᠲᠠ ᠶ᠋ᠢᠨ ᠰᠦ ᠵᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠶ᠋ᠢ ᠤᠯᠠᠮ ᠨᠢᠭᠡ ᠠᠯᠬᠤᠮ ᠠᠬᠢᠭᠤᠯᠵᠤ ᠂ ᠣᠷᠣᠨ ᠨᠤᠲᠤᠭ ᠤ᠋ᠨ ᠣᠨᠴᠠᠯᠢᠭ᠍ᠲᠤ ᠴᠠᠭᠠᠨ ᠢᠳᠡᠭᠡᠨ ᠤ᠋ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠤᠭᠰᠠᠨ ᠪᠠᠢᠨ᠎ᠠ ᠃