ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠣᠷᠣᠨ 66.9 ᠲᠦᠮᠡᠨ ᠠᠶᠠᠨᠴᠢᠨ ᠵᠦᠭᠡᠭᠡᠪᠦᠷᠢᠯᠡᠪᠠ
2023-01-30 11:03:23
ᠵᠣᠬᠢᠶᠠᠭ᠍ᠴᠢ᠄
​ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ ᠂ ᠴᠠᠭᠠᠨ ᠰᠠᠷ᠎ᠠ ᠢ᠋ᠢᠨ ᠠᠮᠠᠷᠠᠯᠲᠠ ᠢ᠋ᠢᠨ ᠬᠤᠭᠤᠴᠠᠭᠠᠨ ᠳ᠋ᠤ ᠮᠠᠨ ᠤ᠋ ᠤᠷᠤᠨ ᠨᠡᠢᠲᠡ 66.9 ᠲᠦᠮᠡᠨ ᠠᠶᠠᠨᠴᠢᠨ ᠵᠦᠭᠡᠭᠡᠪᠦᠷᠢᠯᠡᠵᠤ ᠂ ᠪᠥᠬᠥ᠌ ᠣᠷᠣᠨ ᠤ᠋ ᠲᠦᠷᠭᠡᠨ ᠤ᠋ ᠵᠠᠰᠠᠮᠠᠯ ᠵᠠᠮ ᠢ᠋ᠢᠡᠷ ᠦᠡᠭᠭᠡᠷᠡᠭᠰᠡᠨ ᠪᠠᠭ᠎ᠠ ᠬᠡᠯᠪᠡᠷᠢ ᠢ᠋ᠢᠨ ᠠᠶᠠᠨᠴᠢᠳ ᠤ᠋ᠨ ᠮᠠᠰᠢᠨ ᠲᠡᠷᠭᠡ  214.83 ᠲᠦᠮᠡ ᠳ᠋ᠤ ᠬᠦᠷᠦᠭᠰᠡᠨ ᠪᠠᠢᠨ᠎ᠠ ᠃

ᠥᠪᠡᠷᠲᠡᠭᠡᠨ ᠵᠠᠰᠠᠬᠤ ᠣᠷᠣᠨ ᠤ᠋ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠵᠢᠯᠣᠭᠣᠳᠭᠤ ᠭᠠᠵᠠᠷ ᠤ᠋ᠨ ᠴᠠᠭᠠᠨ ᠰᠠᠷ᠎ᠠ ᠢ᠋ᠢᠨ ᠵᠥᠭᠡᠭᠡᠪᠦᠷᠢ ᠢ᠋ᠢᠨ ᠠᠵᠢᠯ ᠤ᠋ᠨ ᠲᠤᠰᠭᠠᠶ ᠠᠩᠭᠢ ᠢ᠋ᠢᠨ ᠲᠣᠭ᠎ᠠ ᠪᠦᠷᠢᠳᠬᠡᠯ ᠢ᠋ ᠦᠨᠳᠦᠰᠦᠯᠡᠪᠡᠯ ᠂ 1 ᠰᠠᠷ᠎ᠠ ᠢ᠋ᠢᠨ 21 ᠡᠴᠡ 27 ᠤ᠋ ᠡᠳᠦᠷ ᠪᠤᠯᠲᠠᠯ᠎ᠠ ᠮᠠᠨ ᠤ᠋ ᠤᠷᠤᠨ ᠤ᠋ ᠲᠡᠮᠦᠷ ᠵᠠᠮ ᠤ᠋ᠨ ᠵᠦᠭᠡᠭᠡᠪᠦᠷᠢᠯᠡᠭᠰᠡᠨ ᠠᠶᠠᠨᠴᠢᠨ 33.18 ᠲᠦᠮᠡ (ᠤᠳᠠᠭ᠎ᠠ) ᠳ᠋ᠤ ᠬᠦᠷᠴᠦ᠍ ᠂ 2019 ᠣᠨ ᠤ᠋ ᠠᠳᠠᠯᠢ ᠬᠤᠭᠤᠴᠠᠭᠠᠨ ᠤ᠋ ᠬᠢ ᠡᠴᠡ 33.87% ᠪᠠᠷ ᠪᠠᠭᠤᠷᠠᠵᠤ ᠂ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ ᠡᠴᠡ 28.07% ᠪᠠᠷ ᠨᠡᠮᠡᠭ᠌ᠳᠡᠪᠡ; ᠵᠠᠰᠠᠮᠠᠯ ᠵᠠᠮ ᠤ᠋ᠨ ᠵᠦᠭᠡᠭᠡᠪᠦᠷᠢᠯᠡᠭᠰᠡᠨ ᠠᠶᠠᠨᠴᠢᠨ 9.47 ᠲᠦᠮᠡ (ᠤᠳᠠᠭ᠎ᠠ) ᠳ᠋ᠤ ᠬᠦᠷᠴᠤ ᠂ 2019 ᠣᠨ ᠤ᠋ ᠠᠳᠠᠯᠢ ᠬᠤᠭᠤᠴᠠᠭᠠᠨ ᠤ᠋ ᠬᠢ ᠡᠴᠡ 64.56% ᠪᠠᠷ ᠪᠠᠭᠤᠷᠠᠵᠤ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 24.84% ᠪᠠᠷ ᠪᠠᠭᠤᠷᠠᠪᠠ; ᠠᠭᠠᠷ ᠤ᠋ᠨ ᠠᠶᠠᠯᠠᠯ ᠤ᠋ᠨ ᠵᠦᠭᠡᠭᠡᠪᠦᠷᠢᠯᠡᠭᠰᠡᠨ ᠠᠶᠠᠨᠴᠢᠨ 24.25 ᠲᠦᠮᠡ (ᠤᠳᠠᠭ᠎ᠠ) ᠳ᠋ᠤ ᠬᠦᠷᠴᠦ᠍ ᠂ 2019 ᠣᠨ ᠤ᠋ ᠠᠳᠠᠯᠢ ᠬᠤᠭᠤᠴᠠᠭᠠᠨ ᠤ᠋ ᠬᠢ ᠡᠴᠡ 42.71% ᠪᠠᠷ ᠪᠠᠭᠤᠷᠠᠵᠤ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 0.65% ᠪᠠᠷ ᠨᠡᠮᠡᠭ᠌ᠳᠡᠪᠡ ᠃

ᠪᠥᠬᠥ᠌ ᠣᠷᠣᠨ ᠤ᠋ ᠲᠦᠷᠭᠡᠨ ᠤ᠋ ᠵᠠᠰᠠᠮᠠᠯ ᠵᠠᠮ ᠵᠢᠡᠷ ᠦᠩᠬᠡᠷᠡᠭᠰᠡᠨ ᠮᠠᠰᠢᠨ ᠲᠡᠷᠬᠡ 232.46 ᠲᠦᠮᠡ ᠳ᠋ᠤ ᠬᠦᠷᠴᠠᠢ ᠃ ᠡᠭᠦᠨ ᠳ᠋ᠤ ᠪᠠᠭ᠎ᠠ ᠬᠡᠯᠪᠡᠷᠢ ᠢ᠋ᠢᠨ ᠠᠶᠠᠨᠴᠢᠳ ᠤ᠋ᠨ ᠮᠠᠱᠢᠨ ᠲᠡᠷᠭᠡ 214.83 ᠲᠦᠮᠡ ᠪᠠᠢᠵᠤ ᠂ 2019 ᠣᠨ ᠤ᠋ ᠠᠳᠠᠯᠢ ᠬᠤᠭᠤᠴᠠᠭᠠᠨ ᠤ᠋ ᠬᠢ ᠡᠴᠡ 4.58% ᠪᠠᠷ ᠪᠠᠭᠤᠷᠠᠵᠤ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 4.01% ᠪᠠᠷ ᠨᠡᠮᠡᠭ᠌ᠳᠡᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号