ᠴᠠᠭᠠᠨ ᠰᠠᠷ᠎ᠠ ᠶ᠋ᠢᠨ ᠠᠮᠠᠷᠠᠯᠳᠠ ᠵᠢᠨ ᠬᠤᠭᠤᠴᠠᠭᠠᠨ ᠳ᠋ᠦ ᠮᠠᠨ ᠤ᠋ ᠤᠷᠤᠨ 477 ᠲᠦᠮᠡ ᠭᠠᠷᠤᠢ ᠵᠢᠭᠤᠯᠴᠢᠯᠠᠭᠴᠢ ᠵᠢ ᠭᠥᠯᠢᠶᠡᠨ ᠠᠪᠴᠠᠢ
2023-01-30 11:24:10
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ ᠂ 2023 ᠣᠨ ᠤ᠋ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠳ᠋ᠦ ᠮᠠᠨ ᠤ᠋ ᠣᠷᠣᠨ ᠤᠯᠤᠰ ᠤ᠋ᠨ ᠳᠣᠲᠣᠭᠠᠳᠤ ᠶ᠋ᠢᠨ 477.24 ᠲᠦᠮᠡᠨ ᠵᠢᠭᠤᠯᠴᠢᠯᠠᠭᠴᠢ(ᠤᠳᠠᠭ᠎ᠠ)ᠵᠢ ᠭᠥᠯᠢᠶᠡᠨ ᠠᠪᠴᠦ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 10.8% ᠪᠠᠷ ᠨᠡᠮᠡᠭ᠌ᠳᠡᠵᠦ᠍ ᠂ 2019 ᠣᠨ ᠤ᠋ ᠠᠳᠠᠯᠢ ᠬᠤᠭᠤᠴᠠᠭᠠᠨ ᠤ᠋ 88.79% ᠪᠣᠯᠲᠠᠯ᠎ᠠ ᠰᠡᠷᠭᠦᠪᠡ ᠃ ᠵᠢᠭᠤᠯᠴᠢᠯᠠᠯ ᠤ᠋ᠨ ᠣᠷᠣᠯᠭ᠎ᠠ 25.37 ᠳ᠋ᠦᠩᠱᠢᠭᠤᠷ ᠲᠥᠭᠥᠷᠢᠭ᠎ᠬᠦᠷᠴᠦ ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 9.51% ᠪᠠᠷ ᠨᠡᠮᠡᠭ᠌ᠳᠡᠵᠦ᠍ ᠂ 2019 ᠣᠨ ᠤ᠋ ᠠᠳᠠᠯᠢ ᠬᠤᠭᠤᠴᠠᠭᠠᠨ ᠤ᠋ 84.72% ᠪᠣᠯᠲᠠᠯ᠎ᠠ ᠰᠡᠷᠭᠦᠭᠰᠡᠨ ᠪᠠᠢᠨ᠎ᠠ ᠃

2023 ᠣᠨ ᠤ᠋ ᠴᠠᠭᠠᠨ ᠰᠠᠷ᠎ᠠ ᠶ᠋ᠢᠨ ᠬᠤᠭᠤᠴᠠᠭᠠᠨ ᠳ᠋ᠦ ᠂ ᠪᠥᠬᠥ᠌ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠱᠢᠰᠲ᠋ᠧᠮ ᠠᠷᠠᠳ ᠲᠦᠮᠡᠨ ᠢ᠋ᠶ᠋ᠡᠷ ᠭᠤᠤᠯ ᠪᠣᠯᠭᠠᠬᠤ ᠠᠵᠢᠯ ᠤ᠋ᠨ ᠤᠳᠤᠷᠢᠳᠤᠮᠵᠢ ᠵᠢ ᠪᠠᠷᠢᠮᠲᠠᠯᠠᠨ ᠂ ᠡᠯ᠎ᠡ ᠲᠥᠷᠥᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢ 1000 ᠭᠠᠷᠤᠶ ᠵᠦᠶ᠋ᠯ ᠵᠣᠬᠢᠶᠠᠨ ᠪᠠᠢᠭᠤᠯᠤᠨ ᠥᠷᠨᠢᠭᠦᠯᠵᠦ᠍ ᠂ ᠥᠷᠭᠡᠨ ᠣᠯᠠᠨ ᠠᠷᠠᠳ ᠲᠦᠮᠡᠨ ᠤ᠋ ᠴᠠᠭᠠᠨ ᠰᠠᠷ᠎ᠠ ᠶ᠋ᠢᠨ ᠠᠮᠠᠷᠠᠯᠲᠠ ᠶ᠋ᠢᠨ ᠬᠤᠭᠤᠴᠠᠭᠠᠨ ᠤ᠋ ᠣᠶᠤᠨ ᠤ᠋ ᠰᠣᠶᠣᠯ ᠤ᠋ᠨ ᠠᠮᠢᠳᠤᠷᠠᠯ ᠤ᠋ᠨ ᠬᠡᠷᠡᠭ᠌ᠴᠡᠭᠡ ᠵᠢ ᠭᠦᠶ᠋ᠴᠡᠳ ᠬᠠᠩᠭᠠᠵᠤ ᠂ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭ᠌ᠳᠡᠯ ᠪᠠ ᠵᠢᠷᠭᠠᠯᠲᠤ ᠲᠥᠷᠥᠭ᠌ᠳᠡᠯ ᠢ᠋ ᠪᠦᠲᠦᠮᠵᠢᠲᠡᠶ ᠨᠡᠮᠡᠭᠳᠡᠬᠦᠯᠪᠡ ᠃ ᠡᠬᠦᠨ ᠳ᠋ᠤ ᠂ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠠᠵᠢᠯᠯᠠᠭ᠎ᠠ ᠵᠢ ᠦᠨᠳᠦᠰᠦᠨ ᠱᠠᠲᠤᠨ ᠳ᠋ᠦ ᠬᠦᠷᠭᠡᠵᠦ ᠂ ᠪᠦᠬᠦ ᠤᠷᠤᠨ ᠳ᠋ᠤ ᠡᠯ᠎ᠡ ᠲᠥᠷᠥᠯ ᠤ᠋ᠨ ᠰᠣᠶᠣᠯ ᠤ᠋ᠨ ᠦᠢᠯᠡᠴᠢᠯᠡᠭᠡᠨ ᠤ᠋ ᠠᠵᠢᠯᠯᠠᠭ᠎ᠠ ᠵᠢ 1000 ᠤᠳᠠᠭ᠎ᠠ ᠡᠴᠡ ᠳᠡᠭᠡᠭ᠌ᠰᠢ ᠥᠷᠨᠢᠭᠦᠯᠵᠦ᠍ ᠂ ᠤᠷᠠᠨ ᠰᠠᠢᠬᠠᠨ ᠤ᠋ ᠲᠣᠭ᠍ᠯᠠᠯᠲᠠ ᠶ᠋ᠢᠨ ᠠᠵᠢᠯᠯᠠᠭ᠎ᠠ ᠵᠢ 116 ᠤᠳᠠᠭ᠎ᠠ ᠡᠷᠬᠢᠯᠡᠪᠡ ; ᠤᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡ ᠪᠡᠷ ᠠᠷᠠᠳ ᠤ᠋ᠨ ᠠᠮᠢᠳᠤᠷᠠᠯ ᠢ᠋ ᠪᠠᠶᠠᠯᠢᠭᠵᠢᠭᠤᠯᠵᠦ ᠂ ᠡᠯ᠎ᠡ ᠭᠠᠵᠠᠷ ᠤ᠋ᠨ ᠨᠣᠮ ᠤ᠋ᠨ ᠰᠠᠩ ᠂ ᠰᠣᠶᠣᠯ ᠤ᠋ᠨ ᠣᠷᠳᠣᠨ ᠂ ᠮᠦᠽᠧᠶ ᠵᠡᠷᠬᠡ ᠨᠢ ᠠᠭᠤᠯᠭ᠎ᠠ ᠪᠠᠶᠠᠯᠢᠭ ᠂ ᠬᠡᠯᠪᠡᠷᠢ ᠣᠯᠠᠨ ᠶᠠᠩᠵᠤ ᠶ᠋ᠢᠨ 80 ᠭᠠᠷᠤᠶ ᠵᠦᠶ᠋ᠯ ᠤ᠋ᠨ ᠰᠣᠶᠣᠯ ᠤ᠋ᠨ ᠠᠵᠢᠯᠯᠠᠭ᠎ᠠ ᠦᠷᠨᠢᠬᠦᠯᠵᠦ ᠂ ᠨᠡᠢᠳᠡ ᠤᠯᠠᠨ ᠳ᠋ᠦ ᠳᠤᠮᠳᠠᠳᠤ ᠤᠯᠤᠰ ᠤ᠋ᠨ ᠤᠯᠠᠮᠵᠢᠯᠠᠯᠲᠤ ᠪᠠᠶᠠᠷ ᠳᠤᠷᠠᠰᠭᠠᠯ ᠤ᠋ᠨ ᠥᠪᠡᠷᠮᠢᠴᠡ ᠰᠣᠶᠣᠯ ᠤ᠋ᠨ ᠷᠢᠳᠢ ᠱᠢᠳᠢ ᠵᠢ ᠤᠢᠯᠠᠭᠠᠭᠤᠯᠵᠠᠢ; ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠨᠢ ᠵᠠᠬ᠎ᠠ ᠳᠡᠯᠭᠡᠭᠦᠷ ᠢ᠋ ᠬᠦᠭᠵᠢᠭᠡᠵᠦ ᠂ 50 ᠭᠠᠷᠤᠶ ᠵᠦᠶ᠋ᠯ ᠤ᠋ᠨ ᠮᠥᠰᠥ᠍ ᠴᠠᠰᠤᠨ ᠤ᠋ ᠵᠢᠭᠤᠯᠴᠢᠯᠠᠯ ᠤ᠋ᠨ ᠠᠵᠢᠯᠯᠠᠭ᠎ᠠ ᠂ A ᠲᠠᠰ ᠤ᠋ᠨ 120 ᠭᠠᠷᠤᠶ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠂ ᠵᠢᠭᠤᠯᠴᠢᠯᠠᠯ ᠰᠡᠯᠡᠭᠦᠴᠡᠯ ᠤ᠋ᠨ ᠵᠡᠭᠡᠯᠢ ᠲᠣᠭᠣᠷᠢᠭ ᠲᠦ᠍ ᠡᠭᠦᠳᠡᠨ ᠪᠢᠯᠧᠲ ᠤ᠋ᠨ ᠰᠤᠢᠳᠬᠡᠯ ᠢ᠋ ᠬᠠᠰᠤᠵᠤ ᠭᠡᠯᠳᠦᠷᠢᠭᠦᠯᠬᠦ᠌ ᠂ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠳ᠋ᠦ ᠣᠷᠣᠯᠴᠠᠬᠤ ᠵᠢ ᠱᠠᠩᠨᠠᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ ᠬᠣᠲᠠ ᠶ᠋ᠢᠨ ᠠᠷᠠᠳ ᠪᠠ ᠵᠢᠭᠤᠯᠴᠢᠯᠠᠭᠰᠠᠳ ᠢ᠋ ᠲᠠᠳᠠᠭᠰᠠᠨ ᠪᠠᠢᠨ᠎ᠠ ; ᠤᠨᠴᠠᠯᠢᠭᠳᠦ ᠠᠷᠠᠳ ᠤ᠋ᠨ ᠵᠠᠩ ᠦᠢᠯᠡ ᠵᠢᠨ ᠲᠤᠭᠯᠠᠯᠳᠠ ᠪᠠ ᠠᠵᠢᠯᠯᠠᠭ᠎ᠠ ᠨᠢ ᠠᠷᠠᠳ ᠤ᠋ᠨ ᠰᠡᠳᠬᠢᠯ ᠳ᠋ᠤ ᠶᠡᠬᠡᠳᠡ ᠳᠠᠭᠠᠰᠢᠶᠠᠭᠳᠠᠵᠦ ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠭᠦᠯᠭᠡ ᠂ ᠤᠷᠠᠨ ᠪᠢᠴᠢᠯᠭᠡ ᠤᠷᠠᠨ ᠵᠢᠷᠤᠭ ᠤ᠋ᠨ ᠦᠵᠡᠭᠦᠯᠭᠡ ᠂ ᠣᠨᠢᠰᠤᠭ᠎ᠠ ᠳᠠᠭᠠᠬᠤ ᠵᠡᠷᠭᠡ ᠤᠨᠴᠠᠯᠢᠬ᠍ᠳᠤ ᠰᠣᠶᠣᠯ ᠤ᠋ᠨ ᠠᠵᠢᠯᠯᠠᠭ᠎ᠠ ᠪᠡᠷ ᠲᠠᠮᠵᠢᠨ ᠤᠯᠠᠮᠵᠢᠯᠠᠯᠲᠤ ᠠᠷᠠᠳ ᠤ᠋ᠨ ᠵᠠᠩ ᠦᠶ᠋ᠯᠡ ᠶ᠋ᠢᠨ ᠰᠣᠶᠣᠯ ᠢ᠋ ᠳᠡᠯᠭᠡᠨ ᠦᠵᠡᠭᠦᠯᠵᠦ᠍ ᠂ ᠪᠠᠶᠠᠷ ᠬᠥᠷ ᠲᠡᠶ ᠰᠠᠷ᠎ᠠ ᠰᠢᠨ᠎ᠠ ᠵᠢᠨ ᠠᠭᠤᠷ ᠠᠮᠢᠰᠭᠤᠯ ᠢ᠋ ᠤᠯᠠᠮ ᠬᠦᠭᠵᠢᠬᠡᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号