ᠪᠦᠬᠦ᠌ ᠣᠷᠣᠨ᠎ᠤ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ
2023-01-30 09:39:08
ᠵᠣᠬᠢᠶᠠᠭ᠍ᠴᠢ᠄
ᠯᠢᠤ ᠰᠢᠶᠤᠤ ᠳ᠋ᠦᠩ
ᠣᠩᠱᠢᠭ᠍ᠰᠠᠨ ᠣᠳᠠᠭ᠎ᠠ᠄
★★★☆☆

ᠰᠦᠨ ᠱᠤᠤ ᠴᠧᠩ ᠶᠠᠷᠢᠶ᠎ᠠ ᠲᠠᠯᠪᠢᠵᠤ  ᠸᠠᠩ ᠯᠢ ᠱᠢᠶᠠ ᠬᠤᠷᠠᠯ᠎ᠢ ᠡᠷᠬᠢᠯᠡᠵᠦ᠍  ᠵᠠᠩ ᠶᠠᠨ ᠺᠦᠨ ᠣᠷᠣᠯᠴᠠᠵᠠᠢ

1 ᠰᠠᠷ᠎ᠠ᠎ᠶ᠋ᠢᠨ 29 ᠤ᠋ ᠡᠳᠦᠷ᠂ ᠪᠥᠬᠥ᠌ ᠣᠷᠣᠨ᠎ᠤ ᠠᠷᠠᠯᠵᠢᠶᠠᠴᠢᠨ ᠤᠷᠢᠵᠤ ᠪᠠᠯᠠ ᠮᠦᠨᠭᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠰᠦᠨ ᠱᠤᠤ ᠴᠧᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠪᠦᠬᠦ᠌ ᠣᠷᠣᠨ ᠳᠠᠶᠠᠭᠠᠷ᠎ᠢᠶᠠᠨ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠰᠠᠢᠲᠤᠷ ᠠᠳᠭᠤᠵᠤ ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ᠎ᠶ᠋ᠢ ᠪᠤᠵᠠᠭᠠᠢᠷᠠᠭᠤᠯᠬᠤ᠂ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃


QQ截图20230130095214.png


1 ᠰᠠᠷ᠎ᠠ ᠵᠢᠨ 29 ᠤ᠋ ᠦᠳᠠ ᠵᠢᠨ ᠡᠮᠤᠨ᠎ᠠ᠂ ᠪᠦᠬᠦ ᠤᠷᠤᠨ ᠤ᠋ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠳᠡᠭᠵᠢᠬᠦᠯᠬᠦ ᠶᠡᠭᠡ ᠬᠤᠷᠠᠯ ᠬᠦᠭᠡᠬᠤᠳᠠ ᠳ᠋ᠤ ᠬᠤᠷᠠᠯᠳᠤᠪᠠ᠃

                    ᠲᠤᠰ ᠰᠤᠨᠢᠨ ᠤ᠋ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠬᠦᠳᠡᠷᠯᠡᠪᠡ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠂ ᠵᠠᠰᠠᠭ᠎ᠤᠨ ᠣᠷᠳᠣᠨ ᠂ ᠤᠯᠤᠰ ᠲᠥᠷᠥ᠎ᠶ᠋ᠢᠨ ᠵᠥᠪᠯᠡᠯᠭᠡᠨ᠎ᠦ ᠤᠳᠤᠷᠢᠳᠭᠤ ᠨᠥᠬᠥᠳ ᠪᠣᠯᠤᠨ ᠱᠢᠭᠦᠬᠦ᠌ ᠬᠤᠷᠢᠢ᠎ᠠ ᠵᠢᠨ ᠳᠠᠷᠤᠭ᠎ᠠ ᠪᠠᠢᠴᠠᠭᠠᠬᠤ ᠬᠤᠷᠢᠢ᠎ᠠ ᠵᠢᠨ ᠪᠠᠢᠴᠠᠭᠠᠬᠤ ᠳᠠᠷᠤᠭ᠎ᠠ ᠬᠤᠷᠠᠯ᠎ᠳᠤ ᠣᠷᠣᠯᠴᠠᠵᠠᠢ᠃

ᠰᠦᠨ ᠱᠤᠤ ᠴᠧᠩ ᠂ ᠠᠵᠤ ᠠᠬᠤᠢ᠎ᠶ᠋ᠢᠨ ᠠᠵᠢᠯ᠎ᠢ ᠠᠳᠭᠤᠬᠤ᠎ᠳᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠠᠳᠭᠤᠬᠤ ᠬᠡᠷᠡᠭ᠌ᠲᠡᠢ ᠂ ᠶᠡᠬᠡ ᠪᠡᠷ ᠠᠷᠠᠯᠵᠢᠶᠠᠴᠢᠨ ᠤᠷᠢᠬᠤ ᠦᠭᠡᠢ ᠪᠣᠯ ᠶᠡᠬᠡ ᠬᠥᠭ᠌ᠵᠢᠯᠲᠡ ᠪᠠᠢᠵᠤ ᠴᠢᠳᠠᠬᠤ ᠦᠭᠡᠢ᠃ ᠥᠪᠥᠷ ᠮᠣᠩᠭᠣᠯ᠎ᠳᠤ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠭᠠᠵᠠᠷ ᠱᠢᠷᠣᠢ᠂ ᠨᠡᠭᠦᠷᠡᠰᠦᠲᠥ᠋ᠷᠥᠭ᠌ᠴᠢ᠎ᠶ᠋ᠢ ᠬᠤᠷᠠᠮᠳᠤᠭᠤᠯᠬᠤ᠂ 《ᠪᠣᠬᠢᠷᠲᠤᠯ ᠦᠭᠡᠢ ᠴᠠᠬᠢᠯᠭᠠᠨ》 ᠂ ᠠᠵᠤ ᠦᠢᠯᠡᠰ ᠵᠡᠷᠭᠡ ᠤᠯᠠᠨ ᠳᠠᠪᠠᠭᠤᠯᠢᠭ᠎ᠲᠠᠶ ᠶᠤᠮ ᠂ ᠡᠯ᠎ᠡ ᠱᠠᠲᠤᠨ᠎ᠤ ᠬᠢᠨ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠠᠳᠭᠤᠬᠤ ᠲᠠᠯ᠎ᠠ᠎ᠪᠠᠷ ᠡᠷᠬᠡᠪᠰᠢ ᠢᠲᠡᠭᠡᠯ ᠲᠡᠭᠦᠯᠳᠡᠷ ᠪᠠᠢᠵᠤ᠂ ᠡᠷᠴᠢ ᠵᠣᠷᠢᠭ᠎ᠢᠶᠠᠨ ᠬᠥᠪᠴᠢᠯᠡᠵᠦ᠍᠂ ᠭᠢᠯᠠᠯᠵᠠᠮ᠎ᠠ ᠠᠮᠵᠢᠯᠲᠠ ᠪᠦᠲᠦᠮᠵᠢ ᠭᠠᠷᠭᠠᠬᠤ ᠬᠡᠷᠡᠭ᠌ᠲᠡᠢ ᠭᠡᠵᠤ ᠬᠡᠯᠡᠪᠡ᠃

ᠰᠦᠨ ᠱᠤᠤ ᠴᠧᠩ ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ᠎ᠠᠵᠢᠯ᠎ᠢ ᠠᠳᠭᠤᠬᠤ᠎ᠶ᠋ᠢᠨ ᠵᠠᠩᠭᠢᠯᠠᠭ᠎ᠠ ᠨᠢ ᠬᠥᠭ᠌ᠵᠢᠶᠡᠨ ᠶᠡᠭᠡᠳᠠᠢ ᠬᠤᠳᠠᠯᠳᠤᠭ᠎ᠠ ᠡᠷᠬᠢᠯᠡᠬᠦ ᠰᠠᠢ᠌ᠨ ᠰᠠᠢᠬᠠᠨ ᠣᠷᠴᠢᠨ ᠨᠦᠬᠦᠴᠡᠯ᠎ᠢ ᠪᠤᠢ ᠪᠣᠯᠭᠠᠵᠤ ᠂ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠲᠦᠷᠢ ᠲᠥᠷᠬᠦ᠌᠎ᠶ᠋ᠢ ᠱᠤᠭᠤᠵᠤ ᠂ ᠪᠦᠬᠦ᠌ ᠣᠷᠣᠨ ᠳᠠᠶᠠᠭᠠᠷ᠎ᠤᠨ ᠲᠠᠸᠠᠷ᠎ᠤᠨ ᠤᠬᠠᠮᠰᠠᠷ᠎ᠢ ᠴᠢᠩᠭᠠᠳᠭᠠᠵᠤ᠂ ᠬᠤᠳᠠᠯᠳᠤᠭᠠᠨ᠎ᠤ ᠦᠢᠯᠡᠰ᠎ᠦᠨ ᠠᠭᠤᠷ ᠠᠮᠢᠰᠭᠤᠯ᠎ᠢ ᠬᠦᠭᠵᠢᠶᠠᠨ ᠲᠠᠢ ᠪᠤᠯᠭᠠᠬᠤ ᠬᠡᠷᠡᠭ᠌ᠲᠡᠢ᠃ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠵᠢᠨ ᠬᠠᠮᠤᠭ᠎ᠤᠨ ᠰᠠᠢ᠌ᠨ ᠦᠷ᠎ᠡ ᠪᠦᠲᠦᠮᠵᠢ ᠪᠣᠯ ᠲᠠᠷᠤᠢ ᠠᠵᠤ ᠠᠬᠤᠢᠯᠠᠯ ᠪᠠᠶᠠᠵᠢᠵᠤ ᠂ ᠣᠷᠣᠨ ᠨᠤᠲᠤᠭ ᠬᠦᠭᠵᠢᠵᠤ᠂ ᠠᠷᠠᠳ ᠤᠯᠠᠨ ᠠᠱᠢᠭ ᠬᠦᠷᠳᠡᠬᠦ᠌ ᠶᠠᠪᠤᠳᠠᠯ ᠪᠣᠯᠤᠨ᠎ᠠ᠂ ᠨᠢᠭᠡ ᠪᠦᠯᠦᠭ ᠲᠤᠮᠤ ᠲᠦᠷᠦᠯ ᠵᠦᠢᠯ ᠰᠠᠢ᠌ᠨ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠨᠥᠭᠡᠴᠡᠯᠡᠵᠦ᠍᠂ ᠤᠬᠠᠭᠤᠯᠭ᠎ᠠ ᠲᠠᠨᠢᠯᠴᠠᠭᠤᠯᠭ᠎ᠠ᠎ᠶ᠋ᠢ ᠨᠢᠮᠪᠠᠢ ᠰᠠᠢᠲᠤᠷ ᠬᠢᠵᠦ᠍᠂ ᠠᠵᠤ ᠠᠬᠤᠢᠯᠠᠯᠲᠠᠨ᠎ᠢ᠋ 《 ᠤᠯᠬᠤ ᠵᠣᠭᠣᠰ᠎ᠲᠠᠶ 》 ᠪᠤᠯᠭᠠᠬᠤ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠣᠬᠢᠷᠠᠭᠤᠯᠤᠭ᠍ᠰᠠᠨ ᠠᠵᠢᠯᠯᠠᠭ᠎ᠠ᠎ᠵᠢ 《 ᠤᠬᠳᠤ ᠠᠭᠤᠴᠢᠯᠠᠬᠤ ᠦᠭᠡᠢ 》 ᠪᠠᠢᠵᠤ ᠂ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠵᠤ᠂ ᠠᠵᠤ ᠠᠬᠤᠢᠯᠠᠯ᠎ᠤᠨ ᠳᠦᠷᠢᠮ᠎ᠳᠦ ᠨᠡᠢᠴᠡᠬᠦ᠌ ᠳᠦᠷᠢᠮ᠎ᠦᠨ ᠬᠡᠷᠡᠭ᠌ᠯᠡᠬᠦ᠌ ᠬᠡᠪᠴᠢᠶ᠎ᠡ ᠪᠠ ᠬᠠᠮᠤᠷᠬᠤ ᠨᠤᠷᠮ᠎ᠠ᠎ᠶ᠋ᠢ ᠥᠷᠭᠡᠳᠭᠡᠵᠦ᠍ ᠂ ᠠᠵᠤ ᠠᠬᠤᠢᠯᠠᠯᠲᠠᠨ᠎ᠢ 《ᠰᠠᠨᠠᠭ᠎ᠠ ᠠᠮᠤᠷ ᠪᠠᠢᠯᠭᠠᠬᠤ》 ᠬᠡᠷᠡᠭ᠌ᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ 《 ᠦᠢᠯᠡᠴᠢᠯᠡᠭᠴᠢ 》 ᠵᠢᠨ ᠠᠵᠢᠯ ᠢ᠋ ᠰᠠᠢᠲᠤᠷ ᠬᠢᠵᠦ᠍᠂ ᠠᠵᠢᠯ᠎ᠬᠢᠬᠦ᠎ᠳᠡᠭᠡᠨ 《ᠤᠳᠠᠭᠠᠨ》 ᠪᠠᠢᠬᠤ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠳᠠᠭᠤᠳᠠᠬᠤ ᠦᠭᠡᠢ ᠪᠤᠯ ᠬᠠᠷᠱᠢᠯᠠᠬᠤ ᠦᠭᠡᠢ ᠪᠠᠢᠵᠤ ᠂ ᠳᠠᠭᠤᠳᠠᠮᠠᠭ᠍ᠴᠠ ᠬᠦᠷᠴᠦ᠍ ᠢᠷᠠᠨ᠂ ᠠᠵᠤ ᠠᠬᠤᠢᠯᠠᠯᠲᠠᠨ᠎ᠢ《ᠳᠡᠭᠡᠳᠦ ᠵᠣᠴᠢᠨ》 ᠪᠣᠯᠭᠠᠬᠤ ᠬᠡᠷᠡᠭ᠌ᠲᠡᠢ᠃ ᠵᠠᠰᠠᠭ᠎ᠤᠨ ᠣᠷᠳᠣᠨ ᠪᠠ ᠠᠷᠡᠯᠵᠢᠶᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠨᠢᠭᠡᠳᠦᠯᠲᠡᠢ ᠬᠠᠷᠢᠴᠠᠭ᠎ᠠ᠎ᠶ᠋ᠢ ᠬᠦᠴᠦᠯᠡᠨ ᠪᠠᠢᠭᠤᠯᠵᠤ ᠂ ᠠᠵᠤ ᠠᠬᠤᠢᠯᠠᠯᠲᠠᠨ᠎ᠢ 《ᠭᠡᠷ ᠤ᠋ᠨ ᠬᠥᠮᠦᠰ》 ᠲᠠᠢ ᠪᠡᠨ ᠠᠳᠠᠯᠢ ᠦᠵᠡᠵᠦ᠍᠂ ᠥᠷᠭᠡᠨ ᠤᠯᠠᠨ ᠠᠷᠠᠳ᠎ᠤᠨ ᠡᠵᠡᠩᠨᠡᠯᠳᠠ ᠵᠢᠨ ᠠᠵᠤ ᠠᠬᠤᠢᠯᠠᠯ᠎ᠢ ᠲᠠᠬᠢᠨ《ᠨᠢᠭᠤᠭ᠍ᠳᠠᠮᠠᠯ ᠲᠦᠷᠢᠮ》 ᠳ᠋ᠤ ᠪᠠᠷᠢᠭ᠍ᠳᠠᠬᠤ ᠦᠭᠡᠢ ᠪᠣᠯᠭᠠᠬᠤ ᠬᠡᠷᠡᠭ᠌ᠲᠡᠢ ᠭᠡᠵᠤ  ᠬᠡᠯᠡᠪᠡ᠃

ᠰᠦᠨ ᠱᠤᠤ ᠴᠧᠩ ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ᠎ᠠᠵᠢᠯ᠎ᠢ ᠠᠳᠭᠤᠬᠤ᠎ᠳᠤ ᠂ ᠠᠵᠢᠯ᠎ᠤᠨ ᠠᠢᠵᠠᠮ᠎ᠢ ᠡᠷᠬᠡᠪᠰᠢ ᠲᠦᠷᠭᠡᠳᠭᠡᠵᠦ᠍᠂ ᠳᠡᠭᠡᠷ᠎ᠡ᠎ᠡᠴᠡ ᠳᠣᠷᠣᠭ᠍ᠰᠢ ᠪᠦᠷ 《ᠬᠦᠭᠵᠢᠶᠡᠨᠲᠡᠢ》 ᠪᠣᠯᠭᠠᠬᠤ ᠬᠡᠷᠡᠭ᠌ᠲᠡᠢ᠃ ᠪᠥᠬᠥ᠌ ᠣᠷᠣᠨ ᠵᠢᠡᠷ ᠵᠢᠡᠨ《ᠨᠢᠭᠡ ᠬᠥᠯᠭᠡ ᠱᠢᠲᠠᠷ᠎ᠠ ᠪᠤᠯᠬᠤ》 ᠶ᠋ᠢ ᠪᠠᠷᠢᠮᠲᠠᠯᠠᠵᠤ ᠂ ᠡᠯ᠎ᠡ ᠭᠠᠵᠠᠷ᠎ᠤᠨ᠎ᠬᠢᠨ ᠠᠳᠠᠯᠢᠳᠬᠠᠵᠤ ᠰᠤᠷᠤᠯᠴᠠᠨ ᠭᠦᠢᠴᠡᠵᠤ ᠬᠠᠪᠰᠤᠷᠤᠨ ᠬᠠᠮᠳᠤ ᠪᠡᠷ ᠬᠢᠵᠤ ᠂ ᠨᠢᠭᠡ ᠯᠡ ᠬᠡᠪᠱᠢᠯ᠎ᠳᠦ ᠪᠠᠷᠢᠭ᠍ᠳᠠᠬᠤ ᠥᠬᠡᠶ᠎ᠪᠡᠷ ᠵᠣᠷᠢᠭ᠍ᠲᠠᠶ᠎ᠪᠠᠷ ᠬᠠᠢᠨ ᠰᠦᠪᠡᠭ᠌ᠴᠢᠯᠡᠨ ᠦᠶ᠋ᠯᠡᠳᠦᠯᠭᠡᠵᠢᠭᠦᠯᠵᠦ᠍ ᠂ ᠠᠵᠤ ᠠᠬᠤᠢᠯᠠᠯ ᠪᠣᠯᠤᠨ ᠬᠤᠳᠠᠯᠳᠤᠭᠠᠴᠢᠳ᠎ᠤᠨ ᠡᠪᠯᠡᠯ ᠵᠡᠷᠭᠡ᠎ᠶ᠋ᠢᠨ ᠦᠶ᠋ᠯᠡᠳᠦᠯ᠎ᠢ ᠪᠠᠳᠠᠷᠠᠭᠤᠯᠬᠤ᠎ᠶ᠋ᠢ ᠨᠠᠩ ᠴᠢᠬᠤᠯᠠᠴᠢᠯᠠᠬᠤ ᠬᠡᠷᠡᠭ᠌ᠲᠡᠶ᠃ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ᠎ᠳᠤ ᠪᠤᠲᠠᠲᠠᠢ ᠠᠵᠢᠯᠯᠠᠭ᠎ᠠ ᠵᠢ ᠦᠵᠡᠬᠦ᠌᠎ᠪᠦᠭᠡᠳ ᠨᠡᠩ ᠴᠤ᠌ ᠦᠷ᠎ᠡ ᠳ᠋ᠦᠩ ᠎ᠢ᠋ ᠦᠵᠡᠵᠦ᠍ ᠂ ᠪᠡᠯᠡ ᠮᠥᠩᠭᠥ᠎ᠶ᠋ᠢ ᠪᠣᠳᠠᠲᠠᠢᠵᠢᠭᠤᠯᠤᠭ᠍ᠰᠠᠨ᠂ ᠲᠥᠷᠥᠯ ᠵᠦᠢᠯ᠎ᠢ ᠪᠡᠶᠡᠯᠡᠭᠦᠯᠦᠭ᠌ᠰᠡᠨ ᠪᠠᠢᠳᠠᠯ᠎ᠢᠶᠠᠨ ᠭᠣᠣᠯᠳᠠᠯᠭ᠎ᠠ᠎ᠲᠠᠶ ᠦᠵᠡᠵᠦ᠍᠂ ᠵᠢᠯ᠎ᠦᠨ ᠡᠴᠦᠰ᠎ᠲᠦ ᠳᠠᠩᠰᠠ ᠪᠣᠳᠣᠵᠤ᠂ ᠱᠠᠩᠨᠠᠵᠤ ᠲᠣᠷᠭᠠᠬᠤ᠎ᠪᠠᠨ ᠲᠣᠳᠣᠷᠬᠠᠶ ᠪᠠᠢᠯᠭᠠᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠵᠢᠯ᠎ᠢᠶᠠᠨ ᠪᠣᠳᠠᠲᠠᠢ ᠬᠢᠵᠦ᠍ ᠂ ᠺᠠᠳ᠋ᠷᠴᠤᠳ ᠲᠤ᠌ ᠢᠯᠡᠭᠦᠬᠡᠨ ᠲᠦᠱᠢᠭ ᠲᠤᠯᠭᠠᠭᠤᠷᠢ ᠪᠤᠯᠵᠤ ᠦᠨᠳᠦᠰᠦᠨ ᠵᠦᠢᠯ᠎ᠢ ᠨᠢ ᠪᠠᠲᠤᠯᠠᠵᠤ ᠂ ᠡᠷᠴᠢ ᠵᠣᠷᠢᠭ᠎ᠢ ᠨᠢ ᠬᠥᠪᠴᠢᠯᠡᠵᠦ᠍ ᠂ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ ᠠᠵᠢᠯ᠎ᠤᠨ ᠳᠤᠮᠳᠠ᠎ᠡᠴᠡ ᠺᠠᠳ᠋ᠷ᠎ᠢ ᠢᠯᠡᠷᠡᠭᠦᠯᠬᠦ᠌ ᠪᠠ ᠬᠡᠷᠡᠭ᠌ᠯᠡᠬᠦ᠌᠎ᠳᠡᠭᠡᠨ ᠴᠢᠳᠠᠮᠠᠭᠠᠢ ᠪᠠᠢᠬᠤ ᠬᠡᠷᠡᠭ᠌ᠲᠡᠢ ᠭᠡᠵᠤ ᠬᠡᠯᠡᠪᠡ᠃

ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠠᠳᠭᠤᠬᠤ᠎ᠳᠤ 《ᠶᠡᠬᠡ》 ᠵᠢ ᠠᠳᠭᠤᠬᠤ ᠮᠦᠷᠳᠡᠭᠡᠨ《ᠪᠠᠭ᠎ᠠ》 ᠵᠢ ᠦᠯᠦ᠍ ᠤᠮᠠᠷᠳᠠᠬᠤ᠂ 《ᠱᠢᠨ᠎ᠡ》 ᠵᠢ ᠬᠦᠭᠡᠭᠡᠴᠡᠯᠳᠦᠬᠦ ᠮᠦᠷᠳᠡᠭᠡᠨ 《ᠬᠠᠭᠤᠴᠢᠨ》 ᠡᠴᠡ ᠦᠯᠦ᠍ ᠬᠠᠯᠠᠱᠢᠷᠠᠬᠤ ᠵᠢ ᠪᠠᠷᠢᠮᠳᠠᠯᠠᠵᠤ᠂ ᠶᠡᠬᠡ ᠪᠠᠭ᠎ᠠ ᠲᠦᠷᠦᠯ ᠵᠦᠢᠯ᠎ᠢ ᠠᠳᠠᠯᠢᠬᠠᠨ᠎ᠢᠶᠠᠷ ᠴᠢᠬᠤᠯᠠᠴᠢᠯᠠᠵᠤ᠂ ᠱᠢᠨ᠎ᠡ ᠬᠠᠭᠤᠴᠢᠨ ᠠᠵᠤ ᠠᠬᠤᠢᠯᠠᠯ᠎ᠳᠤ ᠠᠳᠠᠯᠢᠬᠠᠨ ᠬᠠᠨᠳᠤᠵᠤ ᠂ ᠠᠳᠠᠯᠢᠬᠠᠨ ᠦᠢᠯᠡᠴᠢᠯᠡᠭᠡᠨ᠎ᠦ ᠪᠠᠲᠤᠯᠠᠭ᠎ᠠ ᠪᠠ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠬᠠᠩᠭᠠᠬᠤ ᠬᠡᠷᠡᠭ᠌ᠲᠡᠢ᠃ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠡᠷᠡᠰ ᠵᠣᠷᠢᠭ᠎ᠢᠶᠠᠷ ᠳᠠᠷᠤᠢᠬᠠᠨ ᠬᠥᠳᠡᠯᠦᠯᠴᠡᠵᠦ᠍᠂ ᠣᠷᠣᠨ᠎ᠤ ᠬᠠᠷᠢᠶ᠎ᠠ ᠪᠥᠬᠥᠶ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠠᠯᠳᠠᠭ᠍ᠳᠠᠯ᠎ᠢᠶᠠᠨ ᠬᠤᠪᠢᠷᠠᠭᠤᠯᠤᠨ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢ ᠪᠤᠵᠠᠭᠠᠢᠷᠠᠭᠤᠯᠵᠤ ᠬᠦᠴᠦᠷᠬᠡᠭ᠌ᠵᠢᠭᠦᠯᠤᠨ ᠱᠢᠯᠢᠳᠡᠭ᠌ᠵᠢᠭᠦᠯᠬᠦ᠌᠎ᠶ᠋ᠢ ᠲᠦᠷᠭᠡᠳᠭᠡᠬᠦ᠌ ᠬᠡᠷᠡᠭ᠌ᠲᠡᠶ ᠭᠡᠵᠤ ᠬᠡᠯᠡᠪᠡ᠃

ᠬᠤᠷᠠᠯ᠎ᠡᠴᠡ 2022 ᠣᠨ᠎ᠤ ᠪᠦᠬᠦ᠌ ᠣᠷᠣᠨ᠎ᠤ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ᠌ ᠠᠵᠢᠯ᠎ᠤᠨ ᠪᠠᠢᠳᠠᠯ᠎ᠢ ᠵᠠᠷᠯᠠᠨ ᠮᠡᠳᠡᠭ᠌ᠳᠡᠵᠦ᠍᠂ 2023 ᠣᠨ᠎ᠤ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠬᠠᠷᠠᠯᠲᠠ ᠡᠭᠦᠷᠭᠡ᠎ᠶ᠋ᠢᠨ ᠪᠢᠴᠢᠭ᠎ᠢ ᠪᠠᠭᠤᠯᠭᠠᠪᠠ᠃ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠬᠠᠳᠠ᠂ ᠤᠯᠠᠭᠠᠨᠴᠠᠪ ᠵᠡᠷᠭᠡ 5 ᠬᠣᠲᠠ᠎ᠶ᠋ᠢᠨ ᠨᠠᠮ᠎ᠤᠨ ᠬᠤᠷᠢᠢ᠎ᠠ ᠵᠢᠨ ᠱᠦᠵᠢ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠬᠤᠷᠠᠯ᠎ᠢ ᠸᠢᠳᠢᠣ᠋ ᠬᠡᠯᠪᠡᠷᠢ᠎ᠪᠡᠷ ᠬᠤᠷᠠᠯᠳᠤᠭᠤᠯᠵᠤ ᠂ ᠡᠯ᠎ᠡ ᠠᠢᠮᠠᠭ ᠬᠤᠳᠠ᠂ ᠬᠣᠱᠢᠭᠤ ᠱᠢᠶᠠᠨ (ᠬᠤᠳᠠ᠂ ᠲᠣᠭᠣᠷᠢᠭ)ᠳ᠋ᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃ ᠬᠤᠷᠠᠯ᠎ᠡᠴᠡ ᠡᠮᠦᠨ᠎ᠡ ᠂ ᠮᠤᠵᠢ᠎ᠶ᠋ᠢᠨ ᠲᠡᠰ᠎ᠤᠨ ᠤᠳᠤᠷᠢᠳᠭᠤ ᠨᠥᠬᠥᠳ ᠪᠦᠬᠦ᠌ ᠣᠷᠣᠨ ᠵᠢᠴᠢ ᠡᠯ᠎ᠡ ᠠᠢᠮᠠᠭ ᠬᠤᠳᠠ᠎ᠶ᠋ᠢᠨ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ 2022 ᠣᠨ᠎ᠤ ᠠᠵᠢᠯ᠎ᠤᠨ ᠦᠷ᠎ᠡ ᠪᠦᠲᠦᠮᠵᠢ᠂ 2023 ᠣᠨ᠎ᠤ ᠭᠣᠣᠯ ᠡᠭᠦᠷᠭᠡ᠎ᠶ᠋ᠢᠨ ᠦᠵᠡᠭᠦᠯᠭᠡ᠎ᠶ᠋ᠢ ᠲᠣᠭᠣᠷᠢᠨ ᠦᠵᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号