1 ᠰᠠᠷ᠎ᠠ᠎ᠶ᠋ᠢᠨ 29 ᠤ᠋ ᠡᠳᠦᠷ ᠂ ᠸᠠᠩ ᠯᠢ ᠱᠢᠶᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠢᠩᠭᠤ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠲᠠᠪᠤᠨ ᠶᠡᠬᠡ ᠡᠭᠦᠷᠭᠡ᠎ᠶ᠋ᠢᠨ 2023 ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠳᠠᠩᠰᠠ᠎ᠶ᠋ᠢ ᠰᠤᠳᠤᠯᠪᠠ᠃
ᠬᠤᠷᠠᠯ᠎ᠡᠴᠡ᠂ ᠣᠨ᠎ᠤ ᠨᠠᠷᠢᠨ ᠲᠠᠩᠰᠠ ᠪᠣᠯ ᠲᠠᠪᠤᠨ ᠶᠡᠬᠡ ᠡᠭᠦᠷᠭᠡ᠎ᠶ᠋ᠢ ᠨᠠᠢᠳᠠᠪᠤᠷᠢᠵᠢᠭᠤᠯᠬᠤ ᠭᠤᠤᠯ ᠭᠠᠷᠳᠠᠴᠠ ᠪᠠ ᠲᠥᠷᠥᠯ ᠵᠦᠶ᠋ᠯ᠎ᠦᠨ ᠪᠢᠴᠢᠭ ᠪᠣᠯᠤᠨ᠎ᠠ᠂ 《ᠭᠤᠷᠪᠠ᠎ᠶ᠋ᠢ ᠵᠣᠯᠭᠠᠭᠤᠯᠬᠤ》 ᠶ᠋ᠢ ᠣᠨᠴᠠᠭᠠᠢᠯᠠᠨ ᠴᠢᠬᠤᠯᠠᠴᠢᠯᠠᠬᠤ ᠬᠡᠷᠡᠭ᠌ᠲᠡᠶ ᠄ ᠨᠢᠭᠡ᠎ᠳᠦ ᠲᠠᠪᠤᠨ ᠶᠡᠬᠡ ᠡᠭᠦᠷᠭᠡ᠎ᠶ᠋ᠢᠨ ᠬᠡᠷᠡᠭ᠌ᠵᠢᠭᠦᠯᠬᠦ᠌ ᠲᠥᠰᠦᠯ᠎ᠲᠠᠢ ᠰᠠᠢᠲᠤᠷ ᠵᠣᠯᠭᠠᠭᠤᠯᠵᠤ ᠂ ᠬᠣᠢᠱᠢᠳᠠ᠎ᠶ᠋ᠢᠨ ᠬᠡᠳᠦᠨ ᠵᠢᠯ᠎ᠦᠨ ᠬᠠᠷᠠᠯᠲᠠ᠎ᠶ᠋ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ ᠂ ᠲᠠᠩᠰᠠ᠎ᠶ᠋ᠢ ᠲᠣᠳᠣᠷᠬᠠᠶ ᠪᠤᠳᠤᠵᠤ ᠂ ᠴᠠᠭ᠎ᠤᠨ ᠬᠦᠰᠦᠨᠦᠭ᠎ᠲᠤ ᠵᠢ ᠲᠣᠳᠣᠷᠬᠠᠢᠯᠠᠨ᠂ ᠴᠢᠳᠠᠬᠤ᠎ᠶ᠋ᠢᠨ ᠬᠢᠷᠢ᠎ᠪᠡᠷ ᠠᠬᠢᠴᠠ ᠪᠡᠨ ᠲᠦᠷᠭᠡᠳᠭᠡᠵᠦ᠂ ᠲᠦᠷᠭᠡᠨ ᠠᠳᠭᠤᠵᠤ ᠂ ᠤᠷᠢᠳᠴᠢᠯᠠᠨ ᠦᠷ᠎ᠡ ᠪᠦᠲᠦᠮᠵᠢ ᠭᠠᠷᠭᠠᠵᠤ᠂ ᠴᠢᠬᠤᠯᠠ ᠠᠰᠠᠭᠤᠳᠠᠯ᠎ᠢ ᠪᠦᠷ ᠬᠤᠢᠨ᠎ᠠ ᠨᠢ ᠬᠠᠶᠠᠵᠤ ᠪᠣᠯᠬᠤ ᠥᠬᠡᠶ᠃ ᠬᠣᠶᠠᠷ᠎ᠲᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠠᠵᠢᠯ᠎ᠤᠨ ᠡᠭᠦᠷᠭᠡ᠎ᠲᠡᠶ ᠰᠠᠢᠲᠤᠷ ᠵᠤᠯᠭᠠᠭᠤᠯᠵᠤ᠂ ᠣᠷᠬᠢᠭ᠍ᠳᠠᠭᠤᠯᠵᠤ ᠪᠣᠯᠬᠤ ᠥᠬᠡᠶ ᠂ ᠨᠢᠭᠡ ᠯᠡ ᠪᠦᠭᠡᠷᠡᠩᠭᠡᠢᠯᠡᠬᠦᠠᠴᠠ ᠵᠠᠢᠯᠠᠰᠭᠢᠵᠦ᠍ ᠂ ᠪᠣᠳᠠᠲᠠᠶ᠂ ᠲᠣᠳᠣᠷᠬᠠᠶ᠂ ᠠᠳᠭᠤᠪᠠᠯ ᠳᠠᠷᠤᠶ ᠬᠡᠷᠡᠭᠵᠢᠭᠦᠯᠵᠦ ᠳᠡᠢᠯᠬᠦ᠌ ᠪᠤᠯᠭᠠᠬᠤ ᠬᠡᠷᠡᠭ᠌ᠲᠡᠶ᠃ ᠭᠤᠷᠪᠠ᠎ᠳᠤ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ᠎ᠲᠠᠶ ᠰᠠᠢᠲᠤᠷ ᠵᠣᠯᠭᠠᠭᠤᠯᠵᠤ ᠂ ᠨᠠᠷᠢᠯᠢᠭ ᠣᠨᠣᠪᠴᠢᠲᠠᠶ ᠂ ᠨᠢᠭᠡᠳᠦᠯᠲᠡᠶ ᠪᠠᠢᠯᠭᠠᠵᠤ ᠂ ᠬᠠᠮᠲᠤᠷᠠᠯ ᠬᠦᠴᠦᠨ ᠪᠣᠯᠭᠠᠨ ᠨᠢᠭ᠍ᠲᠠᠷᠠᠭᠤᠯᠵᠤ ᠂ ᠲᠥᠷᠥ᠎ᠶ᠋ᠢᠨ ᠪᠣᠳᠣᠯᠭ᠎ᠠ ᠰᠠᠯᠤᠩᠬᠢᠷᠠᠬᠤ ᠂ ᠲᠥᠷᠥ᠎ᠶ᠋ᠢᠨ ᠪᠣᠳᠣᠯᠭ᠎ᠠ ᠬᠠᠷᠢᠯᠴᠠᠨ ᠬᠠᠷᠰᠢᠯᠳᠤᠬᠤ ᠡᠴᠡ ᠰᠡᠷᠭᠡᠢᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号