ᠲᠦᠪ ᠤᠨ ᠪᠠ ᠦᠪᠡᠷᠳᠡᠭᠡᠨ ᠵᠠᠰᠠᠬᠤ ᠤᠷᠤᠨ ᠤ᠋ ᠬᠤᠯᠪᠤᠭ᠍ᠳᠠᠯ ᠪᠦᠬᠦᠢ ᠠᠵᠢᠯ ᠤ᠋ᠨ ᠱᠠᠭᠠᠷᠳᠠᠯᠭ᠎ᠠ ᠪᠡᠷ᠂ ᠪᠦᠬᠦ᠌ ᠤᠷᠤᠨ ᠤ᠋ ᠲᠤᠭᠠᠴᠢᠯᠠᠭ᠍ᠰᠠᠨ ᠠᠵᠤ ᠠᠬᠤᠢ ᠶ᠋ᠢᠨ ᠬᠦᠭ᠌ᠵᠢᠯᠳᠡ ᠶ᠋ᠢᠨ ᠠᠮᠢᠵᠢᠷᠠᠯ ᠤ᠋ᠨ ᠬᠦᠴᠦᠨ ᠢ᠋ ᠤᠯᠠᠮ ᠨᠢᠭᠡ ᠠᠯᠬᠤᠮ ᠬᠦᠭ᠌ᠵᠢᠭᠡᠵᠦ᠍ ᠂ ᠦᠪᠡᠷᠳᠡᠭᠡᠨ ᠵᠠᠰᠠᠬᠤ ᠤᠷᠤᠨ ᠤ᠋ ᠴᠢᠨᠠᠷ ᠰᠠᠢ᠌ᠳᠠᠢ ᠬᠦᠭ᠌ᠵᠢᠯᠳᠡ ᠶ᠋ᠢ ᠠᠬᠢᠭᠤᠯᠬᠤ ᠶ᠋ᠢᠨ ᠲᠦᠯᠦᠭᠡ ᠂ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠤᠷᠳᠤᠨ ᠤᠢ᠍ᠢᠷᠠ ᠳ᠋ᠤ ᠲᠤᠭᠠᠴᠢᠯᠠᠭ᠍ᠰᠠᠨ ᠠᠵᠤ ᠠᠬᠤᠢ ᠶ᠋ᠢᠨ ᠬᠦᠭ᠌ᠵᠢᠯᠳᠡ ᠶ᠋ᠢ ᠲᠦᠷᠭᠡᠳᠭᠡᠨ ᠠᠬᠢᠭᠤᠯᠬᠤ ᠱᠢᠷᠢᠰ ᠲᠦᠷᠦ᠍ ᠶ᠋ᠢᠨ ᠪᠤᠳᠤᠯᠭ᠎ᠠ ᠨᠡᠢ᠌ᠳᠡᠯᠡᠪᠡ᠃
ᠱᠢᠷᠢᠰ ᠲᠦᠷᠦ᠍ ᠶ᠋ᠢᠨ ᠪᠤᠳᠤᠯᠭ᠎ᠠ ᠳ᠋ᠤ ᠂ 5G ᠰᠦᠯᠵᠢᠶ᠎ᠠ ᠶ᠋ᠢᠨ ᠪᠦᠲᠦᠭᠡᠨ ᠪᠠᠢ᠌ᠭᠤᠯᠤᠯᠳᠠ ᠶ᠋ᠢ ᠲᠦᠷᠭᠡᠳᠭᠡᠬᠦ᠌ ᠂ ᠪᠤᠳᠤᠯᠳᠠ ᠶ᠋ᠢᠨ ᠴᠢᠳᠠᠪᠤᠷᠢ ᠶ᠋ᠢᠨ ᠰᠦᠯᠵᠢᠶ᠎ᠠ ᠶ᠋ᠢᠨ ᠤᠯᠤᠰ ᠤ᠋ᠨ ᠬᠦᠢᠰᠦ ᠵᠢᠨ ᠵᠠᠩᠬᠢᠯᠠᠭ᠎ᠠ ᠶ᠋ᠢᠨ ᠴᠡᠭ ᠤ᠋ᠨ ᠪᠦᠲᠦᠭᠡᠨ ᠪᠠᠢ᠌ᠭᠤᠯᠤᠯᠳᠠ ᠶ᠋ᠢ ᠳᠡᠮᠵᠢᠬᠦ᠌ ᠂ ᠡᠯᠧᠺᠲᠷᠤᠨ ᠮᠡᠳᠡᠭᠡ ᠵᠠᠩᠬᠢ ᠶ᠋ᠢᠨ ᠦᠢᠯᠡᠳᠭᠡᠯ ᠤ᠋ᠨ ᠦᠢᠯᠡᠰ ᠪᠤᠯᠤᠨ ᠰᠤᠹᠲ ᠤ᠋ᠨ ᠮᠡᠳᠡᠭᠡ ᠵᠠᠩᠬᠢ ᠶ᠋ᠢᠨ ᠦᠢᠯᠡᠴᠢᠯᠡᠭᠡᠨ ᠤ᠋ ᠦᠢᠯᠡᠰ ᠤ᠋ᠨ ᠬᠦᠴᠦᠷᠬᠡᠭ᠌ᠵᠢᠨ ᠪᠤᠵᠠᠭᠠᠢ᠌ᠷᠠᠬᠤ ᠶ᠋ᠢ ᠳᠡᠮᠵᠢᠬᠦ᠌ ᠂ ᠦᠢᠯᠡᠳᠬᠦ᠌ ᠦᠢᠯᠡᠰ ᠤ᠋ᠨ ᠲᠤᠭᠠᠴᠢᠯᠠᠭ᠍ᠰᠠᠨ ᠂ ᠨᠧᠲᠴᠢᠯᠡᠭᠰᠡᠨ᠂ ᠤᠶᠤᠨᠴᠢᠯᠠᠭ᠍ᠰᠠᠨ ᠦᠭᠡᠷᠡᠴᠢᠯᠡᠯᠳᠡ ᠶ᠋ᠢ ᠳᠡᠮᠵᠢᠬᠦ᠌᠂ ᠮᠠᠯ ᠠᠵᠤ ᠠᠬᠤᠢ ᠲᠠᠷᠢᠶᠠᠯᠠᠩ ᠤ᠋ᠨ ᠲᠤᠭᠠᠴᠢᠯᠠᠭ᠍ᠰᠠᠨ ᠲᠡᠢ᠌ᠰᠢ ᠬᠡᠯᠪᠡᠷᠢ ᠪᠡᠨ ᠦᠭᠡᠷᠡᠴᠢᠯᠡᠬᠦ᠌ ᠶ᠋ᠢ ᠳᠡᠮᠵᠢᠬᠦ᠌᠂ ᠦᠢᠯᠡᠴᠢᠯᠡᠭᠡᠨ ᠤ᠋ ᠦᠢᠯᠡᠰ ᠤ᠋ᠨ ᠲᠤᠭᠠᠴᠢᠯᠠᠭ᠍ᠰᠠᠨ ᠲᠡᠢ᠌ᠰᠢ ᠬᠡᠯᠪᠡᠷᠢ ᠪᠡᠨ ᠦᠭᠡᠷᠡᠴᠢᠯᠡᠬᠦ᠌ ᠶ᠋ᠢ ᠳᠡᠮᠵᠢᠬᠦ᠌᠂ ᠵᠠᠰᠠᠭ ᠤ᠋ᠨ ᠤᠷᠳᠤᠨ ᠤ᠋ ᠲᠤᠭᠠᠴᠢᠯᠠᠭ᠍ᠰᠠᠨ ᠮᠡᠷᠭᠡᠵᠢᠯ ᠤ᠋ᠨ ᠬᠡᠷᠡᠭ᠌ᠯᠡᠭᠡ ᠶ᠋ᠢ ᠳᠡᠮᠵᠢᠬᠦ᠌᠂ ᠲᠤᠭᠠᠴᠢᠯᠠᠭ᠍ᠰᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨᠠ ᠵᠢ ᠡᠬᠦᠳᠬᠦ ᠵᠢ ᠳᠡᠮᠵᠢᠬᠦ᠌᠂ ᠴᠢᠳᠠᠪᠤᠷᠢᠳᠠᠨ ᠤ᠋ ᠡᠩᠨᠡᠭᠡᠨ ᠤ᠋ ᠪᠠᠢ᠌ᠭᠤᠯᠤᠯᠳᠠ ᠶ᠋ᠢ ᠴᠢᠩᠭᠠᠳᠭᠠᠬᠤ ᠂ ᠲᠤᠭᠠᠴᠢᠯᠠᠭ᠍ᠰᠠᠨ ᠠᠵᠤ ᠠᠬᠤᠢ ᠶ᠋ᠢᠨ ᠬᠦᠷᠢᠶᠡᠨ ᠤ᠋ ᠪᠠᠭ᠎ᠠ ᠬᠡᠪᠴᠢᠶᠠᠨ ᠤ᠋ ᠭᠠᠢ᠌ᠯᠢ ᠲᠤᠱᠢᠶᠠᠭ᠍ᠴᠢ ᠶ᠋ᠢ ᠳᠡᠮᠵᠢᠬᠦ᠌᠂ ᠠᠵᠤ ᠠᠬᠤᠢ᠌ᠯᠠᠯ ᠤ᠋ᠨ ᠪᠡᠯᠡ ᠬᠤᠷᠠᠮᠳᠤᠭᠤᠯᠬᠤ ᠠᠷᠭ᠎ᠠ ᠵᠠᠮ ᠢ᠋ ᠦᠷᠭᠡᠳᠭᠡᠬᠦ᠌ ᠵᠡᠷᠭᠡ 11 ᠲᠠᠯ᠎ᠠ ᠶ᠋ᠢᠨ 24 ᠵᠤᠷᠪᠤᠰ ᠲᠦᠷᠤ ᠶ᠋ᠢᠨ ᠪᠤᠳᠤᠯᠭ᠎ᠠ ᠶ᠋ᠢ ᠨᠡᠢ᠌ᠳᠡᠯᠡᠵᠤ᠂ ᠦᠪᠡᠷᠳᠡᠭᠡᠨ ᠵᠠᠰᠠᠬᠤ ᠤᠷᠤᠨ ᠤ᠋ ᠬᠦᠭ᠌ᠵᠢᠭᠦᠯᠦᠯᠳᠡ ᠪᠠ ᠦᠭᠡᠷᠡᠴᠢᠯᠡᠯᠳᠡ ᠶ᠋ᠢᠨ ᠵᠦᠪᠯᠡᠯ ᠂ ᠠᠵᠤ ᠦᠢᠯᠡᠳᠪᠤᠷᠢ ᠪᠠ ᠮᠡᠳᠡᠭᠡ ᠵᠠᠩᠬᠢᠵᠢᠯᠳᠠ ᠶ᠋ᠢᠨ ᠲᠢᠩᠬᠢᠮ ᠂ ᠡᠳ᠋ ᠤ᠋ᠨ ᠵᠠᠰᠠᠭ ᠤ᠋ᠨ ᠲᠢᠩᠬᠢᠮ ᠂ ᠪᠠᠢ᠌ᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠂ ᠤᠷᠤᠨ ᠰᠠᠭᠤᠴᠠ ᠪᠠ ᠬᠤᠳᠠ ᠬᠦᠳᠡᠭᠡ ᠶ᠋ᠢᠨ ᠪᠦᠲᠦᠭᠡᠨ ᠪᠠᠢ᠌ᠭᠤᠯᠤᠯᠳᠠ ᠶ᠋ᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠤᠷᠤᠨ ᠤ᠋ ᠲᠢᠩᠬᠢᠮ ᠂ ᠵᠠᠮ ᠬᠠᠷᠢᠯᠴᠠᠭ᠎ᠠ ᠳᠡᠭᠡᠭᠡᠪᠤᠷᠢ ᠶ᠋ᠢᠨ ᠲᠢᠩᠬᠢᠮ᠂ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠂ ᠬᠦᠮᠦᠨ ᠤ᠋ ᠬᠦᠴᠦᠨ ᠤ᠋ ᠡᠬᠢ ᠪᠠᠶᠠᠯᠢᠭ ᠪᠠ ᠨᠡᠢ᠌ᠭᠡᠮ ᠤ᠋ᠨ ᠪᠠᠳᠤᠯᠠᠭ᠎ᠠ ᠶ᠋ᠢᠨ ᠲᠢᠩᠬᠢᠮ᠂ ᠴᠢᠮᠡᠭᠡ ᠨᠡᠪᠳᠡᠷᠡᠯᠭᠡ ᠶ᠋ᠢᠨ ᠬᠠᠮᠢᠶᠠᠷᠤᠯᠳᠠ ᠶ᠋ᠢᠨ ᠲᠤᠪᠴᠢᠶ᠎ᠠ ᠂ ᠭᠠᠢ᠌ᠯᠢ ᠶ᠋ᠢᠨ ᠶᠠᠪᠤᠳᠠᠯ ᠤ᠋ᠨ ᠲᠤᠪᠴᠢᠶ᠎ᠠ ᠵᠡᠷᠭᠡ ᠬᠤᠯᠪᠤᠭ᠍ᠳᠠᠯ ᠪᠦᠬᠦᠢ ᠰᠠᠯᠠᠭ᠎ᠠ ᠮᠦᠴᠢᠷ ᠡᠴᠡ ᠬᠠᠷᠢᠭᠤᠴᠠᠨ ᠭᠦᠢᠴᠡᠳᠭᠡᠬᠦ᠌ ᠪᠡᠷ ᠳᠤᠭ᠍ᠳᠠᠵᠠᠢ ᠃
2008-2018 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号