ᠮᠠᠨ ᠤ᠋ ᠤᠷᠤᠨ ᠤ᠋ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢᠯᠡᠳᠳᠡ ᠰᠠᠢᠵᠢᠷᠠᠪᠡ
2023-01-30 19:27:21
ᠵᠣᠬᠢᠶᠠᠭ᠍ᠴᠢ᠄
​ᠦᠨᠢᠷ
ᠣᠩᠱᠢᠭ᠍ᠰᠠᠨ ᠣᠳᠠᠭ᠎ᠠ᠄
★★★☆☆

ᠮᠠᠨ ᠤ᠋ ᠤᠷᠤᠨ ᠴᠢᠬᠤᠯᠠ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠤᠷᠤᠰᠴᠠ ᠵᠢ ᠪᠠᠲᠤᠯᠠᠬᠤ ᠵᠢ ᠦᠷᠭᠦᠯᠵᠢᠯᠡᠨ ᠴᠢᠡᠭᠭᠠᠳᠬᠠᠭᠰᠠᠨ ᠡᠴᠡ ᠰᠢᠷᠠᠠᠤᠰᠤᠨ ᠭᠤᠤᠯ ᠂ ᠪᠠᠷᠠᠭᠤᠨ ᠯᠢᠶᠣᠤᠾᠧ ᠭᠤᠤᠯ ᠂ ᠲᠤᠭᠤᠷ ᠤ᠋ᠨ ᠭᠤᠤᠯ ᠵᠡᠷᠭᠡ ᠮᠤᠵᠢ ᠣᠷᠣᠨ ᠠᠯᠤᠰᠯᠠᠭ᠍ᠰᠠᠨ 9 ᠭᠤᠤᠯ ᠮᠥᠷᠡᠨ ᠤ᠋ 12 ᠡᠵᠡᠮᠳᠡᠯ ᠣᠭ᠍ᠲᠣᠯᠤᠭᠠᠰᠤ ᠴᠥᠮ ᠠᠮᠢ ᠠᠬᠤᠶ ᠢ᠋ᠢᠨ ᠤᠷᠤᠰᠴᠡ ᠢ᠋ᠢ ᠬᠠᠮᠢᠶᠠᠷᠤᠨ ᠡᠵᠡᠮᠳᠡᠬᠦ᠌ ᠬᠠᠷᠠᠯᠲᠠ ᠳ᠋ᠤ ᠬᠦᠷᠴᠦ᠍᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢᠯᠡᠳᠲᠡ ᠰᠠᠢᠵᠢᠷᠠᠬᠰᠠᠨ ᠪᠠᠢᠨ᠎ᠠ᠃

ᠤᠢᠯᠠᠭᠠᠭᠰᠠᠨ ᠢ᠋ᠢᠡᠷ᠂ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠡᠴᠡ ᠴᠢᠬᠤᠯᠠ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠤᠷᠤᠰᠴᠠ ᠢ᠋ᠢ ᠪᠠᠲᠤᠯᠠᠬᠤ ᠲᠥᠰᠦᠯ  ᠢ᠋ ᠱᠢᠨᠵᠢᠯᠡᠬᠦ᠌ ᠤᠬᠠᠭᠠᠨᠴᠢ ᠪᠠᠷ ᠲᠣᠭ᠍ᠲᠠᠭᠠᠵᠤ ᠂ ᠭᠤᠤᠯ ᠮᠥᠷᠡᠨ ᠤ᠋ ᠠᠮᠢ ᠠᠬᠤᠶ ᠢ᠋ᠢᠨ ᠤᠷᠤᠰᠴᠠ ᠢ᠋ᠢᠨ ᠪᠠᠢᠳᠠᠯ ᠳ᠋ᠤ  ᠭᠤᠤᠯᠳᠠᠯᠭ᠎ᠠ ᠲᠠᠶ ᠬᠢᠨᠠᠨ ᠡᠵᠡᠮᠳᠡᠬᠦ᠌ ᠣᠭ᠍ᠲᠣᠯᠤᠭᠠᠰᠤ ᠪᠠ ᠠᠮᠢ ᠠᠬᠤᠶ ᠢ᠋ᠢᠨ ᠤᠷᠤᠰᠴᠠ ᠢ᠋ᠢ ᠪᠠᠲᠤᠯᠠᠬᠤ ᠬᠠᠷᠠᠯᠲᠠ ᠢ᠋ᠢ ᠵᠤᠷᠪᠤᠰ ᠳᠠᠷᠠᠭᠠᠯᠠᠨ ᠲᠤᠭᠲᠠᠭᠠᠪᠠ; ᠴᠢᠬᠤᠯᠠ ᠭᠤᠤᠯ ᠮᠥᠷᠡᠨ ᠨᠠᠭᠤᠷ ᠴᠥᠭᠥᠷᠥᠮ ᠤ᠋ᠨ ᠭᠤᠤᠯ ᠡᠵᠡᠮᠳᠡᠯ ᠣᠭ᠍ᠲᠣᠯᠤᠭᠠᠰᠤ ᠢ᠋ᠢᠨ ᠤᠰᠤᠨ ᠰᠢᠨᠵᠢᠯᠡᠬᠡᠨ ᠤ᠋ ᠬᠢᠨᠠᠨ ᠱᠢᠨᠵᠢᠬᠦ᠌ ᠲᠦᠬᠦᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠢ᠋ᠢ ᠲᠡᠭᠦᠯᠳᠡᠷᠵᠢᠭᠦᠯᠵᠦ᠍ ᠂ 11 ᠭᠤᠤᠯ ᠮᠥᠷᠡᠨ ᠤ᠋ ᠴᠢᠬᠤᠯᠠ ᠪᠣᠭᠣᠮᠲᠠ ᠢ᠋ᠢᠨ ᠣᠭ᠍ᠲᠣᠯᠤᠭᠠᠰᠤ ᠵᠢᠴᠢ 3 ᠨᠠᠭᠤᠷ ᠴᠥᠭᠥᠷᠥᠮ ᠳ᠋ᠤ 18 ᠠᠮᠢ ᠠᠬᠤᠶ ᠢ᠋ᠢᠨ ᠤᠷᠤᠰᠴᠠ (ᠤᠰᠤᠨ ᠤ᠋ ᠬᠡᠮᠵᠢᠶ᠎ᠡ) ᠢ᠋ᠢ ᠬᠢᠨᠠᠨ ᠱᠢᠨᠵᠢᠬᠦ᠌ ᠥᠷᠲᠡᠭᠡ ᠪᠠᠢᠭᠤᠯᠪᠠ; ᠤᠰᠤᠨ ᠠᠱᠢᠭ᠍ᠯᠠᠯᠲᠠ ᠢ᠋ᠢᠨ ᠶᠠᠮᠤᠨ ᠪᠣᠯᠤᠨ ᠬᠠᠮᠢᠶ᠎ᠠ ᠪᠦᠬᠦᠢ ᠰᠠᠪᠠ ᠭᠠᠵᠠᠷ ᠤ᠋ᠨ ᠪᠠᠢᠭᠤᠯᠤᠮᠵᠢ ᠡᠴᠡ ᠪᠠᠭᠤᠯᠭᠠᠭ᠍ᠰᠠᠨ ᠬᠠᠲᠤᠨ ᠭᠣᠣᠯ᠂ ᠨᠤᠨ ᠮᠥᠷᠡᠨ ᠵᠡᠷᠭᠡ ᠮᠤᠵᠢ ᠣᠷᠣᠨ ᠠᠯᠤᠰᠯᠠᠭ᠍ᠰᠠᠨ ᠭᠣᠣᠯ ᠮᠥᠷᠡᠨ ᠢ᠋ ᠲᠣᠬᠢᠷᠠᠭᠤᠯᠬᠤ ᠵᠠᠷᠯᠢᠭ ᠢ᠋ ᠴᠢᠩᠭ᠎ᠠ ᠬᠡᠷᠡᠭ᠌ᠵᠢᠭᠦᠯᠵᠦ᠍᠂ ᠵᠢᠯ ᠤ᠋ᠨ ᠤᠰᠤ ᠬᠡᠷᠡᠭ᠌ᠯᠡᠬᠦ᠌ ᠲᠥᠯᠥᠪᠯᠡᠭᠡ ᠪᠣᠯᠤᠨ ᠤᠰᠤᠨ ᠤ᠋ ᠬᠡᠮᠵᠢᠶ᠎ᠡ ᠢ᠋ᠢ ᠲᠣᠬᠢᠷᠠᠭᠤᠯᠬᠤ ᠲᠥᠰᠦᠯ ᠢ᠋ ᠴᠢᠩᠭ᠎ᠠ ᠨᠢᠮᠪᠠᠶ ᠲᠤᠭᠲᠠᠭᠠᠪᠠ; ᠴᠠᠭ ᠠᠭᠤᠷ ᠤ᠋ᠨ ᠰᠠᠯᠠᠭ᠎ᠠ ᠮᠥᠴᠢᠷ᠎ᠯᠦᠭᠡ ᠢ᠋ᠢᠨ ᠬᠠᠮᠵᠢᠯᠴᠠᠭ᠎ᠠ ᠪᠠᠨ ᠴᠢᠩᠭᠠᠳᠭᠠᠨ ᠂ ᠬᠤᠷ᠎ᠠ ᠲᠤᠨᠲᠠᠰᠤᠨ ᠤ᠋ ᠪᠠᠢᠳᠠᠯ ᠢ᠋ ᠲᠥᠰᠦᠭᠡᠯᠡᠵᠦ᠍ ᠤᠷᠢᠳᠴᠢᠯᠠᠨ ᠮᠡᠳᠡᠭᠡᠯᠡᠵᠤ ᠵᠠᠳᠠᠯᠤᠯᠲᠠ ᠬᠢᠬᠦ ᠵᠢ ᠴᠢᠡᠭᠭᠠᠳᠬᠠᠵᠤ᠂ ᠦᠶ᠋ᠯᠡᠳᠪᠦᠷᠢᠯᠡᠯ ᠠᠮᠢᠳᠤᠷᠠᠯ ᠪᠠ ᠠᠮᠢ ᠠᠬᠤᠶ ᠳ᠋ᠤ ᠬᠡᠷᠡᠭ᠌ᠯᠡᠬᠦ᠌ ᠤᠰᠤ ᠢ᠋ᠢ ᠨᠢᠭᠡᠳᠦᠯᠲᠡᠶ ᠲᠥᠯᠥᠪᠯᠡᠨ᠂ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠢ᠋ᠢᠨ ᠬᠡᠷᠡᠭ᠌ᠯᠡᠬᠦ᠌ ᠤᠰᠤᠨ ᠤ᠋ ᠬᠡᠷᠡᠭ᠌ᠴᠡᠭᠡ ᠱᠠᠭᠠᠷᠳᠠᠯᠭ᠎ᠠ ᠢ᠋ᠢ ᠤᠷᠢᠳ ᠢ᠋ᠢᠡᠷ ᠬᠠᠩᠭᠠᠵᠤ᠂ ᠭᠤᠤᠯ ᠮᠥᠷᠡᠨ ᠨᠠᠭᠤᠷ ᠴᠥᠭᠥᠷᠥᠮ ᠤ᠋ᠨ ᠰᠡᠷᠭᠦᠯᠲᠡ ᠢ᠋ᠢ ᠠᠬᠢᠭᠤᠯᠪᠠ᠃

ᠮᠠᠨ ᠤ᠋ ᠤᠷᠤᠨ ᠠᠮᠢ ᠠᠬᠤᠶ ᠢ᠋ᠢᠨ ᠤᠷᠤᠰᠴᠠ ᠢ᠋ᠢ ᠬᠠᠮᠢᠶᠠᠷᠤᠨ ᠡᠵᠡᠮᠳᠡᠬᠦ᠌ ᠪᠡᠷ ᠳᠡᠮᠵᠢᠨ ᠴᠤᠤᠯ ᠭᠤᠤᠯ᠂ ᠶᠠᠯᠦ᠍ ᠭᠤᠤᠯ ᠵᠡᠷᠭᠡ ᠮᠤᠵᠢ ᠣᠷᠣᠨ ᠠᠯᠤᠰᠯᠠᠭ᠍ᠰᠠᠨ ᠭᠤᠤᠯ ᠮᠥᠷᠡᠨ ᠬᠣᠶᠠᠷ ᠵᠢᠯ ᠳᠠᠷᠠᠭᠠᠯᠠᠨ ᠠᠮᠢ ᠠᠬᠤᠶ ᠢ᠋ᠢᠨ ᠤᠷᠤᠰᠴᠠ ᠢ᠋ᠢ ᠪᠠᠲᠤᠯᠠᠬᠤ ᠬᠠᠷᠠᠯᠲᠠ ᠳ᠋ᠤ ᠬᠦᠷᠴᠦ᠍᠂ ᠬᠦᠯᠦᠨ ᠨᠠᠭᠤᠷ ᠂ ᠳᠠᠭ᠎ᠠ ᠢ᠋ᠢᠨ ᠨᠠᠭᠤᠷ ᠂ ᠤᠯᠠᠭᠠᠨᠰᠤᠬᠠᠢ ᠳ᠋ᠤ ᠤᠷᠤᠰᠤᠨ ᠣᠷᠣᠬᠤ ᠤᠰᠤᠨ ᠤ᠋ ᠬᠡᠮᠵᠢᠶ᠎ᠡ ᠪᠠ ᠤᠰᠤᠨ ᠭᠠᠳᠠᠷᠭᠤ ᠢ᠋ᠢᠨ ᠲᠠᠯᠠᠪᠠᠶ ᠲᠣᠭ᠍ᠲᠠᠭᠤᠨ ᠪᠠᠢᠳᠠᠯ  ᠵᠢᠡᠨ ᠪᠠᠲᠤᠯᠠᠵᠤ᠂ ᠵᠡᠭᠦᠨ ᠰᠤᠪᠨᠠᠭᠤᠷ 18 ᠵᠢᠯ ᠳᠠᠷᠠᠭᠠᠯᠠᠨ ᠬᠠᠳᠠᠵᠤ ᠱᠢᠷᠭᠢᠭ᠌ᠰᠡᠨ ᠥᠬᠡᠶ ᠃ ᠪᠠᠷᠠᠭᠤᠨ ᠯᠢᠶᠣᠤᠾᠧ ᠭᠣᠣᠯ ᠤ᠋ᠨ ᠰᠠᠪᠠ ᠭᠠᠵᠠᠷ ᠤ᠋ᠨ ᠤᠷᠤᠰᠬᠠᠯ ᠲᠠᠢ ᠭᠣᠣᠯ ᠤ᠋ᠨ ᠬᠡᠰᠡᠭ 3 ᠵᠢᠯ ᠳᠠᠷᠠᠭᠠᠯᠠᠨ ᠦᠷᠬᠡᠳᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号