ᠡᠮᠦᠨᠡᠬᠡᠨ ᠂ ᠤᠯᠠᠭᠠᠨᠬᠠᠳᠠ ᠬᠤᠳᠠ᠎ᠶ᠋ᠢᠨ ᠳᠣᠯᠣᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠠᠷᠠᠳ᠎ᠲᠤ ᠠᠱᠢᠭ ᠬᠦᠷᠲᠡᠭᠡᠬᠦ᠌ ᠨᠠᠢᠷ ᠵᠢᠴᠢ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠲᠠᠨᠢᠯᠴᠠᠭᠤᠯᠭ᠎ᠠ᠎ᠶ᠋ᠢᠨ ᠬᠤᠷᠠᠯ ᠰᠦᠯᠵᠢᠶᠡᠨ ᠳᠡᠭᠡᠷ᠎ᠡ ᠶᠠᠪᠤᠭᠳᠠᠵᠠᠢ᠃ ᠤᠯᠠᠭᠠᠨᠬᠠᠳᠠ ᠬᠤᠲᠠ ᠳᠠᠯᠠᠢᠨᠠᠭᠤᠷ᠎ᠤᠨ ᠡᠪᠦᠯ᠎ᠦᠨ ᠠᠩᠨᠠᠯ᠎ᠤᠨ ᠵᠢᠭᠤᠯᠴᠢᠯᠠᠯ᠎ᠤᠨ ᠨᠠᠢᠷ᠎ᠢᠶᠠᠷ ᠭᠣᠣᠯ ᠴᠣᠭ᠍ᠴᠠ ᠪᠣᠯᠭᠠᠵᠤ᠂ 《ᠮᠥᠰᠥ᠍ ᠴᠠᠰᠤ + ᠪᠠᠶᠠᠷ ᠨᠠᠢᠷ》᠂ 《ᠮᠥᠰᠥ᠍ ᠴᠠᠰᠤ + ᠲᠣᠭ᠍ᠯᠠᠯᠲᠠ》᠂ 《ᠮᠥᠰᠥ᠍ ᠴᠠᠰᠤ + ᠪᠡᠶ᠎ᠡ᠎ᠶ᠋ᠢᠨ ᠲᠠᠮᠢᠷ》᠂ 《ᠮᠥᠰᠥ᠍ ᠴᠠᠰᠤ + ᠵᠠᠩ ᠦᠢᠯᠡ》᠂ 《ᠮᠥᠰᠥ᠍ ᠴᠠᠰᠤ + ᠠᠵᠤ ᠠᠬᠤᠢ ᠠᠷᠠᠯᠵᠢᠶ᠎ᠠ》 ᠵᠡᠷᠭᠡ 11 ᠲᠦᠷᠦᠯ᠎ᠦᠨ 83 ᠵᠦᠢᠯ᠎ᠦᠨ ᠠᠵᠢᠯᠯᠠᠭ᠎ᠠ᠎ᠶ᠋ᠢ ᠵᠡᠷᠭᠡ ᠪᠡᠷ ᠥᠷᠨᠢᠭᠦᠯᠬᠦ ᠪᠤᠯᠦᠨ᠎ᠡ᠃ 3 ᠰᠠᠷ᠎ᠠ ᠭᠠᠷᠤᠶ᠎ᠶ᠋ᠢᠨ ᠬᠤᠭᠤᠴᠠᠭᠠᠨ᠎ᠳᠤ ᠤᠯᠠᠭᠠᠨᠬᠠᠳᠠ ᠬᠤᠲᠠ《ᠪᠥᠬᠥ᠌ ᠤᠷᠤᠨ ᠪᠦᠰᠡ ᠵᠢᠨ ᠵᠢᠭᠤᠯᠴᠢᠯᠠᠯ᠎ᠳᠤ ᠬᠥᠭ᠌ᠵᠢᠯ ᠥᠬᠡᠶ ᠤᠯᠠᠷᠢᠯ ᠪᠠᠢᠬᠤ ᠥᠬᠡᠶ》ᠥᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠵᠤ᠂ ᠬᠣᠲᠠ᠎ᠶ᠋ᠢᠨ ᠠᠷᠠᠳ ᠪᠠ ᠵᠢᠭᠤᠯᠴᠢᠯᠠᠭᠰᠠᠳ᠎ᠲᠤ《ᠤᠯᠠᠭᠠᠨᠬᠠᠳᠠ᠎ᠶ᠋ᠢᠨ ᠦᠵᠡᠰᠭᠦᠯᠡᠩᠲᠦ ᠰᠠᠢᠬᠠᠨ᠂ ᠳᠥᠷᠪᠡᠨ ᠤᠯᠠᠷᠢᠯ᠎ᠤᠨ ᠲᠠᠩᠰᠤᠭ ᠰᠠᠢᠬᠠᠨ》 ᠵᠢᠭᠤᠯᠴᠢᠯᠠᠯ᠎ᠤᠨ ᠷᠢᠳᠢ ᠱᠢᠳᠢ᠎ᠶ᠋ᠢ ᠡᠳ᠋ᠯᠡᠭᠦᠯᠬᠦ᠌ ᠪᠣᠯᠤᠨ᠎ᠠ᠃
ᠲᠡᠭᠷᠢ ᠬᠦᠢᠲᠡᠷᠡᠬᠦ᠎ᠶ᠋ᠢ ᠳᠠᠭᠠᠯᠳᠤᠨ᠂ ᠤᠯᠠᠭᠠᠨᠬᠠᠳᠠᠬᠤᠲᠠᠶ᠋ᠢᠨ ᠮᠥᠰᠥ᠍ ᠲᠡᠱᠢᠬᠦ᠌ ᠂ ᠴᠠᠰᠤᠨ᠎ᠳᠤ ᠴᠠᠨᠠᠯᠠᠬᠤ ᠵᠡᠷᠭᠡ ᠡᠪᠦᠯ᠎ᠦᠨ ᠤᠯᠠᠷᠢᠯ᠎ᠤᠨ ᠮᠥᠰᠥ᠍ ᠴᠠᠰᠤᠨ᠎ᠤ ᠵᠢᠭᠤᠯᠴᠢᠯᠠᠯ᠎ᠤᠨ ᠲᠦᠷᠦᠯ ᠵᠦᠢᠯ ᠵᠠᠯᠭᠠᠭ᠎ᠠ ᠪᠡᠷ ᠡᠬᠢᠯᠡᠵᠦ᠍ ᠂ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠱᠢᠷᠢᠰ ᠪᠠᠶᠠᠷ ᠨᠠᠢᠷ᠎ᠤᠨ ᠠᠵᠢᠯᠯᠠᠭ᠎ᠠ ᠵᠠᠯᠭᠠᠭ᠎ᠠ ᠪᠡᠷ ᠡᠬᠢᠯᠡᠪᠡ᠃
2022 ᠤᠨ᠎ᠤ 12 ᠰᠠᠷ᠎ᠠ᠎ᠶ᠋ᠢᠨ 18 ᠤ᠋ ᠡᠳᠦᠷ ᠬᠡᠱᠢᠭ᠌ᠲᠡᠨ ᠬᠣᠱᠢᠭᠤᠨ᠎ᠤ ᠳᠠᠯᠠᠢᠨᠠᠭᠤᠷ᠎ᠤᠨ ᠡᠪᠦᠯ᠎ᠦᠨ ᠠᠨᠭᠨᠠᠯᠤᠨ ᠵᠢᠭᠤᠯᠴᠢᠯᠠᠯ᠎ᠤᠨ ᠨᠠᠢᠷ ᠶᠠᠪᠤᠭᠳᠠᠵᠤ᠂ ᠮᠢᠩᠭᠠᠨ ᠵᠢᠯ ᠤᠯᠠᠮᠵᠢᠯᠠᠭ᠍ᠳᠠᠨ ᠢᠷᠡᠭᠰᠡᠨ ᠵᠢᠭᠠᠰᠤ ᠠᠩᠨᠠᠬᠤ ᠠᠷᠭ᠎ᠠ ᠨᠢ ᠤᠯᠠᠨ᠎ᠤ ᠠᠩᠬᠠᠷᠤᠯ᠎ᠢ ᠲᠠᠳᠠᠵᠤ᠂ ᠪᠥᠬᠥ᠌ ᠬᠣᠲᠠ᠎ᠶ᠋ᠢᠨ10 ᠤᠯᠠᠭᠠᠨᠮᠥ᠋ᠴᠢᠷ᠂ 165 ᠤᠯᠠᠭᠠᠨᠮᠥ᠋ᠴᠢᠷ᠎ᠦᠨ ᠭᠡᠱᠢᠭᠦᠨ᠂ ᠬᠡᠱᠢᠭ᠌ᠲᠡᠨ ᠬᠣᠱᠢᠭᠤᠨ᠎ᠤ ᠠᠭᠤᠳᠠᠮ ᠲᠠᠯᠠᠪᠠᠶ᠎ᠶ᠋ᠢᠨ ᠪᠦᠵᠢᠭ᠎ᠤᠨ 100 ᠪᠦᠵᠢᠭᠴᠢᠨᠤ ᠭᠤᠶᠤ ᠰᠠᠢᠬᠠᠨ ᠲᠤᠭᠯᠠᠯᠲᠠ ᠬᠦᠮᠦᠰ᠎ᠤᠨ ᠲᠠᠭᠠᠰᠢᠶᠠᠯ᠎ᠳᠤ ᠬᠦᠷᠴᠡᠢ᠃ ᠬᠠᠷᠠᠴᠢᠨ ᠬᠣᠱᠢᠭᠤᠨ᠎ᠤ ᠮᠡᠢᠷᠡᠨ ᠭᠤᠤ᠎ᠶ᠋ᠢᠨ ᠰᠡᠯᠡᠭᠦᠴᠡᠯ ᠠᠮᠠᠷᠠᠯᠲᠠ᠎ᠶ᠋ᠢᠨ ᠣᠷᠣᠨ ᠳ᠋ᠤ 40 ᠱᠢᠬᠠᠮ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠴᠠᠰᠤᠨ᠎ᠳᠤ ᠴᠠᠨᠠᠯᠠᠬᠤ ᠲᠠᠯᠠᠪᠠᠢ᠎ᠲᠠᠶ᠃ ᠴᠠᠰᠤᠨ᠎ᠳᠤ ᠴᠠᠨᠠᠯᠠᠬᠤ ᠲᠠᠯᠠᠪᠠᠶ᠎ᠶ᠋ᠢᠨ ᠲᠥᠯᠥᠪᠵᠢᠭᠦᠯᠦᠭ᠌ᠰᠡᠨ ᠴᠠᠰᠤᠨ ᠵᠠᠮ᠎ᠤᠨ ᠣᠷᠳᠣ ᠨᠢ 70 ᠺᠢᠯᠣᠮᠧᠲ᠋ᠷᠭᠠᠷᠤᠢ ᠪᠠᠢᠵᠤ᠂ ᠬᠠᠮᠤᠭ ᠤᠨ ᠣᠷᠳᠣ ᠴᠠᠨᠠᠯᠠᠯᠳᠠ ᠵᠢᠨ ᠵᠠᠮ ᠨᠢ 3.5 ᠺᠢᠯᠣᠮᠧᠲ᠋ᠷ ᠲᠦ᠍ ᠬᠦᠷᠴᠦ ᠪᠤᠢ ᠃ 2021 ᠣᠨ᠎ᠠᠴᠠ 2022 ᠣᠨᠪᠤᠯᠲᠠᠯᠠ᠂ ᠡᠪᠦᠯ᠎ᠤᠨ ᠤᠯᠠᠷᠢᠯ᠎ᠳᠤ ᠮᠡᠢᠷᠡᠨ ᠭᠤᠤ ᠵᠢᠨ ᠴᠠᠰᠤᠨ᠎ᠳᠤ ᠴᠠᠨᠠᠯᠠᠬᠤ ᠲᠠᠯᠠᠪᠤᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠢᠭᠤᠯᠴᠢᠯᠠᠭᠰᠠᠳ᠎ᠢ 20.7 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠣᠷᠣᠯᠭ᠎ᠠ᠎ᠨᠢ 4000 ᠲᠦᠮᠡ ᠱᠢᠬᠠᠮ ᠲᠥᠭᠥᠷᠢᠭ᠎ᠲᠦ ᠬᠦᠷᠴᠦ᠍᠂ ᠲᠡᠦᠬᠡᠲᠦ ᠴᠢᠨᠠᠷᠲᠠᠶ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠪᠡ᠃ ᠡᠳᠦᠭᠡ ᠮᠡᠢᠷᠡᠨ ᠭᠤᠤ᠎ᠶ᠋ᠢᠨ ᠴᠠᠰᠤᠨ᠎ᠳᠤ ᠴᠡᠨᠡᠯᠡᠬᠤ ᠲᠠᠯᠠᠪᠠᠢ᠎ᠳᠤ ᠴᠠᠰᠤᠨ ᠳ᠋ᠤ ᠴᠠᠨᠠᠯᠠᠬᠤ ᠪᠣᠯᠤᠨ ᠵᠤᠭ᠎ᠠ ᠴᠡᠩᠭᠡᠯ᠎ᠦᠨ ᠲᠦᠷᠦᠯ ᠵᠦᠢᠯ 20 ᠭᠠᠷᠤᠢ ᠪᠠᠢᠵᠤ᠂ ᠭᠡᠷ᠎ᠦᠨ ᠭᠠᠳᠠᠨᠠᠬᠢ ᠪᠣᠯᠤᠨ ᠥᠷᠥᠭᠡᠨ ᠳᠣᠲᠣᠷᠠᠬᠢ ᠰᠠᠯᠡᠬᠦᠴᠡᠯ ᠤ᠋ᠨ ᠲᠦᠷᠦᠯ ᠵᠦᠢᠯ ᠢ᠋ ᠢᠵᠢ ᠪᠦᠷᠢᠳᠦᠬᠦᠯᠵᠤ ᠂ ᠡᠳᠦᠷ᠎ᠲᠦ 8000 ᠭᠠᠷᠤᠢ ᠵᠢᠭᠤᠯᠴᠢᠯᠠᠭᠴᠢ ᠵᠢ ᠬᠦᠯᠢᠶᠡᠨ ᠠᠪᠬᠤ ᠴᠢᠳᠠᠪᠤᠷᠢ ᠲᠠᠢ᠃ ᠬᠤᠩᠱᠠᠨ ᠲᠣᠭᠣᠷᠢᠭ᠎ᠤᠨ ᠸᠧᠨ ᠵᠦᠩ ᠪᠠᠯᠭᠠᠰᠤᠨ᠎ᠤ ᠰᠠᠨ ᠳ᠋ᠤᠤ ᠵᠢᠩ ᠽᠢ ᠲᠣᠰᠭᠣᠨ᠎ᠤ ᠳ᠋ᠤᠤ ᠬᠥ᠋ ᠨᠠᠨ ᠱᠠᠨ ᠴᠠᠰᠤᠨ᠎ᠳᠤ ᠴᠠᠨᠠᠯᠠᠬᠤ ᠲᠠᠯᠠᠪᠤᠷ 120 ᠮᠥ᠍ ᠭᠠᠵᠠᠷ ᠡᠵᠡᠯᠡᠨ᠂ ᠬᠢᠮᠡᠯ ᠴᠠᠰᠤᠨ ᠲᠠᠯᠠᠪᠠᠶ ᠨᠢ 6 ᠲᠦᠮᠡᠨ ᠲᠡᠭ᠌ᠰᠢ ᠳᠥᠷᠪᠡᠯᠵᠢᠨ ᠮᠧᠲ᠋ᠷ ᠪᠤᠯᠤᠨ᠎ᠠ᠃ 3 ᠲᠦᠮᠡᠨ ᠲᠡᠭ᠌ᠰᠢ ᠳᠥᠷᠪᠡᠯᠵᠢᠨ ᠮᠸᠲᠷ᠎ᠤᠨ ᠴᠠᠰᠤᠨ ᠳ᠋ᠤ ᠨᠠᠭᠠᠤᠨᠬᠤ ᠴᠡᠩᠭᠡᠯ᠎ᠦᠨ ᠬᠦᠷᠢᠶᠡᠯᠡᠩ᠎ᠳᠦ ᠨᠢᠯᠬ᠎ᠠ ᠬᠡᠦᠬᠡᠳ ᠡᠴᠡ ᠡᠬᠢᠯᠡᠭᠡᠳ ᠨᠠᠰᠤᠲᠠᠢᠴᠤᠳ ᠬᠦᠷᠳᠡᠯ᠎ᠡ ᠡᠬᠡ ᠪᠠᠢᠭᠠᠯᠢ᠎ᠲᠠᠶ ᠣᠢᠷᠠᠳᠴᠤ᠂ ᠮᠥᠰᠥ᠍ ᠴᠠᠰᠤᠨ ᠤ᠋ ᠵᠤᠭ᠎ᠠ ᠴᠡᠡᠭᠬᠡᠯ ᠢ᠋ ᠪᠡᠶᠡᠴᠢᠯᠡᠨ ᠣᠢᠯᠠᠭᠠᠵᠤ ᠪᠣᠯᠤᠨ᠎ᠠ᠃ 《ᠡᠪᠦᠯ ᠪᠣᠯᠤᠮᠠᠭᠴᠠ ᠬᠡᠦᠬᠡᠳ ᠶᠠᠭᠤ ᠨᠠᠭᠠᠳᠬᠤ ᠪᠠᠨ ᠤᠯᠬᠤ ᠦᠬᠡᠢ ᠪᠤᠯᠳᠠᠭ᠂ ᠬᠠᠷᠢᠨ ᠡᠨᠳᠡ ᠬᠡᠦᠬᠡᠳ ᠬᠡᠰᠡᠨ ᠦᠬᠡᠢ ᠂ ᠲᠤᠮᠤᠴᠤᠳ ᠬᠡᠰᠡᠨ ᠦᠬᠡᠢ ᠴᠦᠮ ᠲᠠᠪᠠᠳᠠᠢ ᠨᠠᠭᠠᠳᠴᠤ ᠲᠠᠢᠯᠦᠨ᠎ᠠ 》 ᠬᠡᠦᠬᠡᠨ᠎ᠢᠶᠡᠨ ᠳᠠᠭᠠᠭᠤᠯᠤᠨ ᠴᠠᠰᠤᠲᠤ ᠭᠠᠵᠠᠷ᠎ᠤᠨ ᠮᠣᠲ᠋ᠣᠷ ᠤᠨᠤᠵᠤ ᠪᠠᠢᠭ᠍ᠰᠠᠨ ᠸᠠᠩ ᠱᠢᠤᠸᠠᠢ ᠰᠦᠩ ᠬᠡᠯᠡᠪᠡ᠃
ᠮᠦᠰᠦ ᠴᠠᠰᠤᠨ᠎ᠤ ᠲᠠᠮᠢᠷ᠎ᠤᠨ ᠬᠦᠳᠡᠯᠭᠡᠭᠡᠨ ᠬᠢᠵᠠᠭᠠᠯᠠᠰᠢ ᠦᠭᠡᠢ ᠲᠠᠳᠠᠬᠤ ᠬᠦᠴᠦᠨ ᠲᠠᠢ᠃ ᠳᠠᠷᠠᠭᠠᠴᠢ ᠵᠢᠨ ᠠᠯᠬᠤᠮ ᠳ᠋ᠤ ᠂ ᠤᠯᠠᠭᠠᠨᠬᠠᠳᠠ ᠬᠣᠲᠠ ᠤᠯᠤᠰ᠎ᠤᠨ ᠣᠨᠴᠠᠯᠢᠭ᠎ᠲᠠᠶ ᠰᠣᠶᠣᠯ ᠵᠢᠭᠤᠯᠴᠢᠯᠠᠯ ᠪᠠ ᠠᠮᠢ ᠠᠬᠤᠶ᠎ᠶ᠋ᠢᠨ ᠰᠡᠯᠡᠭᠦᠴᠡᠯ ᠠᠮᠠᠷᠠᠯᠲᠠ᠎ᠶ᠋ᠢᠨ ᠰᠠᠭᠤᠷᠢᠨ᠎ᠢ ᠪᠥᠲᠥᠭᠡᠨ ᠪᠠᠢᠭᠤᠯᠬᠤ ᠬᠠᠷᠠᠯᠲᠠ᠎ᠶ᠋ᠢᠨ ᠲᠣᠭᠣᠷᠢᠨ᠎ᠳᠤ ᠂ ᠮᠥᠰᠥ᠍ ᠴᠠᠰᠤᠨ᠎ᠤ ᠰᠣᠶᠣᠯ᠂ ᠠᠷᠠᠳ᠎ᠤᠨ ᠵᠠᠩ ᠦᠶ᠋ᠯᠡ᠂ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠵᠡᠷᠭᠡ᠎ᠲᠡᠶ ᠭᠦᠨᠵᠡᠭᠡᠶ ᠠᠭᠤᠰᠤᠯᠴᠠᠭᠤᠯᠬᠤ᠎ᠶ᠋ᠢ ᠢᠳᠡᠪᠬᠢᠲᠡᠶ ᠠᠬᠢᠭᠤᠯᠵᠤ᠂ ᠮᠥᠰᠥ᠍ ᠴᠠᠰᠤᠨ᠎ᠤ ᠵᠢᠭᠤᠯᠴᠢᠯᠠᠯ᠎ᠤᠨ ᠱᠢᠨ᠎ᠡ ᠠᠭᠤᠯᠤᠭ᠍ᠳᠠᠬᠤᠨ ᠢ᠋ ᠪᠤᠢ ᠪᠤᠯᠭᠠᠬᠤ ᠪᠠᠷ ᠬᠦᠴᠦᠯᠡᠨ ᠴᠢᠷᠮᠠᠢᠵᠤ ᠪᠤᠢ᠃