ᠲᠥᠩᠯᠢᠶᠤᠤ ᠬᠣᠲᠠ ᠳᠡᠭᠡᠷ᠎ᠡ ᠱᠠᠳᠥᠨᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠲᠠ ᠵᠢᠨ ᠦᠷ᠎ᠡ ᠪᠦᠲᠦᠮᠵᠢ ᠵᠢ ᠴᠢᠨᠠᠬᠰᠢᠳᠠ ᠪᠡᠬᠢᠵᠢᠭᠦᠯᠵᠤ ᠦᠷᠭᠡᠳᠭᠡᠨ ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠪᠥᠬᠥ ᠬᠥᠴᠥᠨ ᠵᠢᠨᠷ ᠠᠬᠢᠭᠤᠯᠵᠤ ᠪᠤᠢ᠃
ᠤᠳᠤᠷᠢᠳᠬᠤ ᠰᠢᠰᠲᠧᠮ᠎ᠢ ᠲᠡᠭᠦᠯᠳᠡᠷᠵᠢᠭᠦᠯᠪᠠ᠃ ᠬᠣᠲᠠ᠎ᠶᠢᠨ ᠨᠠᠮ᠎ᠤᠨ ᠬᠣᠷᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢᠯᠠᠩ᠎ᠢ ᠪᠠᠢᠭᠤᠯᠵᠤ ᠂ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ᠂ ᠰᠣᠶᠣᠯ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ᠎ᠶᠢ ᠬᠥᠭᠵᠢᠭᠦᠯᠦᠨ ᠮᠠᠨᠳᠤᠭᠤᠯᠬᠤ ᠵᠢᠴᠢ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠤᠬᠴᠠᠯᠠᠯᠳᠠ᠂ ᠨᠡᠢᠭᠡᠮ᠎ᠦᠨ ᠵᠠᠰᠠᠯᠲᠠ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠲᠦᠮᠵᠢᠲᠡᠶ ᠵᠣᠯᠭᠠᠭᠤᠯᠬᠤ 7 ᠠᠵᠢᠯᠯᠠᠬᠤ ᠳᠤᠭᠤᠢᠯᠠᠩ ᠪᠠᠢᠭᠤᠯᠵᠠᠢ᠃ 《ᠲᠦᠩᠯᠢᠶᠣᠣ ᠬᠣᠲᠠ᠎ᠶᠢᠨ ᠠᠷᠪᠠᠨ ᠳᠥᠷᠪᠡᠳᠦᠭᠡᠷ ᠲᠠᠪᠤᠨ ᠵᠢᠯ᠎ᠦᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ᠎ᠶᠢᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠥᠯᠦᠪᠵᠢᠭᠦᠯᠭᠡ 》 ᠶ᠋ᠢ ᠲᠤᠭᠤᠷᠪᠢᠵᠤ ᠨᠠᠢᠷᠠᠭᠤᠯᠤᠨ᠂ ᠬᠣᠰᠢᠭᠤ ᠰᠢᠶᠠᠨ ᠬᠣᠲᠠ ᠲᠣᠭᠣᠷᠢᠭ᠋᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠶᠢ ᠵᠢᠯᠣᠭᠣᠳᠤᠬᠰᠠᠨ ᠪᠠᠢᠨ᠎ᠠ᠃
ᠬᠠᠪᠰᠤᠷᠤᠨ ᠲᠡᠳᠬᠦᠬᠦ ᠭᠣᠣᠯᠳᠠᠯᠭ᠎ᠠ᠎ᠶᠢ ᠳᠤᠪᠤᠢᠯᠭᠠᠪᠠ᠃ ᠬᠦᠷᠢᠶ᠎ᠡ ᠬᠣᠰᠢᠭᠤ᠎ᠶᠢ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠢᠶᠠᠷ ᠭᠤᠶᠤᠴᠢᠯᠠᠨ ᠮᠡᠳᠡᠭᠦᠯᠵᠦ᠂ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ 2022 ᠣᠨ᠎ᠤ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠰᠢᠶᠠᠨ᠎ᠳᠤ ᠰᠣᠩᠭᠣᠭᠳᠠᠬᠤ᠎ᠶᠢ ᠠᠬᠢᠭᠤᠯᠵᠠᠢ;ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ 279 ᠭᠠᠴᠠᠭ᠎ᠠ ᠲᠣᠰᠬᠣᠨ ᠪᠠ 68 ᠵᠢᠱ᠌ᠢᠶ᠎ᠡ ᠦᠵᠡᠭᠦᠯᠬᠦ ᠲᠣᠰᠬᠣᠨ᠎ᠢ ᠲᠣᠭᠲᠠᠭᠠᠪᠠ᠃ ᠲᠣᠰᠬᠣᠨ᠎ᠳᠤ ᠰᠠᠭᠤᠬᠤ ᠠᠵᠢᠯ᠎ᠤᠨ ᠬᠠᠮᠢᠶᠠᠷᠤᠯᠲᠠ᠎ᠶᠢᠨ ᠠᠯᠪᠠᠨ ᠭᠡᠷ ᠪᠠᠢᠭᠤᠯᠵᠤ᠂ ᠪᠠᠢᠩᠭᠤᠵᠢᠭ᠍ᠰᠠᠨ ᠲᠣᠰᠬᠣᠨ᠎ᠳᠤ ᠰᠠᠭᠤᠬᠤ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠦᠨ ᠂ ᠲᠣᠰᠬᠣᠨ᠎ᠳᠤ ᠰᠠᠭᠤᠬᠤ 840 ᠠᠵᠢᠯᠯᠠᠬᠤ ᠠᠩᠭᠢ ᠂ ᠲᠣᠰᠬᠣᠨ᠎ᠳᠤ ᠰᠠᠭᠤᠬᠤ 1815 ᠺᠠᠳ᠋ᠷ᠎ᠢ ᠰᠣᠩᠭᠣᠨ ᠲᠣᠮᠢᠯᠠᠭᠠᠳ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠤ ᠪᠠᠢᠨ᠎ᠠ᠃
ᠵᠣᠯᠭᠠᠭᠤᠯᠬᠤ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠪᠠ᠃ 《ᠲᠦᠩᠯᠢᠶᠣᠣ ᠬᠣᠲᠠ᠎ᠶᠢᠨ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠦᠨ ᠣᠷᠣᠰᠢᠨ ᠰᠠᠭᠤᠷᠢᠰᠢᠬᠤ ᠣᠷᠴᠢᠨ ᠲᠣᠭᠣᠷᠢᠨ᠎ᠢ ᠴᠡᠭᠴᠡᠯᠡᠨ ᠰᠠᠢᠵᠢᠷᠠᠭᠤᠯᠬᠤ ᠲᠠᠪᠤᠨ ᠵᠢᠯ᠎ᠦᠨ ᠠᠵᠢᠯᠯᠠᠭ᠎ᠠ᠎ᠶᠢᠨ ᠲᠥᠰᠥᠯ (2021 ︱2025 ᠣᠨ)》᠎ᠢ᠋ ᠳᠠᠷᠤᠮᠠᠯᠯᠠᠨ ᠲᠠᠷᠬᠠᠭᠠᠵᠤ ᠂ ᠬᠣᠲᠠ᠎ᠶᠢᠨ ᠱᠠᠲᠤᠨ᠎ᠤ ᠰᠠᠯᠠᠭ᠎ᠠ ᠮᠥᠴᠢᠷ᠎ᠦᠨ ᠠᠵᠢᠯ᠎ᠤᠨ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ᠂ ᠵᠣᠷᠯᠣᠩ᠎ᠤᠨ ᠬᠤᠪᠢᠰᠬᠠᠯ ᠂ ᠪᠣᠬᠢᠷ ᠤᠰᠤ᠎ᠶᠢ ᠰᠢᠢᠳᠪᠦᠷᠢᠯᠡᠬᠦ ᠂ ᠬᠣᠭ ᠨᠣᠪᠰᠢ᠎ᠶᠢ ᠰᠢᠢᠳᠪᠦᠷᠢᠯᠡᠬᠦ ᠂ ᠲᠣᠰᠬᠣᠨ᠎ᠤ ᠳᠦᠷᠰᠦ ᠪᠠᠢᠳᠠᠯ᠎ᠢ ᠴᠡᠭᠴᠡᠯᠡᠨ ᠰᠠᠢᠵᠢᠷᠠᠭᠤᠯᠬᠤ 4 ᠲᠤᠰᠬᠠᠢ ᠠᠵᠢᠯ᠎ᠢ ᠠᠬᠢᠭᠤᠯᠬᠤ ᠳᠤᠭᠤᠢᠯᠠᠩ ᠪᠠᠢᠭᠤᠯᠵᠠᠢ᠃ 2022 ᠣᠨ᠎ᠳᠤ ᠮᠠᠯᠵᠢᠬᠤ ᠲᠠᠷᠢᠶᠠᠯᠠᠬᠤ ᠣᠷᠣᠨ᠎ᠤ 1.5 ᠲᠦᠮᠡᠨ ᠡᠷᠦᠬᠡ᠎ᠶᠢᠨ ᠵᠣᠷᠯᠣᠩ᠎ᠢ ᠥᠭᠡᠷᠡᠴᠢᠯᠡᠵᠦ᠂ ᠠᠮᠢᠳᠤᠷᠠᠯ᠎ᠤᠨ ᠬᠣᠭ ᠨᠣᠪᠰᠢ᠂ ᠪᠣᠬᠢᠷ ᠤᠰᠤ᠎ᠶᠢ ᠰᠢᠢᠳᠪᠦᠷᠢᠯᠡᠬᠦ ᠲᠤᠷᠰᠢᠯᠲᠠ᠎ᠶᠢᠨ ᠴᠡᠭ᠎ᠤᠨ ᠲᠥᠷᠥᠯ ᠵᠦᠢᠯ᠎ᠢ 7 ᠬᠡᠷᠡᠭᠵᠢᠭᠦᠯᠪᠠ᠃ 9 ᠬᠣᠰᠢᠭᠤ ᠰᠢᠶᠠᠨ ᠬᠣᠲᠠ ᠲᠣᠭᠣᠷᠢᠭ᠋᠎ᠲᠤ ᠬᠤᠪᠢ ᠬᠤᠷᠠᠮᠳᠤᠭᠤᠯᠬᠤ ᠳᠦᠷᠢᠮ ᠂ ᠨᠠᠷᠢᠨ ᠲᠠᠩᠰᠠ᠎ᠶᠢᠨ ᠳᠦᠷᠢᠮ᠎ᠦᠨ ᠬᠥᠳᠡᠭᠡ ᠲᠣᠰᠬᠣᠨ᠎ᠤ ᠵᠠᠰᠠᠯᠲᠠ᠎ᠶᠢᠨ ᠲᠤᠷᠰᠢᠯᠲᠠ᠎ᠶᠢᠨ ᠲᠣᠰᠬᠣᠨ᠎ᠢ 12 ᠪᠠᠢᠭᠤᠯᠵᠠᠢ᠃ 120 ᠲᠤᠰᠬᠠᠢ ᠮᠡᠷᠭᠡᠵᠢᠯᠲᠡᠨ᠎ᠦ ᠪᠦᠯᠬᠦᠮ᠎ᠢ ᠰᠣᠩᠭᠣᠨ ᠲᠣᠮᠢᠯᠠᠵᠤ ᠂ ᠦᠨᠳᠦᠰᠦᠨ ᠱᠠᠲᠤᠨ᠎ᠳᠤ ᠦᠢᠯᠡᠴᠢᠯᠡᠭᠦᠯᠥᠨ᠂ ᠲᠤᠰᠬᠠᠢ ᠮᠡᠷᠭᠡᠵᠢᠯ᠎ᠦᠨ ᠦᠢᠯᠡᠴᠢᠯᠡᠭᠡ᠎ᠶᠢ 1292 ᠪᠦᠯᠦᠭ ᠤᠳᠠᠭ᠎ᠠ ᠬᠠᠩᠭᠠᠪᠠ ᠃《ᠲᠦᠮᠡᠨ ᠠᠵᠤ ᠠᠬᠤᠢᠯᠠᠯ᠎ᠢᠶᠠᠷ ᠲᠦᠮᠡᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ》 ᠠᠵᠢᠯᠯᠠᠭ᠎ᠠ᠎ᠶᠢ ᠬᠡᠷᠡᠭᠵᠢᠭᠦᠯᠵᠦ ᠂ 420 ᠨᠡᠢᠭᠡᠮ᠎ᠦᠨ ᠵᠣᠬᠢᠶᠠᠨ ᠪᠠᠢᠭᠤᠯᠤᠯᠲᠠ᠂ ᠠᠷᠠᠳ᠎ᠦᠨ ᠡᠵᠡᠩᠨᠡᠯᠳᠡ ᠵᠢᠨ ᠠᠵᠤ ᠠᠬᠤᠢᠯᠠᠯ 569 ᠭᠠᠴᠠᠭ᠎ᠠ ᠲᠣᠰᠬᠣᠨ᠎ᠲᠠᠢ ᠬᠣᠯᠪᠣᠭᠠᠯᠠᠵᠤ᠂ ᠲᠣᠰ ᠲᠣᠰ᠎ᠤᠨ ᠳᠠᠪᠠᠭᠤᠯᠢᠭ᠋᠎ᠲᠠᠭᠠᠨ ᠲᠦᠰᠢᠭᠯᠡᠨ ᠂ ᠭᠠᠴᠠᠭ᠎ᠠ ᠲᠣᠰᠬᠣᠨ ᠂ ᠮᠠᠯᠵᠢᠬᠤ ᠲᠠᠷᠢᠶᠠᠯᠠᠬᠤ ᠡᠷᠦᠬᠡ᠎ᠶᠢ ᠬᠠᠪᠰᠤᠷᠤᠨ ᠦᠢᠯᠡᠳᠪᠦᠷᠢᠯᠡᠯ᠎ᠢ ᠨᠢ ᠬᠥᠭᠵᠢᠭᠦᠯᠵᠤ ᠪᠤᠢ᠃
ᠪᠣᠯᠪᠠᠰᠤᠷᠠᠯ᠎ᠤᠨ ᠵᠢᠯᠣᠭᠣᠳᠤᠯᠭᠠᠬᠢᠪᠠ᠃ ᠲᠦᠩᠯᠢᠶᠣᠣ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠡᠭᠡᠳᠦ ᠰᠤᠷᠭᠠᠭᠤᠯᠢ᠂ ᠲᠦᠩᠯᠢᠶᠣᠣ ᠬᠣᠲᠠ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠤᠳᠤᠯᠭᠠᠨ᠎ᠤ ᠲᠥᠪ ᠪᠠ 9 ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ᠎ᠦ ᠲᠥᠪ᠎ᠢ ᠪᠠᠢᠭᠤᠯᠵᠤ᠂ ᠦᠨᠳᠦᠰᠦᠨ ᠱᠠᠲᠤᠨ᠎ᠤ ᠺᠠᠳ᠋ᠷ᠎ᠢ ᠪᠣᠯᠪᠠᠰᠤᠷᠠᠭᠤᠯᠬᠤ ᠂ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠮᠠᠯ ᠠᠵᠤ ᠠᠬᠤᠢ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠎ᠶᠢ ᠥᠷᠨᠢᠭᠦᠯᠥᠨ ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠠᠢ᠃《 ᠲᠥᠪᠯᠡᠷᠡᠭᠦᠯᠦᠨ ᠬᠢᠴᠢᠶᠡᠯᠯᠡᠬᠦ + ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ + ᠠᠯᠤᠰ ᠡᠵᠡᠮᠰᠢᠯ ᠵᠢᠡᠷ ᠬᠢᠴᠢᠶᠡᠯᠯᠡᠬᠦ + ᠪᠡᠶᠡᠴᠢᠯᠡᠨ ᠣᠢᠯᠠᠭᠠᠬᠤ + ᠰᠤᠳᠤᠯᠤᠨ ᠶᠠᠷᠢᠯᠴᠠᠵᠤ ᠰᠣᠯᠢᠯᠴᠠᠬᠤ》 ᠵᠡᠷᠭᠡ ᠠᠷᠭ᠎ᠠ ᠬᠡᠯᠪᠡᠷᠢ ᠪᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥ᠍᠎ᠶᠢᠨ ᠪᠣᠳᠣᠯᠭ᠎ᠠ᠎ᠶᠢᠨ ᠪᠣᠯᠪᠠᠰᠤᠷᠠᠯ ᠢ ᠥᠷᠨᠢᠭᠦᠯᠵᠦ᠂ ᠬᠣᠲᠠ᠎ᠶᠢᠨ ᠲᠠᠰ᠎ᠤᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠤᠨ ᠠᠩᠭᠢ᠎ᠶᠢ 18 ᠬᠤᠭᠤᠴᠠᠭ᠎ᠠ ᠡᠷᠭᠢᠯᠡᠨ᠂ ᠡᠯ᠎ᠡ ᠱᠠᠲᠤᠨ᠎ᠤ ᠡᠯ᠎ᠡ ᠲᠥᠷᠥᠯ᠎ᠦᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠺᠠᠳ᠋ᠷ ᠵᠢᠴᠢ ᠪᠣᠳᠠᠲᠤ ᠬᠡᠷᠡᠭᠯᠡᠭᠡᠨ᠎ᠦ ᠴᠢᠳᠠᠪᠤᠷᠢᠲᠠᠨ᠎ᠳᠦ 3.34 ᠲᠦᠮᠡᠨ ᠬᠥᠮᠥᠨ ᠤᠳᠠᠭ᠎ᠠ ᠪᠣᠯᠪᠠᠰᠤᠷᠠᠯ ᠬᠥᠷᠳᠡᠭᠡᠭᠰᠡᠨ ᠪᠠᠢᠨ᠎ᠠ᠃