ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠤ᠋ᠨ ᠦᠢᠯᠡᠴᠢᠯᠡᠭᠡᠨ ᠤ᠋ ᠲᠠᠪᠴᠠᠩ ᠠᠵᠤ ᠠᠬᠤᠢᠯᠠᠯ ᠤ᠋ᠨ ᠡᠷᠡᠭᠦᠯ ᠬᠦᠭᠵᠢᠯᠳᠡ ᠵᠢ ᠠᠬᠢᠭᠤᠯᠵᠤ ᠪᠤᠢ
2023-01-30 19:25:02
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠵᠢᠡᠷ ᠂ 《 ᠥᠪᠥᠷ  ᠮᠣᠩᠭᠣᠯ  ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠤ᠋ᠨ ᠦᠢᠯᠡᠴᠢᠯᠡᠭᠡᠨ ᠤ᠋ ᠲᠠᠪᠴᠠᠩ 》 ᠨᠢᠳᠤᠨᠤᠨ ᠤ᠋ 5 ᠰᠠᠷ᠎ᠠ ᠳ᠋ᠤ᠌ ᠠᠰᠢᠬᠯᠠᠯᠳᠠ ᠳ᠋ᠤ ᠤᠷᠤᠵᠤ᠂ ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠤ᠋ᠨ ᠦᠢᠯᠡᠴᠢᠯᠡᠭᠡ ᠵᠢ ᠴᠢᠩᠭᠠᠳᠭᠠᠬᠤ ᠳ᠋ᠤ᠌ ᠢᠳᠡᠪᠬᠢ ᠦᠢᠯᠡᠳᠦᠯ ᠦᠵᠡᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋  ᠰᠢᠯᠢᠳᠡᠭᠵᠢᠭᠦᠯᠬᠦ  ᠵᠢ ᠭᠦᠨᠵᠡᠭᠡᠢᠷᠡᠭᠦᠯᠦᠨ ᠪᠣᠳᠠᠲᠠᠢᠵᠢᠭᠤᠯᠤᠭᠰᠡᠨ ᠪᠠᠢᠨ᠎ᠠ᠃

ᠤᠳᠤᠬᠠᠨ ᠪᠤᠯᠳᠠᠯ᠎ᠠ ᠂ ᠳᠤᠰ ᠳᠠᠪᠴᠠᠩ ᠨᠢ ᠠᠢᠮᠠᠭ ᠬᠣᠲᠠ ᠵᠢᠨ ᠱᠠᠲᠤᠨ ᠠ᠋ᠴᠠ ᠳᠡᠭᠡᠭᠰᠢᠬᠢ ᠮᠠᠯ ᠠᠵᠤ ᠠᠬᠤᠢ᠎ᠲᠠᠷᠢᠶᠠᠯᠠᠩ ᠤ᠋ᠨ 2153 ᠳᠠᠭᠠᠭᠤᠯᠤᠭᠴᠢ ᠠᠵᠤ ᠠᠬᠤᠢᠯᠠᠯ᠂ 16 ᠮᠥᠩᠭᠥᠨ ᠭᠦᠢᠯᠭᠡᠭᠡᠨ ᠤ᠋ ᠪᠠᠢᠭᠤᠯᠤᠮᠵᠢ ᠂ 18 ᠵᠠᠰᠠᠭ ᠵᠠᠬᠢᠷᠭᠠᠨ ᠤ᠋ ᠦᠢᠯᠡᠴᠢᠯᠡᠭᠡᠨ ᠤ᠋ ᠨᠢᠭᠡᠴᠢ ᠳᠤᠰ ᠳᠠᠪᠴᠠᠩ ᠳ᠋ᠤ ᠨᠤᠳᠤᠭᠰᠢᠵᠤ ᠂ ᠨᠡᠢᠲᠡ 1.9 ᠲᠦᠮᠡ ᠭᠠᠷᠤᠢ ᠤᠳᠠᠭ᠎ᠠ ᠠᠰᠠᠭᠤᠨ ᠰᠤᠷᠪᠤᠯᠵᠢᠯᠠᠵᠤ ᠂ 36 ᠵᠤᠷᠪᠤᠰ ᠲᠥᠷᠥ ᠵᠢᠨ ᠪᠣᠳᠣᠯᠭ᠎ᠠ ᠵᠢ ᠨᠡᠢᠲᠡᠯᠡᠨ᠂ ᠵᠠᠰᠠᠭ ᠤ᠋ᠨ ᠤᠷᠳᠤᠨ ᠮᠥᠩᠭᠥᠨ ᠬᠦᠢᠯᠭᠡᠭᠡᠨ ᠤ᠋ ᠪᠠᠢᠭᠤᠯᠤᠮᠵᠢ ᠠᠵᠤ ᠠᠬᠤᠢᠯᠠᠯ 4 ᠤᠳᠠᠭ᠎ᠠ ᠬᠠᠷᠢᠯᠴᠠᠨ ᠬᠥᠳᠡᠯᠦᠯᠴᠡᠵᠦ᠂ 11 ᠵᠤᠷᠪᠤᠰ ᠬᠠᠩᠭᠠᠯᠭ᠎ᠠ ᠬᠡᠷᠡᠭᠴᠡᠭᠡᠨ ᠤ᠋ ᠮᠡᠳᠡᠭᠡ ᠵᠠᠩᠭᠢ ᠵᠢ ᠨᠡᠢᠲᠡᠯᠡᠵᠤ᠂ ᠮᠡᠳᠡᠭᠡ ᠵᠠᠩᠭᠢ  ᠵᠢ  ᠰᠠᠭᠠᠳ ᠥᠬᠡᠢ  ᠨᠡᠪᠲᠡᠷᠡᠭᠦᠯᠪᠡ᠃

ᠳᠤᠰ ᠲᠠᠪᠴᠠᠩ ᠤ᠋ᠨ ᠬᠠᠩᠭᠠᠭᠰᠠᠨ ᠠᠵᠤ ᠠᠬᠤᠢᠯᠠᠯ ᠤ᠋ᠨ ᠮᠡᠳᠡᠭᠡ  ᠵᠠᠩᠭᠢ ᠨᠢ ᠪᠦᠬᠦ ᠲᠠᠯ᠎ᠠ ᠵᠢᠨ ᠪᠦᠭᠡᠳ ᠦᠨᠡᠨ ᠪᠣᠳᠠᠲᠠᠢ ᠢᠲᠡᠭᠡᠮᠵᠢᠲᠡᠢ ᠪᠠᠢᠵᠤ ᠂ ᠠᠵᠤ ᠠᠬᠤᠢᠯᠠᠯ ᠤ᠋ᠨ ᠳᠤᠬᠠᠢ ᠵᠠᠳᠠᠯᠤᠯᠲᠠ ᠬᠢᠬᠦ ᠵᠢ ᠪᠡᠶᠡᠯᠡᠭᠦᠯᠪᠡ᠃ ᠲᠠᠪᠴᠠᠩ ᠳ᠋ᠤ ᠵᠠᠰᠠᠭ ᠤ᠋ᠨ ᠣᠷᠳᠣᠨ ᠪᠣᠯᠤᠨ ᠮᠥᠩᠭᠥᠨ ᠭᠦᠢᠯᠭᠡᠭᠡᠨ ᠤ᠋ ᠪᠠᠢᠭᠤᠯᠤᠮᠵᠢ᠂ ᠦᠢᠯᠡᠴᠢᠯᠡᠭᠡᠨ ᠤ᠋ ᠰᠠᠯᠠᠭ᠎ᠠ ᠮᠥᠴᠢᠷ ᠵᠡᠷᠭᠡ ᠭᠤᠷᠪᠠᠨ ᠲᠠᠯ᠎ᠠ ᠵᠢᠨ ᠮᠡᠳᠡᠭᠡ ᠵᠠᠩᠭᠢ ᠲᠡᠢ᠃ ᠡᠨᠡ ᠨᠢ ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠪᠠ ᠮᠥᠩᠭᠥᠨ ᠭᠦᠢᠯᠭᠡᠭᠡᠨ ᠤ᠋ ᠪᠠᠢᠭᠤᠯᠤᠮᠵᠢ ᠂ ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠪᠠ ᠦᠢᠯᠡᠴᠢᠯᠡᠭᠡᠨ ᠤ᠋ ᠰᠠᠯᠠᠭ᠎ᠠ ᠮᠥᠴᠢᠷ ᠤ᠋ᠨ ᠬᠣᠭᠣᠷᠣᠨᠳᠣᠬᠢ ᠥᠨᠳᠥᠷ ᠪᠦᠲᠦᠮᠵᠢᠲᠡᠢ ᠂ ᠪᠣᠳᠠᠲᠤ ᠦᠷ᠎ᠡ ᠪᠦᠲᠦᠮᠵᠢ ᠲᠡᠢ ᠨᠡᠪᠲᠡᠷᠡᠯᠴᠡᠬᠦ ᠬᠥᠭᠥᠷᠭᠡ ᠪᠣᠯᠵᠤ ᠂ ᠲᠥᠷᠥ ᠵᠢᠨ ᠪᠣᠳᠣᠯᠭ᠎ᠠ ᠵᠢ ᠣᠨᠣᠴᠠᠲᠠᠢ ᠪᠠᠷ ᠰᠢᠭᠤᠳ ᠬᠦᠷᠭᠡᠬᠦ ᠂ ᠬᠡᠷᠡᠭᠴᠡᠭᠡ ᠱᠠᠭᠠᠷᠳᠠᠯᠭ᠎ᠠ ᠵᠢ ᠣᠨᠣᠴᠠᠲᠠᠢ ᠪᠠᠷ ᠵᠣᠯᠭᠠᠭᠤᠯᠬᠤ ᠵᠢ ᠪᠡᠶᠡᠯᠡᠭᠦᠯᠵᠦ ᠂ ᠮᠠᠯ ᠠᠵᠤ ᠠᠬᠤᠢ᠎ᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ ᠤ᠋ᠨ ᠡᠷᠡᠭᠦᠯ ᠵᠢᠡᠷ ᠬᠥᠭᠵᠢᠬᠦ ᠳ᠋ᠦ᠍ ᠬᠦᠴᠦᠨ ᠨᠡᠮᠡᠷᠢᠯᠡᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号