《 ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠭᠠᠯᠲᠤ ᠲᠡᠷᠭᠡᠨ ᠳ᠋ᠤ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠡᠭᠡᠭᠡᠪᠤᠷᠢᠯᠡᠨ ᠠᠯᠤᠰ ᠧᠦ᠋ᠷᠣᠫᠠ ᠳ᠋ᠤ ᠪᠣᠷᠣᠯᠠᠭᠤᠯᠤᠨ᠎ᠠ
2023-01-30 19:31:20
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

ᠤᠷᠠᠳ᠎ᠤᠨ ᠬᠣᠢᠲᠤ ᠬᠣᠰᠢᠭᠤ ᠣᠷᠣᠨ ᠪᠠᠢᠷᠢ᠎ᠶᠢᠨ ᠳᠠᠪᠠᠭᠤᠯᠢᠭ ᠪᠠ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ 《ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠥᠲᠥᠭᠡᠨ ᠪᠠᠢᠭᠤᠯᠬᠤ》 ᠪᠠ 《 ᠨᠢᠭᠡ ᠪᠦᠰᠡ ᠨᠢᠭᠡ ᠵᠠᠮ》 ᠤ᠋ᠨ ᠪᠥᠲᠥᠭᠡᠨ ᠪᠠᠢᠭᠤᠯᠤᠯᠲᠠ᠎ᠳᠤ ᠠᠭᠤᠰᠤᠯᠴᠠᠬᠤ᠎ᠶᠢ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ  ᠳᠡᠪᠰᠢᠬᠦ  ᠪᠠ ᠴᠢᠨᠠᠷ ᠰᠠᠢᠲᠠᠶ ᠬᠥᠭᠵᠢᠯᠲᠡ᠎ᠶᠢᠨ ᠰᠢᠪᠲᠤᠯᠤᠯᠲᠠ᠎ᠶᠢᠨ ᠴᠡᠭ ᠪᠣᠯᠭᠠᠵᠤ᠂ 《ᠳᠤᠮᠳᠠᠳᠤ  ᠧᠦ᠋ᠷᠣᠫᠠ᠎ᠶᠢᠨ  ᠵᠢᠰᠢᠶᠠᠨ᠎ᠤ ᠭᠠᠯᠲᠤ ᠲᠡᠷᠭᠡᠨ᠎ᠳᠦ ᠰᠠᠭᠤᠵᠤ᠂ ᠠᠯᠲᠠᠨ ᠬᠤᠲᠠ ᠲᠡᠮᠦᠷ ᠵᠠᠮ᠎ᠤᠨ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ ᠲᠣᠭᠣᠷᠢᠭ᠎ᠢᠶᠠᠷ ᠲᠥᠪ ᠪᠣᠯᠭᠠᠨ᠂ ᠭᠠᠳᠠᠭᠰᠢ  ᠨᠡᠭᠡᠭᠡᠯᠲᠡ ᠬᠢᠬᠦ  ᠲᠡᠮᠦᠷ  ᠵᠠᠮ᠎ᠤᠨ  ᠭᠠᠷᠠᠮ᠎ᠤᠨ ᠥᠯᠢᠭᠡᠷ ᠳᠠᠭᠤᠷᠢᠶᠠᠯ᠎ᠢ ᠪᠣᠶ ᠪᠣᠯᠭᠠᠬᠤ》 ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠢᠯᠣᠭᠣᠳᠣᠯᠭ᠎ᠠ ᠳᠤᠤᠷ᠎ᠠ᠂ ᠰᠢᠨ᠎ᠡ ᠬᠥᠭᠵᠢᠯᠲᠡ᠎ᠶᠢᠨ ᠪᠠᠢᠷᠢᠰᠢᠯ᠎ᠳᠤ ᠴᠢᠷᠮᠠᠢᠨ ᠠᠭᠤᠰᠤᠯᠴᠠᠪᠠ᠃


QQ截图20230130193432.png


《ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠭᠠᠯᠲᠤ ᠲᠡᠷᠭᠡᠨ ᠳ᠋ᠤ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠲᠡᠭᠡᠭᠡᠪᠤᠷᠢᠯᠡᠨ ᠠᠯᠤᠰ ᠧᠦ᠋ᠷᠣᠫᠠ ᠳ᠋ᠤ ᠪᠣᠷᠣᠯᠠᠭᠤᠯᠬᠤ ᠪᠠᠷ ᠪᠠᠢᠭ᠎ᠠ ᠨᠢ᠃


2022 ᠣᠨ᠎ᠤ 1 ᠰᠠᠷ᠎ᠠ᠎ᠶᠢᠨ 12᠎ᠤ᠋ᠨ ᠡᠳᠦᠷ᠂ ᠠᠩᠬᠠᠨ᠎ᠤ ᠴᠤᠪᠤᠭ᠎ᠠ 《 ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ ᠲᠡᠷᠭᠡ᠎ᠪᠠᠷ ᠲᠡᠭᠡᠭᠡᠪᠦᠷᠢᠯᠡᠨ ᠶᠠᠪᠤᠭᠤᠯᠵᠤ᠂ ᠵᠢᠯ᠎ᠦᠨ ᠡᠴᠦᠰ ᠪᠣᠯᠬᠤ᠎ᠳᠤ 《 ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠭᠠᠯᠲᠤ ᠲᠡᠷᠭᠡ ᠨᠢ ᠨᠡᠢᠲᠡ 27 ᠴᠤᠪᠤᠭ᠎ᠠ ᠨᠡᠪᠲᠡᠷᠡᠵᠦ᠂ ᠨᠡᠢᠲᠡ 3.6 ᠲᠦᠮᠡᠨ ᠲᠣᠨ ᠡᠳ᠋ ᠪᠠᠷᠠᠭ᠎ᠠ᠎ᠶᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ᠎ᠵᠢ ᠪᠡᠶᠡᠯᠡᠭᠦᠯᠵᠦ᠂ ᠭᠠᠳᠠᠭᠠᠳᠤ᠎ᠠᠴᠠ ᠣᠷᠣᠭᠤᠯᠵᠤ  ᠭᠠᠳᠠᠭᠠᠳᠤ᠎ᠳᠤ ᠭᠠᠷᠭᠠᠬᠤ ᠠᠷᠠᠯᠵᠢᠶᠠᠨ᠎ᠤ  ᠦᠷᠲᠡᠭ᠎ᠢ 2.7 ᠳ᠋ᠦᠩᠰᠢᠭᠤᠷ ᠲᠥᠭᠥᠷᠢᠭ ᠪᠡᠶᠡᠯᠡᠭᠦᠯᠪᠡ᠃ 《ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠭᠠᠯᠲᠤ ᠲᠡᠷᠭᠡ ᠨᠢ ᠪᠠᠰᠠ《ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠲᠤᠭᠲᠠᠭᠰᠠᠨ ᠲᠥᠯᠥᠪᠯᠡᠭᠡ (ᠲᠣᠭᠲᠠᠭᠰᠠᠨ ᠴᠡᠭ ᠂ ᠲᠣᠭᠲᠠᠭᠰᠠᠨ ᠴᠠᠭ ᠂ ᠲᠣᠭᠲᠠᠭᠰᠠᠨ ᠱᠤᠭᠤᠮ᠎ᠤᠨ ᠪᠠᠷᠠᠭ᠎ᠠ ᠲᠡᠭᠡᠭᠡᠪᠦᠷᠢᠯᠡᠬᠦ ᠵᠢᠰᠢᠶᠠᠨ᠎ᠤ ᠭᠠᠯᠲᠤ ᠲᠡᠷᠭᠡ)》 ᠳ᠋ᠤ ᠠᠮᠵᠢᠯᠲᠠ᠎ᠲᠠᠶ᠎ᠪᠠᠷ ᠣᠷᠣᠯᠴᠠᠵᠤ᠂ ᠪᠠᠢᠩᠭᠤᠵᠢᠭᠰᠠᠨ ᠡᠵᠡᠩᠨᠡᠯᠲᠡ᠎ᠶᠢ ᠪᠡᠶᠡᠯᠡᠭᠦᠯᠪᠡ᠃ ᠪᠠᠶᠠᠨᠨᠠᠭᠤᠷ ᠬᠣᠲᠠ᠎ᠶᠢᠨ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭᠠᠳᠤ ᠭᠠᠷᠭᠠᠯᠲᠠ᠎ᠶᠢᠨ ᠬᠡᠮᠵᠢᠶ᠎ᠡ 14 ᠵᠢᠯ ᠳᠠᠷᠠᠭᠠᠯᠠᠨ ᠪᠦᠬᠦ ᠣᠷᠣᠨ᠎ᠤ ᠲᠡᠷᠢᠭᠦᠨ᠎ᠳᠦ ᠣᠷᠣᠪᠠ᠃

2023 ᠣᠨ᠎ᠳᠤ ᠂  ᠤᠷᠠᠳ᠎ᠤᠨ ᠬᠣᠢᠲᠤ ᠬᠣᠰᠢᠭᠤ  ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠬᠡᠮᠵᠢᠶ᠎ᠡ ᠵᠢ ᠨᠡᠮᠡᠭᠳᠡᠭᠦᠯᠦᠨ ᠪᠠᠭᠲᠠᠭᠠᠮᠵᠢ᠎ᠶᠢ ᠦᠷᠭᠡᠳᠭᠡᠬᠦ᠎ᠶᠢ ᠠᠬᠢᠭᠤᠯᠵᠤ ᠂ 《ᠤᠷᠠᠳ᠎ᠤᠨ ᠬᠣᠢᠲᠤ ᠬᠣᠰᠢᠭᠤ ᠨᠡᠷᠡᠮᠵᠢᠲᠦ》 ᠭᠠᠯᠲᠤ  ᠲᠡᠷᠭᠡ᠎ᠶᠢ  ᠪᠥᠬᠥ  ᠵᠢᠯ᠎ᠳᠦ 35 ᠴᠤᠪᠤᠭ᠎ᠠ᠎ᠠᠴᠠ ᠳᠡᠭᠡᠭᠰᠢ ᠨᠡᠪᠲᠡᠷᠡᠭᠦᠯᠵᠦ᠂ ᠨᠥᠯᠥᠭᠡᠯᠡᠨ ᠳᠠᠢᠴᠢᠯᠠᠬᠤ᠎ᠶᠢ ᠴᠢᠩᠭᠠᠳᠬᠠᠨ᠂ ᠪᠣᠭᠣᠮᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠲᠠᠯᠠᠪᠤᠷ ᠭᠠᠵᠠᠷ᠎ᠢ ᠪᠠᠢᠭᠤᠯᠵᠤ ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ  ᠦᠢᠯᠡᠴᠢᠯᠡᠭᠡᠨ᠎ᠦ  ᠪᠠᠲᠤᠯᠠᠭ᠎ᠠ᠎ᠶᠢ ᠪᠥᠬᠥ ᠲᠠᠯ᠎ᠠ᠎ᠪᠠᠷ ᠰᠠᠢᠲᠤᠷ ᠬᠢᠵᠦ ᠂ ᠨᠠᠩ ᠣᠯᠠᠨ ᠣᠨᠴᠠᠯᠢᠭᠲᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ 《ᠤᠷᠠᠳ᠎ᠤᠨ ᠬᠣᠢᠲᠤ ᠬᠣᠰᠢᠭᠤ ᠨᠡᠷᠡᠮᠵᠢᠲᠦ 》 ᠭᠠᠯᠲᠤ ᠲᠡᠷᠭᠡᠨ᠎ᠳᠤ ᠳᠡᠭᠡᠭᠰᠢᠯᠡᠬᠦᠯᠵᠤ  ᠠᠯᠤᠰ ᠧᠦ᠋ᠷᠣᠫᠠ᠎ᠳᠤ ᠪᠣᠷᠣᠯᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号