ᠤᠮᠠᠷᠠᠳᠤ ᠬᠢᠯᠢ ᠪᠠᠨ ᠦᠨᠡᠨᠴᠢ᠎ᠪᠡᠷ ᠰᠠᠬᠢᠨ ᠬᠠᠮᠠᠭᠠᠯᠠᠵᠦ ᠡᠶ᠎ᠡ ᠨᠠᠢᠷᠠᠮᠳᠠᠯ᠎ᠢ ᠠᠬᠢᠭᠤᠯᠬᠤ᠎ᠳᠦ ᠵᠢᠳᠬᠦᠯ ᠴᠢᠷᠮᠠᠢᠯᠭ᠎ᠠ ᠦᠵᠡᠭᠦᠯᠦᠨ᠎ᠡ
2023-01-30 11:02:04
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠤᠨ ᠵᠢᠯ ᠤᠯᠠᠷᠢᠨ ᠰᠢᠨ᠎ᠡ ᠤᠨ ᠠᠢᠯᠴᠢᠯᠠᠨ ᠰᠠᠭᠠᠳᠠᠵᠤ᠂ ᠠᠷᠠᠳ ᠲᠦᠮᠡᠨ ᠤ᠋ ᠬᠠᠮᠠᠭᠠᠯᠠᠬᠴᠢ ᠪᠤᠯᠤᠬᠰᠠᠨ ᠳᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠬᠢᠨ ᠡᠷᠡᠯᠭᠡᠭᠯᠡᠨ ᠲᠡᠮᠡᠴᠡᠵᠦ ᠡᠷᠡᠮᠡᠬᠡᠢᠯᠡᠨ ᠤᠷᠤᠬᠰᠢᠯᠠᠨ᠎ᠠ᠃

2022 ᠤᠨ ᠳ᠋ᠤ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍᠂ 《ᠨᠠᠮ ᠤ᠋ᠨ ᠬᠣᠷᠢᠳᠤᠭᠠᠷ ᠶᠡᠬᠡ ᠬᠤᠷᠠᠯ᠎ᠢ ᠪᠠᠶᠠᠷᠯᠠᠨ ᠤᠭ᠍ᠲᠤᠵᠤ᠂ ᠠᠮᠤᠷ ᠠᠮᠤᠭᠤᠯᠠᠩ᠎ᠢ ᠦᠨᠡᠨᠴᠢ ᠱᠢᠳᠤᠷᠭᠤ ᠪᠡᠷ ᠪᠠᠲᠤᠯᠠᠬᠤ》 ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍ ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠂ ᠱᠢᠨ᠎ᠡ ᠵᠢᠳᠬᠦᠯ ᠴᠢᠷᠮᠠᠢᠯᠭ᠎ᠠ᠎ᠪᠠᠷ᠎ᠢᠶᠠᠨ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠴᠢᠷᠮᠠᠢᠨ ᠠᠬᠢᠭᠤᠯᠬᠤ ᠠᠮᠢᠳᠤᠯᠢᠭ ᠦᠶ᠋ᠯᠡᠳᠦᠯᠭᠡ ᠳᠤᠮᠳᠠ 《ᠲᠠᠪᠤᠨ ᠲᠡᠷᠢᠭᠦᠨ ᠲᠠᠰ》 ᠎ᠤᠨ ᠱᠢᠨ᠎ᠡ ᠪᠠᠢᠷᠢᠱᠢᠯ᠎ᠢ ᠪᠠᠢᠭᠤᠯᠵᠤ᠂ ᠠᠮᠤᠭᠤᠯᠠᠩᠳᠤ ᠦᠪᠦᠷ ᠮᠤᠩᠭᠤᠯ  ᠢ᠋ ᠪᠦᠳᠦᠭᠡᠨ ᠪᠠᠢᠭᠤᠯᠬᠤ᠎ᠳᠦ ᠬᠦᠴᠦᠨ ᠴᠢᠳᠠᠯ ᠵᠢᠡᠨ ᠡᠷᠭᠦᠨ᠎ᠡ᠃

ᠡᠬᠡ ᠤᠯᠤᠰ᠎ᠤᠨ ᠤᠮᠠᠷᠠᠲᠤ ᠬᠢᠯᠢ᠎ᠶ᠋ᠢᠨ ᠥᠨᠢ ᠤᠳᠠᠭᠠᠨ ᠠᠮᠤᠷ ᠲᠣᠭ᠍ᠲᠠᠭᠤᠨ᠎ᠢ ᠰᠠᠬᠢᠨ ᠬᠠᠮᠠᠭᠠᠯᠠᠪᠠ

2022 ᠤᠨ ᠳ᠋ᠤ ᠂ ᠮᠠᠨ ᠤ᠋ ᠤᠷᠤᠨ ᠤ᠋ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠡᠷᠡᠰ ᠭᠤᠢᠪᠢᠰᠢ ᠦᠭᠡᠢ ᠴᠢᠩᠭᠠᠳᠭᠠᠪᠠ᠃ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠬᠠᠮᠢᠶᠠᠷᠴᠤ᠌ ᠴᠠᠭ᠍ᠳᠠᠭ᠎ᠠ᠎ᠶ᠋ᠢ ᠴᠢᠩᠭ᠎ᠠ ᠵᠠᠰᠠᠵᠤ ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠥ᠎ᠶ᠋ᠢᠨ ᠠᠮᠢᠳᠤᠷᠠᠯ᠎ᠢ ᠪᠣᠯᠬᠢᠴᠢᠯᠠᠬᠰᠠᠨ ᠠᠷᠠᠯᠵᠢᠶᠠᠯᠠᠬᠰᠠᠨ ᠠᠰᠠᠭᠤᠳᠠᠯ᠎ᠢ ᠲᠥᠪᠯᠡᠷᠡᠭᠦᠯᠦᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍ ᠂ ᠲᠠᠷᠬᠠᠭᠠᠭ᠍ᠰᠠᠨ ᠬᠤᠤᠷ ᠨᠥᠯᠥᠭᠡ᠎ᠶ᠋ᠢ ᠠᠷᠢᠯᠭᠠᠬᠤ ᠲᠤᠰᠭᠠᠶ ᠠᠵᠢᠯ᠎ᠢ  ᠬᠦᠨᠵᠡᠬᠡᠢᠷᠡᠬᠦᠯᠪᠡ; ᠤᠯᠤᠰ ᠲᠥᠷᠥ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢ ᠴᠢᠩᠭᠠᠳᠭᠠᠵᠤ ᠂ ᠲᠢᠩᠬᠢᠮ᠎ᠦᠨ ᠱᠢᠭᠤᠳ ᠬᠠᠷᠢᠶ᠎ᠠ ᠰᠠᠯᠠᠭ᠎ᠠ ᠮᠥᠴᠢᠷ ᠪᠠ 12 ᠠᠢᠮᠠᠭ ᠬᠣᠲᠠ ᠂ 103 ᠬᠣᠱᠢᠭᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠳᠤ ᠤᠯᠤᠰ ᠲᠥᠷᠥ᠎ᠶ᠋ᠢᠨ ᠲᠣᠭᠣᠷᠢᠨ ᠪᠠᠢᠴᠠᠭᠠᠯᠲᠠ ᠪᠠ ᠤᠯᠤᠰ ᠲᠥᠷᠥ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢ ᠥᠷᠨᠢᠭᠦᠯᠵᠦ᠍ ᠂ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠬᠦ᠌᠎ᠶ᠋ᠢ ᠳᠣᠲᠣᠭᠠᠳᠤ᠎ᠶ᠋ᠢ ᠬᠠᠮᠠᠭᠠᠯᠠᠬᠤ ᠲᠤᠬᠠᠢᠯᠠᠭ᠍ᠰᠠᠨ ᠠᠵᠢᠯ ᠪᠠ ᠡᠩᠨᠡᠭᠡ᠎ᠶ᠋ᠢᠨ ᠪᠠᠢᠭᠤᠯᠤᠯᠲᠠ᠎ᠶ᠋ᠢᠨ ᠡᠯ᠎ᠡ ᠲᠠᠯ᠎ᠠ ᠪᠥᠬᠥ᠌ ᠶᠠᠪᠤᠴᠠ᠎ᠳᠤ ᠲᠤᠭᠤᠰᠢᠯᠠᠭᠤᠯᠪᠠ᠃

2022 ᠤᠨ ᠳ᠋ᠤ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ  《ᠨᠠᠮ ᠤ᠋ᠨ ᠬᠣᠷᠢᠳᠤᠭᠠᠷ ᠶᠡᠬᠡ ᠬᠤᠷᠠᠯ᠎ᠢ ᠪᠠᠶᠠᠷᠯᠠᠨ ᠤᠭ᠍ᠲᠤᠵᠤ ᠂ ᠠᠮᠤᠷ ᠠᠮᠤᠭᠤᠯᠠᠩ᠎ᠢ ᠦᠨᠡᠨᠴᠢ ᠱᠢᠳᠤᠷᠭᠤ᠎ᠪᠠᠷ ᠪᠠᠲᠤᠯᠠᠬᠤ》 ᠭᠤᠤᠯ ᠰᠡᠳᠦᠪᠲᠦ ᠦᠶ᠋ᠯᠡᠳᠦᠯᠭᠡ᠎ᠶ᠋ᠢᠨ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ ᠂ ᠡᠬᠡ ᠤᠯᠤᠰ᠎ᠤᠨ 《ᠤᠮᠠᠷᠠᠳᠤ ᠶᠡᠬᠡ ᠬᠠᠭᠠᠯᠭ᠎ᠠ》 ᠎ᠶ᠋ᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠳᠠ ᠵᠢᠨ ᠭᠤᠤᠯ》 ᠎ᠢ ᠪᠠᠲᠤ ᠴᠣᠭ᠍ᠴᠠᠯᠠᠬᠤ᠎ᠳᠤ ᠦᠨᠡᠨ ᠬᠦ᠌ ᠱᠢᠳᠤᠷᠭᠤ ᠬᠠᠮᠠᠭᠠᠯᠠᠭ᠍ᠴᠢ ᠪᠤᠯᠪᠠ᠃ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠡᠷᠡᠰ ᠪᠣᠳᠠᠲᠠᠶ᠎ᠳᠤ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠲᠣᠭ᠍ᠲᠠᠭᠤᠨ ᠤᠯᠤᠰ ᠲᠥᠷᠥ᠍ ᠨᠡᠢᠭᠡᠮ᠎ᠦᠨ ᠣᠷᠴᠢᠨ ᠲᠣᠭᠣᠷᠢᠨ᠎ᠢ ᠡᠭᠦᠳᠴᠦ᠍ ᠦᠭᠪᠡ᠃

ᠤᠯᠤᠰ ᠲᠥᠷᠥ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠳ᠋ᠤ ᠰᠠᠨᠠᠭᠠᠴᠢᠯᠠᠭᠠᠳᠤ ᠲᠠᠢᠯᠠᠯᠳᠤᠭᠠᠨ ᠬᠢᠬᠦ ᠴᠢᠬᠤᠯᠠᠳᠠᠢ ᠶᠤᠮ᠃ ᠪᠦᠬᠦ᠌ ᠣᠷᠣᠨ᠎ᠤ ᠰᠦᠷᠳᠡᠭᠦᠯᠦᠯ᠎ᠢ ᠡᠰᠡᠷᠭᠦᠴᠡᠬᠦ᠌ ᠶᠡᠷᠦᠩᠬᠡᠢᠯᠡᠭ᠌ᠰᠡᠨ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠂《 ᠨᠠᠮ᠎ᠤᠨ ᠬᠣᠷᠢᠳᠤᠭᠠᠷ ᠶᠡᠬᠡ ᠬᠤᠷᠠᠯ᠎ᠢ ᠪᠠᠶᠠᠷᠯᠠᠨ ᠤᠭ᠍ᠲᠤᠵᠤ᠂ ᠠᠮᠤᠷ ᠲᠦᠪᠱᠢᠨ᠎ᠢ ᠦᠨᠡᠨᠴᠢ ᠱᠢᠳᠤᠷᠭᠤ᠎ᠪᠠᠷ ᠪᠠᠲᠤᠯᠠᠬᠤ》 ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠤᠯᠤᠰ ᠲᠦᠷᠦ᠍᠎ᠶ᠋ᠢᠨ ᠭᠡᠱᠢᠭᠦᠨ᠎ᠦ ᠬᠡᠪ ᠪᠣᠯᠪᠠᠰᠤᠷᠠᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠩᠬᠢ᠂ 《 ᠠᠷᠠᠳ᠎ᠤᠨ ᠴᠠᠭ᠍ᠳᠠᠭ᠎ᠠ ᠡᠮᠦᠨ᠎ᠡ ᠹᠷᠣᠨᠲ᠎ᠲᠤ ᠬᠦᠷᠴᠦ ᠂ ᠠᠮᠤᠷ ᠠᠮᠤᠭᠤᠯᠠᠩ᠎ᠢ ᠦᠨᠡᠨ ᠬᠦ᠌ ᠪᠠᠲᠤᠯᠠᠬᠤ》 ᠦᠨᠳᠦᠰᠦᠨ ᠱᠠᠲᠤᠨ᠎ᠳᠤ ᠭᠦᠨᠵᠡᠭᠡᠢᠷᠡᠬᠦ ᠠᠵᠢᠯᠯᠠᠭ᠎ᠠ ᠶᠠᠪᠤᠬᠳᠠᠭᠤᠯᠪᠠ᠃

ᠨᠠᠮ᠎ᠤᠨ ᠬᠣᠷᠢᠳᠤᠭᠠᠷ ᠶᠡᠬᠡ ᠬᠤᠷᠠᠯ ᠠᠮᠵᠢᠯᠲᠠ᠎ᠲᠠᠶ ᠬᠤᠷᠠᠯᠳᠤᠭ᠍ᠰᠠᠨ᠎ᠤ ᠳᠠᠷᠠᠭ᠎ᠠ ᠂ ᠴᠠᠭ᠍ᠳᠠᠭᠠᠨ᠎ᠤ ᠬᠤᠸᠠᠷᠠᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠵᠢ ᠦᠳᠳᠡᠷ ᠲᠦᠷᠭᠡᠨ ᠭᠠᠷᠭᠠᠵᠤ᠌ ᠂ ᠪᠦᠬᠦ᠌ ᠣᠷᠣᠨ᠎ᠤ ᠡᠯ᠎ᠡ ᠱᠠᠲᠤᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠠᠮᠲᠤ᠎ᠶ᠋ᠢᠨ ᠰᠤᠷᠤᠯᠴᠠᠯᠭ᠎ᠠ ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ 1 . 2 ᠲᠦᠮᠡᠨ ᠤᠳᠠᠭ᠎ᠠ ᠵᠣᠬᠢᠶᠠᠨ ᠪᠠᠢᠭᠤᠯᠤᠨ ᠦᠷᠨᠢᠬᠦᠯᠪᠡ᠃

ᠱᠢᠨ᠎ᠡ ᠴᠠᠭ ᠦᠶ᠎ᠡ᠎ᠶ᠋ᠢᠨ ᠲᠠᠯ᠎ᠠ ᠨᠤᠲᠤᠭ᠎ᠤᠨ ᠠᠮᠤᠷ ᠠᠮᠤᠭᠤᠯᠠᠩ᠎ᠤ᠋ᠨ  ᠪᠦᠷᠢᠶ᠎ᠡ ᠵᠢ ᠬᠠᠩᠬᠢᠨᠠᠭᠤᠯᠪᠠ

2022 ᠤᠨ ᠳ᠋ᠤ᠂ ᠪᠥᠬᠥ᠌ ᠤᠯᠤᠰ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠵᠣᠨ᠎ᠤ ᠤᠯᠠᠷᠢᠯ᠎ᠤᠨ ᠠᠮᠤᠷ᠎ᠢ ᠬᠠᠮᠠᠭᠠᠯᠠᠬᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《 ᠵᠠᠭᠤᠨ ᠡᠳᠦᠷ᠎ᠦᠨ ᠠᠵᠢᠯᠯᠠᠭ᠎ᠠ 》 ᠨᠢ ᠠᠮᠤᠷ ᠲᠦᠪᠱᠢᠨ᠎ᠢ ᠬᠠᠮᠠᠭᠠᠯᠠᠬᠤ 《ᠲᠠᠭᠠᠷᠢᠯᠲᠠ᠎ᠶ᠋ᠢᠨ ᠪᠦᠷᠢᠶ᠎ᠡ》 ᠵᠢ ᠬᠠᠩᠬᠢᠨᠠᠭᠤᠯᠤᠨ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 《ᠵᠠᠭᠤᠨ ᠡᠳᠦᠷ᠎ᠦᠨ ᠠᠵᠢᠯᠯᠠᠭ᠎ᠠ》 ᠵᠢ ᠡᠷᠴᠢᠮᠳᠡᠢ ᠠᠬᠢᠭᠤᠯᠵᠤ ᠂ ᠴᠠᠬᠳᠠᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠡᠷ ᠵᠡᠭᠡᠯᠢ ᠭᠤᠳᠤᠮᠵᠢ᠎ᠳᠤ ᠭᠠᠷᠭᠠᠵᠤ ᠂ ᠨᠡᠢᠭᠡᠮ ᠲᠣᠭᠣᠷᠢᠭ᠎ᠲᠤ ᠭᠦᠨᠵᠡᠭᠡᠢᠷᠡᠬᠦᠯᠵᠦ᠍ ᠂ ᠤᠯᠠᠨ ᠲᠦᠮᠡᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠵᠣᠬᠢᠶᠠᠨ ᠪᠠᠢᠭᠤᠯᠤᠨ ᠳᠠᠢ᠌ᠴᠢᠯᠠᠵᠤ᠂ ᠨᠡᠢᠭᠡᠮ᠎ᠦᠨ ᠠᠮᠤᠷ᠎ᠢ ᠬᠠᠮᠠᠭᠠᠯᠠᠬᠤ ᠡᠵᠡᠮᠳᠡᠬᠦ᠌ ᠬᠦᠴᠦᠨ᠎ᠢ ᠴᠢᠩᠭᠠᠳᠭᠠᠵᠤ ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠬᠡ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ 《ᠵᠠᠭᠤᠨ ᠡᠳᠦᠷ᠎ᠦᠨ ᠠᠵᠢᠯᠯᠠᠭ᠎ᠠ》 ᠵᠢᠨ ᠬᠤᠭᠤᠴᠠᠭᠠᠨ ᠳ᠋ᠤ ᠂ ᠪᠥᠬᠥ᠌ ᠣᠷᠣᠨ᠎ᠤ ᠫᠠᠢᠰᠠ ᠡᠯᠭᠦᠨ ᠴᠡᠭ᠌ᠴᠡᠯᠡᠨ ᠵᠠᠰᠠᠬᠤ ᠭᠤᠤᠯᠳᠠᠯᠭ᠎ᠠ᠎ᠲᠠᠶ ᠭᠠᠵᠠᠷ ᠣᠷᠣᠨ ᠂ ᠱᠠᠯᠠᠪᠳᠠᠭᠤᠯᠤᠨ ᠰᠢᠢᠳᠪᠦᠷᠢᠯᠡᠭᠰᠡᠨ ᠭᠤᠤᠯᠳᠠᠯᠭ᠎ᠠ ᠲᠠᠢ ᠬᠡᠷᠡᠭ  ᠢ᠋  ᠪᠦᠬᠦᠨ᠎ᠢ ᠪᠠᠢᠴᠠᠭᠠᠨ ᠱᠢᠶ᠋ᠳᠪᠦᠷᠢᠯᠡᠵᠦ᠍ ᠂ ᠪᠥᠬᠥ᠌ ᠣᠷᠣᠨ᠎ᠤ ᠡᠷᠡᠭᠦᠦ᠍᠎ᠶ᠋ᠢᠨ ᠬᠡᠷᠡᠭ ᠂ ᠠᠮᠤᠷ᠎ᠢ ᠬᠠᠮᠠᠭᠠᠯᠠᠬᠤ ᠬᠡᠷᠡᠭ  ᠤ᠋ᠨ  ᠪᠠᠢᠳᠠᠯ ᠠᠳᠠᠯᠢ ᠬᠤᠭᠤᠴᠠᠭᠠᠨ᠎ᠤ᠎ᠬᠢ᠎ᠡᠴᠡ 46.6% ᠂ 18.7 % ᠎ᠪᠠᠷ ᠪᠠᠭᠤᠷᠠᠪᠠ᠃

《ᠲᠣᠭ᠍ᠲᠠᠭᠤᠨ᠎ᠳᠤ ᠬᠣᠯᠪᠣᠭ᠍ᠳᠠᠬᠤ ᠬᠡᠮ ᠰᠣᠭᠣᠭ᠎ᠢ ᠠᠷᠢᠯᠭᠠᠵᠤ᠂ ᠠᠮᠤᠷ ᠲᠦᠪᠱᠢᠨ᠎ᠦ ᠳᠠᠯᠳᠠ ᠭᠡᠮ᠎ᠢ ᠴᠡᠪᠡᠷᠯᠡᠨ ᠠᠷᠢᠯᠭᠠᠵᠤ᠂ ᠬᠦᠨᠳᠦ ᠨᠣᠴᠢᠲᠠᠢ ᠬᠦᠴᠦᠷᠬᠡᠭ᠌ᠯᠡᠯ᠎ᠦᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ᠂ ᠣᠯᠠᠨᠲᠠ ᠡᠭᠦᠰᠭᠦ ᠴᠢᠨᠠᠷᠲᠠᠶ ᠡᠳ᠋ ᠬᠥᠷᠥᠩᠭᠡ᠎ᠳᠦ ᠬᠠᠯᠳᠠᠭ᠍ᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠪᠡ᠃》 2022 ᠤᠨ ᠳ᠋ᠤ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ《ᠬᠣᠶᠠᠷ᠎ᠢ ᠢᠯᠭᠠᠷᠠᠭᠤᠯᠵᠤ ᠬᠣᠶᠠᠷ ᠲᠦ᠍ ᠴᠤᠬᠢᠯᠳᠠ ᠦᠭᠬᠦ》 ᠲᠤᠰᠭᠠᠶ ᠠᠵᠢᠯᠯᠠᠭ᠎ᠠ᠎ᠶ᠋ᠢ ᠦᠷᠨᠢᠭᠦᠯᠵᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠳᠤ ᠠᠮᠤᠷ ᠲᠦᠪᠱᠢᠨ ᠲᠣᠭ᠍ᠲᠠᠭᠤᠨ ᠣᠷᠴᠢᠨ ᠲᠣᠭᠣᠷᠢᠨ᠎ᠢ ᠡᠭᠦᠳᠬᠦ᠌ 《ᠤᠯᠤᠰ ᠲᠥᠷᠥ᠎ᠶ᠋ᠢᠨ ᠲᠠᠢᠯᠠᠯᠳᠤᠭᠠᠨ》 ᠎ᠢᠶᠠᠷ ᠦᠵᠡᠵᠦ᠂ ᠪᠦᠬᠦ᠌ ᠠᠷᠠᠳ᠎ᠤᠨ ᠴᠠᠭ᠍ᠳᠠᠭ᠎ᠠ ᠡᠷᠡᠯᠬᠡᠭ᠌ᠯᠡᠨ ᠲᠡᠮᠡᠴᠡᠵᠦ᠂  ᠤᠳᠠᠭ᠎ᠠ ᠳᠠᠷᠠᠭᠠᠯᠠᠨ ᠳᠠᠭᠠᠷᠢᠯᠲᠠ ᠶᠠᠪᠤᠬᠳᠠᠭᠤᠯᠵᠤ᠂ 《ᠬᠣᠶᠠᠷ᠎ᠢ ᠢᠯᠭᠠᠷᠠᠭᠤᠯᠵᠤ ᠬᠣᠶᠠᠷ᠎ᠲᠦ᠍ ᠴᠤᠬᠢᠯᠳᠠ  ᠦᠭᠬᠦ》 ᠲᠤᠰᠭᠠᠶ ᠠᠵᠢᠯᠯᠠᠭ᠎ᠠ ᠳᠤᠮᠳᠠ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠡᠯ᠎ᠡ ᠲᠥᠷᠥᠯ᠎ᠦᠨ ᠠᠵᠢᠯ ᠲᠥᠷᠥᠯ᠎ᠦᠨ ᠲᠠᠯᠠᠪᠤᠷ ᠭᠠᠵᠠᠷ᠎ᠢ 13 . 6 ᠲᠦᠮᠡᠨ ᠤᠳᠠᠭ᠎ᠠ ᠪᠠᠢᠴᠠᠭᠠᠵᠤ᠂ 1 . 3 ᠲᠦᠮᠡᠨ ᠳᠠᠯᠳᠠ ᠬᠡᠮ᠎ᠢ ᠴᠡᠭ᠌ᠴᠡᠯᠡᠨ ᠵᠠᠰᠠᠵᠤ᠂  ᠪᠦᠬᠦ᠌ ᠣᠷᠣᠨ᠎ᠳᠤ ᠨᠡᠢᠭᠡᠮ᠎ᠦᠨ ᠨᠥᠯᠥᠭᠡ᠎ᠲᠡᠶ ᠬᠦᠨᠳᠦ ᠣᠨᠴᠠ ᠶᠡᠬᠡ ᠡᠷᠡᠭᠦᠦ᠍᠎ᠶ᠋ᠢᠨ ᠬᠡᠷᠡᠭ ᠪᠠ ᠠᠮᠤᠷ᠎ᠢ ᠬᠠᠮᠠᠭᠠᠯᠠᠬᠤ ᠬᠡᠷᠡᠭ ᠡᠬᠦᠰᠦᠭᠰᠡᠨ ᠦᠬᠡᠢ᠃

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ  ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》 ᠎ᠶ᠋ᠢ ᠪᠠᠲᠤ ᠴᠡᠭᠡᠵᠢᠯᠡᠵᠦ᠍ ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ ᠂ ᠬᠠᠤᠯᠢᠵᠢᠯ᠎ᠤᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ᠎ᠶ᠋ᠢᠨ ᠬᠠᠮᠠᠭᠠᠯᠠᠭ᠍ᠴᠢ᠂ ᠪᠥᠲᠥᠭᠡᠨ ᠪᠠᠢᠭᠤᠯᠤᠭ᠍ᠴᠢ ᠪᠤᠯᠪᠠ᠃ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠨᠡᠭᠦᠷᠡᠰᠦᠨ᠎ᠦ ᠡᠬᠢ ᠪᠠᠶᠠᠯᠢᠭ᠎ᠤᠨ ᠬᠦᠷᠢᠶᠡᠨ᠎ᠳᠡᠬᠢ ᠬᠠᠤᠯᠢ ᠲᠤᠬᠳᠠᠭᠠᠯ ᠡᠴᠨ ᠵᠦᠷᠢᠴᠡᠭᠰᠡᠨ ᠠᠰᠠᠭᠤᠳᠠᠯ᠎ᠢ ᠲᠤᠰᠭᠠᠶ ᠴᠡᠭ᠌ᠴᠡᠯᠡᠨ ᠵᠠᠰᠠᠬᠤ ᠠᠵᠢᠯ ᠢ᠋ ᠭᠦᠨᠵᠡᠭᠡᠶ ᠦᠷᠨᠢᠬᠦᠯᠵᠦ᠂ ᠨᠤᠲᠤᠭ ᠪᠡᠯᠴᠢᠭᠡᠷ ᠎ᠤᠨ ᠬᠠᠤᠯᠢ ᠲᠣᠭ᠍ᠲᠠᠭᠠᠯ᠎ᠡᠴᠨ ᠵᠥᠷᠢᠴᠡᠭ᠌ᠰᠡᠨ ᠠᠵᠢᠯᠯᠠᠭ᠎ᠠ᠎ᠶ᠋ᠢ ᠲᠤᠰᠭᠠᠶ ᠴᠡᠭ᠌ᠴᠡᠯᠡᠨ ᠵᠠᠰᠠᠬᠤ᠎ᠶ᠋ᠢ ᠠᠬᠢᠭᠤᠯᠵᠤ᠂ 《ᠨᠠᠮ ᠤ᠋ᠨ ᠬᠣᠷᠢᠳᠤᠭᠠᠷ ᠶᠡᠬᠡ ᠬᠤᠷᠠᠯ᠎ᠢ ᠤᠭ᠍ᠲᠤᠬᠤ᠂ ᠬᠠᠤᠯᠢᠵᠢᠭ᠍ᠰᠠᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠢᠯᠢᠳᠡᠭᠵᠢᠬᠦᠯᠬᠦ ᠂ ᠴᠢᠨᠠᠷ ᠰᠠᠢᠲᠠᠶ ᠬᠥᠭ᠌ᠵᠢᠯᠲᠡ᠎ᠳᠦ ᠦᠢᠯᠡᠴᠢᠯᠡᠬᠦ ᠵᠢ ᠪᠠᠳᠤᠯᠠᠬᠤ》 ᠶᠡᠬᠡ ᠶᠠᠷᠢᠯᠴᠠᠭᠠᠨ᠎ᠤ ᠠᠵᠢᠯᠯᠠᠭ᠎ᠠ ᠵᠢ ᠬᠦᠨᠵᠡᠬᠡᠢ ᠦᠷᠨᠢᠬᠦᠯᠪᠡ᠃

2022 ᠤᠨ ᠳ᠋ᠤ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠨᠡᠢᠭᠡᠮ᠎ᠦᠨ ᠲᠠᠯ᠎ᠠ᠎ᠶ᠋ᠢᠨ ᠴᠢᠩᠭ᠎ᠠ ᠬᠠᠮᠢᠶᠠᠷᠤᠨ ᠬᠢᠵᠠᠭᠠᠷᠯᠠᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠴᠢᠩᠭ᠎ᠠ ᠴᠣᠬᠢᠯᠲᠠ ᠥᠭ᠌ᠬᠦ ᠴᠢᠭ᠌ᠯᠡᠯᠲᠡ᠎ᠶ᠋ᠢ ᠭᠤᠢᠪᠢᠰᠢ ᠦᠭᠡᠢ ᠪᠠᠷᠢᠮᠳᠠᠯᠠᠵᠤ᠂  ᠢᠮᠠᠭ᠍ᠲᠠ ᠲᠡᠮᠡᠴᠡᠯ᠎ᠦᠨ ᠵᠢᠳᠠᠨ ᠦᠵᠦᠭᠦᠷ᠎ᠢᠶᠡᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠬᠠᠤᠯᠢ᠎ᠡᠴᠨ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠨᠳᠤᠭᠤᠯᠤᠨ ᠂ ᠪᠦᠬᠦ᠌ ᠵᠢᠯ᠎ᠳᠦ ᠬᠦᠨᠳᠦ ᠶᠡᠬᠡ ᠨᠥᠯᠥᠭᠡ ᠪᠦᠬᠦᠢ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠬᠡᠷᠡᠭ ᠭᠠᠷᠤᠭ᠍ᠰᠠᠨ ᠦᠭᠡᠢ᠃

2022 ᠤᠨ ᠳ᠋ᠤ ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢᠨ ᠲᠥᠯᠥᠭᠡ ᠂ 7.6 ᠲᠦᠮᠡᠨ ᠴᠠᠭ᠍ᠳᠠᠭ᠎ᠠ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳ᠋ᠤ ᠲᠤᠰᠠᠯᠠᠵᠤ ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《 ᠬᠣᠷᠢᠨ ᠵᠤᠷᠪᠤᠰ 》 ᠪᠠ 《ᠱᠢᠨ᠎ᠡ ᠠᠷᠪᠠᠨ ᠵᠤᠷᠪᠤᠰ》 ᠎ᠤᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ ᠂ ᠠᠵᠢᠯ ᠦᠶ᠋ᠯᠡᠳᠪᠦᠷᠢᠯᠡᠯ᠎ᠢᠶᠡᠨ ᠰᠡᠷᠭᠦᠭᠡᠬᠦ᠌᠎ᠶ᠋ᠢ ᠪᠠᠲᠤᠯᠠᠬᠤ ᠠᠵᠢᠯ᠎ᠳᠤ ᠦᠢᠯᠡᠴᠢᠯᠡᠪᠡ᠃

2022 ᠤᠨ ᠳ᠋ᠤ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ  ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠎ᠶ᠋ᠢ ᠪᠠᠷᠢᠮᠲᠠᠯᠠᠨ ᠬᠥᠭ᠌ᠵᠢᠭᠦᠯᠵᠦ᠍ ᠂ ᠵᠥᠷᠢᠴᠡᠯ ᠵᠢᠭᠤᠷᠠᠯᠳᠤᠭᠠᠨ᠎ᠢ ᠪᠠᠢᠴᠠᠭᠠᠨ ᠱᠢᠶ᠋ᠳᠪᠦᠷᠢᠯᠡᠬᠦ᠌ ᠂ ᠠᠮᠢᠨ ᠬᠡᠷᠡᠭ᠎ᠢ ᠰᠡᠷᠭᠡᠢᠯᠡᠨ ᠡᠵᠡᠮᠳᠡᠬᠦ᠌ ᠠᠵᠢᠯ᠎ᠢ ᠭᠦᠨᠵᠡᠭᠡᠶ ᠥᠷᠨᠢᠭᠦᠯᠵᠦ᠍ ᠂ ᠤᠳᠤ ᠪᠡᠷ ᠪᠠᠢᠭ᠎ᠠ  ᠠᠮᠢᠨ ᠬᠡᠷᠡᠭ᠎ᠢ 7 ᠵᠢᠯ ᠳᠠᠷᠠᠭᠠᠯᠠᠨ ᠪᠠᠭᠤᠷᠠᠭᠤᠯᠵᠤ᠂ 5 ᠵᠢᠯ᠎ᠳᠦ ᠪᠦᠬᠦᠨ᠎ᠢ ᠱᠢᠶ᠋ᠳᠪᠦᠷᠢᠯᠡᠪᠡ᠃ 《ᠭᠤᠷᠪᠠ᠎ᠶ᠋ᠢ ᠪᠠᠢᠴᠠᠭᠠᠵᠤ ᠨᠢᠭᠡ᠎ᠶ᠋ᠢ ᠡᠵᠡᠮᠳᠡᠬᠦ᠌》 ᠠᠵᠢᠯᠯᠠᠭ᠎ᠠ᠎ᠳᠤ ᠨᠡᠢᠲᠡ 2361 ᠲᠦᠮᠡᠨ ᠬᠥᠮᠦᠨ ᠠᠮᠠ ᠵᠢ  ᠪᠠᠢᠴᠠᠭᠠᠨ ᠳᠣᠲᠣᠯᠠᠵᠤ ᠂ 7.1 ᠲᠦᠮᠡᠨ ᠵᠥᠷᠢᠴᠡᠯ ᠵᠢᠭᠤᠷᠠᠯᠳᠤᠭᠠᠨ᠎ᠢ ᠪᠠᠢᠴᠠᠭᠠᠨ ᠱᠢᠶ᠋ᠳᠪᠦᠷᠢᠯᠡᠪᠡ᠃

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ《 ᠲᠠᠯᠪᠢᠬᠤ ᠬᠠᠮᠢᠶᠠᠷᠬᠤ ᠦᠶ᠋ᠯᠡᠴᠢᠯᠡᠬᠦ᠌ 》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠂ ᠰᠦ ᠵᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠬᠤ᠎ᠳᠤ ᠦᠶ᠋ᠯᠡᠴᠢᠯᠡᠬᠦ᠌ 6 ᠵᠦᠶ᠋ᠯ᠎ᠦᠨ ᠠᠷᠭ᠎ᠠ ᠬᠡᠮᠵᠢᠶ᠎ᠡ᠂ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠨᠠᠷᠢᠨ ᠲᠠᠩᠰᠠ ᠂ ᠠᠵᠤ ᠠᠬᠤᠢᠯᠠᠯ᠎ᠳᠤ ᠬᠣᠯᠪᠣᠭ᠍ᠳᠠᠬᠤ ᠬᠠᠤᠯᠢ᠎ᠡᠴᠨ ᠬᠥᠩᠭᠡᠪᠲᠦᠷ ᠵᠥᠷᠢᠴᠡᠭ᠌ᠰᠡᠨ ᠶᠠᠪᠤᠳᠠᠯ ᠢ᠋ ᠰᠢᠢᠳᠬᠡᠬᠦ ᠦᠬᠡᠢ ᠪᠠᠢᠬᠤ 15 ᠵᠦᠢᠯ ᠢ᠋ ᠲᠤᠬᠳᠠᠭᠠᠨ ᠬᠡᠷᠡᠭᠵᠢᠬᠦᠯᠪᠡ;  100 《 ᠨᠢᠭᠡ ᠥᠷᠲᠡᠭᠡ ᠮᠠᠶᠢᠭ 》 ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠮᠢᠯᠠᠭ᠍ᠰᠠᠨ ᠰᠠᠯᠪᠤᠷᠢ᠎ᠶ᠋ᠢ ᠪᠠᠢᠭᠤᠯᠵᠤ ᠂ ᠨᠢᠭᠤᠴᠠ᠎ᠳᠤ ᠬᠣᠯᠪᠣᠭ᠍ᠳᠠᠬᠤ ᠵᠦᠶ᠋ᠯᠡᠰ ᠪᠠ ᠤᠨᠴᠠᠭᠠᠢ ᠱᠠᠭᠠᠷᠳᠠᠯᠭ᠎ᠠ᠎ᠲᠠᠶ ᠵᠦᠶ᠋ᠯᠡᠰ᠎ᠢ ᠭᠠᠷᠭᠠᠪᠠᠯ ᠂ ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌᠂ ᠠᠯᠠᠭᠠᠨ ᠳᠡᠭᠡᠷ᠎ᠡ ᠭᠦᠶ᠋ᠴᠡᠳᠭᠡᠬᠦ᠌ ᠂ ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌ ᠨᠣᠷᠮ᠎ᠠ᠎ᠶ᠋ᠢ ᠴᠥᠮ 100 % ᠎ᠳ᠋ᠤ ᠬᠦᠷᠭᠡᠭᠰᠡᠨ ᠪᠠᠢᠨ᠎ᠠ᠃

ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠨᠡᠬᠡᠬᠡᠪᠡ

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠬᠠᠤᠯᠢᠵᠢᠯ ᠤ᠋ᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠤᠯᠲᠠ ᠪᠥᠬᠥ᠌ ᠲᠠᠯ᠎ᠠ᠎ᠪᠠᠷ ᠲᠦᠷᠭᠡᠰᠪᠡ᠃ ᠪᠥᠬᠥ᠌ ᠴᠠᠭ᠍ᠳᠠᠭ᠎ᠠ ᠰᠢ ᠵᠢᠨ ᠫᠢᠩ᠎ᠦᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠪᠠᠢᠭᠤᠯᠤᠯᠲᠠ᠎ᠶ᠋ᠢ ᠴᠥᠬᠥᠷᠡᠰᠢ ᠥᠬᠡᠶ ᠠᠬᠢᠭᠤᠯᠵᠤ ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌ ᠱᠠᠭᠠᠷᠳᠠᠯᠭ᠎ᠠ᠎ᠶ᠋ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠵᠤ ᠂ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠣᠯᠠᠨ ᠨᠡᠢᠲᠡ᠎ᠶ᠋ᠢᠨ ᠢᠲᠡᠭᠡᠭᠦᠯᠬᠦ᠌ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭ᠌ᠵᠢᠭᠦᠯᠦᠯᠲᠡ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍ ᠂ ᠲᠦᠷᠪᠡᠨ ᠱᠠᠲᠤᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠦᠢᠯᠡᠳᠦᠯᠭᠡ᠎ᠶ᠋ᠢᠨ ᠳᠤᠮᠳᠠ ᠳᠠᠪᠲᠠᠨ ᠪᠣᠯᠪᠠᠰᠤᠷᠠᠭᠤᠯᠤᠭᠠᠳ ᠂ ᠬᠠᠤᠯᠢ ᠬᠡᠷᠡᠭ᠌ᠵᠢᠭᠦᠯᠦᠯᠲᠡ᠎ᠶ᠋ᠢᠨ ᠲᠤᠪᠤᠢ᠌ᠮ᠎ᠠ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍ ᠂ ᠬᠡᠷᠡᠭ ᠪᠠᠢᠬᠤ᠎ᠳᠤ ᠳᠠᠩᠰᠠᠯᠠᠬᠤ ᠦᠭᠡᠢ ᠂ ᠬᠡᠷᠡᠭ ᠪᠣᠯᠭᠠᠨ ᠲᠠᠩᠰᠠᠯᠠᠭᠠᠳ  ᠪᠠᠢᠴᠠᠭᠠᠬᠤ ᠦᠭᠡᠢ ᠂ ᠠᠱᠢᠭ ᠬᠠᠷᠠᠨ ᠬᠠᠤᠯᠢ ᠬᠡᠷᠡᠭ᠌ᠵᠢᠭᠦᠯᠬᠦ᠌᠂ ᠪᠦᠳᠦᠭᠦᠯᠢᠭ᠎ᠢᠶᠡᠷ ᠬᠠᠤᠯᠢ ᠬᠡᠷᠡᠭ᠌ᠵᠢᠭᠦᠯᠬᠦ᠌ ᠵᠡᠷᠭᠡ ᠠᠰᠠᠭᠤᠳᠠᠯ᠎ᠢ ᠶᠡᠬᠡ᠎ᠪᠡᠷ ᠪᠠᠭᠠᠰᠭᠠᠪᠠ᠃

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ  ᠥᠭᠡᠷᠡᠴᠢᠯᠡᠯᠲᠡ᠎ᠶ᠋ᠢᠨ ᠶᠡᠷᠦᠩᠬᠡᠢᠯᠡᠭ᠌ᠰᠡᠨ ᠦᠷ᠎ᠡ ᠪᠦᠲᠦᠮᠵᠢ ᠢᠯᠡᠳᠲᠡ ᠬᠦᠨᠵᠡᠬᠡᠢᠷᠡᠨ ᠮᠡᠳᠡᠭᠳᠡᠪᠡ᠃ 《ᠴᠢᠮᠡᠬᠡ ᠮᠡᠳᠡᠭᠡ ᠂ ᠵᠢᠯᠣᠭᠣᠳᠣᠯᠭ᠎ᠠ ᠂ ᠠᠵᠢᠯᠯᠠᠭ᠎ᠠ》 ᠎ᠶ᠋ᠢᠨ ᠪᠣᠳᠠᠲᠤ ᠲᠠᠢᠯᠠᠯᠳᠤᠭᠠᠨ ᠤ᠋ ᠨᠢᠭᠡ ᠴᠣᠭ᠍ᠴᠠᠵᠢᠭ᠍ᠰᠠᠨ ᠴᠠᠭ᠍ᠳᠠᠭᠠᠨ᠎ᠤ ᠶᠠᠪᠤᠳᠠᠯ᠎ᠤᠨ ᠲᠣᠭ᠍ᠲᠠᠴᠠ᠎ᠶ᠋ᠢᠨ ᠪᠠᠢᠭᠤᠯᠤᠯᠲᠠ ᠨᠢ ᠰᠠᠭᠤᠷᠢ ᠬᠠᠮᠢᠶᠠᠷᠤᠯᠲᠠ ᠡᠵᠡᠮᠳᠡᠯ ᠂ ᠨᠡᠢᠭᠡᠮ᠎ᠦᠨ ᠲᠠᠯ᠎ᠠ᠎ᠶ᠋ᠢᠨ ᠲᠣᠭᠣᠷᠢᠨ ᠰᠡᠷᠭᠡᠢᠯᠡᠬᠦ᠌ ᠬᠠᠮᠢᠶᠠᠷᠤᠯᠲᠠ ᠡᠵᠡᠮᠳᠡᠯ ᠂ ᠦᠢᠯᠡᠴᠢᠯᠡᠭᠡᠨ᠎ᠦ ᠠᠵᠢᠯᠯᠠᠭᠠᠨ᠎ᠤ ᠲᠣᠭ᠍ᠲᠠᠴᠠ ᠵᠢᠨ ᠪᠦᠬᠦ᠌ ᠲᠠᠯ᠎ᠠ᠎ᠪᠠᠷ ᠳᠡᠰ ᠲᠡᠪᠰᠢᠬᠦ ᠵᠢ ᠲᠠᠢᠴᠢᠯᠠᠵᠤ ᠂ 《ᠤᠮᠠᠷᠠᠲᠤ ᠬᠢᠯᠢ᠎ᠶ᠋ᠢᠨ ᠡᠭᠦᠯᠡ· ᠣᠶᠤᠨᠴᠢ ᠳᠣᠲᠣᠭᠠᠳᠤ᠎ᠶ᠋ᠢ ᠬᠠᠮᠠᠭᠠᠯᠠᠬᠤ》 ᠂ ᠲᠣᠮᠢᠯᠠᠭ᠍ᠰᠠᠨ ᠰᠠᠯᠪᠤᠷᠢ᠎ᠶ᠋ᠢ ᠵᠢᠷᠤᠮᠵᠢᠭᠤᠯᠤᠨ ᠲᠣᠬᠢᠷᠠᠭᠤᠯᠬᠤ᠂ 《ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠴᠠᠭ᠍ᠳᠠᠭᠠᠨ᠎ᠤ ᠶᠠᠪᠤᠳᠠᠯ》 ᠨᠢ ᠪᠣᠳᠠᠲᠤ ᠲᠠᠢᠯᠠᠯᠳᠤᠭᠠᠨ ᠤ᠋ ᠳᠤᠮᠳᠠ ᠲᠠᠰᠤᠷᠠᠯᠲᠠ ᠦᠭᠡᠶ ᠲᠠᠪᠳᠠᠬᠳᠠᠵᠤ᠂ ᠳᠡᠭᠡᠷ᠎ᠡ᠎ᠡᠴᠡ ᠳᠣᠷᠣᠭ᠍ᠰᠢ᠎ᠪᠠᠨ ᠥᠨᠳᠥᠷ ᠪᠦᠲᠦᠮᠵᠢᠲᠡᠶ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠠᠶ᠃

2022 ᠣᠨ᠎ᠤ 11 ᠰᠠᠷ᠎ᠠ᠎ᠶ᠋ᠢᠨ 13 ᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠪᠠᠢᠭᠤᠯᠤᠯᠲᠠ᠎ᠶ᠋ᠢᠨ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠲᠤᠰᠭᠠᠶ ᠰᠡᠳᠦᠪ᠎ᠢᠶᠡᠷ ᠰᠣᠨᠣᠰᠪᠠ ᠃ ᠡᠨᠡ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠡᠦᠬᠡᠨ ᠳᠡᠭᠡᠷ᠎ᠡ ᠠᠩᠬ᠎ᠠ ᠤᠳᠠᠭ᠎ᠠ ᠪᠣᠯᠬᠤ ᠶᠤᠮ᠃ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠠᠤᠯᠢ ᠬᠡᠷᠡᠭ᠌ᠵᠢᠭᠦᠯᠬᠦ᠌ ᠬᠠᠷᠢᠭᠤᠴᠠᠯᠭ᠎ᠠ᠎ᠶ᠋ᠢᠨ ᠱᠢᠰᠲ᠋ᠧᠮ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠡᠬᠢᠯᠡᠬᠦᠯᠵᠦ᠂ 118 《ᠨᠢᠭᠡ ᠴᠤᠬᠴᠠᠵᠢᠬᠰᠠᠨ᠂ ᠤᠶᠤᠨᠴᠢᠯᠠᠬᠰᠠᠨ᠂ ᠨᠠᠷᠢᠯᠢᠬᠵᠢᠬᠰᠠᠨ》ᠬᠠᠤᠯᠢ ᠬᠡᠷᠡᠭᠵᠢᠬᠦᠯᠦᠨ ᠬᠡᠷᠡᠭ ᠰᠢᠢᠳᠪᠦᠷᠢᠯᠡᠬᠦ ᠬᠠᠮᠢᠶᠠᠷᠤᠯᠳᠠ ᠵᠢᠨ ᠲᠦᠪ ᠂ 25 ᠬᠠᠤᠯᠢ ᠬᠡᠷᠡᠭ᠌ᠵᠢᠭᠦᠯᠵᠦ᠍ ᠬᠡᠷᠡᠭ ᠱᠢᠶ᠋ᠳᠪᠦᠷᠢᠯᠡᠬᠦ᠌ ᠬᠠᠮᠢᠶᠠᠷᠤᠯᠲᠠ᠎ᠶ᠋ᠢᠨ ᠬᠤᠪᠢᠶᠠᠷᠢ ᠲᠥᠪ ᠪᠠ ᠦᠨᠳᠦᠰᠦᠨ ᠱᠠᠲᠤᠨ᠎ᠤ ᠰᠠᠯᠪᠤᠷᠢ ᠠᠩᠭᠢ᠎ᠶ᠋ᠢᠨ ᠤᠶᠤᠨᠴᠢ  ᠬᠡᠷᠡᠭ ᠱᠢᠶ᠋ᠳᠪᠦᠷᠢᠯᠡᠬᠦ᠌ ᠲᠣᠭᠣᠷᠢᠭ ᠢ᠋ ᠪᠠᠢᠭᠤᠯᠤᠨ ᠠᠵᠢᠯᠯᠠᠭᠤᠯᠵᠤ᠂ ᠪᠠᠢᠴᠠᠭᠠᠬᠤ ᠪᠠᠢᠭᠤᠯᠭ᠎ᠠ᠎ᠲᠠᠶ ᠬᠠᠮᠲᠤᠷᠠᠨ ᠲᠠᠩᠨᠠᠨ ᠪᠠᠢᠴᠠᠭᠠᠯᠲᠠ᠎ᠳᠤ ᠬᠢᠨᠠᠯᠲᠠ ᠲᠠᠯᠪᠢᠬᠤ ᠪᠠ ᠬᠠᠮᠵᠢᠯᠴᠠᠬᠤ 119 ᠠᠯᠪᠠᠨ ᠭᠡᠷ᠎ᠢ ᠪᠠᠢᠭᠤᠯᠵᠤ᠂  ᠳᠥᠷᠪᠡᠨ ᠱᠠᠲᠤᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠭᠦᠨᠵᠡᠭᠡᠢᠷᠡᠭᠦᠯᠦᠨ ᠲᠡᠭᠦᠯᠳᠡᠷᠵᠢᠭᠦᠯᠪᠡ᠃

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠳᠣᠲᠣᠭᠠᠳᠤ᠎ᠶ᠋ᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶ᠋ᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠳᠣᠲᠣᠭᠠᠳᠤ᠎ᠶ᠋ᠢ ᠬᠠᠮᠠᠭᠠᠯᠠᠬᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠪᠠ᠃ ᠴᠠᠭ᠍ᠳᠠᠭᠠᠨ᠎ᠤ ᠶᠠᠪᠤᠳᠠᠯ᠎ᠤᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠬᠦᠨᠵᠡᠬᠡᠢᠷᠡᠬᠦᠯᠪᠡ᠃  《ᠲᠣᠮᠣ ᠰᠠᠯᠠᠭ᠎ᠠ ᠮᠥᠴᠢᠷ ᠂ ᠲᠣᠮᠣ ᠴᠠᠭ᠍ᠳᠠᠭᠠᠨ᠎ᠤ ᠲᠥᠷᠥᠯ》 ᠎ᠤᠨ ᠥᠭᠡᠷᠡᠴᠢᠯᠡᠯᠲᠡ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠥᠪᠡᠷᠲᠡᠭᠡᠨ ᠵᠠᠰᠠᠬᠤ ᠣᠷᠣᠨ ᠂ ᠠᠢᠮᠠᠭ ᠬᠣᠲᠠ ᠂ ᠬᠣᠱᠢᠭᠤ ᠱᠢᠶᠠᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠪᠡᠶᠡᠯᠡᠬᠦᠯᠪᠡ᠃ 《12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ ᠬᠢᠭᠡᠳ 110 ᠬᠡᠷᠡᠭ ᠮᠡᠳᠡᠭᠦᠯᠬᠦ᠌ ᠦᠶ᠋ᠯᠡᠴᠢᠯᠡᠭᠡᠨ᠎ᠦ ᠥᠷᠲᠡᠭᠡ᠎ᠶ᠋ᠢᠨ ᠥᠨᠳᠥᠷ ᠪᠦᠲᠦᠮᠵᠢᠲᠡᠶ ᠵᠣᠯᠭᠠᠯᠳᠤᠭᠤᠯᠵᠤ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠲᠦᠷᠢᠮ》 ᠎ᠤᠨ ᠢᠵᠢ ᠪᠦᠷᠢᠳᠦᠬᠦᠯᠦᠭᠰᠡᠨ ᠠᠷᠭ᠎ᠠ᠎ᠶ᠋ᠢ ᠵᠠᠯᠭᠠᠭ᠎ᠠ᠎ᠪᠠᠷ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠪᠡ᠃

ᠪᠠᠳᠤ ᠬᠠᠷᠢᠭᠤᠴᠠᠯᠭ᠎ᠠ ᠲᠠᠢ ᠳᠣᠲᠣᠭᠠᠳᠤ᠎ᠶ᠋ᠢ ᠬᠠᠮᠠᠭᠠᠯᠠᠬᠤ ᠡᠩᠨᠡᠭᠡ ᠵᠢ ᠲᠠᠪᠳᠠᠨ ᠪᠤᠯᠪᠠᠰᠤᠷᠠᠭᠤᠯᠪᠠ

2022 ᠤᠨ ᠳ᠋ᠤ ᠂ ᠮᠠᠨ ᠤ᠋ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 《 ᠲᠠᠪᠤᠨ ᠲᠡᠷᠢᠭᠦᠨ ᠲᠠᠰ 》 ᠎ᠤᠨ ᠳᠣᠲᠣᠭᠠᠳᠤ᠎ᠶ᠋ᠢ ᠬᠠᠮᠠᠭᠠᠯᠠᠬᠤ ᠭᠠᠪᠰᠢᠭᠠᠢ  ᠠᠩᠬᠢ ᠵᠢ ᠪᠥᠲᠥᠭᠡᠨ ᠪᠠᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠤᠯᠤᠰ ᠲᠥᠷᠥ᠎ᠪᠡᠷ ᠴᠠᠭ᠍ᠳᠠᠭ᠎ᠠ ᠪᠠᠢᠭᠤᠯᠬᠤ ᠂ ᠴᠠᠭ᠍ᠳᠠᠭ᠎ᠠ᠎ᠶ᠋ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠴᠢᠭ᠌ᠯᠡᠯᠲᠡ᠎ᠶ᠋ᠢ ᠡᠷᠡᠰ ᠭᠤᠢᠪᠢᠰᠢ ᠥᠬᠡᠶ ᠪᠠᠷᠢᠮᠲᠠᠯᠠᠪᠠ᠃

ᠡᠷᠡᠰ ᠭᠤᠢᠪᠢᠰᠢ ᠦᠭᠡᠢ᠎ᠪᠡᠷ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠪᠡ᠃ ᠨᠠᠮ᠎ᠤᠨ ᠰᠤᠷᠲᠠᠯ ᠴᠢᠬᠡᠴᠢ ᠵᠠᠰᠠᠭ ᠤ᠋ᠨ  ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢᠨ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠨᠠᠮ᠎ᠤᠨ ᠰᠤᠷᠲᠠᠯ ᠴᠢᠬᠡᠴᠢ ᠵᠠᠰᠠᠭ ᠤ᠋ᠨ  ᠪᠠᠢᠭᠤᠯᠤᠯᠲᠠ᠎ᠶ᠋ᠢᠨ ᠬᠤᠷᠠᠯ᠎ᠢ ᠬᠤᠷᠠᠯᠳᠤᠭᠤᠯᠵᠤ ᠂ 《 ᠭᠤᠷᠪᠠᠨ ᠢᠯᠵᠠᠷᠠᠬᠤ ᠦᠭᠡᠢ 》 ᠎ᠶ᠋ᠢ ᠨᠢᠭᠡ ᠴᠣᠭ᠍ᠴᠠᠵᠢᠭᠤᠯᠤᠨ ᠠᠬᠢᠭᠤᠯᠬᠤ᠎ᠶ᠋ᠢ ᠪᠠᠷᠢᠮᠳᠠᠯᠠᠪᠠ᠃ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠲᠣᠭ᠍ᠲᠠᠭᠠᠯ᠎ᠡᠴᠨ ᠵᠥᠷᠢᠴᠡᠨ ᠳᠠᠢᠯᠠᠯᠭ᠎ᠠ ᠬᠢᠵᠦ᠍ ᠠᠷᠢᠬᠢ ᠤᠤᠭᠤᠬᠤ 《 ᠵᠢᠷᠭᠤᠭᠠᠨ ᠵᠦᠢᠯ᠎ᠦᠨ ᠲᠣᠭ᠍ᠲᠠᠭᠠᠯ 》 ᠪᠣᠯᠤᠨ ᠪᠦᠬᠦ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ 《 ᠠᠷᠪᠠᠨ ᠴᠢᠩᠭ᠎ᠠ 》 ᠲᠠᠢᠯᠠᠯᠳᠤᠭᠠᠨ ᠤ᠋  ᠦᠶ᠎ᠡ᠎ᠶ᠋ᠢᠨ ᠰᠠᠬᠢᠯᠭ᠎ᠠ ᠪᠠᠲᠤ᠎ᠶ᠋ᠢ ᠴᠢᠩᠭ᠎ᠠ ᠬᠡᠷᠡᠭᠵᠢᠬᠦᠯᠪᠡ᠃

ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ ᠪᠠᠲᠤ ᠴᠢᠩᠭ᠎ᠠ ᠳᠦᠷᠢ ᠲᠥᠷᠬᠦ᠌᠎ᠶ᠋ᠢ ᠪᠤᠢ ᠪᠤᠯᠭᠠᠪᠠ᠃  ᠥᠪᠥᠷ ᠮᠣᠩᠭᠣᠯ᠎ᠤᠨ 《ᠵᠢᠷᠭᠤᠭᠠᠨ ᠵᠦᠶ᠋ᠯ᠎ᠦᠨ ᠳᠦᠷᠢ ᠲᠥᠷᠬᠦ᠌》 ᠎ᠶ᠋ᠢ ᠪᠣᠶ ᠪᠣᠯᠭᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ ᠂ ᠠᠩᠬ᠎ᠠ ᠤᠳᠠᠭ᠎ᠠ ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠲᠤᠱᠢᠶᠠᠯ᠎ᠤᠨ ᠮᠡᠳᠡᠭᠦᠯᠦᠯᠲᠡ᠎ᠶ᠋ᠢ ᠵᠥᠪᠯᠡᠨ ᠲᠣᠭ᠍ᠲᠠᠭᠠᠬᠤ ᠬᠤᠷᠠᠯ᠎ᠢ ᠬᠤᠷᠠᠯᠳᠤᠭᠤᠯᠵᠤ ᠂ 《ᠨᠠᠮ᠎ᠤᠨ ᠪᠠᠢᠭᠤᠯᠤᠯᠲᠠ᠎ᠶ᠋ᠢ ᠠᠳᠭᠤᠬᠤ ᠂ ᠰᠤᠷᠲᠠᠯ᠎ᠢ ᠴᠡᠭ᠌ᠴᠡᠯᠡᠬᠦ᠌ ᠂ ᠬᠡᠪ ᠴᠢᠨᠠᠷ᠎ᠢ ᠴᠢᠩᠭᠠᠳᠭᠠᠬᠤ ᠂ ᠳᠦᠷᠢ ᠲᠥᠷᠬᠦ᠌᠎ᠶ᠋ᠢ ᠪᠣᠶ ᠪᠣᠯᠭᠠᠬᠤ》 ᠲᠤᠰᠭᠠᠶ ᠠᠵᠢᠯᠯᠠᠭ᠎ᠠ᠎ᠶ᠋ᠢᠨ 《ᠪᠠᠢᠴᠠᠭᠠᠬᠤ ᠂ ᠥᠭᠡᠷᠡᠴᠢᠯᠡᠬᠦ᠌ ᠂ ᠪᠠᠢᠭᠤᠯᠬᠤ》 ᠬᠠᠮ ᠠᠷᠭ᠎ᠠ ᠬᠡᠮᠵᠢᠶ᠎ᠡ᠎ᠶ᠋ᠢ ᠠᠪᠴᠤ᠌ ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠬᠡᠪ ᠴᠢᠨᠠᠷ᠎ᠢᠶᠠᠷ ᠴᠠᠭ᠍ᠳᠠᠭ᠎ᠠ᠎ᠶ᠋ᠢ ᠬᠦᠴᠦᠷᠬᠡᠭ᠌ᠵᠢᠭᠦᠯᠬᠦ᠌ ᠢᠨᠵᠧᠨᠧᠷᠢᠩ᠎ᠢ ᠦᠷᠭᠦᠯᠵᠢᠯᠡᠨ ᠠᠬᠢᠭᠤᠯᠪᠠ᠃  ᠥᠪᠥᠷ ᠮᠣᠩᠭᠣᠯ᠎ᠤᠨ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ 《ᠵᠢᠭᠠᠨ ᠰᠤᠷᠭᠠᠯᠲᠠ ᠪᠣᠯᠪᠠᠰᠤᠷᠠᠯ ᠪᠠᠢᠯᠳᠤᠭᠠᠨ》 ᠎ᠢ ᠨᠢᠭᠡ ᠴᠣᠭ᠍ᠴᠠᠵᠢᠭᠤᠯᠤᠭ᠍ᠰᠠᠨ ᠪᠣᠳᠠᠲᠤ ᠪᠣᠯᠪᠠᠰᠤᠷᠠᠯ᠎ᠤᠨ ᠰᠠᠭᠤᠷᠢᠨ ᠳ᠋ᠤ  ᠲᠦᠱᠢᠭ᠌ᠯᠡᠨ ᠪᠦᠬᠦ᠌ ᠴᠠᠭ᠍ᠳᠠᠭ᠎ᠠ᠎ᠶ᠋ᠢᠨ ᠪᠣᠳᠠᠲᠤ ᠪᠠᠢᠯᠳᠤᠭᠠᠨ᠎ᠤ ᠶᠡᠬᠡ ᠪᠣᠯᠪᠠᠰᠤᠷᠠᠯ᠎ᠢ ᠭᠦᠨᠵᠡᠭᠡᠢᠷᠡᠭᠦᠯᠵᠦ᠍ ᠂ 4700 ᠬᠤᠭᠤᠴᠠᠭᠠᠨ᠎ᠤ ᠪᠣᠯᠪᠠᠰᠤᠷᠠᠯ᠎ᠤᠨ ᠠᠩᠭᠢ ᠡᠷᠬᠢᠯᠡᠵᠦ᠍ ᠂ 10 . 3 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃

ᠬᠡᠷᠡᠯᠳᠦ ᠰᠠᠢᠬᠠᠨ ᠢᠷᠡᠬᠡᠳᠦᠢ ᠬᠦᠮᠦᠰ ᠢ᠋ ᠤᠷᠮᠠᠰᠢᠭᠤᠯᠤᠨ ᠲᠠᠪᠰᠢᠭᠤᠯᠵᠤ᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠵᠦ᠍ ᠱᠢᠨ᠎ᠡ ᠪᠠᠢᠳᠠᠯ᠎ᠢ ᠡᠷᠢᠯᠬᠢᠯᠡᠨ᠎ᠡ᠃

ᠱᠢᠨ᠎ᠡ ᠨᠢᠭᠡ ᠤᠨ ᠳ᠋ᠤ ᠂ ᠮᠠᠨ ᠤ᠋ ᠤᠷᠤᠨ ᠤ᠋  ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠥᠨᠳᠥᠷ ᠣᠷᠭᠢᠯ᠎ᠳᠤ ᠡᠷᠡᠯᠬᠡᠭ᠌ᠯᠡᠨ ᠠᠪᠠᠷᠢᠵᠤ ᠲᠡᠷᠢᠭᠦᠨ᠎ᠦ᠎ᠬᠢ᠎ᠶ᠋ᠢ ᠡᠭᠦᠳᠬᠦ᠌ ᠰᠥᠰᠥ᠍ ᠵᠣᠷᠢᠭ᠎ᠢᠶᠠᠷ ᠂ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠡᠨ ᠳᠠᠪᠠᠬᠤ ᠡᠷᠴᠢ ᠵᠤᠷᠢᠬ ᠵᠢᠡᠷ《ᠮᠣᠩᠭᠣᠯ ᠮᠣᠷᠢ》᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠰᠠᠨᠠᠭᠠᠴᠢᠯᠠᠭ᠎ᠠ᠎ᠡᠴᠨ᠎ᠪᠠᠨ ᠠᠵᠠ ᠲᠣᠬᠢᠶᠠᠯ᠎ᠢ ᠠᠮᠵᠢᠨ᠂ ᠨᠠᠮ ᠪᠣᠯᠤᠨ ᠠᠷᠠᠳ ᠲᠦᠮᠡᠨ᠎ᠦ ᠳᠠᠭᠠᠭᠠᠯᠭᠠᠭ᠍ᠰᠠᠨ ᠡᠭᠦᠷᠭᠡ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠦ᠍ ᠂ ᠦᠷᠬᠡᠨ ᠠᠭᠤᠳᠠᠮ ᠲᠠᠯ᠎ᠠ ᠨᠤᠲᠤᠭ᠎ᠲᠤ ᠠᠮᠤᠷ ᠠᠮᠤᠭᠤᠯᠠᠩ ᠤ᠋ᠨ ᠬᠦᠭ ᠠᠶᠠᠰ ᠢ᠋ ᠪᠢᠴᠢᠭᠯᠡᠬᠦ ᠪᠡᠷ ᠵᠢᠯᠤᠭᠤ ᠰᠤᠩᠭᠠᠨ ᠲᠡᠮᠡᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号