ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠩᠬᠢᠮ ᠡᠴᠨ ᠤᠢᠯᠠᠭᠠᠬᠰᠠᠨ ᠵᠢᠡᠷ᠂ ᠦᠬᠠᠶ ᠬᠣᠲᠠ᠎ᠶ᠋ᠢᠨ ᠴᠠᠬᠳᠠᠭ᠎ᠠ ᠨᠠᠷ ᠣᠢᠷ᠎ᠠ᠎ᠳᠤ ᠥᠷᠲᠡᠭ ᠨᠡᠮᠡᠭ᠌ᠳᠡᠯ᠎ᠦᠨ ᠭᠠᠢᠯᠢ᠎ᠶ᠋ᠢᠨ ᠲᠤᠰᠭᠠᠶ ᠪᠠᠷᠢᠮᠲᠠ᠎ᠶ᠋ᠢ ᠬᠠᠭᠤᠷᠮᠠᠬᠯᠠᠨ ᠦᠢᠯᠡᠳᠦᠭᠰᠡᠨ ᠣᠨᠴᠠ ᠶᠡᠬᠡ ᠬᠡᠷᠡᠭ᠎ᠢ ᠢᠯᠡᠷᠡᠭᠦᠯᠵᠦ᠍᠂ ᠬᠡᠷᠡᠭ ᠲᠸ᠋ ᠬᠣᠯᠪᠣᠭ᠍ᠳᠠᠭ᠍ᠰᠠᠨ ᠪᠠᠯᠠ ᠮᠥᠩᠭᠥ᠌ ᠨᠢ 11.4 ᠳ᠋ᠦᠩᠱᠢᠭᠤᠷ ᠭᠠᠷᠤᠶ ᠲᠥᠭᠥᠷᠢᠭ᠎ᠲᠦ ᠬᠦᠷᠴᠦ᠍᠂ 5 ᠶᠠᠯ᠎ᠠ ᠵᠢᠨ ᠰᠡᠵᠢᠭ᠌ᠳᠡᠨ᠎ᠢ ᠪᠠᠷᠢᠪᠴᠢᠯᠠᠪᠠ᠃
ᠡᠨᠡ ᠵᠢᠯ ᠂ ᠦᠬᠠᠶ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠬᠠᠢᠨᠠᠨ ᠲᠣᠭᠣᠷᠢᠭ᠎ᠤᠨ ᠬᠤᠪᠢᠶᠠᠷᠢ ᠲᠣᠪᠴᠢᠶ᠎ᠠ᠎ᠶ᠋ᠢᠨ ᠠᠵᠤ ᠠᠬᠤᠶ᠎ᠶ᠋ᠢᠨ ᠶᠠᠯᠠᠲᠤ ᠠᠵᠢᠯᠯᠠᠭ᠎ᠠ᠎ᠶ᠋ᠢ ᠲᠠᠩᠨᠠᠨ ᠪᠠᠢᠴᠠᠭᠠᠬᠤ ᠶᠡᠬᠡ ᠠᠩᠭᠢ ᠳᠡᠭᠡᠳᠦ ᠱᠠᠲᠤᠨ᠎ᠤ ᠱᠢᠯᠵᠢᠭᠦᠯᠦᠨ ᠲᠤᠱᠢᠶᠠᠭ᠍ᠰᠠᠨ ᠰᠦᠪᠡᠭ᠌ᠴᠢ᠎ᠶ᠋ᠢ ᠲᠤᠰᠴᠤ᠌ ᠠᠪᠤᠭ᠍ᠰᠠᠨ ᠡᠴᠨ ᠦᠵᠡᠪᠡᠯ᠂ ᠲᠤᠬᠠᠶ᠎ᠶ᠋ᠢᠨ ᠭᠠᠵᠠᠷ᠎ᠤᠨ ᠨᠢᠭᠡᠨ ᠨᠡᠭᠦᠷᠡᠰᠦ ᠪᠣᠷᠣᠯᠠᠭᠤᠯᠬᠤ ᠬᠢᠵᠠᠭᠠᠷᠲᠤ ᠺᠣᠮᠫᠠᠨᠢ᠎ᠶ᠋ᠢ ᠪᠠᠭ᠍ᠲᠠᠭᠠᠭ᠍ᠰᠠᠨ ᠣᠯᠠᠨ ᠺᠣᠮᠫᠠᠨᠢ ᠦᠨᠡᠨ ᠪᠣᠳᠠᠲᠠᠶ ᠲᠤᠬᠠᠢᠯᠠᠭ᠍ᠰᠠᠨ ᠠᠵᠢᠯ ᠥᠬᠡᠶ ᠪᠠᠢᠳᠠᠯ ᠳᠤᠤᠷ᠎ᠠ᠂ ᠥᠷᠲᠡᠭ ᠨᠡᠮᠡᠭ᠌ᠳᠡᠯ᠎ᠦᠨ ᠭᠠᠢᠯᠢ᠎ᠶ᠋ᠢᠨ ᠲᠤᠰᠭᠠᠶ ᠪᠠᠷᠢᠮᠲᠠ᠎ᠶ᠋ᠢ ᠶᠡᠬᠡ ᠬᠡᠮᠵᠢᠶ᠎ᠡ᠎ᠪᠡᠷ ᠬᠠᠭᠤᠷᠮᠠᠬᠯᠠᠨ ᠤᠢᠯᠡᠳᠦᠭᠰᠡᠨ ᠪᠠᠢᠪᠠ᠃ ᠴᠠᠬᠳᠠᠭ᠎ᠠ ᠨᠠᠷ ᠲᠤᠬᠠᠶ᠎ᠶ᠋ᠢᠨ ᠡᠳᠦᠷ ᠲᠤᠰᠭᠠᠶ ᠬᠡᠷᠡᠭ᠎ᠦᠨ ᠳᠤᠭᠤᠢᠯᠠᠩ ᠪᠠᠢᠭᠤᠯᠵᠤ ᠲᠠᠩᠨᠠᠨ ᠪᠠᠢᠴᠠᠭᠠᠵᠤ ᠡᠬᠢᠯᠡᠪᠡ᠃
ᠲᠠᠩᠨᠠᠨ ᠪᠠᠢᠴᠠᠭᠠᠭᠠᠳ ᠣᠯᠵᠤ ᠮᠡᠳᠡᠭ᠌ᠰᠡᠨ ᠨᠢ ᠂ ᠶᠠᠯ᠎ᠠ ᠵᠢᠨ ᠰᠡᠵᠢᠭ᠌ᠳᠡᠨ ᠶᠠᠩ ᠣᠪᠣᠭ᠍ᠲᠤ ᠪᠤᠯᠤᠨ ᠲᠡᠭᠦᠨ᠎ᠦ ᠡᠪᠰᠡᠯ ᠪᠦᠯᠦᠭ ᠬᠠᠤᠯᠢ ᠪᠤᠰᠤ ᠣᠯᠵᠠ ᠠᠱᠢᠭ ᠤᠯᠬᠤ᠎ᠶ᠋ᠢᠨ ᠲᠥᠯᠥᠭᠡ ᠂ ᠣᠢᠷ᠎ᠠ᠎ᠶ᠋ᠢᠨ ᠬᠣᠶᠠᠷ ᠵᠢᠯ᠎ᠳᠦ ᠦᠬᠠᠶ ᠬᠣᠲᠠ᠎ᠳᠤ 3 ᠬᠣᠭᠣᠰᠣᠨ ᠺᠣᠮᠫᠠᠨᠢ ᠳᠠᠩᠰᠠᠯᠠᠭᠤᠯᠵᠤ ᠂ ᠦᠨᠡᠨ ᠪᠣᠳᠠᠲᠠᠶ ᠲᠤᠬᠠᠢᠯᠠᠭ᠍ᠰᠠᠨ ᠠᠵᠢᠯ ᠦᠭᠡᠶ ᠪᠠᠢᠳᠠᠯ ᠳᠣᠣᠷ᠎ᠠ᠂ ᠪᠠᠷᠠᠭᠠᠨ᠎ᠤ ᠨᠡᠷ᠎ᠡ ᠪᠣᠯᠤᠨ ᠬᠤᠳᠠᠯᠳᠤᠨ ᠠᠪᠤᠭ᠍ᠰᠠᠨ ᠂ ᠪᠣᠷᠣᠯᠠᠭᠤᠯᠤᠭ᠍ᠰᠠᠨ ᠳᠠᠩᠰᠠ ᠬᠠᠷ᠎ᠠ᠎ᠶ᠋ᠢ ᠬᠠᠭᠤᠷᠮᠠᠭ᠍ᠯᠠᠨ ᠵᠣᠬᠢᠶᠠᠵᠤ᠂ ᠶᠡᠬᠡ ᠬᠡᠮᠵᠢᠶ᠎ᠡ ᠪᠡᠷ ᠭᠠᠳᠠᠬᠰᠢ ᠪᠡᠨ ᠥᠷᠲᠡᠭ ᠨᠡᠮᠡᠭ᠌ᠳᠡᠯ᠎ᠦᠨ ᠭᠠᠢᠯᠢ᠎ᠶ᠋ᠢᠨ ᠲᠤᠰᠭᠠᠶ ᠪᠠᠷᠢᠮᠲᠠ᠎ᠶ᠋ᠢ ᠬᠠᠭᠤᠷᠮᠠᠬᠯᠠᠨ ᠭᠠᠷᠭᠠᠵᠤ᠂ ᠡᠭᠦᠨ᠎ᠦ ᠳᠣᠲᠣᠷ᠎ᠠ ᠡᠴᠨ 10 % ᠣᠷᠴᠢᠮ᠎ᠤᠨ ᠭᠠᠷ ᠭᠦᠢᠴᠡᠳᠭᠡᠯ᠎ᠦᠨ ᠰᠦᠢᠳᠭᠡᠯ ᠬᠤᠷᠢᠶᠠᠵᠠᠶ; ᠬᠤᠨᠠᠨ ᠵᠢᠶᠠᠩᠰᠦ ᠵᠢᠶᠠᠩᠰᠢ ᠾᠧᠨᠠᠨ ᠵᠡᠷᠭᠡ 13 ᠮᠤᠵᠢ ᠵᠢᠨ 120 ᠭᠠᠷᠤᠶ ᠠᠵᠤ ᠠᠬᠤᠢᠯᠠᠯ᠎ᠲᠠᠢ ᠬᠤᠯᠪᠤᠬᠳᠠᠵᠤ᠂ ᠦᠨ᠎ᠡ ᠬᠠᠩᠰᠢ᠎ᠶ᠋ᠢᠨ ᠭᠠᠢᠯᠢ ᠨᠢ ᠨᠡᠢᠲᠡ 11.4 ᠳ᠋ᠦᠩᠱᠢᠭᠤᠷ ᠭᠠᠷᠤᠶ ᠲᠥᠭᠥᠷᠢᠭ᠎ᠲᠦ ᠬᠦᠷᠴᠦ᠍ ᠂ ᠵᠠᠬ᠎ᠠ ᠳᠡᠯᠭᠡᠭᠦᠷ᠎ᠦᠨ ᠬᠡᠪ᠎ᠦᠨ ᠡᠵᠡᠩᠨᠡᠯᠲᠡ᠎ᠶ᠋ᠢᠨ ᠡᠮᠬᠢ ᠵᠢᠷᠤᠮ᠎ᠢ ᠬᠦᠨᠳᠦ ᠨᠣᠴᠢᠲᠠᠶ ᠰᠠᠮᠠᠭᠤᠷᠠᠭᠤᠯᠵᠤ ᠂ ᠤᠯᠤᠰ᠎ᠤᠨ ᠭᠠᠢᠯᠢ ᠲᠠᠲᠠᠪᠤᠷᠢ᠎ᠳᠤ ᠬᠦᠨᠳᠦ ᠶᠡᠬᠡ ᠬᠣᠬᠢᠷᠠᠯ ᠤᠴᠠᠷᠠᠭᠤᠯᠤᠭ᠍ᠰᠠᠨ ᠪᠠᠢᠨ᠎ᠠ᠃
ᠤᠢᠷ᠎ᠠ ᠵᠢᠨ ᠡᠳᠦᠷ ᠂ ᠲᠤᠰᠭᠠᠶ ᠬᠡᠷᠡᠭ᠎ᠦᠨ ᠳᠤᠭᠤᠢᠯᠠᠩ ᠤ᠋ᠨ ᠴᠠᠬᠳᠠᠭ᠎ᠠ ᠨᠠᠷ ᠶᠠᠯ᠎ᠠ ᠵᠢᠨ ᠰᠡᠵᠢᠭ᠌ᠳᠡᠨᠦ ᠪᠠᠢᠩᠭᠤ ᠰᠠᠭᠤᠭ᠎ᠠ ᠭᠠᠵᠠᠷ᠎ᠲᠤ ᠬᠦᠷᠴᠦ᠍ ᠬᠡᠷᠡᠭ᠎ᠲᠦ ᠬᠣᠯᠪᠣᠭ᠍ᠳᠠᠭ᠍ᠰᠠᠨ ᠡᠳ᠋ ᠬᠥᠷᠥᠩᠭᠡ᠎ᠶ᠋ᠢ ᠪᠠᠢᠴᠠᠭᠠᠨ ᠪᠢᠲᠡᠭᠦᠮᠵᠢᠯᠡᠵᠦ᠍ ᠂ ᠨᠡᠢᠲᠡ 2 ᠮᠠᠰᠢᠨ ᠲᠡᠷᠬᠡ ᠵᠢ ᠪᠠᠷᠢᠴᠠᠭᠠᠨ ᠳ᠋ᠤ ᠦᠯᠡᠳᠡᠭᠡᠨ ᠠᠪᠴᠤ᠌ ᠂ 50 ᠭᠠᠷᠤᠶ ᠲᠦᠮᠡᠨ ᠲᠥᠭᠥᠷᠢᠭ᠎ᠢ ᠴᠡᠪᠳᠡᠭ᠌ᠯᠡᠵᠦ᠍ ᠂ ᠶᠠᠯ᠎ᠠ ᠵᠢᠨ ᠰᠡᠵᠢᠭ᠌ᠳᠡᠨ ᠶᠠᠩ ᠣᠪᠣᠭ᠍ᠲᠤ ᠵᠡᠷᠭᠡ 5 ᠬᠥᠮᠦᠨ᠎ᠢ ᠪᠠᠷᠢᠪᠴᠢᠯᠠᠪᠠ᠃ ᠣᠳᠣᠬᠠᠨ᠎ᠳᠤ ᠬᠡᠷᠡᠭ᠎ᠢ ᠤᠯᠠᠮ ᠴᠢᠨᠠᠬᠰᠢᠳᠠ ᠳᠡᠩᠨᠡᠨ ᠪᠠᠢᠴᠠᠭᠠᠵᠤ ᠪᠠᠢᠨ᠎ᠠ᠃