ᠥᠨᠳᠥᠷ ᠲᠦᠪᠱᠢᠨ᠎ᠪᠦᠬᠦᠢ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠪᠡᠷ ᠴᠢᠨᠠᠷ ᠰᠠᠢᠲᠠᠶ ᠬᠥᠭ᠌ᠵᠢᠯᠳᠠ ᠳ᠋ᠤ ᠬᠥᠴᠤᠨ ᠴᠢᠳᠠᠯ ᠤᠯᠭᠤᠨ᠎ᠠ
2023-01-30 09:58:09
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠨ᠎ᠠ ᠤᠨ ᠡᠬᠢᠯᠡᠬᠦᠶ᠎ᠠ ᠠᠭᠤᠯᠠ ᠤᠰᠤ ᠦᠵᠡᠰᠭᠦᠯᠡᠩᠲᠦ ᠰᠠᠢᠬᠠᠨ ᠪᠤᠯᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠤᠨ ᠲᠦᠷᠰᠤ ᠪᠠᠢᠳᠠᠯ ᠱᠢᠨᠡᠳᠤᠨ ᠬᠤᠪᠢᠷᠠᠨᠠᠮ᠃ ᠥᠴᠥᠭᠡᠳᠦᠷ ᠂ ᠪᠥᠬᠥ᠌ ᠣᠷᠣᠨ᠎ᠤ ᠠᠷᠠᠯᠵᠢᠶᠠᠴᠢᠨ ᠤᠷᠢᠵᠤ ᠪᠠᠯᠠ ᠮᠦᠨᠭᠭᠦ ᠤᠷᠤᠭᠤᠯᠤᠨ ᠠᠪᠴᠢᠷᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠥᠬᠡᠬᠣᠲᠠ᠎ᠳᠤ ᠬᠤᠷᠠᠯᠳᠤᠪᠠ᠃ ᠡᠨᠡ ᠪᠣᠯ ᠲᠠᠤᠯᠠᠢ ᠵᠢᠯ᠎ᠦᠨ ᠴᠠᠭᠠᠨ ᠰᠠᠷ᠎ᠠ᠎ᠶ᠋ᠢᠨ ᠥᠪᠥᠷ ᠮᠣᠩᠭᠣᠯ᠎ᠤᠨ ᠬᠤᠷᠠᠯᠳᠤᠭᠤᠯᠤᠭ᠍ᠰᠠᠨ ᠠᠩᠬᠠᠳᠠᠭ᠍ᠴᠢ ᠪᠥᠬᠥ᠌ ᠣᠷᠣᠨ᠎ᠤ ᠴᠢᠨᠠᠷᠲᠠᠶ ᠶᠡᠬᠡ ᠬᠤᠷᠠᠯ ᠪᠣᠯᠤᠨ᠎ᠠ᠂ ᠠᠴᠢ ᠬᠣᠯᠪᠣᠭ᠍ᠳᠠᠯ ᠶᠠᠷᠢᠶᠠᠨ ᠦᠭᠡᠢ ᠴᠢᠬᠤᠯᠠ ᠶᠡᠭᠡ ᠶᠤᠮ᠄ ᠳᠠᠷᠤᠶ ᠬᠥᠭ᠌ᠵᠢᠯᠲᠡ᠎ᠶ᠋ᠢ ᠲᠦᠷᠭᠡᠳᠭᠡᠬᠦ᠌᠂ ᠬᠥᠭ᠌ᠵᠢᠯᠲᠡ᠎ᠶ᠋ᠢ ᠶᠡᠬᠡ᠎ᠪᠡᠷ ᠠᠳᠭᠤᠬᠤ ᠠᠭᠤᠷ ᠠᠮᠢᠰᠭᠤᠯ᠎ᠢ ᠤᠯᠠᠮ ᠴᠢᠨᠠᠬᠰᠢᠳᠠ ᠪᠣᠶ ᠪᠣᠯᠭᠠᠵᠤ ᠂ ᠪᠥᠬᠥ᠌ ᠣᠷᠣᠨ ᠳᠠᠶᠠᠭᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠠᠵᠢᠯ᠎ᠢ ᠰᠠᠢᠲᠤᠷ ᠠᠳᠭᠤᠬᠤ᠎ᠶ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠴᠤ᠌᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ᠂ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠬᠤ ᠶᠠᠪᠤᠳᠠᠯ ᠪᠣᠯᠤᠨ᠎ᠠ᠃

ᠠᠷᠠᠯᠵᠢᠶᠠᠴᠢᠨ ᠤᠷᠢᠵᠤ ᠪᠠᠯᠠ ᠮᠦᠨᠭᠭᠦ ᠤᠷᠤᠭᠤᠯᠤᠨ ᠠᠪᠴᠢᠷᠠᠬᠤ ᠪᠣᠯ ᠠᠵᠤ ᠠᠬᠤᠶ᠎ᠶ᠋ᠢᠨ ᠠᠵᠢᠯ᠎ᠤᠨ 《ᠠᠮᠢᠨ ᠰᠤᠳᠠᠰᠤ》 ᠮᠥᠨ᠂ ᠬᠥᠭ᠌ᠵᠢᠯᠲᠡ᠎ᠶ᠋ᠢ ᠠᠬᠢᠭᠤᠯᠬᠤ ᠡᠬᠢ ᠪᠤᠯᠠᠭ ᠮᠥᠨ᠃ ᠠᠵᠤ ᠠᠬᠤᠢ᠎ᠶ᠋ᠢᠨ ᠬᠥᠭ᠌ᠵᠢᠯᠲᠡ ᠰᠠᠢ᠌ᠨ ᠭᠠᠵᠠᠷ ᠪᠦᠬᠦᠨ᠎ᠳᠦ ᠴᠥᠮ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠰᠠᠢ᠌ᠨ ᠬᠢᠭ᠌ᠰᠡᠨ ᠭᠠᠵᠠᠷ ᠪᠠᠢᠬᠤ ᠶᠤᠮ᠃  ᠠᠷᠠᠯᠵᠢᠶᠠᠴᠢᠨ᠎ᠢ ᠶᠡᠬᠡ᠎ᠪᠡᠷ ᠤᠷᠢᠪᠠᠯ ᠶᠡᠬᠡᠳᠠ ᠬᠥᠭ᠌ᠵᠢᠵᠤ᠂ ᠠᠷᠠᠯᠵᠢᠶᠠᠴᠢᠨ ᠪᠠᠭ᠎ᠠ᠎ᠤᠷᠢᠪᠠᠯ ᠪᠠᠭ᠎ᠠ ᠬᠥᠭ᠌ᠵᠢᠵᠦ᠍᠂ ᠠᠷᠠᠯᠵᠢᠶᠠᠴᠢᠨ ᠤᠷᠢᠬᠤ ᠦᠭᠡᠢ ᠪᠣᠯ ᠬᠥᠭ᠌ᠵᠢᠵᠤ ᠴᠢᠳᠠᠬᠤ ᠦᠭᠡᠢ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ᠂ ᠡᠬᠢ ᠪᠠᠶᠠᠯᠢᠭ ᠡᠯᠪᠡᠭ ᠪᠠᠢᠵᠤ᠂ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠪᠠ ᠭᠠᠵᠠᠷ ᠱᠢᠷᠣᠢ᠂ ᠨᠡᠭᠦᠷᠡᠰᠦᠲᠥ᠋ᠷᠥᠭ᠌ᠴᠢ᠎ᠶ᠋ᠢ ᠬᠤᠷᠠᠮᠳᠤᠭᠤᠯᠬᠤ᠂ 《ᠪᠣᠬᠢᠷᠲᠤᠯ ᠦᠭᠡᠢ ᠴᠠᠬᠢᠯᠭᠠᠨ》 ᠂ ᠠᠵᠤ ᠦᠢᠯᠡᠰ ᠵᠡᠷᠭᠡ ᠤᠯᠠᠨ ᠳᠠᠪᠠᠭᠤᠯᠢᠭ᠎ᠲᠠᠶ ᠶᠤᠮ᠂ ᠪᠢᠳᠡ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠵᠢ ᠠᠳᠭᠤᠬᠤ ᠲᠠᠯ᠎ᠠ᠎ᠪᠠᠷ ᠢᠲᠡᠭᠡᠯ ᠲᠡᠭᠦᠯᠳᠡᠷ᠂ ᠡᠷᠴᠢ ᠵᠣᠷᠢᠭ᠎ᠢᠶᠠᠨ ᠬᠥᠪᠴᠢᠯᠡᠵᠦ᠍᠂ ᠠᠮᠵᠢᠯᠲᠠ ᠪᠦᠲᠦᠮᠵᠢ ᠭᠠᠷᠭᠠᠬᠤ ᠬᠡᠷᠡᠭ᠌ᠲᠡᠢ᠃ ᠬᠡᠯᠡᠯᠭᠡᠨ ᠦᠭᠡᠢ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ᠎ᠳᠤ ᠲᠤᠮᠤ ᠠᠵᠤ ᠠᠬᠤᠢᠯᠠᠯ᠎ᠢ ᠯᠠ ᠠᠩᠬᠠᠷᠤᠭᠠᠳ ᠪᠠᠭ᠎ᠠ ᠲᠦᠷᠦᠯ ᠵᠦᠢᠯ᠎ᠢ ᠠᠳᠭᠤᠬᠤ ᠦᠭᠡᠢ ᠪᠠᠢᠵᠤ ᠪᠣᠯᠬᠤ ᠦᠭᠡᠢ᠂ 《ᠬᠦᠷᠭᠡᠨ》 ᠤᠯᠤᠭᠠᠳ《ᠬᠦᠦ》 ᠪᠠᠨ ᠮᠠᠷᠲᠠᠵᠤ ᠪᠣᠯᠬᠤ ᠦᠭᠡᠢ᠂ 《ᠶᠡᠬᠡ》 ᠵᠢ ᠠᠳᠬᠤᠬᠤ ᠮᠦᠷᠳᠡᠭᠡᠨ 《ᠪᠠᠭ᠎ᠠ》 ᠵᠢ ᠦᠯᠦ ᠤᠮᠠᠷᠳᠠᠵᠤ᠂ 《ᠱᠢᠨ᠎ᠡ》 ᠵᠢ ᠬᠦᠭᠡᠭᠡᠴᠡᠯᠳᠤᠬᠦ ᠮᠦᠷᠳᠡᠭᠡᠨ《ᠬᠠᠭᠤᠴᠢᠨ》 ᠡᠴᠡ ᠬᠠᠯᠠᠱᠢᠷᠠᠬᠤ ᠦᠭᠡᠢ ᠪᠠᠢᠬᠤ᠎ᠶ᠋ᠢ ᠪᠠᠷᠢᠮᠲᠠᠯᠠᠵᠤ᠂ ᠶᠡᠬᠡ ᠪᠠᠭ᠎ᠠ ᠲᠦᠷᠦᠯ ᠵᠦᠢᠯ᠎ᠢ ᠠᠳᠠᠯᠢᠬᠠᠨ᠎ᠢᠶᠠᠷ ᠴᠢᠬᠤᠯᠠᠴᠢᠯᠠᠵᠤ᠂ ᠱᠢᠨ᠎ᠡ ᠬᠠᠭᠤᠴᠢᠨ ᠠᠵᠤ ᠠᠬᠤᠢᠯᠠᠯ᠎ᠳᠤ ᠠᠳᠠᠯᠢᠬᠠᠨ ᠬᠠᠨᠳᠤᠪᠠᠯ ᠰᠠᠶᠢ ᠡᠯ᠎ᠡ ᠲᠦᠷᠦᠯ᠎ᠦᠨ ᠴᠢᠬᠤᠯᠠ ᠡᠯᠧᠮᠧᠨ᠋ᠲ᠎ᠦᠨ ᠡᠬᠢ ᠪᠠᠶᠠᠯᠢᠭ᠎ᠢ ᠥᠪᠥᠷ ᠮᠣᠩᠭᠣᠯ ᠲᠡᠢᠰᠢ ᠲᠦᠷᠭᠡᠨ ᠲᠥᠪᠯᠡᠷᠡᠭᠦᠯᠵᠦ᠍ ᠂ ᠥᠨᠳᠥᠷ ᠲᠦᠪᠱᠢᠨ ᠪᠦᠬᠦᠢ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠵᠤ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ᠃

ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠨᠥᠬᠥᠴᠡᠯ ᠳᠣᠣᠷ᠎ᠠ᠂ ᠣᠷᠴᠢᠨ ᠨᠦᠬᠦᠴᠡᠯ ᠪᠤᠯ《ᠠᠭᠤᠷ ᠠᠮᠢᠰᠭᠤᠯ》᠂ ᠪᠡᠯᠡ ᠮᠥᠩᠭᠥ᠌ ᠪᠣᠯ 《ᠨᠡᠭᠦᠳᠡᠯ᠎ᠦᠨ ᠱᠢᠪᠠᠭᠤ》 ᠮᠥᠨ᠃ ᠬᠠᠮᠢᠭ᠎ᠠ ᠣᠷᠴᠢᠨ ᠨᠦᠬᠦᠴᠡᠯ ᠰᠠᠢ᠌ᠨ ᠪᠠᠢᠪᠠᠯ᠂ ᠬᠦᠷᠦᠨᠭ᠌ᠭᠡ ᠪᠠ ᠡᠯᠧᠮᠧᠨ᠋ᠲ ᠳᠠᠷᠤᠢ ᠲᠡᠨᠳᠡ ᠱᠢᠯᠵᠢᠳᠡᠭ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠠᠷᠠᠯᠵᠢᠶᠠᠴᠢᠨ ᠤᠷᠢᠵᠤ ᠪᠠᠯᠠ ᠮᠦᠨᠭᠭᠦ ᠤᠷᠤᠭᠤᠯᠤᠨ ᠠᠪᠴᠢᠷᠠᠬᠤ ᠠᠵᠢᠯ᠎ᠢ ᠰᠠᠢᠲᠤᠷ ᠠᠳᠭᠤᠬᠤ᠎ᠶ᠋ᠢᠨ ᠵᠠᠩᠭᠢᠯᠠᠭ᠎ᠠ ᠨᠢ ᠬᠦᠭᠵᠢᠶᠡᠨ ᠶᠡᠭᠡᠳᠠᠢ ᠬᠤᠳᠠᠯᠳᠤᠭ᠎ᠠ ᠡᠷᠬᠢᠯᠡᠬᠦ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠵᠤ᠂ ᠥᠪᠥᠷ ᠮᠣᠩᠭᠣᠯ᠎ᠤᠨ ᠵᠥᠪ ᠲᠠᠯ᠎ᠠ᠎ᠶ᠋ᠢᠨ ᠳᠦᠷᠢ ᠲᠥᠷᠬᠦ᠌᠎ᠶ᠋ᠢ ᠱᠤᠭᠤᠬᠤ ᠶᠠᠪᠤᠳᠠᠯ ᠪᠣᠯᠤᠨ᠎ᠠ᠃ ᠪᠢᠳᠡ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠲᠠᠰᠤᠷᠠᠯᠲᠠ ᠦᠭᠡᠢ ᠱᠢᠯᠢᠳᠡᠭ᠌ᠵᠢᠭᠦᠯᠵᠦ᠍᠂ ᠨᠢᠭᠡ ᠪᠦᠯᠦᠭ ᠲᠤᠮᠤ ᠲᠦᠷᠦᠯ ᠵᠦᠢᠯ ᠰᠠᠢ᠌ᠨ ᠲᠦᠷᠦᠯ ᠵᠦᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠨᠥᠭᠡᠴᠡᠯᠡᠵᠦ᠍᠂ ᠠᠵᠤ ᠠᠬᠤᠢᠯᠠᠯ᠎ᠢ ᠣᠷᠣᠵᠤ ᠢᠷᠡᠵᠦ᠍ ᠳᠡᠢᠯᠬᠦ᠌᠂ ᠦᠯᠡᠳᠡᠵᠦ᠍ ᠳᠡᠢᠯᠬᠦ᠌᠂ ᠵᠤᠭᠤᠰ ᠣᠯᠵᠤ ᠳᠡᠢᠯᠬᠦ᠌ ᠪᠣᠯᠭᠠᠬᠤ ᠬᠡᠷᠡᠭ᠌ᠲᠡᠢ; ᠠᠵᠤ ᠠᠬᠤᠢᠯᠠᠯ᠎ᠤᠨ ᠬᠦᠴᠢᠷ ᠵᠣᠪᠠᠭᠤᠷᠢ᠎ᠶ᠋ᠢ ᠦᠨᠡᠨ ᠬᠦ᠌ ᠱᠢᠢᠳᠪᠦᠷᠢᠯᠡᠵᠦ᠍᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠣᠬᠢᠷᠠᠭᠤᠯᠤᠭ᠍ᠰᠠᠨ ᠦᠢᠯᠡ ᠠᠵᠢᠯᠯᠠᠭ᠎ᠠ᠎ᠶ᠋ᠢ 《ᠤᠬᠳᠤ ᠠᠭᠤᠴᠢᠯᠠᠬᠤ ᠦᠭᠡᠢ》 ᠪᠠᠢᠵᠤ᠂ ᠠᠵᠤ ᠠᠬᠤᠢᠯᠠᠯᠲᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠬᠤ ᠬᠡᠷᠡᠭ᠌ᠲᠡᠢ;ᠠᠵᠤ ᠠᠬᠤᠢᠯᠠᠯ ᠳ᠋ᠦ ᠦᠢᠯᠡᠴᠢᠯᠡᠬᠦ 《 ᠦᠢᠯᠡᠴᠢᠯᠡᠭᠴᠢ》 ᠵᠢᠨ ᠠᠵᠢᠯ᠎ᠢ ᠰᠠᠢᠳᠤᠷ ᠬᠢᠵᠤ᠂ ᠳᠠᠭᠤᠳᠠᠬᠤ ᠦᠭᠡᠢ ᠪᠤᠯ ᠬᠠᠷᠰᠢᠯᠠᠬᠤ ᠦᠭᠡᠢ᠂ ᠳᠠᠭᠤᠳᠠᠮᠠᠭ᠍ᠴᠠ ᠬᠦᠷᠴᠦ᠍ ᠢᠷᠡᠨ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠤ ᠠᠬᠤᠢᠯᠠᠯ᠎ᠤᠨ ᠠᠵᠢᠯ᠎ᠢᠶᠠᠨ ᠰᠠᠢᠲᠤᠷ ᠬᠢᠵᠦ᠍ ᠤᠴᠢᠷ ᠶᠠᠪᠤᠳᠠᠯ ᠪᠦᠲᠦᠭᠡᠬᠦ᠌᠎ᠳᠦ ᠲᠦᠬᠦᠮ ᠦᠵᠡᠭᠦᠯᠬᠦ᠌ ᠬᠡᠷᠡᠭ᠌ᠲᠡᠢ; ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠳᠣᠲᠣᠨᠣ ᠴᠢᠬᠡᠴᠢ ᠨᠢᠭᠡᠳᠦᠯᠲᠡᠢ ᠬᠠᠷᠢᠴᠠᠭ᠎ᠠ᠎ᠶ᠋ᠢ ᠬᠦᠴᠦᠯᠡᠨ ᠪᠠᠢᠭᠤᠯᠵᠤ᠂《ᠥᠪᠡᠷ᠎ᠦᠨ ᠬᠥᠮᠦᠨ》 ᠤ᠋ ᠲᠤᠰᠭᠠᠯ ᠪᠠ ᠬᠦᠰᠡᠯ ᠱᠠᠭᠠᠷᠳᠠᠯᠭ᠎ᠠ᠎ᠶ᠋ᠢ ᠢᠯᠡᠭᠦᠬᠡᠨ ᠰᠣᠨᠣᠰᠴᠤ᠌᠂ ᠠᠵᠤ ᠠᠬᠤᠢᠯᠠᠯ᠎ᠤᠨ ᠨᠡᠩ ᠲᠦᠷᠭᠡᠨ ᠨᠡᠩ ᠰᠠᠢ᠌ᠨ ᠪᠣᠢᠵᠢᠯᠲᠠ᠎ᠶ᠋ᠢ ᠰᠡᠳᠭᠢᠯ ᠲᠠᠯᠪᠢᠨ ᠬᠠᠢᠷᠠᠯᠠᠨ ᠬᠠᠮᠠᠭᠠᠯᠠᠵᠤ᠂ 《ᠤᠢ᠍ᠢᠷᠠᠬᠠᠨ ᠤ᠋ ᠬᠢᠨ ᠪᠠᠶᠠᠰᠴᠤ᠂ ᠬᠤᠯᠠ ᠵᠢᠨ ᠬᠢᠨ ᠨᠢ ᠢᠷᠡᠬᠦ᠌》ᠰᠠᠢ᠌ᠨ ᠰᠠᠢᠬᠠᠨ ᠬᠥᠭ᠌ᠵᠢᠯᠲᠡ᠎ᠶ᠋ᠢᠨ ᠪᠠᠢᠳᠠᠯ᠎ᠢ ᠪᠤᠢ ᠪᠣᠯᠭᠠᠬᠤ ᠬᠡᠷᠡᠭ᠌ᠲᠡᠢ᠃

ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ ᠠᠵᠢᠯ᠎ᠢ ᠠᠳᠭᠤᠬᠤ ᠪᠣᠯ ᠨᠢᠭᠡ ᠤᠳᠠᠭᠠᠨ᠎ᠤ ᠪᠦᠬᠦᠯᠢ ᠴᠣᠭ᠍ᠴᠠ ᠵᠢᠨ ᠪᠠᠢᠯᠳᠤᠭᠠᠨ᠂ ᠬᠠᠮᠳᠤᠷᠠᠯᠴᠠᠭᠰᠠᠨ ᠪᠠᠢᠯᠳᠤᠭᠠᠨ ᠮᠦᠨ᠂ ᠡᠷᠬᠡᠪᠰᠢ ᠨᠢᠭᠡ ᠬᠥᠯᠭᠡ ᠱᠢᠲᠠᠷ᠎ᠠ ᠪᠤᠯᠬᠤ᠎ᠶ᠋ᠢ ᠪᠠᠷᠢᠮᠲᠠᠯᠠᠵᠤ᠂ ᠳᠤᠤᠭᠠᠷᠪᠠᠯ ᠳᠠᠭᠤ ᠨᠢᠭᠡᠳᠠᠢ᠂ ᠲᠤᠬᠳᠤᠷᠪᠠᠯ ᠬᠦᠴᠦ ᠨᠢᠭᠡᠳᠠᠢ ᠪᠠᠢᠬᠤ ᠭᠡᠷᠡᠭᠲᠡᠢ᠃ ᠳᠡᠭᠡᠷ᠎ᠡ ᠱᠠᠳᠤ᠎ᠡᠴᠡ ᠳᠣᠷᠣᠭ᠍ᠰᠢ ᠱᠠᠳᠤ ᠬᠦᠷᠲᠡᠯ᠎ᠡ ᠴᠥᠮ《ᠬᠦᠳᠡᠯᠦᠯᠴᠡᠵᠦ》᠂ ᠳᠠᠩᠰᠠ ᠲᠤᠱᠢᠶᠠᠬᠤ ᠤᠬᠠᠮᠰᠠᠷ᠂ ᠱᠢᠯᠭᠠᠯᠲᠠ ᠲᠤᠱᠢᠶᠠᠬᠤ ᠤᠬᠠᠮᠰᠠᠷ᠂ ᠦᠷ᠎ᠡ ᠪᠦᠲᠦᠭᠡᠯ᠎ᠦᠨ ᠤᠬᠠᠮᠰᠠᠷ᠎ᠢᠶᠠᠨ ᠴᠢᠩᠭᠠᠳᠭᠠᠵᠤ᠂ ᠬᠠᠷᠠᠯᠲᠠ᠎ᠪᠠᠨ ᠡᠵᠡᠮᠳᠡᠨ᠂ ᠵᠣᠷᠢᠭ᠍ᠲᠠᠢ ᠠᠵᠢᠯᠯᠠᠵᠤ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌ ᠬᠡᠷᠡᠭ᠌ᠲᠡᠢ; ᠵᠣᠷᠢᠭ᠍ᠲᠠᠢ᠎ᠪᠠᠷ ᠰᠦᠪᠡᠭ᠌ᠴᠢᠯᠡᠨ ᠦᠢᠯᠡᠳᠦᠯᠭᠡᠵᠢᠭᠦᠯᠵᠦ᠍᠂ ᠲᠠᠷᠢᠬᠢ ᠲᠣᠯᠣᠭᠠᠢ᠎ᠪᠠᠨ ᠢᠯᠡᠭᠦᠬᠡᠨ ᠬᠥᠳᠡᠯᠭᠡᠨ ᠠᠷᠭ᠎ᠠ ᠤᠬᠠᠭᠠᠨ ᠭᠠᠷᠭᠠᠵᠤ᠂ ᠲᠡᠷᠢᠭᠦᠨ᠎ᠦ ᠭᠠᠵᠠᠷ ᠣᠷᠣᠨ᠎ᠤ ᠰᠠᠢ᠌ᠨ ᠲᠤᠷᠱᠢᠯᠭ᠎ᠠ ᠰᠠᠢ᠌ᠨ ᠠᠷᠭ᠎ᠠ ᠬᠢᠳᠡᠯ᠎ᠢ ᠴᠢᠳᠠᠮᠠᠭᠠᠢ᠎ᠪᠠᠷ ᠰᠤᠷᠤᠯᠴᠠᠨ ᠲᠤᠯᠢᠳᠠᠵᠤ᠂ ᠡᠯ᠎ᠡ ᠭᠠᠵᠠᠷ᠎ᠤᠨ ᠬᠢᠨ ᠠᠳᠠᠯᠢᠳᠬᠠᠵᠤ ᠰᠤᠷᠤᠯᠴᠠᠨ ᠭᠦᠢᠴᠡᠵᠤ ᠬᠠᠪᠰᠤᠷᠤᠨ ᠬᠠᠮᠳᠤ ᠪᠡᠷ ᠬᠢᠵᠤ᠂ ᠠᠷᠠᠯᠵᠢᠶᠠᠴᠢᠨ ᠤᠷᠢᠬᠤ ᠠᠵᠢᠯ᠎ᠢ ᠬᠠᠮᠲᠤ᠎ᠪᠠᠷ ᠠᠳᠭᠤᠬᠤ᠂ ᠲᠦᠷᠦᠯ ᠵᠦᠢᠯ᠎ᠢ ᠵᠡᠷᠭᠡ᠎ᠪᠡᠷ ᠠᠳᠭᠤᠬᠤ᠂ ᠬᠥᠭ᠌ᠵᠢᠯᠲᠡ᠎ᠶ᠋ᠢ ᠴᠢᠩᠭ᠎ᠠ ᠠᠳᠭᠤᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ;ᠪᠣᠳᠠᠲᠠᠶ ᠠᠵᠢᠯᠯᠠᠵᠤ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ᠍ ᠵᠢᠳᠬᠦᠯ ᠴᠢᠷᠮᠠᠢᠯᠭ᠎ᠠ ᠭᠠᠷᠭᠠᠬᠤ ᠢᠯᠡ ᠲᠣᠳᠣ ᠤᠳᠤᠷᠢᠳᠤᠮᠵᠢ᠎ᠶ᠋ᠢ ᠪᠣᠶ ᠪᠣᠯᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠪᠠᠢᠭᠠᠳ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠡᠷᠴᠢ ᠵᠣᠷᠢᠭ᠂ ᠲᠡᠮᠡᠴᠡᠬᠦ ᠵᠣᠷᠢᠭ᠂ ᠭᠠᠪᠰᠢᠭᠠᠢᠯᠠᠬᠤ ᠵᠣᠷᠢᠭ᠎ᠢᠶᠠᠨ ᠬᠥᠪᠴᠢᠯᠡᠵᠦ᠍᠂ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ ᠲᠠᠯ᠎ᠠ᠎ᠪᠠᠷ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠬᠠᠷᠢᠭᠤᠴᠠᠯᠭ᠎ᠠ ᠡᠭᠦᠷᠭᠡᠯᠡᠵᠦ᠍ ᠴᠢᠳᠠᠨ᠂ ᠬᠠᠷᠢᠭᠤᠴᠠᠯᠭ᠎ᠠ ᠡᠭᠦᠷᠭᠡᠯᠡᠵᠦ᠍ ᠲᠡᠢᠯᠤᠨ᠂ ᠲᠥᠷᠥᠯ ᠵᠦᠶ᠋ᠯ᠎ᠳᠦ ᠦᠶ᠋ᠯᠡᠴᠢᠯᠡᠬᠦ᠌ ᠲᠠᠯ᠎ᠠ᠎ᠪᠠᠷ ᠪᠣᠳᠠᠲᠠᠶ ᠠᠵᠢᠯ ᠬᠢᠵᠦ᠍᠂ ᠪᠣᠳᠠᠲᠠᠶ ᠠᠷᠭ᠎ᠠ ᠰᠦᠪᠡᠭ᠌ᠴᠢᠯᠡᠵᠦ᠍᠂ ᠪᠣᠳᠠᠲᠤ ᠦᠷ᠎ᠡ ᠪᠦᠲᠦᠮᠵᠢ ᠤᠯᠬᠤ ᠬᠡᠷᠡᠭ᠌ᠲᠡᠶ᠃

ᠬᠦᠴᠦᠨ ᠴᠢᠳᠠᠯ ᠵᠢᠡᠨ ᠲᠠᠰᠤᠷᠠᠯᠳᠠ ᠦᠭᠡᠢ ᠨᠡᠮᠡᠭᠳᠡᠭᠦᠯᠵᠦ᠂ ᠦᠳᠦ ᠰᠦᠳᠦ ᠪᠡᠨ ᠬᠦᠴᠦᠷᠬᠡᠭᠵᠢᠭᠦᠯᠳᠡᠭ ᠯᠡ ᠶᠤᠮ ᠪᠤᠯ ᠬᠠᠪᠤᠷ ᠤ᠋ᠨ ᠡᠳᠦᠷ ᠤ᠋ᠳ ᠵᠢᠡᠷ ᠤᠭᠳᠠᠷᠭᠤᠢ ᠪᠡᠷ ᠬᠠᠯᠢᠨ ᠨᠢᠰᠬᠦ ᠶᠤᠮ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠪᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠨᠢ ᠪᠦᠬᠦ᠌ ᠲᠠᠯ᠎ᠠ᠎ᠶ᠋ᠢ ᠨᠥᠯᠥᠭᠡᠯᠡᠵᠦ᠍᠂ ᠠᠯᠤᠰ ᠬᠡᠳᠦ᠍᠎ᠲᠡᠶ ᠬᠣᠯᠪᠣᠭ᠍ᠳᠠᠨ᠎ᠠ᠃ ᠣᠷᠣᠨ ᠳᠠᠶᠠᠭᠠᠷ᠎ᠢᠶᠠᠨ ᠦᠳᠲᠡᠷ ᠲᠦᠷᠭᠡᠨ ᠬᠥᠳᠡᠯᠦᠯᠴᠡᠵᠦ᠍᠂ ᠡᠷᠴᠢ ᠵᠣᠷᠢᠭ᠎ᠢᠶᠠᠨ ᠬᠥᠪᠴᠢᠯᠡᠵᠦ᠍᠂ ᠥᠷᠯᠥᠭᠡ ᠦᠳᠡᠰᠢ᠎ᠶ᠋ᠢ ᠲᠡᠮᠡᠴᠡᠬᠦ᠌᠂ ᠴᠢᠷᠮᠠᠢᠨ ᠲᠡᠮᠡᠴᠡᠬᠦ᠌ ᠲᠡᠮᠡᠴᠡᠯ᠎ᠦᠨ ᠣᠪᠣᠷ ᠪᠠᠢᠳᠠᠯ ᠪᠠ ᠠᠵᠢᠯ᠎ᠤᠨ ᠰᠤᠷᠲᠠᠯ᠎ᠢᠶᠠᠨ ᠭᠠᠷᠭᠠᠵᠤ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠥᠷᠨᠢᠯᠲᠡ᠎ᠶ᠋ᠢ ᠬᠦᠴᠦᠯᠡᠨ ᠥᠷᠨᠢᠭᠦᠯᠵᠦ᠍᠂ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠪᠦᠬᠦ᠌ ᠬᠦᠴᠦᠨ᠎ᠢᠶᠡᠷ᠎ᠢᠶᠡᠨ ᠡᠭᠦᠳᠬᠦ᠌ ᠬᠡᠷᠡᠭ᠌ᠲᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号