ᠵᠠᠵᠢᠯᠤᠭᠤᠷ ᠱᠢᠬᠢᠷ ᠤ᠋ᠨ ᠦᠶ᠋ᠯᠡᠳᠬᠦᠨ ᠢ᠋ ᠰᠤᠷᠤᠭᠠᠳ ᠦᠯᠢᠶᠡᠪᠡᠯ ᠤᠳᠤᠭ᠎ᠠ ᠭᠠᠷᠴᠤ᠂ ᠭᠠᠳᠠᠷ ᠪᠠᠢᠳᠠᠯ ᠡᠴᠡ ᠨᠢ ᠦᠵᠡᠪᠡᠯ ᠰᠤᠯᠠ ᠢᠳᠡᠭᠡᠨ ᠱᠢᠭ ᠪᠠᠢᠳᠠᠭ᠃ ᠭᠡᠪᠡᠴᠦ ᠡᠨᠡ ᠨᠢ ᠨᠠᠰᠤᠨ᠎ᠳᠤ ᠥᠯᠥ᠍ ᠬᠦᠷᠦᠭ᠌ᠰᠡᠳ ᠢ᠋ ᠦᠳᠦᠬᠡᠨ ᠲᠠᠳᠠᠭᠤᠯᠳᠠᠬ 《ᠡᠯᠧᠺᠲ᠋ᠷᠣᠨ ᠲᠠᠮᠠᠬᠢ 》ᠮᠥᠨ ᠭᠡᠵᠦ᠍ ᠨᠡᠯᠢᠶᠡᠳ ᠤᠯᠠᠨ ᠭᠡᠷ᠎ᠤᠨ ᠠᠬᠠᠮᠠᠳ ᠰᠠᠨᠠᠭ᠎ᠠ ᠵᠣᠪᠠᠵᠤ ᠪᠠᠢᠨ᠎ᠠ᠃ ᠣᠢᠷ᠎ᠠ᠎ᠶ᠋ᠢᠨ ᠵᠢᠯ᠎ᠦᠳ᠎ᠲᠦ ᠲᠥᠷᠥᠯ ᠵᠦᠶ᠋ᠯ᠎ᠢᠶᠡᠷ ᠣᠯᠠᠨ 《ᠰᠦ᠋ ᠲᠠᠢ ᠴᠠᠶ᠎ᠶ᠋ᠢᠨ ᠴᠣᠮᠣ 》 ᠂ 《ᠺᠤᠯᠠ᠎ᠶ᠋ᠢᠨ ᠴᠣᠮᠣ》 ᠵᠡᠷᠭᠡ ᠨᠢᠭᠡ ᠯᠡ ᠤᠳᠠᠭ᠎ᠠ ᠬᠡᠷᠡᠭ᠌ᠯᠡᠬᠦ᠌ ᠡᠯᠧᠺᠲ᠋ᠷᠣᠨ ᠲᠠᠮᠠᠬᠢ ᠠᠭᠠᠵᠢᠮ᠎ᠢᠶᠠᠷ ᠢᠯᠡᠷᠡᠨ ᠬᠦᠭᠵᠢᠵᠦ᠂ ᠵᠠᠯᠠᠭᠤᠴᠤᠳ ᠪᠠᠭᠠᠴᠤᠳ᠎ᠤᠨ ᠳᠤᠮᠳᠠ ᠮᠠᠰᠢ ᠳᠡᠯᠭᠡᠷᠡᠵᠦ ᠪᠠᠢᠨ᠎ᠠ᠃
ᠲᠠᠮᠠᠬᠢ ᠨᠢ ᠵᠠᠯᠠᠭᠤ ᠪᠠᠭᠠᠴᠤᠳ᠎ᠤᠨ ᠡᠷᠡᠭᠦᠯ ᠮᠡᠨᠳᠦ᠍᠎ᠳᠦ ᠬᠤᠤᠷ ᠬᠥᠨᠥᠭᠡᠯ ᠤᠴᠠᠷᠠᠭᠤᠯᠬᠤ᠎ᠶ᠋ᠢ ᠯᠠᠪᠰᠢᠷᠠᠭᠤᠯᠵᠤ ᠶᠠᠷᠢᠬᠤ ᠬᠡᠷᠡᠭ ᠦᠬᠡᠢ ᠂ ᠡᠯᠧᠺᠲ᠋ᠷᠣᠨ ᠲᠠᠮᠠᠬᠢᠨ᠎ᠤ ᠬᠤᠤᠷ ᠬᠥᠨᠥᠭᠡᠯ᠎ᠢ ᠴᠦ᠍ ᠪᠠᠰᠤᠵᠤ ᠪᠣᠯᠬᠤ ᠥᠬᠡᠶ᠃ ᠠᠰᠢᠬ ᠤᠯᠬᠤ ᠵᠢᠨ ᠲᠦᠯᠦᠬᠡ᠂ ᠵᠠᠷᠢᠮ ᠬᠠᠤᠯᠢ ᠪᠤᠰᠤ ᠬᠤᠳᠠᠯᠳᠤᠭᠠᠴᠢᠨ ᠡᠯᠧᠺᠲ᠋ᠷᠣᠨ ᠲᠠᠮᠠᠬᠢ᠎ᠵᠢᠨ ᠬᠡᠷᠡᠭᠯᠡᠭᠴᠢᠳ ᠢ᠋ ᠵᠠᠯᠠᠭᠤᠴᠤᠳ ᠪᠠᠭᠠᠴᠤᠳ᠎ᠢᠶᠠᠷ ᠲᠣᠭ᠍ᠲᠠᠭᠠᠭ᠍ᠰᠠᠨ ᠪᠥᠭᠡᠳ ᠡᠯᠧᠺᠲ᠋ᠷᠣᠨ ᠲᠠᠮᠠᠬᠢ᠎ᠶ᠋ᠢᠨ ᠦᠶ᠋ᠯᠡᠳᠬᠦᠨ᠎ᠢ ᠬᠦᠴᠦ ᠤᠷᠤᠭᠤᠯᠤᠨ ᠤᠷᠠᠯᠠᠵᠦ ᠪᠤᠭᠤᠳᠠᠯᠯᠠᠵᠠᠢ᠃ ᠵᠠᠷᠢᠮ ᠨᠢ ᠵᠠᠯᠠᠭᠤᠴᠤᠳ ᠪᠠᠭᠠᠴᠤᠳ᠎ᠤᠨ ᠴᠠᠭ᠎ᠤᠨ ᠦᠨᠭ᠌ᠭᠡ᠎ᠶ᠋ᠢ ᠲᠠᠭᠠᠵᠦ᠍ ᠂ ᠬᠠᠴᠢᠨ ᠰᠣᠨᠢᠨ᠎ᠢ ᠬᠥᠭᠡᠭᠡᠴᠡᠯᠳᠦᠬᠦ᠌ ᠰᠡᠳᠭᠢᠴᠡ᠎ᠶ᠋ᠢ ᠠᠳᠭᠤᠵᠤ ᠂ ᠠᠳᠠᠯᠢ ᠪᠤᠰᠤ ᠠᠮᠲᠠ ᠲᠠᠢ ᠦᠢᠯᠡᠳᠬᠦᠨ ᠢ᠋ ᠭᠠᠷᠭᠠᠵᠠᠢ᠃ ᠵᠠᠷᠢᠮ ᠨᠢ ᠬᠢᠨᠠᠯᠲᠠ ᠬᠠᠮᠢᠶᠠᠷᠤᠯᠲᠠᠡᠴᠨ ᠵᠠᠢᠯᠠᠬᠤ᠎ᠶ᠋ᠢᠨ ᠲᠥᠯᠥᠭᠡ᠂ ᠡᠯᠧᠺᠲ᠋ᠷᠣᠨ ᠲᠠᠮᠠᠬᠢ ᠵᠢ ᠵᠠᠵᠢᠯᠤᠭᠤᠷ ᠱᠢᠬᠢᠷ ᠴᠢᠨᠠᠭ᠍ᠰᠢᠯᠠᠪᠠᠯ ᠪᠢᠴᠢᠭ᠎ᠦᠨ ᠬᠡᠷᠡᠭ᠌ᠰᠡᠯ ᠪᠣᠯᠭᠠᠨ ᠤᠷᠠᠯᠠᠵᠦ ᠪᠤᠭᠤᠳᠠᠯᠯᠠᠳᠠᠬ᠃ ᠪᠠᠢᠴᠠᠭᠠᠯᠳᠠ ᠳ᠋ᠤ ᠢᠯᠡᠷᠡᠬᠦᠯᠦᠭᠰᠡᠨ ᠵᠢᠡᠷ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠡᠯᠧᠺᠲ᠋ᠷᠣᠨ ᠲᠠᠮᠠᠬᠢ ᠳᠠᠳᠠᠬᠤ ᠬᠠᠷᠢᠴᠠᠯ ᠢᠯᠡᠳᠲᠡ ᠳᠡᠭᠡᠭ᠌ᠰᠢᠯᠡᠪᠡ᠃
ᠤᠢ᠍ᠢᠷ᠎ᠠ᠎ᠶ᠋ᠢᠨ ᠵᠢᠯ᠎ᠳᠦ ᠂ ᠲᠠᠮᠠᠬᠢ ᠲᠠᠲᠠᠬᠤ᠎ᠶ᠋ᠢ ᠴᠠᠭᠠᠵᠠᠯᠠᠵᠤ ᠲᠠᠮᠠᠬᠢ ᠲᠠᠲᠠᠬᠤ᠎ᠶ᠋ᠢ ᠬᠢᠵᠠᠭᠠᠷᠯᠠᠬᠤ᠎ᠶ᠋ᠢᠨ ᠲᠥᠯᠥᠭᠡ ᠂ ᠨᠡᠢᠭᠡᠮ᠎ᠦᠨ ᠡᠯ᠎ᠡ ᠲᠠᠯ᠎ᠠ᠎ᠶ᠋ᠢᠨ ᠬᠢᠨ ᠴᠥᠮ ᠪᠠᠭ᠎ᠠ ᠪᠤᠰᠤ ᠴᠢᠷᠮᠠᠢᠯᠭ᠎ᠠ ᠭᠠᠷᠭᠠᠵᠤ ᠂ ᠪᠠᠰᠠ ᠵᠣᠬᠢᠬᠤ ᠦᠷ᠎ᠡ ᠪᠦᠲᠦᠮᠵᠢ ᠤᠯᠪᠠ᠃ ᠭᠡᠪᠡᠴᠦ᠍ ᠡᠯᠧᠺᠲ᠋ᠷᠣᠨ ᠲᠠᠮᠠᠬᠢ ᠨᠢ ᠡᠯ᠎ᠡ ᠵᠦᠶ᠋ᠯ᠎ᠦᠨ 《ᠪᠠᠬ》 ᠵᠡᠬᠦᠵᠦ ᠂ ᠰᠤᠷᠭᠠᠭᠤᠯᠢ᠎ᠶ᠋ᠢᠨ ᠬᠦᠷᠢᠶ᠎ᠡ᠂ ᠵᠠᠯᠠᠭᠤᠴᠤᠳ ᠪᠠᠭᠠᠴᠤᠳ᠎ᠤᠨ ᠳᠤᠮᠳᠠ ᠳᠡᠯᠭᠡᠷᠡᠵᠦ᠍ ᠪᠠᠢᠭ᠎ᠠ ᠪᠣᠯᠬᠣᠷ ᠬᠣᠯᠪᠣᠭ᠍ᠳᠠᠯ ᠪᠥᠬᠥᠶ ᠰᠠᠯᠠᠭ᠎ᠠ ᠮᠥᠴᠢᠷᠡᠷᠬᠡᠪᠰᠢ ᠡᠯᠧᠺᠲ᠋ᠷᠣᠨ ᠲᠠᠮᠠᠬᠢ ᠵᠢ ᠵᠠᠰᠠᠬᠤ ᠴᠢᠬᠤᠯᠠᠳᠠᠢ ᠪᠤᠯᠵᠠᠢ᠃ ᠡᠨᠡ ᠵᠢᠯ ᠦᠨ 5 ᠰᠠᠷ᠎ᠠ᠎ᠶ᠋ᠢᠨ 1 ᠡᠴᠡ ᠡᠬᠢᠯᠡᠨ ᠬᠡᠷᠡᠭ᠌ᠵᠢᠭᠦᠯᠦᠭ᠌ᠰᠡᠨ 《ᠡᠯᠧᠺᠲ᠋ᠷᠣᠨ ᠲᠠᠮᠠᠬᠢ᠎ᠶ᠋ᠢᠨ ᠬᠠᠮᠢᠶᠠᠷᠤᠯᠲᠠ᠎ᠶ᠋ᠢᠨ ᠠᠷᠭ᠎ᠠ》 ᠳ᠋ᠤ ᠂ ᠨᠠᠰᠤᠨ᠎ᠳᠤ ᠥᠯᠥ᠍ ᠭᠦᠷᠦᠭ᠌ᠰᠡᠳ᠎ᠲᠦ ᠡᠯᠧᠺᠲ᠋ᠷᠣᠨ ᠲᠠᠮᠠᠬᠢ ᠬᠤᠳᠠᠯᠳᠤᠬᠤ᠎ᠶ᠋ᠢ ᠴᠠᠭᠠᠵᠠᠯᠠᠪᠠ᠃
ᠡᠯᠧᠺᠲ᠋ᠷᠣᠨ ᠲᠠᠮᠠᠬᠢ ᠵᠢ ᠦᠶ᠋ᠯᠡᠳᠪᠦᠷᠢᠯᠡᠬᠦ᠌᠎ᠳᠦ ᠮᠡᠷᠭᠡᠵᠢᠯ᠎ᠦᠨ ᠰᠠᠭᠠᠳ ᠪᠡᠷᠬᠡᠰᠢᠶᠡᠯ ᠦᠬᠡᠢ᠃ ᠡᠨᠡ ᠨᠢ ᠮᠥᠨ ᠴᠦ᠍ ᠡᠯᠧᠺᠲ᠋ᠷᠣᠨ ᠲᠠᠮᠠᠬᠢ ᠵᠢ ᠬᠠᠤᠯᠢ ᠪᠤᠰᠤ ᠪᠡᠷ ᠦᠢᠯᠡᠳᠬᠦ ᠬᠡᠷᠡᠭ ᠲᠠᠰᠤᠷᠠᠯᠳᠠ ᠦᠭᠡᠢ ᠡᠭᠦᠰᠴᠦ ᠂ 《ᠪᠠᠬ》 ᠢᠶᠠᠨ ᠪᠠᠢᠨ ᠲᠠᠬᠢᠨ ᠰᠣᠯᠢᠵᠤ ᠪᠤᠰᠤᠳ ᠦᠢᠯᠡᠳᠬᠦᠨ᠎ᠢᠶᠡᠷ ᠣᠪᠯᠠᠬᠤ᠎ᠶ᠋ᠢᠨ ᠴᠢᠬᠤᠯᠠ ᠱᠢᠯᠲᠠᠭᠠᠨ ᠪᠣᠯᠤᠬᠰᠠᠨ ᠪᠠᠢᠨ᠎ᠠ᠃ ᠡᠢᠮᠦ᠍᠎ᠡᠴᠡ ᠡᠯᠧᠺᠲ᠋ᠷᠣᠨ ᠲᠠᠮᠠᠬᠢ ᠵᠢ ᠵᠠᠰᠠᠬᠤ ᠠᠵᠢᠯ᠎ᠢ ᠡᠬᠢ ᠰᠤᠷᠪᠤᠯᠵᠢᠡᠴᠨ ᠨᠢ ᠴᠢᠩᠭᠠᠳᠭᠠᠬᠤ ᠨᠢ ᠬᠣᠯᠪᠣᠭ᠍ᠳᠠᠯ ᠪᠦᠬᠦᠢ ᠠᠵᠢᠯ᠎ᠤᠨ ᠭᠣᠣᠯᠳᠠᠯᠭ᠎ᠠ ᠪᠣᠯᠬᠤ ᠶᠣᠰᠣᠲᠠᠢ᠃ ᠡᠯᠧᠺᠲ᠋ᠷᠣᠨ ᠲᠠᠮᠠᠬᠢ ᠦᠶ᠋ᠯᠡᠳᠪᠦᠷᠢᠯᠡᠬᠦ᠌ ᠲᠥᠬᠥᠭᠡᠷᠦᠮᠵᠢ ᠂ ᠲᠦᠭᠦᠬᠡᠶ ᠮᠠᠲ᠋ᠧᠷᠢᠶᠠᠯ ᠬᠠᠩᠭᠠᠬᠤ ᠵᠡᠷᠭᠡ ᠲᠠᠯ᠎ᠠ᠎ᠪᠠᠷ ᠬᠤᠳᠠᠯᠳᠤᠨ ᠠᠪᠤᠭ᠍ᠴᠢ᠎ᠶ᠋ᠢᠨ ᠬᠢᠷᠢ ᠬᠡᠮ᠎ᠢ ᠬᠢᠨᠠᠨ ᠱᠢᠯᠭᠠᠬᠤ᠎ᠪᠠᠨ ᠴᠢᠩᠭᠠᠳᠭᠠᠵᠤ᠂ ᠬᠠᠤᠯᠢ ᠪᠤᠰᠤ ᠬᠤᠳᠠᠯᠳᠤᠭᠠᠴᠢᠨ᠎ᠳᠤ ᠵᠠᠪᠱᠢᠬᠤ ᠲᠣᠬᠢᠶᠠᠯ ᠤᠯᠭᠤᠵᠤ ᠪᠤᠯᠬᠤ ᠦᠬᠡᠢ᠃ ᠵᠡᠷᠬᠡ ᠪᠡᠷ ᠵᠢᠵᠢᠭ᠌ᠯᠡᠨ ᠬᠤᠳᠠᠯᠳᠤᠬᠤ ᠭᠣᠭ᠍ᠴᠣᠭ᠎ᠠ᠎ᠳᠤ ᠂ ᠬᠤᠳᠠᠯᠳᠤᠭ᠎ᠠ ᠲᠡᠯᠬᠡᠬᠦᠷ ᠤ᠋ᠨ ᠡᠯᠸᠺᠲᠷᠤᠨ ᠲᠠᠮᠠᠬᠢ ᠬᠤᠳᠠᠯᠳᠤᠬᠤ ᠵᠢ ᠦᠷᠬᠦᠯᠵᠢᠯᠡᠨ ᠴᠠᠭᠠᠵᠠᠯᠠᠬᠤ ᠶᠤᠰᠤᠳᠠᠢ ᠪᠦᠬᠡᠳ ᠬᠠᠤᠯᠢ ᠪᠤᠰᠤ ᠰᠦᠯᠵᠢᠶ᠎ᠡ᠎ᠪᠡᠷ ᠪᠣᠷᠣᠯᠠᠭᠤᠯᠬᠤ ᠭᠣᠭ᠍ᠴᠣᠭ᠎ᠠ᠎ᠳᠤ ᠴᠣᠬᠢᠯᠲᠠ ᠦᠭᠪᠡᠯ ᠵᠤᠬᠢᠨ᠎ᠠ᠃