ᠡᠩᠬᠡᠪᠡᠢ᠎ᠶ᠋ᠢᠨ ᠠᠮᠢ ᠠᠬᠤᠢ᠎ᠶ᠋ᠢᠨ ᠵᠠᠰᠠᠯᠳᠠ ᠪᠦᠬᠦ᠌ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠱᠢᠯᠢᠳᠡᠭ ᠵᠢᠱ᠌ᠢᠶ᠎ᠡ᠎ᠪᠡᠷ ᠰᠣᠩᠭᠣᠭ᠍ᠳᠠᠪᠠ
2023-01-30 10:17:25
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠠᠮᠢ ᠠᠬᠤᠶ᠎ᠣᠷᠴᠢᠨ ᠲᠣᠭᠣᠷᠢᠨ᠎ᠤ ᠶᠠᠮᠤᠨ ᠤᠢᠷ᠎ᠠ ᠎ᠳᠦ 《2022 ᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠱᠢᠯᠢᠳᠡᠭ ᠬᠡᠷᠡᠭ᠎ᠦᠨ ᠵᠢᠱ᠌ᠢᠶ᠎ᠡ᠎ᠶ᠋ᠢᠨ ᠨᠡᠷᠡᠰ》 ᠢ᠋ ᠨᠡᠢᠲᠡᠯᠡᠪᠡ᠃ ᠡᠭᠦᠨ ᠳ᠋ᠤ ᠮᠠᠨ ᠤ᠋ ᠤᠷᠤᠨ ᠤ᠋ ᠡᠩᠬᠡᠪᠡᠢ᠎ᠶ᠋ᠢᠨ ᠠᠮᠢ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ ᠤ᠋ᠨ ᠰᠡᠷᠭᠦᠭᠡᠨ ᠵᠠᠰᠠᠭ᠍ᠰᠠᠨ ᠬᠡᠷᠡᠭ᠎ᠦᠨ ᠵᠢᠱ᠌ᠢᠶ᠎ᠡ ᠪᠦᠬᠦ ᠤᠯᠤᠰ ᠤ᠋ᠨ 40 ᠱᠢᠯᠢᠳᠡᠭ ᠬᠡᠷᠡᠭ᠎ᠦᠨ ᠵᠢᠱ᠌ᠢᠶ᠎ᠡ᠎ᠶ᠋ᠢᠨ ᠨᠢᠭᠡ᠎ᠪᠡᠷ ᠰᠤᠩᠭᠤᠭᠳᠠᠨ᠂ ᠮᠠᠨ ᠤ᠋ ᠣᠷᠣᠨ᠎ᠤ ᠴᠣᠷ᠎ᠤᠨ ᠭᠠᠭ᠍ᠴᠠ ᠰᠣᠩᠭᠣᠭ᠍ᠳᠠᠭ᠍ᠰᠠᠨ ᠬᠡᠷᠡᠭ᠎ᠦᠨ ᠵᠢᠱ᠌ᠢᠶ᠎ᠡ ᠪᠣᠯᠵᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ᠂ ᠪᠥᠬᠥ᠌ ᠠᠷᠠᠳ᠎ᠢᠶᠠᠷ᠎ᠢᠶᠠᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠬᠠᠮᠲᠤ᠎ᠪᠠᠷ ᠣᠷᠣᠯᠴᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠳᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃

ᠡᠩᠬᠡᠪᠡᠢ ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠪᠠᠷᠠᠭᠤᠨ ᠬᠡᠰᠡᠭ᠎ᠲᠦ ᠪᠠᠢᠷᠢᠯᠠᠳᠠᠭ᠃ ᠣᠢᠷ᠎ᠠ᠎ᠶ᠋ᠢᠨ ᠵᠢᠯ᠎ᠦᠨ ᠲᠤᠷᠰᠢ᠂ ᠡᠩᠬᠡᠪᠡᠢ᠎ᠶ᠋ᠢᠨ ᠠᠮᠢ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠤᠯᠭᠠᠬᠤ》ᠤᠨᠤᠯ᠎ᠢᠶᠠᠷ ᠠᠮᠢ ᠠᠬᠤᠢ ᠵᠢ ᠰᠡᠷᠭᠦᠭᠡᠨ ᠵᠠᠰᠠᠬᠤ᠎ᠶ᠋ᠢ ᠪᠠᠷᠢᠮᠲᠠᠯᠠᠭᠰᠠᠭᠠᠷ ᠢᠷᠡᠵᠠᠢ᠃ ᠣᠲᠣ᠂ ᠡᠩᠬᠡᠪᠡᠢ᠎ᠶ᠋ᠢᠨ ᠠᠮᠢ ᠠᠬᠤᠢ᠎ᠶ᠋ᠢᠨ ᠵᠢᠱ᠌ᠢᠶ᠎ᠡ ᠦᠵᠡᠭᠦᠯᠬᠦ᠌ ᠲᠤᠭᠤᠷᠢᠭ ᠤ᠋ᠨ ᠣᠷᠣᠨ ᠪᠦᠰᠡ᠎ᠶ᠋ᠢᠨ ᠳᠣᠲᠣᠷᠠᠬᠢ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠶ᠋ᠢᠨ ᠨᠣᠷᠮ᠎ᠠ 78%᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 41%᠂ ᠠᠮᠢᠲᠠᠨ ᠤᠷᠭᠤᠮᠠᠯ᠎ᠤᠨ ᠲᠥᠷᠥᠯ ᠵᠦᠶ᠋ᠯ 20 ᠭᠠᠷᠤᠶ ᠪᠠᠢᠭ᠍ᠰᠠᠨ᠎ᠠᠴᠠ᠎ᠪᠠᠨ ᠨᠡᠮᠡᠭ᠌ᠳᠡᠭᠡᠳ 600 ᠭᠠᠷᠤᠶ ᠵᠦᠶ᠋ᠯ ᠪᠣᠯᠵᠣ᠂《ᠡᠯᠡᠰᠦᠨ ᠴᠥᠯ᠎ᠨᠣᠭᠣᠭᠠᠨ ᠪᠦᠷᠢᠳᠦ ᠪᠤᠯᠵᠤ ᠬᠤᠪᠢᠷᠠᠭᠰᠠᠨ》 ᠭᠠᠢᠬᠠᠮᠱᠢᠭ᠎ᠢ ᠪᠦᠲᠦᠭᠡᠵᠠᠢ᠃

ᠠᠮᠢ ᠠᠬᠤᠶ ᠣᠷᠴᠢᠨ ᠲᠤᠭᠤᠷᠢᠨ ᠤ᠋ ᠶᠠᠮᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠱᠢᠯᠢᠳᠡᠭ ᠬᠡᠷᠡᠭ᠎ᠦᠨ ᠵᠢᠱ᠌ᠢᠶ᠎ᠡ᠎ᠶ᠋ᠢ ᠡᠯᠰᠡᠵᠦ᠍ ᠱᠢᠯᠢᠨ ᠰᠣᠩᠭᠣᠬᠤ ᠠᠵᠢᠯᠯᠠᠭ᠎ᠠ᠎ᠶ᠋ᠢ ᠠᠩᠬ᠎ᠠ ᠤᠳᠠᠭ᠎ᠠ ᠥᠷᠨᠢᠭᠦᠯᠵᠦ ᠪᠤᠢ᠃ ᠡᠯ᠎ᠡ ᠮᠤᠵᠢ ᠣᠷᠣᠨ᠎ᠤ ᠲᠠᠨᠢᠯᠴᠠᠭᠤᠯᠤᠭ᠍ᠰᠠᠨ ᠰᠠᠭᠤᠷᠢᠨ ᠳᠡᠭᠡᠷ᠎ᠡ᠂ ᠵᠣᠬᠢᠶᠠᠨ ᠪᠠᠢᠭᠤᠯᠤᠯᠲᠠ᠎ᠠᠴᠠ 40 ᠱᠢᠯᠢᠳᠡᠭ ᠬᠡᠷᠡᠭ᠎ᠦᠨ ᠵᠢᠱ᠌ᠢᠶ᠎ᠡ᠎ᠶ᠋ᠢ ᠱᠢᠭ᠌ᠰᠢᠨ ᠰᠣᠩᠭᠣᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号