ᠨᠢᠳᠤᠨᠤᠨ ᠰᠤᠪᠨᠠᠭᠤᠷ ᠲᠦ᠍ 6387 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠥᠬᠥᠪᠥᠷᠢᠯᠡᠵᠡᠢ
2023-01-30 10:23:37
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠡᠴᠡ ᠤᠢ᠍ᠢᠯᠠᠭᠠᠭ᠍ᠰᠠᠠ ᠵᠢᠡᠷ᠂ 2022ᠤᠨ ᠎ᠤ 10 ᠰᠠᠷ᠎ᠠ᠎ᠶ᠋ᠢᠨ ᠰᠡᠭᠦᠯᠴᠢ ᠪᠣᠯᠲᠠᠯ᠎ᠠ ᠂ ᠰᠤᠪᠨᠠᠭᠤᠷ ᠲᠦ᠍  ᠨᠡᠢ᠌ᠲᠡ 6387 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠥᠬᠥᠪᠥᠷᠢᠯᠡᠵᠦ᠍᠂ ᠴᠥᠭᠥᠷᠥᠮ᠎ᠦᠨ ᠪᠠᠭ᠍ᠲᠠᠭᠠᠮᠵᠢ ᠨᠢ 7630 ᠲᠦᠮᠡᠨ ᠪᠣᠰᠣᠭ᠎ᠠ ᠳᠥᠷᠪᠡᠯᠵᠢᠨ ᠮᠸᠲᠷ᠂ ᠤᠰᠤᠨ ᠣᠷᠣᠨ᠎ᠤ ᠲᠠᠯᠠᠪᠠᠢ ᠨᠢ 42.2 ᠲᠡᠭ᠌ᠰᠢ ᠳᠥᠷᠪᠡᠯᠵᠢᠨ ᠺᠢᠯᠤᠮᠸᠲᠷ ᠪᠠᠢᠵᠤ᠂ ᠰᠤᠪᠨᠠᠭᠤᠷ᠎ᠤᠨ ᠨᠠᠭᠤᠷ ᠪᠦᠷᠢᠳᠦ᠍᠎ᠶ᠋ᠢᠨ ᠱᠢᠷᠭᠢᠬᠦ᠌ ᠬᠢᠮᠤᠷᠠᠯ᠎ᠢ ᠪᠦᠲᠦᠮᠵᠢᠲᠡᠢ ᠨᠠᠮᠳᠠᠭᠤᠯᠵᠤ᠂ 18 ᠵᠢᠯ ᠳᠠᠷᠠᠭᠠᠯᠠᠨ ᠱᠢᠷᠭᠢᠬᠦ᠌ ᠦᠭᠡᠢ ᠪᠠᠢᠬᠤ᠎ᠶ᠋ᠢ ᠪᠡᠶᠡᠯᠡᠭᠦᠯᠵᠦ᠍᠂ ᠠᠮᠢ ᠠᠬᠤᠢ᠎ᠶ᠋ᠢᠨ ᠤᠰᠤ ᠨᠥᠬᠥᠪᠥᠷᠢᠯᠡᠬᠦ᠌ ᠠᠵᠢᠯ ᠢᠯᠡᠳᠲᠡ ᠦᠷ᠎ᠡ ᠪᠦᠲᠦᠮᠵᠢ ᠣᠯᠵᠠᠢ᠃

ᠮᠠᠨ᠎ᠤ ᠣᠷᠣᠨ 2022 ᠤᠨ ᠎ᠤ 8 ᠰᠠᠷ᠎ᠠ᠎ᠶ᠋ᠢᠨ ᠰᠡᠭᠦᠯᠴᠢ᠎ᠪᠡᠷ ᠬᠠᠷ᠎ᠠ ᠭᠣᠣᠯ᠎ᠤᠨ ᠳᠡᠭᠡᠳᠦ ᠳᠤᠮᠳᠠᠳᠤ ᠤᠷᠤᠰᠭᠠᠯ᠎ᠤᠨ ᠭᠠᠵᠠᠷ ᠣᠷᠣᠨ᠎ᠳᠤ ᠨᠡᠯᠢᠶᠡᠳ ᠶᠡᠬᠡ ᠦᠶᠡᠷᠯᠡᠬᠦ ᠴᠠᠭ ᠲᠣᠬᠢᠶᠠᠯ᠎ᠢ ᠴᠢᠩᠭ᠎ᠠ ᠠᠳᠭᠤᠵᠤ᠂ ᠰᠠᠷ᠎ᠠ ᠭᠠᠷᠤᠶ ᠤᠰᠤ ᠨᠥᠬᠥᠪᠥᠷᠢᠯᠡᠬᠦ᠎ᠪᠡᠷ ᠳᠡᠮᠵᠢᠨ᠂ ᠰᠤᠪᠨᠠᠭᠤᠷ᠎ᠤᠨ ᠤᠰᠤᠨ ᠲᠦᠪᠱᠢᠨ ᠦᠷᠭᠦᠯᠵᠢᠯᠡᠨ ᠳᠡᠭᠡᠭ᠌ᠰᠢᠯᠡᠵᠦ᠍᠂ ᠤᠰᠤᠨ ᠣᠷᠣᠨ᠎ᠤ ᠲᠠᠯᠠᠪᠠᠶ ᠪᠦᠲᠦᠮᠵᠢᠲᠡᠶ ᠰᠡᠷᠭᠦᠵᠦ᠍ ᠂ ᠨᠠᠭᠤᠷ ᠴᠥᠭᠥᠷᠥᠮ᠎ᠦᠨ ᠤᠰᠤᠨ᠎ᠤ ᠠᠮᠢ ᠠᠬᠤᠶ᠎ᠣᠷᠴᠢᠨ ᠲᠣᠭᠣᠷᠢᠨ ᠤᠯᠠᠮ ᠨᠢᠭᠡ ᠠᠯᠬᠤᠮ ᠲᠣᠭ᠍ᠲᠠᠪᠤᠷᠢᠵᠢᠪᠠ᠃ ᠨᠤᠭᠤ ᠭᠠᠵᠠᠷ᠎ᠲᠤ ᠣᠷᠣᠱᠢᠨ ᠠᠮᠢᠳᠤᠷᠠᠬᠤ ᠨᠡᠭᠦᠳᠡᠯ᠎ᠦᠨ ᠱᠢᠪᠠᠭᠤᠳ᠎ᠤᠨ ᠲᠥᠷᠥᠯ ᠵᠦᠶ᠋ᠯ 2010 ᠣᠨ᠎ᠳᠤ 14 ᠵᠦᠶ᠋ᠯ ᠪᠠᠢᠭ᠍ᠰᠠᠨ᠎ᠠᠴᠠ᠎ᠪᠠᠨ ᠨᠡᠮᠡᠭ᠌ᠳᠡᠭᠡᠳ ᠣᠲᠣ 133 ᠵᠦᠶ᠋ᠯ ᠪᠣᠯᠵᠣ ᠂ ᠰᠢᠪᠠᠭᠤᠳ ᠎ᠤᠨ ᠲᠤᠭ᠎ᠠ ᠬᠠᠮᠤᠭ ᠤᠯᠠᠨ ᠎ᠳᠠᠭᠠᠨ 10 ᠲᠦᠮᠡ ᠭᠠᠷᠤᠶ ᠪᠤᠯᠤᠨ ᠨᠡᠮᠡᠭᠳᠡᠪᠡ᠃ ᠡᠵᠡᠨ᠎ᠡ ᠬᠣᠱᠢᠭᠤ ᠨᠡᠢ᠌ᠲᠡ 89.97 ᠲᠦᠮᠡᠨ ᠮᠦ᠍ ᠪᠠᠢᠭᠠᠯᠢ ᠵᠢᠨ ᠤᠢᠳᠤ ᠭᠠᠵᠠᠷ ᠡᠪᠡᠰᠦ ᠪᠡᠯᠴᠢᠭᠡᠷ᠎ᠢ ᠤᠰᠤᠯᠠᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 44.57 ᠲᠦᠮᠡᠨ ᠮᠦ᠍ ᠨᠡᠮᠡᠭ᠌ᠳᠡᠵᠦ᠍ ᠂ ᠭᠠᠵᠠᠷ ᠳᠣᠣᠷᠠᠬᠢ ᠤᠰᠤ᠎ᠶ᠋ᠢ ᠪᠦᠲᠦᠮᠵᠢᠲᠡᠢ ᠨᠥᠬᠥᠪᠥᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号