ᠦᠪᠡᠷᠳᠡᠬᠡᠨ ᠵᠠᠰᠠᠬᠤ ᠤᠷᠤᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠴᠠᠰᠤᠨ ᠳᠡᠭᠡᠷᠡᠬᠢ ᠲᠥᠷᠥᠯ ᠵᠦᠶ᠋ᠯ᠎ᠦᠨ ᠠᠨᠭᠬᠠᠨ᠎ᠤ ᠲᠠᠯᠠᠪᠤᠷ ᠤᠷᠤᠯᠳᠤᠭᠠᠨ ᠦᠨᠳᠦᠷᠯᠡᠪᠡ
2023-01-30 16:45:35
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 10 ᠎ᠤ᠋  ᠡᠳᠦᠷ᠂  ᠥᠪᠡᠷᠲᠡᠭᠡᠨ ᠵᠠᠰᠠᠬᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠴᠠᠰᠤᠨ ᠳᠡᠭᠡᠷᠡᠬᠢ ᠲᠥᠷᠥᠯ ᠵᠦᠶ᠋ᠯ᠎ᠦᠨ ᠠᠨᠭᠬᠠᠨ᠎ᠤ ᠲᠠᠯᠠᠪᠤᠷ ᠤᠷᠤᠯᠳᠤᠭᠠᠨ ᠤᠯᠠᠭᠠᠨᠬᠠᠳᠠ ᠬᠣᠲᠠ᠎ᠶ᠋ᠢᠨ ᠮᠡᠢᠷᠡᠨ ᠵᠢᠯᠠᠭ᠎ᠠ᠎ᠶ᠋ᠢᠨ  ᠴᠡᠨᠡᠯᠡᠯᠲᠡ᠎ᠶᠢᠨ ᠲᠠᠯᠠᠪᠠᠶ᠎ᠳᠤ ᠶᠠᠪᠤᠬᠳᠠᠪᠡ᠃

ᠤᠷᠤᠯᠳᠤᠭᠠᠨ᠎ᠤ ᠲᠦᠷᠦᠭᠦᠦ ᠡᠳᠦᠷ ᠲᠤᠰ ᠲᠤᠰ ᠳᠠᠩ ᠬᠠᠪᠲᠠᠰᠤ᠎ᠪᠠᠷ ᠴᠠᠨᠠᠯᠠᠬᠤ  ᠵᠡᠷᠭᠡᠴᠡᠭᠡ ᠤᠷᠤᠯᠳᠤᠭᠠᠨ᠎ᠤ ᠲᠥᠷᠥᠯ ᠵᠦᠢᠯ᠎ᠦᠨ ᠬᠥᠬᠡ ᠳᠤᠭᠤᠢᠯᠠᠩ᠎ᠤᠨ ᠡᠷᠡᠭ᠌ᠲᠡᠶ᠂ ᠡᠮᠡᠭ᠌ᠲᠡᠶ᠂ ᠳᠠᠩ ᠬᠠᠪᠲᠠᠰᠤ᠎ᠪᠠᠷ ᠴᠠᠨᠠᠯᠠᠬᠤ ᠵᠡᠷᠭᠡᠴᠡᠭᠡ ᠤᠷᠤᠯᠳᠤᠭᠠᠨ᠎ᠤ ᠲᠥᠷᠥᠯ ᠵᠦᠢᠯ᠎ᠦᠨ ᠬᠥᠬᠡᠭ᠌ᠴᠢᠨ ᠳᠤᠭᠤᠢᠯᠠᠩ᠎ᠤᠨ ᠡᠷᠡᠭ᠌ᠲᠡᠶ᠂ ᠡᠮᠡᠭ᠌ᠲᠡᠶ᠎ᠶ᠋ᠢᠨ ᠳᠤᠭᠤᠢᠯᠠᠨᠭ᠌  ᠵᠡᠷᠭᠡ 4 ᠪᠠᠭ᠎ᠠ ᠵᠦᠢᠯ᠎ᠦᠨ ᠤᠷᠤᠯᠳᠤᠭᠠᠨ ᠶᠠᠪᠤᠭᠤᠯᠪᠡ᠃ ᠬᠤᠷᠴᠠ ᠱᠢᠷᠦᠭᠦᠨ ᠥᠷᠢᠰᠥᠯᠳᠦᠭᠡᠨ᠎ᠢᠶᠡᠷ ᠳᠠᠮᠵᠢᠭᠠᠳ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ 2 ᠠᠯᠲᠠᠨ ᠮᠧᠳᠠᠯ ᠭᠠᠷᠳᠠᠵᠦ᠂ ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ 2 ᠠᠯᠲᠠᠨ ᠮᠧᠳᠠᠯ ᠭᠠᠷᠳᠠᠪᠠ᠃ ᠡᠭᠦᠨ᠎ᠳᠦ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠵᠢᠨ ᠴᠢᠦ ᠪᠢᠩ ᠬᠤᠤ ᠳᠠᠩ ᠬᠠᠪᠲᠠᠰᠤ᠎ᠪᠠᠷ ᠴᠠᠨᠠᠯᠠᠬᠤ ᠵᠡᠷᠭᠡᠴᠡᠭᠡ ᠤᠷᠤᠯᠳᠤᠭᠠᠨ᠎ᠤ ᠲᠥᠷᠥᠯ ᠵᠦᠢᠯ᠎ᠦᠨ ᠬᠥᠬᠡ ᠳᠤᠭᠤᠢᠯᠠᠩ᠎ᠤᠨ ᠡᠷᠡᠭ᠌ᠲᠡᠶ᠎ᠶ᠋ᠢᠨ ᠳᠤᠭᠤᠢᠯᠠᠨᠭ᠌᠎ᠤᠨ ᠠᠯᠲᠠᠨ ᠮᠧᠳᠠᠯ ᠭᠠᠷᠳᠠᠭᠰᠠᠨ ᠪᠠᠢᠨ᠎ᠠ᠃  ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠡᠸ᠋ ᠵᠢᠩ ᠨᠢ ᠲᠠᠩ ᠬᠠᠪᠲᠠᠰᠤ᠎ᠪᠠᠷ ᠴᠡᠨᠡᠯᠡᠬᠤ ᠵᠡᠷᠭᠡᠴᠡᠭᠡ ᠲᠥᠷᠥᠯ ᠵᠦᠶ᠋ᠯ᠎ᠦᠨ ᠬᠥᠬᠡ ᠳᠤᠭᠤᠢᠯᠠᠩ᠎ᠤᠨ ᠡᠮᠡᠭ᠌ᠲᠡᠶ᠎ᠶ᠋ᠢᠨ ᠳᠤᠭᠤᠢᠯᠠᠨᠭ᠌᠎ᠤᠨ ᠠᠯᠲᠠᠨ ᠮᠧᠳᠠᠯ᠎ᠭᠠᠷᠳᠠᠪᠠ᠃  ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠶᠣᠣ ᠮᠢᠩ ᠲᠠᠩ ᠬᠠᠪᠲᠠᠰᠤ᠎ᠪᠠᠷ ᠴᠠᠨᠡᠯᠡᠬᠤ ᠵᠡᠷᠭᠡᠴᠡᠭᠡ ᠲᠥᠷᠥᠯ ᠵᠦᠶ᠋ᠯ᠎ᠦᠨ ᠬᠥᠬᠡᠭ᠌ᠴᠢᠨ ᠳᠤᠭᠤᠢᠯᠠᠩ᠎ᠤᠨ ᠡᠷᠡᠭ᠌ᠲᠡᠶ᠎ᠶ᠋ᠢᠨ ᠳᠤᠭᠤᠢᠯᠠᠨᠭ᠌ ᠎ᠤᠨ ᠠᠯᠲᠠᠨ ᠮᠧᠳᠠᠯ ᠭᠠᠷᠳᠠᠪᠠ᠃ ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ᠎ᠶ᠋ᠢᠨ ᠯᠢᠦ ᠸᠧᠨ ᠵᠢᠶᠧ ᠲᠠᠩ ᠬᠠᠪᠲᠠᠰᠤ᠎ᠪᠠᠷ ᠴᠠᠨᠡᠯᠡᠬᠤ ᠵᠡᠷᠭᠡᠴᠡᠭᠡ ᠲᠥᠷᠥᠯ ᠵᠦᠶ᠋ᠯ᠎ᠦᠨ ᠬᠥᠬᠡᠭ᠌ᠴᠢᠨ ᠳᠤᠭᠤᠢᠯᠠᠩ᠎ᠤᠨ ᠡᠮᠡᠭ᠌ᠲᠡᠶ᠎ᠶ᠋ᠢᠨ ᠳᠤᠭᠤᠢᠯᠠᠨᠭ᠌᠎ᠤᠨ ᠠᠯᠲᠠᠨ ᠮᠧᠳᠠᠯ ᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号