ᠤᠢᠷ᠎ᠠ᠎ᠳᠦ᠂ 2022 ᠣᠨ᠎ᠤ ᠪᠥᠬᠥ᠌ ᠤᠯᠤᠰ᠎ᠤᠨ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠦᠷᠳᠡᠭᠡ ᠴᠡᠭ᠎ᠤᠨ ᠬᠣᠯᠪᠣᠭᠠᠲᠤ ᠤᠷᠤᠯᠳᠤᠭᠠᠨ ᠨᠢ ᠰᠦᠯᠵᠢᠶᠡᠨ ᠳᠡᠭᠡᠷ᠎ᠡ ᠶᠠᠪᠤᠭ᠍ᠳᠠᠪᠠ᠃ ᠲᠣᠰ ᠤᠳᠠᠭᠠᠨ᠎ᠤ ᠥᠷᠲᠡᠭᠡ ᠴᠡᠭ᠎ᠦᠨ ᠬᠣᠯᠪᠣᠭᠠᠲᠤ ᠤᠷᠤᠯᠳᠤᠭᠠᠨ᠎ᠳᠤ ᠨᠡᠢᠲᠡ 14 ᠲᠥᠷᠥᠯ ᠵᠦᠶ᠋ᠯ ᠲᠣᠬᠢᠷᠠᠭᠤᠯᠵᠤ ᠂ ᠥᠷᠲᠡᠭᠡ ᠴᠡᠭ᠎ᠦᠨ ᠳᠤᠭᠤᠢᠯᠠᠩ᠎ᠤᠨ ᠬᠠᠮᠲᠤ᠎ᠶ᠋ᠢᠨ ᠤᠷᠤᠯᠳᠤᠭᠠᠨ᠂ ᠬᠤᠪᠢ ᠬᠥᠮᠦᠨ᠎ᠦ ᠤᠷᠤᠯᠳᠤᠭᠠᠨ᠂ ᠵᠠᠭᠤᠨ ᠬᠣᠲᠠ ᠮᠢᠩᠭᠠᠨ ᠲᠣᠰᠭᠣᠨ ᠳᠤᠭᠤᠢᠯᠠᠩ᠎ᠤᠨ ᠮᠠᠩᠯᠠᠶ ᠱᠢᠯᠭᠠᠷᠠᠭᠤᠯᠬᠤ ᠬᠠᠮᠲᠤ᠎ᠶ᠋ᠢᠨ ᠤᠷᠤᠯᠳᠤᠭᠠᠨ ᠵᠢᠴᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠤᠭᠤᠢᠯᠠᠩ᠎ᠤᠨ ᠮᠠᠩᠯᠠᠶ ᠱᠢᠯᠭᠠᠷᠠᠭᠤᠯᠬᠤ ᠬᠠᠮᠲᠤ᠎ᠶ᠋ᠢᠨ ᠤᠷᠤᠯᠳᠤᠭᠠᠨ ᠭᠡᠵᠦ᠍ ᠬᠤᠪᠢᠶᠠᠪᠠ᠃
ᠪᠦᠬᠦ᠌ ᠤᠯᠤᠰ᠎ᠤᠨ ᠨᠡᠢ᠌ᠲᠡ 100 ᠭᠠᠷᠤᠶ ᠡᠩᠨᠡᠭᠡ᠎ᠶᠢᠨ 600 ᠭᠠᠷᠤᠶ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠳᠤᠷ᠎ᠠ ᠪᠠᠬᠠᠲᠠᠳ ᠤᠷᠤᠯᠳᠤᠭᠠᠨ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡᠨ᠎ᠦ ᠲᠥᠪ᠎ᠡᠴᠡ ᠰᠣᠩᠭᠣᠨ ᠲᠣᠮᠢᠯᠠᠭ᠍ᠰᠠᠨ ᠬᠥᠯᠥᠨ ᠪᠣᠢᠷ ᠬᠣᠲᠠ᠎ᠶ᠋ᠢᠨ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠯᠢ ᠬᠤᠸᠠ ᠨᠡᠷᠡᠭᠦᠢ ᠨᠢᠳᠤᠷᠭ᠎ᠠ᠎ᠶᠢᠨ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠺᠯᠦᠪ ᠮᠠᠨ᠎ᠤ ᠣᠷᠣᠨ᠎ᠢ ᠲᠥᠯᠥᠭᠡᠯᠡᠨ ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠵᠤ᠂ ᠱᠢᠷᠦᠭᠦᠨ ᠮᠥᠷᠥᠢᠴᠡᠭᠡᠨ᠎ᠢᠶᠡᠷ ᠳᠡᠮᠵᠢᠨ᠂ ᠥᠷᠲᠡᠭᠡ ᠴᠡᠭ᠎ᠦᠨ ᠵᠢᠯᠣᠭᠣᠳᠭᠤ ᠮᠡᠷᠭᠡᠵᠢᠯ᠎ᠦᠨ ᠬᠠᠮᠲᠤ᠎ᠶ᠋ᠢᠨ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠪᠡ᠃ ᠣᠢᠷ᠎ᠠ᠎ᠶ᠋ᠢᠨ ᠵᠢᠯ᠎ᠦᠳ᠎ᠲᠦ ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ᠂ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠎ᠤᠨ ᠲᠥᠷᠥᠯ ᠵᠦᠶ᠋ᠯ᠎ᠢ ᠪᠥᠬᠥ᠌ ᠣᠷᠣᠨ᠎ᠳᠤ ᠨᠠᠢᠳᠠᠪᠤᠷᠢᠵᠢᠭᠤᠯᠬᠤ᠎ᠶ᠋ᠢ ᠳᠥᠯᠭᠢᠨ ᠠᠬᠢᠭᠤᠯᠵᠤ ᠂ ᠪᠥᠬᠥ᠌ ᠣᠷᠣᠨ᠎ᠤ ᠬᠡᠪᠴᠢᠶᠡᠨ᠎ᠳᠦ ᠣᠯᠠᠨ ᠲᠦᠮᠡᠨ᠎ᠦ ᠭᠦᠨ ᠵᠤᠵᠠᠭᠠᠨ ᠰᠠᠭᠤᠷᠢ᠎ᠶ᠋ᠢ ᠲᠠᠯᠪᠢᠭ᠍ᠰᠠᠨ᠎ᠢᠶᠠᠷ ᠪᠠᠷᠠᠬᠤ ᠥᠬᠡᠶ ᠂ ᠪᠥᠬᠥ᠌ ᠤᠯᠤᠰ᠎ᠤᠨ ᠥᠷᠲᠡᠭᠡ ᠴᠡᠭ᠎ᠦᠨ ᠬᠣᠯᠪᠣᠭᠠᠲᠤ ᠤᠷᠤᠯᠳᠤᠭᠠᠨ᠎ᠳᠤ ᠴᠤ᠌ ᠤᠳᠠᠭ᠎ᠠ ᠳᠠᠷᠠᠭᠠᠯᠠᠨ ᠱᠢᠯᠢᠳᠡᠭ ᠪᠦᠲᠦᠮᠵᠢ ᠣᠯᠵᠤ᠂ ᠮᠠᠨ᠎ᠤ ᠤᠷᠤᠨ᠎ᠤ ᠪᠡᠶ᠎ᠡ ᠴᠢᠭᠢᠷᠠᠭ᠍ᠵᠢᠭᠤᠯᠬᠤ ᠣᠯᠠᠨ ᠲᠦᠮᠡᠨ᠎ᠦ ᠴᠣᠭ ᠵᠢᠪᠬᠤᠭ᠎ᠠ᠎ᠶ᠋ᠢ ᠢᠯᠡᠷᠡᠭᠦᠯᠪᠡ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号