ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯ ᠨᠢᠭᠡ ᠤᠯᠤᠰ᠂ ᠨᠢᠭᠡ ᠦᠨᠳᠦᠰᠦᠲᠡᠨ᠎ᠦ ᠲᠡᠦᠬᠡ ᠪᠣᠯᠤᠨ ᠰᠣᠶᠣᠯ᠎ᠤᠨ ᠤᠯᠠᠮᠵᠢᠯᠠᠯ᠎ᠤᠨ ᠴᠢᠬᠤᠯᠠ ᠠᠴᠢᠶᠠᠯᠠᠪᠤᠷᠢ ᠪᠠ ᠪᠣᠳᠠᠲᠤ ᠪᠤᠳᠠᠰ᠎ᠤᠨ ᠭᠡᠷᠡᠴᠢᠯᠡᠯ ᠮᠥᠨ᠂ ᠰᠡᠷᠭᠦᠭᠡᠵᠦ ᠴᠢᠳᠠᠬᠤ ᠦᠭᠡᠢ᠂ ᠣᠷᠣᠯᠠᠭᠤᠯᠵᠤ ᠪᠣᠯᠤᠰᠢ ᠦᠭᠡᠢ ᠬᠣᠪᠣᠷ ᠨᠠᠨᠳᠢᠨ ᠡᠬᠢ ᠪᠠᠶᠠᠯᠢᠭ ᠮᠥᠨ᠃
《ᠠᠷᠪᠠᠨ ᠭᠤᠷᠪᠠᠳᠤᠭᠠᠷ ᠲᠠᠪᠤᠨ ᠵᠢᠯ》᠎ᠤ᠋ᠨ ᠲᠦᠯᠦᠪᠵᠢᠭᠦᠯᠭᠡ ᠡᠴᠡ ᠨᠠᠭᠠᠰᠢ᠂ ᠮᠠᠨ᠎ᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ ᠪᠠ ᠠᠮᠤᠷ ᠲᠦᠪᠱᠢᠨ᠎ᠦ ᠠᠵᠢᠯ᠎ᠢ ᠠᠢᠮᠠᠭ ᠬᠣᠲᠠ᠎ᠶ᠋ᠢᠨ ᠨᠠᠮ ᠵᠠᠰᠠᠭ᠎ᠤᠨ ᠤᠳᠤᠷᠢᠳᠭᠤ ᠪᠠᠭ᠎ᠤᠨ ᠣᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢ ᠱᠢᠯᠭᠠᠨ ᠬᠢᠨᠠᠵᠤ ᠦᠨᠡᠯᠡᠬᠦ᠌ ᠱᠢᠰᠲ᠋ᠧᠮ᠎ᠳᠦ ᠪᠥᠬᠥ᠌ ᠲᠠᠯ᠎ᠠ᠎ᠪᠠᠷ ᠣᠷᠣᠭᠤᠯᠵᠤ᠂ 《ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ᠎ᠨᠢ ᠪᠠᠰᠠ ᠵᠠᠰᠠᠭ᠎ᠤᠨ ᠠᠵᠢᠯ᠎ᠤᠨ ᠠᠮᠵᠢᠯᠲᠠ ᠮᠦᠨ》ᠭᠡᠬᠦ᠌ ᠱᠢᠨᠵᠢᠯᠡᠬᠦ᠌ ᠤᠬᠠᠭᠠᠨᠴᠢ ᠤᠢᠯᠠᠭᠠᠭᠳᠠᠬᠤᠨ᠎ᠢ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠭᠤ ᠪᠠᠭ᠎ᠤᠨ ᠨᠢᠭᠡᠳᠦᠯᠲᠡᠶ ᠬᠠᠮᠲᠤ᠎ᠶ᠋ᠢᠨ ᠲᠠᠨᠢᠯᠲᠠ ᠪᠣᠯᠭᠠᠪᠠ᠃ ᠶᠤᠸᠠᠨ᠎ᠤ ᠳᠡᠭᠡᠳᠦ ᠨᠡᠢᠰᠯᠡᠯ᠂ ᠯᠢᠶᠣᠤ ᠤᠯᠤᠰ᠎ᠤᠨ ᠳᠡᠭᠡᠳᠦ ᠨᠡᠢᠰᠯᠡᠯ᠂ ᠱᠢᠩ ᠯᠦᠩ ᠸᠠ᠎ᠶ᠋ᠢᠨ 3 ᠪᠠᠭᠤᠷᠢ᠎ᠨᠢ《ᠳᠤᠮᠳᠠᠳᠤ ᠤᠯᠤᠰ᠎ᠤᠨ ᠵᠠᠭᠤᠨ ᠵᠢᠯ᠎ᠦᠨ ᠵᠠᠭᠤᠨ ᠲᠤᠮᠤ ᠬᠠᠭᠤᠴᠢ ᠰᠤᠳᠤᠯᠤᠯ᠎ᠤᠨ ᠢᠯᠡᠷᠡᠭᠦᠯᠦᠯᠲᠡ》᠎ᠳ᠋ᠤ ᠰᠣᠩᠭᠣᠭ᠍ᠳᠠᠵᠤ᠂ ᠦᠴᠦᠸᠠᠨ᠎ᠤ ᠪᠠ ᠳ᠋ᠢᠩ᠎ᠦᠨ ᠪᠠᠭᠤᠷᠢ᠂ ᠵᠢᠪᠬᠤᠯᠠᠩᠲᠤ ᠵᠢᠨ ᠾᠦᠩᠨᠦ᠍᠎ᠶ᠋ᠢᠨ ᠨᠢᠭᠡ ᠪᠦᠯᠦᠭ ᠣᠩᠭᠣᠨᠵᠡᠷᠭᠡ 45 ᠵᠦᠶ᠋ᠯ᠎ᠦᠨ ᠬᠠᠭᠤᠴᠢ ᠰᠤᠳᠤᠯᠤᠯ᠎ᠤᠨ ᠦᠷ᠎ᠡ ᠪᠦᠲᠦᠭᠡᠯ᠎ᠨᠢ ᠳᠤᠮᠳᠠᠳᠤ᠎ᠶ᠋ᠢᠨ ᠦᠨᠳᠦᠰᠦᠲᠡᠨ᠎ᠦ ᠣᠯᠠᠨ ᠡᠱᠢᠲᠦ ᠨᠢᠭᠡ ᠴᠣᠭ᠍ᠴᠠᠵᠢᠭ᠍ᠰᠠᠨ ᠲᠡᠦᠬᠡᠨ ᠠᠬᠢᠴᠠ᠎ᠳᠠᠬᠢ ᠥᠪᠥᠷ ᠮᠣᠩᠭᠣᠯ᠎ᠤᠨ ᠬᠤᠪᠢ ᠨᠡᠮᠡᠷᠢ᠎ᠶ᠋ᠢ ᠭᠡᠷᠡᠴᠢᠯᠡᠪᠡ᠃ 4 ᠪᠠᠭᠤᠷᠢ᠎ᠶ᠋ᠢ ᠳᠡᠯᠡᠬᠡᠶ᠎ᠶ᠋ᠢᠨ ᠰᠣᠶᠣᠯ᠎ᠤᠨ ᠥᠪ᠎ᠢᠶᠡᠷ ᠭᠤᠶᠤᠴᠢᠯᠠᠨ ᠮᠡᠳᠡᠭᠦᠯᠬᠦ᠌ ᠪᠡᠯᠡᠳᠭᠡᠯ ᠨᠡᠷᠡᠰ᠎ᠲᠦ ᠵᠢᠭ᠍ᠰᠠᠭᠠᠨ ᠣᠷᠣᠭᠤᠯᠵᠤ᠂ 7 ᠪᠠᠭᠤᠷᠢ᠎ᠶ᠋ᠢ ᠪᠥᠬᠥ᠌ ᠤᠯᠤᠰ᠎ᠤᠨ ᠲᠣᠮᠣ ᠪᠠᠭᠤᠷᠢ᠎ᠶ᠋ᠢᠨ ᠨᠡᠷᠡᠰ᠎ᠲᠦ ᠵᠢᠭ᠍ᠰᠠᠭᠠᠨ ᠣᠷᠣᠭᠤᠯᠵᠤ᠂ 3 ᠪᠠᠭᠤᠷᠢ᠎ᠶ᠋ᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠦᠨ ᠲᠥᠷᠥᠯ ᠵᠦᠶ᠋ᠯ ᠲᠣᠭ᠍ᠲᠠᠭᠠᠬᠤ ᠨᠡᠷᠡᠰ᠎ᠲᠦ ᠵᠢᠭ᠍ᠰᠠᠭᠠᠨ ᠣᠷᠣᠭᠤᠯᠵᠤ᠂ ᠲᠣᠮᠣ ᠪᠠᠭᠤᠷᠢ᠎ᠶ᠋ᠢᠨ ᠬᠠᠮᠠᠭᠠᠯᠠᠯᠲᠠ ᠪᠠ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃ ᠪᠥᠬᠥ᠌ ᠣᠷᠣᠨ᠎ᠳᠤ ᠱᠢᠯᠵᠢᠭᠦᠯᠵᠦ᠍ ᠪᠣᠯᠤᠰᠢ ᠥᠬᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ 21099 ᠪᠠᠢᠵᠤ᠂ ᠣᠷᠳᠣ ᠴᠠᠭᠠᠨ ᠬᠡᠷᠡᠮ᠎ᠦᠨ ᠬᠡᠷᠡᠮ᠎ᠤᠨ ᠴᠤᠭᠴᠠ ᠵᠢᠨ ᠣᠷᠳᠣᠨ᠎ᠢ 7570 ᠺᠢᠯᠣᠮᠧᠲ᠋ᠷ᠂ ᠦᠯᠡᠳᠡᠭ᠌ᠳᠡᠯ ᠴᠡᠭ᠎ᠦᠨ ᠬᠡᠰᠡᠭ᠎ᠨᠢ 13278 ᠪᠠᠢᠵᠤ᠂ ᠣᠷᠳᠣ ᠴᠠᠭᠠᠨ ᠬᠡᠷᠡᠮ᠎ᠦᠨ ᠣᠷᠳᠣ᠎ᠵᠢᠨ ᠬᠡᠮᠵᠢᠶ᠎ᠡ᠂ ᠴᠠᠭ ᠦᠶ᠎ᠡ᠎ᠶ᠋ᠢᠨ ᠠᠯᠭᠠᠰᠠᠯ᠎ᠤᠨ ᠬᠡᠮᠵᠢᠶ᠎ᠡ᠂ ᠲᠠᠷᠬᠠᠯᠲᠠ᠎ᠶ᠋ᠢᠨ ᠥᠷᠭᠡᠴᠡ᠎ᠨᠢ ᠴᠥᠮ ᠪᠥᠬᠥ᠌ ᠤᠯᠤᠰ᠎ᠲᠤ ᠲᠦᠷᠦᠭᠦᠯᠡᠪᠠ᠃ ᠮᠦᠽᠧᠶ᠎ᠳᠦ ᠬᠠᠳᠠᠭᠠᠯᠠᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠶ᠋ᠯᠡᠰ 112.5 ᠲᠦᠮᠡᠨ ᠵᠦᠶ᠋ᠯ \ᠢᠵᠢ ᠪᠠᠢᠨ᠎ᠠ᠃ 19 ᠬᠣᠱᠢᠭᠤ ᠱᠢᠶᠠᠨ (ᠬᠣᠲᠠ᠂ ᠲᠣᠭᠣᠷᠢᠭ)ᠤᠯᠤᠰ᠎ᠤᠨ ᠬᠣᠶᠠᠳᠤᠭᠠᠷ ᠪᠦᠯᠦᠭ᠎ᠦᠨ ᠬᠤᠪᠢᠰᠭᠠᠯ᠎ᠤᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ ᠠᠱᠢᠭ᠍ᠯᠠᠯᠲᠠ᠎ᠶ᠋ᠢᠨ ᠲᠣᠭᠣᠷᠢᠭ ᠪᠠ ᠱᠢᠶᠠᠨ ᠬᠤᠪᠢᠶᠠᠭ᠍ᠰᠠᠨ ᠨᠡᠷᠡᠰ᠎ᠲᠦ ᠵᠢᠭ᠍ᠰᠠᠭᠠᠭ᠍ᠳᠠᠵᠤ᠂ 2 ᠲᠠᠯ᠎ᠠ ᠨᠤᠲᠤᠭ ᠲᠦᠷᠦᠭᠦᠦ ᠪᠦᠯᠦᠭ᠎ᠦᠨ ᠤᠯᠤᠰ᠎ᠤᠨ ᠲᠠᠰ᠎ᠤᠨ 《ᠬᠤᠪᠢᠰᠭᠠᠯᠲᠤ ᠲᠠᠯ᠎ᠠ ᠨᠤᠲᠤᠭ》 ᠤ᠋ᠨ ᠨᠡᠷᠡᠰ᠎ᠲᠦ ᠰᠣᠩᠭᠣᠭ᠍ᠳᠠᠨ ᠣᠷᠣᠵᠤ᠂ 8 ᠬᠤᠪᠢᠰᠭᠠᠯᠲᠤ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠥᠬᠥ᠌ ᠤᠯᠤᠰ᠎ᠤᠨ ᠬᠤᠪᠢᠰᠭᠠᠯᠲᠤ ᠵᠢᠭᠤᠯᠴᠢᠯᠠᠯ᠎ᠤᠨ ᠰᠣᠩᠭᠣᠳᠠᠭ ᠦᠵᠡᠮᠵᠢ᠎ᠶ᠋ᠢᠨ ᠣᠷᠣᠨ᠎ᠳᠤ ᠰᠣᠩᠭᠣᠭ᠍ᠳᠠᠪᠠ᠃ ᠣᠷᠳᠣ ᠴᠠᠭᠠᠨ ᠬᠡᠷᠡᠮ᠂ ᠬᠠᠲᠤᠨ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠡᠮᠬᠢ ᠵᠢᠷᠤᠮ᠎ᠲᠠᠶ ᠠᠬᠢᠭᠤᠯᠪᠠ᠃ ᠮᠦᠽᠧᠢ᠎ᠶ᠋ᠢᠨ ᠱᠢᠰᠲ᠋ᠧᠮ᠎ᠢ ᠤᠯᠠᠮ ᠱᠢᠯᠢᠳᠡᠭ᠌ᠵᠢᠭᠦᠯᠵᠦ᠍᠂ 173 ᠮᠦᠽᠧᠢ᠎ᠶ᠋ᠢ ᠳᠠᠩᠰᠠᠯᠠᠭᠤᠯᠪᠠ᠃ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠤᠯᠤᠰ᠎ᠲᠤ ᠠᠩᠬᠠᠳᠠᠭ᠍ᠴᠢ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠲᠣᠭᠣᠷᠢᠨ ᠪᠠᠢᠴᠠᠭᠠᠬᠤ ᠵᠢᠯᠣᠭᠣᠴᠢ ᠥᠬᠡᠶ ᠨᠢᠰᠭᠡᠯ᠎ᠢ ᠪᠥᠬᠥ᠌ ᠣᠷᠣᠨ᠎ᠳᠤ ᠪᠦᠷᠬᠦᠭᠦᠯᠪᠡ᠃
ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠰᠣᠶᠣᠯ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠦᠢᠯᠡᠰ᠎ᠤᠨ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠭ᠍ᠰᠠᠨ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ᠎ᠤᠨ ᠨᠦᠬᠦᠴᠡᠯ ᠪᠠᠢᠳᠠᠯ ᠪᠠ ᠥᠪᠡᠷᠮᠢᠴᠡ ᠣᠨᠴᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠠᠭᠠᠯᠠᠯᠲᠠ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠨᠡᠢᠳᠡᠮ ᠪᠠᠢᠴᠠᠭᠠᠵᠤ ᠲᠡᠮᠳᠡᠭ᠌ᠯᠡᠬᠦ᠌᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠮᠤᠷ ᠲᠦᠪᠱᠢᠨ᠎ᠦ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠵᠡᠷᠭᠡ ᠲᠣᠭ᠍ᠲᠠᠴᠠ ᠪᠠᠢᠭᠤᠯᠤᠮᠵᠢ ᠵᠢ ᠤᠯᠠᠮ ᠱᠢᠯᠢᠳᠡᠭ᠌ᠵᠢᠭᠦᠯᠦᠨ᠎ᠡ᠃ ᠲᠣᠳᠣᠷᠬᠠᠢᠯᠠᠨ ᠲᠠᠢᠯᠪᠤᠷᠢᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠭᠤᠴᠢ ᠰᠤᠳᠤᠯᠤᠯ ᠪᠠ ᠪᠣᠯᠪᠠᠰᠤᠨ ᠲᠡᠦᠬᠡ᠎ᠶ᠋ᠢᠨ ᠰᠤᠳᠤᠯᠭᠠᠨ᠎ᠢ ᠬᠦᠴᠦᠯᠡᠨ ᠭᠦᠨᠵᠡᠭᠡᠢᠷᠡᠭᠦᠯᠵᠦ᠍᠂ ᠮᠠᠯᠲᠠᠵᠤ ᠭᠠᠷᠭᠠᠭ᠍ᠰᠠᠨ ᠲᠡᠦᠬᠡ᠎ᠶ᠋ᠢᠨ ᠳᠤᠷᠠᠰᠭᠠᠯᠲᠤ ᠵᠦᠢᠯᠡᠰ ᠪᠠ ᠪᠠᠭᠤᠷᠢ᠎ᠶ᠋ᠢ ᠰᠤᠳᠤᠯᠤᠨ ᠲᠠᠢᠯᠪᠤᠷᠢᠯᠠᠬᠤ ᠪᠠ ᠳᠡᠯᠭᠡᠨ ᠦᠵᠡᠭᠦᠯᠵᠦ᠍ ᠤᠯᠠᠮᠵᠢᠯᠠᠬᠤ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠪᠣᠯᠪᠠᠰᠤᠨ᠎ᠤ ᠨᠥᠯᠥᠭᠡᠯᠡᠬᠦ᠌ ᠬᠦᠴᠦᠨ ᠤᠷᠢᠶᠠᠯᠠᠬᠤ ᠬᠦᠴᠦᠨ᠎ᠢ ᠳᠡᠭᠡᠭ᠌ᠰᠢᠯᠡᠭᠦᠯᠬᠦ᠌᠎ᠳᠦ ᠥᠪᠥᠷ ᠮᠣᠩᠭᠣᠯ᠎ᠤᠨ ᠬᠤᠪᠢ ᠨᠡᠮᠡᠷᠢ᠎ᠶ᠋ᠢ ᠦᠵᠡᠭᠦᠯᠦᠨ᠎ᠡ᠃ 《ᠬᠣᠶᠠᠷ᠎ᠢ ᠴᠣᠭ᠍ᠴᠠᠯᠠᠬᠤ》 ᠶ᠋ᠢ ᠴᠢᠩᠭᠠᠳᠭᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠬᠠᠮᠳᠤ ᠵᠢᠨ ᠲᠠᠨᠢᠯᠳᠠ᠎ᠶ᠋ᠢ ᠨᠡᠮᠡᠭ᠌ᠳᠡᠭᠦᠯᠬᠦ᠌᠂ ᠣᠶᠤᠨ ᠰᠠᠨᠠᠭ᠎ᠠ᠎ᠶ᠋ᠢ ᠤᠮᠳᠠᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠢᠭᠡ ᠪᠦᠯᠦᠭ ᠵᠣᠭ᠍ᠰᠣᠴᠠ ᠥᠨᠳᠥᠷ᠂ ᠰᠠᠨᠠᠭ᠎ᠠ ᠭᠦᠨ᠂ ᠠᠭᠤᠯᠭ᠎ᠠ ᠭᠦᠶ᠋ᠴᠡᠳ᠂ ᠪᠦᠲᠦᠭᠡᠯᠴᠢ ᠰᠡᠳᠭᠢᠮᠵᠢ᠎ᠲᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠰᠣᠳᠣᠨ ᠪᠦᠲᠦᠭᠡᠯ᠎ᠦᠨ ᠦᠵᠡᠰᠭᠦᠯᠡᠩ ᠦᠵᠡᠭᠦᠯᠭᠡ᠂ ᠬᠠᠭᠤᠴᠢ ᠰᠤᠳᠤᠯᠤᠯ ᠵᠢᠴᠢ ᠲᠡᠦᠬᠡ ᠰᠣᠶᠣᠯ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠴᠢᠷᠮᠠᠢᠨ ᠭᠠᠷᠭᠠᠨ᠎ᠠ᠃ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠠᠮᠢᠯᠠᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠳᠡᠯᠭᠡᠨ ᠦᠵᠡᠭᠦᠯᠵᠦ᠍ ᠠᠱᠢᠭ᠍ᠯᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯᠤᠨ ᠰᠣᠶᠣᠯ᠎ᠤᠨ ᠥᠪ᠎ᠦᠨ ᠤᠯᠠᠨ ᠵᠦᠢᠯ᠎ᠦᠨ ᠦᠨ᠎ᠡ ᠦᠷᠳᠡᠭ᠎ᠢ ᠠᠭᠤᠳᠠᠯᠵᠤ᠂ ᠳᠤᠮᠳᠠᠳᠤ᠎ᠶ᠋ᠢᠨ ᠰᠣᠶᠣᠯ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶ᠋ᠢ ᠠᠴᠢᠶᠠᠯᠠᠭ᠍ᠰᠠᠨ ᠦᠷᠳᠡᠭ᠎ᠦᠨ ᠲᠡᠮᠳᠡᠭ ᠪᠣᠯᠤᠨ ᠰᠣᠶᠣᠯ᠎ᠤᠨ ᠪᠦᠲᠦᠭᠡᠭ᠌ᠳᠡᠬᠦᠨ᠎ᠢ ᠨᠡᠩ ᠤᠯᠠᠨ ᠤᠯᠠᠮᠵᠢᠯᠠᠨ ᠳᠡᠯᠭᠡᠷᠡᠭᠦᠯᠤᠨᠠ᠃ ᠬᠤᠪᠢᠰᠭᠠᠯ᠎ᠤᠨ ᠡᠬᠢ ᠪᠠᠶᠠᠯᠢᠭ᠎ᠢ ᠰᠠᠢᠲᠤᠷ ᠠᠱᠢᠭ᠍ᠯᠠᠵᠤ᠂ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠠᠱᠢᠭ᠍ᠯᠠᠬᠤ᠎ᠶ᠋ᠢ ᠴᠢᠩᠭᠠᠳᠭᠠᠵᠤ᠂ ᠥᠪᠥᠷ ᠮᠣᠩᠭᠣᠯ᠎ᠤᠨ ᠬᠤᠪᠢᠰᠭᠠᠯ᠎ᠤᠨ ᠲᠡᠦᠬᠡᠨ ᠮᠠᠲ᠋ᠧᠷᠢᠶᠠᠯ᠎ᠢ ᠠᠪᠤᠷᠠᠬᠤ᠂ ᠡᠮᠬᠢᠯᠡᠬᠦ᠌ ᠪᠠ ᠰᠤᠳᠤᠯᠬᠤ ᠠᠵᠢᠯ᠎ᠢ ᠢᠳᠡᠪᠬᠢᠲᠡᠢ ᠥᠷᠨᠢᠭᠦᠯᠵᠦ᠍᠂ ᠪᠦᠬᠦ᠌ ᠣᠷᠣᠨ᠎ᠤ ᠬᠤᠪᠢᠰᠭᠠᠯ᠎ᠤᠨ ᠳᠤᠷᠠᠰᠭᠠᠯ᠎ᠤᠨ ᠣᠷᠳᠣᠨ᠎ᠤ ᠳᠡᠯᠭᠡᠨ ᠦᠵᠡᠭᠦᠯᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠤᠯᠤᠰ᠎ᠤᠳ᠎ᠤᠨ ᠬᠤᠭᠤᠷᠤᠨᠳᠤᠬᠢ ᠰᠣᠯᠢᠯᠴᠠᠭᠠᠨ᠎ᠤ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠳᠡᠯᠡᠬᠡᠢ ᠨᠡᠢᠭᠡᠮ᠎ᠳᠦ ᠥᠷᠭᠡᠨ ᠳᠡᠯᠭᠡᠷ ᠭᠦᠨ ᠭᠦᠨᠵᠡᠭᠡᠢ ᠳᠤᠮᠳᠠᠳᠤ᠎ᠶ᠋ᠢᠨ ᠪᠣᠯᠪᠠᠰᠤᠨ᠎ᠢ ᠢᠯᠡᠷᠡᠭᠦᠯᠦᠨ᠎ᠡ᠃ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠰᠣᠶᠣᠯ᠎ᠤᠨ ᠦᠵᠡᠰᠭᠦᠯᠡᠩ᠎ᠦᠨ ᠠᠵᠢᠯ ᠲᠥᠷᠥᠯ᠎ᠦᠨ ᠲᠦᠷᠢᠮ ᠪᠠ ᠡᠩᠨᠡᠭᠡᠨ᠎ᠦ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠲᠠᠰ ᠳᠠᠪᠬᠤᠷᠭ᠎ᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠱᠢᠰᠲ᠋ᠧᠮ᠎ᠢ ᠪᠠᠢᠭᠤᠯᠵᠤ᠂ ᠱᠢᠨ᠎ᠡ ᠴᠠᠭ ᠦᠶ᠎ᠡ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠳᠠᠪᠤᠷᠢᠲᠠᠨᠦ ᠪᠠ ᠣᠶᠤᠨ᠎ᠤ ᠪᠠᠲᠤᠯᠠᠭ᠎ᠠ ᠬᠠᠩᠭᠠᠨ᠎ᠠ᠃