ᠤᠳᠭ᠎ᠠ ᠤᠷᠠᠯᠢᠭ᠎ᠤᠨ ᠰᠠᠢᠨ ᠳᠤᠷ᠎ᠠ ᠎ᠶ᠋ᠢᠨ ᠦᠶ᠋ᠯᠡᠴᠢᠯᠡᠭᠡ ᠨᠠᠮ ᠎ᠤᠨ ᠳᠠᠭᠤᠨ ᠎ᠢ ᠬᠥᠳᠡᠭᠡ ᠲᠣᠰᠭᠣᠨ ᠎ᠳᠤ ᠲᠠᠮᠵᠢᠭᠤᠯᠤᠨ᠎ᠠ
2023-01-04 21:42:31
ᠵᠣᠬᠢᠶᠠᠭ᠍ᠴᠢ᠄
ᠮᠠ ᠹᠠᠩ
ᠣᠩᠱᠢᠭ᠍ᠰᠠᠨ ᠣᠳᠠᠭ᠎ᠠ᠄
★★★☆☆

《 ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠠᠶᠠᠯᠠᠯ ᠎ᠤᠨ ᠴᠢᠭ᠌ᠯᠡᠯ ᠎ᠢ ᠵᠢᠭᠠᠵᠤ᠂ ᠴᠢᠨᠠᠷ ᠰᠠᠢᠲᠠᠢ ᠎ᠬᠦᠭᠵᠢᠯᠳᠡ ᠵᠢᠨ ᠱᠢᠨ᠎ᠡ ᠬᠠᠭᠤᠳᠠᠰᠤ ᠎ᠶ᠋ᠢ ᠨᠡᠭᠡᠭᠡᠨ᠎ᠡ; ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠠᠶᠠᠯᠠᠯ ᠎ᠤᠨ ᠴᠢᠭ᠌ᠯᠡᠯ ᠎ᠢ ᠵᠢᠭᠠᠵᠤ᠂ ᠠᠤᠭ᠎ᠠ ᠦᠢᠯᠡᠰ ᠎ᠦᠨ ᠱᠢᠨ᠎ᠡ ᠭᠡᠷᠡᠯ ᠰᠠᠴᠤᠷᠠᠩᠭᠤᠢ ᠠᠮᠵᠢᠯᠲᠠ ᠎ᠶ᠋ᠢ ᠦᠷᠭᠦᠯᠵᠢᠯᠡᠨ ᠪᠢᠴᠢᠭ᠌ᠯᠡᠨ᠎ᠡ》᠁ ᠤᠢ᠍ᠢᠷ᠎ᠠ ᠎ᠶ᠋ᠢᠨ ᠡᠳᠦᠷ᠂ ᠦᠬᠠᠢ ᠬᠤᠳᠠ ᠎ᠶ᠋ᠢᠨ ᠬᠠᠢᠨᠠᠨ ᠲᠣᠭᠣᠷᠢᠭ ᠎ᠤᠨ ᠱᠢᠨ᠎ᠡ ᠴᠠᠭ ᠦᠶ᠎ᠡ ᠎ᠶ᠋ᠢᠨ ᠪᠣᠯᠪᠠᠰᠤᠨ ᠎ᠤ ᠦᠢᠯᠡᠳᠦᠯᠭᠡ ᠎ᠶ᠋ᠢᠨ ᠯᠸᠢ ᠹᠸᠩ ᠡᠴᠡ ᠰᠤᠷᠤᠯᠴᠠᠬᠤ ᠰᠠᠢ᠌ᠨ ᠳᠤᠷ᠎ᠠ ᠎ᠶ᠋ᠢᠨ ᠦᠢᠯᠡᠴᠢᠯᠡᠭᠡᠨ ᠎ᠦ ᠰᠠᠭᠤᠷᠢᠨ ᠎ᠳᠤ᠂ ᠤᠳᠭ᠎ᠠ ᠤᠷᠠᠯᠢᠭ ᠎ᠤᠨ ᠰᠠᠢ᠌ᠨ ᠳᠤᠷ᠎ᠠ ᠵᠢᠨ ᠠᠵᠢᠯᠯᠠᠭᠴᠢ ᠶᠤᠸᠠᠨ ᠫᠸᠢ ᠶᠣᠣ 《ᠡᠪ ᠬᠠᠮᠲᠤ ᠨᠠᠮ ᠎ᠤᠨ ᠵᠢᠡᠨ ᠠᠴᠢ ᠡᠨᠡᠷᠢᠯ᠎ᠳᠤ ᠡᠭᠦᠷᠢᠳᠡ ᠲᠠᠯᠠᠷᠬᠠᠶ᠎ᠠ》 ᠭᠡᠬᠦ᠌ ᠠᠶᠠᠯᠭᠤ ᠵᠢ ᠤᠯᠠᠨ ᠲᠦᠮᠡᠨ ᠎ᠳᠦ ᠬᠢᠯᠪᠠᠷ ᠤᠢᠯᠠᠭᠠᠮᠵᠢᠳᠠᠢ ᠲᠠᠢᠯᠪᠤᠷᠢᠯᠠᠨ ᠦᠭᠴᠦ᠂  ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠦᠨᠳᠦᠰᠦᠨ ᠱᠠᠲᠤᠨ ᠎ᠳᠤ ᠨᠠᠢᠳᠠᠪᠤᠷᠢᠵᠢᠭᠤᠯᠵᠤ᠂ ᠬᠥᠮᠦᠰ ᠎ᠦᠨ ᠰᠡᠳᠭᠢᠯ ᠎ᠳᠦ ᠬᠠᠳᠠᠩᠱᠢᠭᠤᠯᠤᠨ᠎ᠠ᠃

ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠎ᠶ᠋ᠢᠨ ᠲᠥᠯᠥᠭᠡ᠂ ᠥᠪᠥᠷ ᠮᠣᠩᠭᠣᠯ ᠎ᠤᠨ ᠤᠳᠭ᠎ᠠ ᠤᠷᠠᠯᠢᠭ ᠎ᠤᠨ᠎ᠬᠢᠨ ᠎ᠦ ᠬᠣᠯᠪᠣᠭ᠎ᠠ ᠡᠯ᠎ᠡ ᠤᠳᠭ᠎ᠠ ᠤᠷᠠᠯᠢᠭ᠍ᠴᠢᠳ ᠎ᠤᠨ ᠨᠡᠢᠭᠡᠮᠯᠢᠭ᠂ ᠡᠯ᠎ᠡ ᠠᠢᠮᠠᠭ ᠬᠣᠲᠠ ᠎ᠶ᠋ᠢᠨ ᠤᠳᠭ᠎ᠠ ᠤᠷᠠᠯᠢᠭ ᠎ᠤᠨ᠎ᠬᠢᠨ ᠎ᠦ ᠬᠣᠯᠪᠣᠭ᠎ᠠ ᠎ᠶ᠋ᠢ ᠢᠳᠡᠪᠬᠢᠲᠡᠶ ᠬᠥᠲᠥᠯᠥᠨ ᠵᠢᠯᠣᠭᠣᠳᠴᠤ᠌ ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠬᠠᠯᠠᠭᠤᠨ ᠥᠷᠨᠢᠯᠲᠡ ᠎ᠶ᠋ᠢ ᠪᠣᠶ ᠪᠣᠯᠭᠠᠵᠤ᠂ ᠤᠬᠠᠭᠤᠯᠤᠨ ᠲᠠᠢᠯᠪᠤᠷᠢᠯᠠᠬᠤ ᠬᠡᠯᠪᠡᠷᠢ ᠎ᠶ᠋ᠢ ᠲᠠᠰᠤᠷᠠᠯᠲᠠ ᠥᠬᠡᠶ ᠱᠢᠨᠡᠴᠢᠯᠡᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠲᠠᠶ ᠨᠢᠭ᠍ᠲᠠ ᠤᠶᠠᠯᠳᠤᠭᠤᠯᠤᠨ᠂ ᠣᠨᠣᠯ ᠪᠣᠯᠤᠨ ᠤᠳᠭ᠎ᠠ ᠤᠷᠠᠯᠢᠭ ᠎ᠢ ᠠᠭᠤᠰᠤᠯᠴᠠᠭᠤᠯᠵᠤ᠂  ᠣᠯᠠᠨ ᠶᠠᠩᠵᠤ ᠬᠡᠯᠪᠡᠷᠢ᠎ᠶ᠋ᠢᠨ᠂ ᠠᠭᠤᠯᠭ᠎ᠠ ᠠᠮᠢᠳᠤᠯᠢᠭ ᠪᠤᠳᠠᠳᠠᠢ᠂ ᠲᠥᠬᠥᠮ ᠣᠢᠯᠠᠭᠠᠮᠵᠢᠲᠠᠶ᠂ ᠨᠥᠯᠥᠭᠡᠯᠡᠬᠦ᠌ ᠬᠦᠴᠦᠨ ᠎ᠢᠶᠡᠷ ᠴᠢᠩᠭ᠎ᠠ ᠤᠳᠭ᠎ᠠ ᠤᠷᠠᠯᠢᠭ ᠎ᠤᠨ ᠪᠦᠲᠦᠭᠡᠯ ᠎ᠢ ᠵᠣᠬᠢᠶᠠᠨ ᠪᠦᠲᠦᠭᠡᠪᠡ᠃

ᠡᠯ᠎ᠡ ᠱᠠᠲᠤᠨ ᠎ᠤ ᠤᠳᠭ᠎ᠠ ᠤᠷᠠᠯᠢᠭ ᠎ᠤᠨ᠎ᠬᠢᠨ ᠎ᠦ ᠬᠣᠯᠪᠣᠭ᠎ᠠ ᠪᠠᠰᠠ ᠰᠠᠭᠤᠭ᠎ᠠ ᠭᠠᠵᠠᠷ ᠎ᠤᠨ ᠎ᠢᠶᠠᠨ ᠤᠳᠭ᠎ᠠ ᠤᠷᠠᠯᠢᠭ ᠎ᠤᠨ ᠰᠠᠢᠨ ᠳᠤᠷᠠᠴᠤᠳ ᠎ᠢ ᠵᠣᠬᠢᠶᠠᠨ ᠪᠠᠢᠭᠤᠯᠵᠤ᠂ ᠡᠷᠬᠦᠨ ᠵᠤᠷᠢᠭᠤᠯᠬᠤ᠂ ᠨᠥᠬᠥᠷᠰᠡᠭ ᠲᠤᠳᠤᠨᠤ᠂  ᠬᠠᠷᠢᠯᠴᠠᠨ ᠬᠠᠪᠰᠤᠷᠤᠯᠴᠠᠬᠤ᠂  ᠤᠷᠤᠭᠰᠢᠯᠠᠨ ᠳᠠᠪᠱᠢᠬᠤ ᠰᠠᠢᠨ ᠳᠤᠷ᠎ᠠ ᠎ᠶ᠋ᠢᠨ ᠵᠣᠷᠢᠭ ᠰᠠᠨᠠᠭ᠎ᠠ ᠎ᠶ᠋ᠢ ᠪᠠᠳᠠᠷᠠᠭᠤᠯᠵᠤ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠤᠬᠠᠭᠤᠯᠬᠤ ᠭᠤᠤᠯ ᠰᠡᠳᠦᠪᠲᠦ ᠤᠳᠭ᠎ᠠ ᠤᠷᠠᠯᠢᠭ ᠎ᠤᠨ ᠵᠣᠬᠢᠶᠠᠨ ᠪᠦᠲᠦᠭᠡᠯᠭᠡ ᠎ᠳᠦ ᠢᠳᠡᠪᠬᠢᠳᠡᠢ ᠣᠷᠣᠯᠴᠠᠭᠤᠯᠵᠤ᠂ ᠠᠷᠠᠳ ᠲᠦᠮᠡᠨ ᠎ᠦ ᠣᠶᠤᠨ ᠰᠠᠨᠠᠭᠠᠨ ᠎ᠤ ᠡᠷᠴᠢ ᠬᠦᠴᠦᠨ ᠎ᠢ  ᠨᠢᠭᠳᠠᠷᠠᠭᠤᠯᠬᠤ ᠨᠢᠭᠡ ᠪᠦᠯᠦᠭ ᠱᠢᠯᠢᠳᠡᠭ ᠪᠦᠲᠦᠭᠡᠯ ᠎ᠢ ᠵᠣᠬᠢᠶᠠᠨ ᠪᠦᠲᠦᠭᠡᠵᠦ᠍᠂ ᠣᠯᠠᠨ ᠶᠠᠩᠵᠤ ᠬᠡᠯᠪᠡᠷᠢ ᠎ᠶ᠋ᠢᠨ ᠤᠳᠭ᠎ᠠ ᠤᠷᠠᠯᠢᠭ ᠎ᠤᠨ ᠵᠣᠬᠢᠶᠠᠨ ᠪᠦᠲᠦᠭᠡᠯᠭᠡ ᠪᠠ ᠤᠳᠭ᠎ᠠ ᠤᠷᠠᠯᠢᠭ ᠎ᠤᠨ ᠰᠠᠢᠨ ᠳᠤᠷ᠎ᠠ ᠎ᠶ᠋ᠢᠨ ᠠᠵᠢᠯᠯᠠᠭ᠎ᠠ ᠎ᠪᠠᠷ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠠᠷᠠᠳ ᠣᠯᠠᠨ ᠎ᠤ ᠳᠡᠷᠭᠡᠳᠡ ᠬᠦᠷᠭᠡᠪᠡ᠃

《ᠬᠥᠳᠡᠭᠡ ᠠᠵᠤ ᠠᠬᠤᠢ ᠎ᠶ᠋ᠢ ᠬᠥᠭ᠌ᠵᠢᠭᠦᠯᠵᠦ᠍ ᠠᠷᠠᠳ ᠤᠯᠠᠨ ᠳ᠋ᠤ ᠠᠱᠢᠭ ᠬᠦᠷᠲᠡᠭᠡᠨ᠎ᠡ》᠂ 《ᠪᠠᠶᠠᠨ ᠴᠢᠨᠡᠭᠡᠯᠢᠭ ᠡᠶ᠎ᠡ ᠵᠣᠬᠢᠴᠠᠩᠭᠤᠢ》᠁ ᠤᠢ᠍ᠢᠷ᠎ᠠ ᠎ᠳᠤ᠂  ᠠᠯᠠᠱᠠ ᠵᠡᠭᠦᠨ ᠬᠣᠱᠢᠭᠤᠨ ᠎ᠤ ᠵᠢᠷᠭᠠᠯᠰᠠᠢᠬᠠᠨ ᠪᠠᠯᠭᠠᠰᠤᠨ ᠎ᠤ ᠬᠥᠪᠴᠢ ᠭᠠᠴᠠᠭ᠎ᠠ ᠬᠦᠷ ᠬᠥᠭ᠌ᠵᠢᠶᠡᠨ ᠎ᠢᠶᠡᠷ ᠪᠢᠯᠬᠠᠵᠤ᠂ ᠠᠯᠠᠱᠠ ᠠᠢᠮᠠᠭ ᠎ᠤᠨ ᠤᠷᠠᠨ ᠪᠢᠴᠢᠯᠭᠡᠲᠡᠳ ᠎ᠦᠨ ᠨᠡᠢᠭᠡᠮᠯᠢᠭ ᠎ᠦᠨ ᠤᠳᠭ᠎ᠠ ᠤᠷᠠᠯᠢᠭ ᠎ᠤᠨ ᠰᠠᠢ᠌ᠨ ᠳᠤᠷᠠᠴᠤᠳ ᠦᠨᠳᠦᠰᠦᠨ ᠱᠠᠲᠤᠨ ᠎ᠤ ᠤᠯᠠᠨ ᠲᠦᠮᠡᠨ ᠎ᠳᠦ ᠡᠯᠪᠡᠭ ᠬᠤᠷᠢᠶᠠᠯᠲᠠ ᠎ᠶ᠋ᠢ ᠵᠥᠩᠨᠡᠭ᠌ᠰᠡᠨ ᠤᠷᠠᠨ ᠪᠢᠴᠢᠯᠭᠡ ᠎ᠶ᠋ᠢᠨ ᠪᠦᠲᠦᠭᠡᠯ ᠵᠣᠬᠢᠶᠠᠨ ᠪᠦᠲᠦᠭᠡᠵᠦ ᠦᠭᠪᠡ᠃

ᠲᠤᠰ ᠡᠳᠦᠷ᠂ ᠠᠯᠠᠱᠠ ᠠᠢᠮᠠᠭ ᠎ᠤᠨ ᠤᠳᠭ᠎ᠠ ᠤᠷᠠᠯᠢᠭ ᠎ᠤᠨ ᠬᠢᠨ ᠎ᠦ ᠬᠣᠯᠪᠣᠭ᠎ᠠ ᠪᠠᠢᠭᠤᠯᠭ᠎ᠠ ᠎ᠶ᠋ᠢᠨ ᠺᠠᠳ᠋ᠷ ᠠᠵᠢᠯᠳᠠᠨ ᠵᠢᠴᠢ ᠬᠡᠰᠡᠭ ᠤᠷᠠᠯᠢᠭ᠍ᠴᠢᠳ ᠎ᠢ ᠵᠤᠬᠢᠶᠠᠨ ᠪᠠᠢᠭᠤᠯᠵᠤ᠂ ᠳᠠᠭᠠᠭᠠᠴᠢᠯᠠᠨ ᠬᠤᠯᠪᠤᠭᠠᠯᠠᠵᠤ ᠪᠠᠢᠭ᠎ᠠ ᠬᠥᠪᠴᠢ ᠭᠠᠴᠠᠭ᠎ᠠ ᠎ᠳᠤ ᠬᠦᠷᠴᠦ᠍᠂ ᠤᠬᠠᠭᠤᠯᠭ᠎ᠠ ᠎ᠶ᠋ᠢᠨ ᠮᠠᠲ᠋ᠧᠷᠢᠶᠠᠯ ᠲᠠᠷᠬᠠᠭᠠᠬᠤ᠂ ᠲᠤᠬᠠᠢ ᠎ᠶ᠋ᠢᠨ ᠲᠠᠯᠠᠪᠠᠢ ᠎ᠳᠤ ᠵᠣᠬᠢᠶᠠᠨ ᠪᠦᠲᠦᠭᠡᠬᠦ᠌᠂ ᠪᠥᠵᠢᠭ ᠨᠠᠢᠷᠠᠭᠤᠯᠤᠨ ᠵᠢᠭᠠᠬᠤ ᠵᠡᠷᠭᠡ ᠤᠯᠠᠨ ᠵᠦᠢᠯ ᠎ᠦᠨ ᠤᠳᠭ᠎ᠠ ᠤᠷᠠᠯᠢᠭ ᠎ᠤᠨ ᠬᠡᠯᠪᠡᠷᠢ ᠎ᠪᠡᠷ ᠨᠠᠮ ᠎ᠤᠨ ᠳᠠᠭᠤᠨ ᠎ᠢ ᠦᠨᠳᠦᠰᠦᠨ ᠱᠠᠲᠤᠨ ᠎ᠳᠤ ᠬᠦᠷᠭᠡᠪᠡ᠃

《ᠪᠢᠳᠠ〈ᠤᠳᠭ᠎ᠠ ᠤᠷᠠᠯᠢᠭ ᠎ᠤᠨ ᠰᠠᠢ᠌ᠨ ᠲᠤᠷᠠᠴᠤᠳ〉᠎ᠡᠨᠡ ᠬᠦ᠌ ᠲᠦᠷᠦᠯ ᠲᠡᠮᠳᠡᠭᠳᠦ ᠠᠵᠢᠯᠯᠠᠭ᠎ᠠ ᠎ᠶ᠋ᠢ ᠬᠦᠴᠦᠯᠡᠨ ᠡᠭᠦᠳᠴᠦ᠍᠂ ᠪᠦᠬᠦ᠌ ᠠᠢᠮᠠᠭ ᠎ᠤᠨ ᠤᠳᠭ᠎ᠠ ᠤᠷᠠᠯᠢᠭ ᠎ᠤᠨ ᠠᠵᠢᠯᠲᠠᠳ ᠎ᠢ ᠲᠠᠢ᠌ᠴᠢᠯᠠᠨ ᠢᠳᠡᠪᠬᠢᠲᠡᠢ ᠠᠵᠢᠯᠯᠠᠭ᠎ᠠ ᠥᠷᠨᠢᠭᠦᠯᠵᠦ᠍᠂ ᠤᠳᠭ᠎ᠠ ᠤᠷᠠᠯᠢᠭ ᠎ᠤᠨ ᠰᠠᠢ᠌ᠨ ᠲᠤᠷᠠᠴᠤᠳ ᠎ᠤᠨ ᠡᠩᠨᠡᠭᠡ ᠎ᠶ᠋ᠢ ᠲᠠᠰᠤᠷᠠᠯᠳᠠ ᠦᠭᠡᠢ ᠪᠤᠵᠠᠭᠠᠢᠷᠠᠭᠤᠯᠵᠤ᠂ ᠨᠡᠩ ᠤᠯᠠᠨ ᠨᠡᠩ ᠡᠯᠪᠡᠭ ᠪᠠᠶᠠᠯᠢᠭ ᠤᠳᠭ᠎ᠠ ᠤᠷᠠᠯᠢᠭ ᠎ᠤᠨ ᠰᠠᠢ᠌ᠨ ᠳᠤᠷ᠎ᠠ ᠎ᠶ᠋ᠢᠨ ᠦᠢᠯᠡᠴᠢᠯᠡᠭᠡᠨ ᠎ᠦ ᠠᠵᠢᠯᠯᠠᠭ᠎ᠠ ᠎ᠶ᠋ᠢᠨ ᠬᠡᠯᠪᠡᠷᠢ ᠎ᠪᠡᠷ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠦᠨᠳᠦᠰᠦᠨ ᠱᠠᠲᠤᠨ ᠎ᠳᠤ ᠬᠦᠷᠭᠡᠵᠦ᠍᠂ ᠠᠷᠠᠳ ᠲᠦᠮᠡᠨ ᠳ᠋ᠤ ᠠᠱᠢᠭ ᠬᠦᠷᠲᠡᠭᠡᠬᠦ᠌᠂ ᠠᠷᠠᠳ  ᠲᠦᠮᠡᠨ ᠳ᠋ᠤ ᠦᠢᠯᠡᠴᠢᠯᠡᠬᠦ᠌᠂ ᠠᠷᠠᠳ ᠲᠦᠮᠡᠨ ᠎ᠢ ᠪᠠᠶᠠᠰᠭᠠᠬᠤ ᠤᠳᠭ᠎ᠠ ᠤᠷᠠᠯᠢᠭ ᠎ᠤᠨ ᠶᠡᠬᠡ ᠲᠠᠪᠴᠠᠩ ᠎ᠢ ᠪᠠᠢᠭᠤᠯᠤᠨ᠎ᠠ》ᠭᠡᠵᠦ᠍ ᠠᠯᠠᠱᠠ ᠠᠢᠮᠠᠭ ᠎ᠤᠨ ᠤᠳᠭ᠎ᠠ ᠤᠷᠠᠯᠢᠭ ᠎ᠤᠨ ᠬᠢᠨ ᠎ᠦ ᠬᠣᠯᠪᠣᠭ᠎ᠠ ᠎ᠶ᠋ᠢᠨ ᠨᠠᠮ ᠎ᠤᠨ ᠤᠳᠤᠷᠢᠳᠭᠤ ᠳᠤᠭᠤᠢᠯᠠᠩ ᠎ᠤᠨ ᠪᠦᠷᠢᠯᠳᠦᠬᠦᠨ᠂ ᠳᠡᠳ᠋ ᠲᠡᠷᠢᠭᠦᠯᠡᠭ᠌ᠴᠢ ᠤᠳᠬᠤᠨ ᠶᠠᠷᠢᠨ᠎ᠠ᠃

ᠨᠠᠮ ᠎ᠤᠨ ᠬᠣᠷᠢᠳᠤᠭᠠᠷ ᠶᠡᠬᠡ ᠬᠤᠷᠠᠯ ᠠᠮᠵᠢᠯᠲᠠ ᠎ᠲᠠᠶ ᠬᠤᠷᠠᠯᠳᠤᠭ᠍ᠰᠠᠨ ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠎ᠤ ᠤᠳᠭ᠎ᠠ ᠤᠷᠠᠯᠢᠭ ᠎ᠤᠨ ᠬᠢᠨ ᠎ᠦ ᠬᠣᠯᠪᠣᠭ᠎ᠠ ᠤᠳᠭ᠎ᠠ ᠤᠷᠠᠯᠢᠭ ᠎ᠤᠨ ᠳᠠᠪᠠᠭᠤᠯᠢᠭ᠎ᠢᠶᠠᠨ ᠬᠦᠴᠦᠯᠡᠨ ᠪᠠᠳᠠᠷᠠᠭᠤᠯᠵᠤ᠂ ᠤᠳᠭ᠎ᠠ ᠤᠷᠠᠯᠢᠭ ᠎ᠤᠨ ᠡᠬᠢ ᠪᠠᠶᠠᠯᠢᠭ ᠎ᠢ ᠨᠢᠭᠡᠳᠦᠯᠲᠡᠢ ᠲᠥᠯᠥᠪᠵᠢᠭᠦᠯᠵᠦ᠍᠂ ᠤᠳᠭ᠎ᠠ ᠤᠷᠠᠯᠢᠭ ᠎ᠤᠨ ᠭᠣᠣᠯᠯᠠᠬᠤ ᠬᠦᠴᠦᠨ᠎ᠢ ᠵᠣᠬᠢᠶᠠᠨ ᠪᠠᠢᠭᠤᠯᠵᠤ ᠰᠠᠢ᠌ᠨ ᠳᠤᠷ᠎ᠠ ᠎ᠶ᠋ᠢᠨ ᠦᠢᠯᠡᠴᠢᠯᠡᠭᠡᠨ ᠎ᠦ ᠤᠬᠠᠭᠤᠯᠤᠨ ᠲᠠᠢᠯᠪᠤᠷᠢᠯᠠᠯᠳᠠ᠂ ᠪᠣᠯᠪᠠᠰᠤᠷᠠᠯ ᠎ᠤᠨ ᠠᠵᠢᠯᠯᠠᠭ᠎ᠠ᠂ ᠤᠳᠭ᠎ᠠ ᠤᠷᠠᠯᠢᠭ ᠎ᠤᠨ ᠵᠣᠬᠢᠶᠠᠨ ᠪᠦᠲᠦᠭᠡᠯᠭᠡ ᠵᠡᠷᠭᠡ ᠎ᠶ᠋ᠢ ᠥᠷᠨᠢᠭᠦᠯᠵᠦ᠍᠂ ᠦᠨᠳᠦᠰᠦᠨ ᠱᠠᠲᠤᠨ ᠎ᠤ ᠨᠡᠢᠲᠡ 2000 ᠭᠠᠷᠤᠢ ᠤᠳᠭ᠎ᠠ ᠤᠷᠠᠯᠢᠭ ᠎ᠤᠨ ᠠᠵᠢᠯᠳᠠᠨ ᠳ᠋ᠤ ᠪᠤᠯᠪᠠᠰᠤᠷᠠᠯ ᠬᠦᠷᠳᠡᠭᠡᠵᠦ᠂  ᠭᠣᠣᠯ ᠰᠡᠳᠦᠪᠲᠦ ᠤᠳᠭ᠎ᠠ ᠤᠷᠠᠯᠢᠭ ᠎ᠤᠨ ᠪᠦᠲᠦᠭᠡᠯ ᠎ᠢ 1000 ᠭᠠᠷᠤᠢ ᠵᠣᠬᠢᠶᠠᠨ ᠪᠦᠲᠦᠭᠡᠵᠦ᠍᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠦᠨᠳᠦᠰᠦᠨ ᠱᠠᠲᠤᠨ ᠎ᠳᠤ ᠭᠦᠨᠵᠡᠭᠡᠢᠷᠡᠭᠦᠯᠬᠦ᠌᠂ ᠤᠯᠠᠨ ᠲᠦᠮᠡᠨ ᠎ᠦ ᠳᠤᠮᠳᠠ ᠭᠦᠨᠵᠡᠭᠡᠢᠷᠡᠭᠦᠯᠬᠦ᠌᠂ ᠬᠥᠮᠦᠰ ᠎ᠦᠨ ᠰᠡᠳᠭᠢᠯ ᠎ᠳᠦ ᠬᠠᠳᠠᠩᠱᠢᠭᠤᠯᠬᠤ ᠎ᠶ᠋ᠢ ᠯᠠᠪᠳᠠᠭᠤᠨ ᠪᠠᠲᠤᠲᠠᠢ ᠠᠬᠢᠭᠤᠯᠪᠠ᠃

ᠡᠭᠦᠨ ᠎ᠤ ᠬᠠᠮᠲᠤ᠌᠂ ᠥᠪᠡᠷᠲᠡᠭᠡᠨ ᠵᠠᠰᠠᠬᠤ ᠣᠷᠣᠨ ᠎ᠤ ᠤᠳᠭ᠎ᠠ ᠤᠷᠠᠯᠢᠭ ᠎ᠤᠨ᠎ᠬᠢᠨ ᠎ᠦ ᠬᠣᠯᠪᠣᠭ᠎ᠠ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠎ᠪᠠᠷ ᠭᠤᠤᠯ ᠰᠡᠳᠦᠪ ᠪᠣᠯᠭᠠᠭ᠍ᠰᠠᠨ《ᠳᠤᠮᠳᠠᠳᠤ ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠱᠣᠭ ᠵᠦᠴᠦᠭᠡ·ᠳᠠᠭᠤᠷᠢᠯᠢᠭ ᠎ᠤᠨ ᠪᠦᠲᠦᠭᠡᠯ ᠎ᠦᠨ ᠲᠡᠭᠦᠪᠦᠷᠢ》᠂ ᠱᠢᠨ᠎ᠡ ᠴᠠᠭ ᠦᠶ᠎ᠡ ᠎ᠶ᠋ᠢ ᠤᠶᠠᠩᠭᠠᠯᠠᠨ ᠳᠠᠭᠤᠯᠠᠵᠤ ᠱᠢᠨ᠎ᠡ ᠠᠶᠠᠨ ᠳ᠋ᠠᠭᠠᠨ ᠡᠷᠡᠯᠬᠡᠭ᠌ᠯᠡᠨ ᠤᠷᠤᠭ᠍ᠰᠢᠯᠠᠶ᠎ᠠ — ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠤᠯ ᠰᠡᠳᠦᠪᠲᠦ ᠳᠠᠭᠤᠤ ᠬᠦᠭᠵᠢᠮ᠎ᠤᠨ ᠴᠤᠭᠯᠠᠭᠠᠨ ᠂ ᠱᠢᠨ᠎ᠡ ᠠᠶᠠᠨ ᠎ᠤ  ᠢᠷᠠᠭᠤ  ᠬᠠᠭᠤᠳᠠᠰᠤ  ᠵᠢ ᠪᠢᠴᠢᠭᠯᠡᠶ᠎ᠡ — ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠎ᠤᠨ ᠪᠦᠲᠦᠭᠡᠯ ᠎ᠦᠨ ᠱᠢᠷᠢᠰ ᠦᠵᠡᠭᠦᠯᠭᠡ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠢᠯᠡᠳᠭᠡᠯ ᠎ᠦᠨ ᠠᠯᠲᠠᠨ ᠪᠠᠳᠠᠭ᠎ᠢ ᠰᠡᠢᠷᠡᠬᠦᠯᠬᠦ ᠤᠷᠠᠨ ᠪᠢᠴᠢᠯᠭᠡ ᠎ᠶ᠋ᠢᠨ ᠰᠦᠯᠵᠢᠶᠡᠨ ᠎ᠦ ᠦᠵᠡᠰᠭᠦᠯᠡᠩ᠂ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠤᠶ᠎ᠠ — ᠥᠪᠥᠷ ᠮᠣᠩᠭᠣᠯ ᠎ᠤᠨ ᠱᠢᠯᠢᠳᠡᠭ ᠤᠷᠠᠨ ᠵᠢᠷᠤᠭ ᠎ᠤᠨ ᠪᠦᠲᠦᠭᠡᠯ ᠤᠰᠤᠨ ᠪᠤᠳᠤᠭ ᠤ ᠵᠢᠨ ᠪᠤᠳᠤᠭ᠎ᠤᠨ ᠵᠢᠷᠤᠭ᠎ᠤᠨ ᠲᠤᠰᠬᠠᠢ ᠡᠮᠬᠢᠳᠬᠡᠯ᠂ ᠨᠠᠮ ᠎ᠤᠨ ᠬᠤᠷᠢᠳᠤᠭᠠᠷ ᠶᠡᠬᠡ ᠬᠤᠷᠠᠯ ᠎ᠤᠨ ᠵᠤᠷᠢᠭ ᠰᠠᠨᠠᠭ᠎ᠠ  ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠤᠶ᠎ᠠ — ᠥᠪᠥᠷ ᠮᠣᠩᠭᠣᠯ ᠎ᠤᠨ ᠠᠷᠠᠳ ᠎ᠤᠨ ᠤᠳᠭ᠎ᠠ ᠤᠷᠠᠯᠢᠭ ᠎ᠤᠨ ᠪᠦᠲᠦᠭᠡᠯ ᠎ᠦᠨ ᠰᠦᠯᠵᠢᠶᠡᠨ ᠳᠡᠭᠡᠷᠡᠬᠢ ᠱᠢᠷᠢᠰ ᠦᠵᠡᠭᠦᠯᠭᠡ᠂《ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ》ᠤᠷᠠᠨ ᠤᠩᠱᠢᠯᠭ᠎ᠠ ᠵᠡᠷᠭᠡ ᠠᠯᠢ ᠣᠯᠠᠨ ᠰᠦᠯᠵᠢᠶᠡᠨ ᠎ᠦ ᠤᠳᠭ᠎ᠠ ᠤᠷᠠᠯᠢᠭ ᠎ᠤᠨ ᠪᠦᠲᠦᠭᠡᠯ ᠎ᠦᠨ ᠦᠵᠡᠭᠦᠯᠭᠡ᠎ᠶ᠋ᠢᠨ ᠠᠵᠢᠯᠯᠠᠭ᠎ᠠ ᠵᠢ ᠦᠷᠨᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号