ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠥᠯᠥᠨ ᠪᠤᠢ᠌ᠷ ᠬᠤᠳᠠ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
2023-01-05 16:10:56
ᠵᠣᠬᠢᠶᠠᠭ᠍ᠴᠢ᠄
ᠯᠢ ᠢᠦᠢ ᠵᠦᠸᠸ
ᠣᠩᠱᠢᠭ᠍ᠰᠠᠨ ᠣᠳᠠᠭ᠎ᠠ᠄
★★★☆☆

1 ᠰᠠᠷ᠎ᠠ ᠎ᠶ᠋ᠢᠨ 3 ᠎ᠤ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠬᠢᠨ ᠸᠢᠳᠢᠣ᠋ ᠬᠡᠯᠪᠡᠷᠢ ᠎ᠪᠡᠷ ᠬᠥᠯᠥᠨ ᠪᠤᠢ᠌ᠷ ᠬᠤᠳᠠ ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠬᠥᠯᠥᠨ ᠪᠤᠢ᠌ᠷ᠎ᠤᠨ ᠠᠳᠠᠷ ᠬᠠᠭᠠᠯᠪᠤᠷᠢᠯᠠᠯᠳᠠ ᠵᠢᠨ ᠪᠦᠯᠦᠭ᠌ᠯᠡᠯ ᠎ᠦᠨ ᠨᠠᠮ ᠎ᠤᠨ ᠭᠡᠱᠢᠭᠦᠨ ᠺᠠᠳ᠋ᠷᠴᠤᠳ ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠂ ᠡᠷᠬᠢᠯᠡᠭ᠌ᠴᠢ ᠭᠦᠩ ᠮᠢᠩ ᠵᠦ᠍ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ ᠎ᠤ ᠳᠥᠷᠪᠡᠳᠦᠭᠡᠷ ᠪᠦᠬᠦᠳᠡ ᠬᠤᠷᠠᠯ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠲᠠᠪᠤᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠲᠠᠶ ᠨᠢᠭ᠍ᠲᠠ ᠤᠶᠠᠯᠳᠤᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠡᠢ᠃ 《ᠲᠠᠪᠤᠨ ᠶᠡᠬᠡ ᠡᠭᠦᠷᠭᠡ》 ᠎ᠶ᠋ᠢᠨ ᠲᠣᠭᠣᠷᠢᠨ᠎ᠳᠤ ᠪᠣᠳᠠᠲᠠᠢ ᠦᠷ᠎ᠡ ᠪᠦᠲᠦᠮᠵᠢ ᠣᠯᠵᠤ᠂ ᠠᠮᠢ ᠠᠬᠤᠢ᠎ᠶ᠋ᠢᠨ ᠲᠣᠮᠣ ᠬᠣᠲᠠ᠂ ᠲᠠᠷᠢᠶᠠᠯᠠᠩ ᠮᠠᠯ ᠠᠵᠤ ᠠᠬᠤᠢ᠎ᠶ᠋ᠢᠨ ᠲᠣᠮᠣ ᠬᠣᠲᠠ᠂ ᠡᠬᠢ ᠪᠠᠶᠠᠯᠢᠭ ᠡᠯᠪᠡᠭ᠌ ᠲᠠᠯᠪᠡᠭ ᠣᠷᠣᠨ ᠪᠠ ᠭᠠᠳᠠᠭᠠᠳᠤ ᠨᠡᠭᠡᠭᠡᠯᠲᠡ ᠵᠢᠨ ᠪᠡᠬᠢᠯᠡᠯᠳᠡ ᠪᠤᠯᠬᠤ  ᠬᠥᠯᠥᠨ ᠪᠤᠢ᠌ᠷ ᠎ᠦᠨ ᠬᠥᠭ᠌ᠵᠢᠯᠲᠡ ᠎ᠶ᠋ᠢᠨ ᠢᠷᠡᠭᠡᠳᠦᠢ ᠎ᠶ᠋ᠢᠨ ᠲᠤᠬᠠᠢ ᠭᠦᠩ ᠮᠢᠩ ᠵᠦ᠍ ᠠᠭᠤᠵᠢᠷᠠᠲᠠᠯ᠎ᠠ ᠶᠠᠷᠢᠯᠴᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠠᠭᠤᠯᠭ᠎ᠠ ᠨᠢ ᠪᠠᠶᠠᠯᠢᠭ ᠂ ᠭᠣᠣᠯ ᠰᠡᠳᠦᠪ ᠨᠢ ᠢᠯᠡ ᠲᠣᠳᠣ ᠂ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠡᠵᠡᠮᠱᠢᠨ ᠣᠨᠣᠪᠴᠢᠲᠠᠢ ᠣᠢᠯᠠᠭᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠠᠵᠢᠯ᠎ᠢᠶᠠᠨ ᠠᠬᠢᠭᠤᠯᠬᠤ ᠎ᠳᠤ ᠨᠢᠭᠡ ᠤᠳᠠᠭ᠎ᠠ᠎ᠶ᠋ᠢᠨ ᠴᠢᠬᠤᠯᠠ   ᠵᠢᠯᠤᠭᠤᠳᠤᠮᠵᠢ ᠪᠠ ᠳᠠᠢ᠌ᠴᠢᠯᠠᠯᠳᠠ ᠪᠤᠯᠵᠠᠢ᠃

ᠮᠡᠳᠡᠭᠦᠯᠦᠯᠲᠡ᠎ᠶ᠋ᠢᠨ ᠬᠤᠷᠠᠯ᠎ᠨᠢ ᠸᠢᠳᠢᠣ᠋ ᠬᠡᠯᠪᠡᠷᠢ᠎ᠪᠡᠷ ᠬᠤᠷᠠᠯᠳᠤᠵᠤ ᠂ ᠬᠥᠯᠥᠨ ᠪᠣᠢᠷ ᠬᠣᠲᠠ᠎ᠶ᠋ᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠨᠢᠭᠡᠴᠢ᠎ᠶ᠋ᠢᠨ ᠬᠠᠷᠢᠭᠤᠴᠠᠯᠭᠠᠲᠠᠳ ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠬᠥᠯᠥᠨ ᠪᠣᠢᠷ᠎ᠤᠨ ᠠᠳᠠᠷ ᠬᠠᠭᠠᠯᠪᠤᠷᠢᠯᠠᠯᠳᠠ ᠵᠢᠨ ᠪᠦᠯᠦᠭ᠌ᠯᠡᠯ ᠺᠣᠮᠫᠠᠨᠢ᠎ᠶ᠋ᠢᠨ 1300 ᠭᠠᠷᠤᠶ ᠨᠠᠮ᠎ᠤᠨ ᠭᠡᠱᠢᠭᠦᠨ ᠺᠠᠳ᠋ᠷ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃

ᠬᠤᠷᠠᠯ᠎ᠳᠤ ᠣᠷᠣᠯᠴᠠᠭ᠍ᠰᠠᠳ ᠤᠬᠠᠭᠤᠯᠤᠨ ᠲᠠᠢᠯᠪᠤᠷᠢᠯᠠᠯᠳᠠ ᠵᠢ ᠨᠠᠷᠢᠨ ᠬᠢᠨᠠᠮᠠᠭᠠᠶ ᠰᠣᠨᠣᠰᠴᠤ᠌᠂ ᠨᠠᠷᠢᠨ ᠬᠢᠨᠠᠮᠠᠭᠠᠶ ᠲᠡᠮᠳᠡᠭ᠌ᠯᠡᠯ ᠬᠢᠪᠠ᠃ ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠨᠠᠩ ᠭᠦᠨᠵᠡᠭᠡᠶ ᠲᠠᠨᠢᠯᠲᠠ᠎ᠲᠠᠶ ᠪᠣᠯᠤᠯ᠎ᠠ᠂ ᠬᠣᠢᠱᠢᠳᠠ᠎ᠶ᠋ᠢᠨ ᠠᠵᠢᠯ᠎ᠤᠨ ᠳᠤᠮᠳᠠ᠎ᠪᠠᠨ ᠮᠡᠳᠡᠭᠦᠯᠦᠯᠲᠡ᠎ᠶ᠋ᠢᠨ ᠠᠭᠤᠯᠭ᠎ᠠ᠎ᠲᠠᠶ ᠬᠠᠷᠭᠤᠭᠤᠯᠵᠤ᠂ ᠪᠣᠳᠠᠲᠤ ᠪᠠᠢᠳᠠᠯ ᠵᠢᠡᠨ ᠦᠨᠳᠦᠰᠦᠯᠡᠨ᠂ ᠱᠢᠨ᠎ᠡ ᠦᠵᠡᠯ ᠰᠠᠨᠠᠭ᠎ᠠ᠂ ᠱᠢᠨ᠎ᠡ ᠣᠢᠯᠠᠭᠠᠭ᠍ᠳᠠᠬᠤᠨ᠂ ᠱᠢᠨ᠎ᠡ ᠱᠠᠭᠠᠷᠳᠠᠯᠭ᠎ᠠ᠎ᠪᠠᠷ ᠱᠢᠨ᠎ᠡ ᠴᠠᠭ ᠦᠶ᠎ᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃

ᠬᠥᠯᠥᠨ ᠪᠤᠢ᠌ᠷ ᠬᠤᠳᠠ᠎ᠶ᠋ᠢᠨ ᠳᠡᠳ᠋ ᠳᠠᠷᠤᠭ᠎ᠠ ᠯᠢᠶᠠᠩ ᠵᠢᠨ ᠰᠦᠩ  ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ᠎ᠪᠠᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ ᠂ ᠬᠥᠯᠥᠨ ᠪᠤᠢ᠌ᠷ ᠬᠤᠳᠠ᠎ᠶ᠋ᠢᠨ ᠪᠣᠳᠠᠲᠠᠢ᠎ᠲᠠᠶ ᠨᠢᠭ᠍ᠲᠠ ᠤᠶᠠᠯᠳᠤᠭᠤᠯᠵᠤ᠂  《ᠲᠠᠪᠤᠨ ᠶᠡᠬᠡ ᠡᠭᠦᠷᠭᠡ 》 ᠵᠢᠨ ᠪᠣᠳᠠᠲᠠᠢ ᠦᠷ᠎ᠡ ᠪᠦᠲᠦᠮᠵᠢ ᠤᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠵᠦ᠍ ᠢᠯᠡᠳᠭᠡᠪᠡ᠃

ᠬᠥᠯᠥᠨ ᠪᠤᠢ᠌ᠷ᠎ᠤᠨ ᠠᠳᠠᠷ ᠬᠠᠭᠠᠯᠪᠤᠷᠢᠯᠠᠯᠳᠠ ᠵᠢᠨ ᠪᠦᠯᠦᠭ᠌ᠯᠡᠯ᠎ᠦᠨ ᠮᠠᠯ ᠠᠵᠤ ᠠᠬᠤᠢ ᠤᠢ ᠱᠢᠭᠤᠢ ᠨᠤᠲᠤᠭ ᠪᠡᠯᠴᠢᠭᠡᠷ᠎ᠦᠨ ᠬᠡᠯᠳᠡᠰ᠎ᠦᠨ ᠳᠡᠳ᠋ ᠬᠡᠯᠳᠡᠰ᠎ᠦᠨ ᠲᠠᠷᠤᠭ᠎ᠠ ᠱ᠌ᠢ ᠮᠢᠩ ᠵᠢᠶᠠᠩ᠂ ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠪᠠᠷ ᠳᠠᠮᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠦᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠶ ᠪᠣᠯᠤᠯ᠎ᠠ᠃ ᠮᠠᠯ ᠠᠵᠤ ᠠᠬᠤᠶ ᠲᠠᠷᠢᠶᠠᠯᠠᠩ᠎ᠤᠨ ᠹᠷᠣᠨᠲ ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠠᠪᠤᠴᠠ ᠎ᠳᠤ ᠠᠭᠤᠰᠤᠯᠴᠠᠭᠤᠯᠵᠤ᠂ ᠳᠤᠮᠳᠠᠳᠤ ᠵᠢᠨ ᠪᠤᠳᠠᠭᠠᠨ ᠠᠶᠠᠭ᠎ᠠ ᠪᠠᠨ ᠪᠠᠲᠤ ᠠᠳᠬᠤᠬᠤ ᠳ᠋ᠸ᠋ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠠ ᠬᠡᠵᠤ ᠭᠡᠯᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号