ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》 ᠎ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠎ᠲᠤ ᠤᠬᠠᠭᠤᠯᠤᠨ ᠲᠠᠢᠯᠪᠤᠷᠢᠯᠠᠪᠠ
2023-01-05 16:15:35
ᠵᠣᠬᠢᠶᠠᠭ᠍ᠴᠢ᠄
ᠭᠤᠤ ᠮᠢᠨ ᠨᠠ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 3 ᠎ᠤ᠋ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》 ᠎ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠩᠭᠠᠨ ᠠᠢᠮᠠᠭ᠎ᠤᠨ ᠰᠠᠯᠪᠤᠷᠢ ᠪᠠᠭ᠎ᠠ ᠠᠩᠭᠢ ᠬᠢᠩᠭᠠᠨ ᠠᠢᠮᠠᠭ᠎ᠤᠨ ᠵᠠᠯᠠᠢᠳ ᠬᠣᠱᠢᠭᠤ᠂ ᠲᠦᠴᠢᠦᠸᠠᠨ ᠱᠢᠶᠠᠨ᠎ᠳᠤ ᠬᠦᠷᠴᠦ᠍᠂ ᠮᠠᠯᠴᠢᠨ ᠲᠠᠷᠢᠶᠠᠴᠢᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠠᠢ᠃

ᠬᠢᠩᠭᠠᠨ ᠠᠢᠮᠠᠭ᠎ᠤᠨ ᠨᠠᠮ᠎ᠤᠨ ᠬᠣᠷᠢᠶᠠᠨ᠎ᠤ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠮᠡᠳᠡᠭᠡ ᠵᠠᠩᠭᠢ ᠨᠠᠷᠢᠨ ᠪᠢᠴᠢᠭᠡᠴᠢ᠎ᠶ᠋ᠢᠨ ᠰᠠᠯᠠᠭᠠᠨ᠎ᠤ ᠳᠡᠳ᠋ ᠳᠠᠷᠤᠭ᠎ᠠ ᠱ᠌ᠢ ᠢᠦᠶ ᠯᠢᠶᠠᠩ᠂ ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠤ ᠵᠢᠶᠠ ᠾᠧ ᠨᠡᠢᠭᠡᠮ ᠲᠣᠭᠣᠷᠢᠭ᠎ᠤᠨ ᠤᠬᠠᠭᠤᠯᠤᠨ ᠲᠠᠢᠯᠪᠤᠷᠢᠯᠠᠭ᠍ᠴᠢ ᠯᠢ ᠬᠦᠶ ᠵᠢᠶᠧ᠂ ᠲᠦᠴᠢᠦᠸᠠᠨ ᠱᠢᠶᠠᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠯᠧᠺᠲ᠋ᠣᠷ᠂ ᠡᠭᠦᠳᠦᠨ ᠪᠠᠢᠭᠤᠯᠬᠤ ᠰᠠᠯᠠᠭᠠᠨ᠎ᠤ ᠳᠠᠷᠤᠭ᠎ᠠ ᠪᠦᠦ ᠵᠢᠩ ᠵᠢᠩ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ  《ᠡᠭᠦᠳᠡᠨ ᠡᠮᠦᠨᠡᠬᠢ ᠵᠣᠭᠣᠭ᠎ᠤᠨ ᠪᠦᠯᠬᠦᠮ》 ᠤ᠋ᠨ ᠭᠡᠱᠢᠭᠦᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠣᠷᠢᠶᠠᠨ᠎ᠤ ᠳᠡᠳ᠋ ᠱᠦᠵᠢ ᠵᠠᠩ ᠮᠢᠩ ᠮᠢᠩ᠂ ᠲᠦᠴᠢᠦᠸᠠᠨ ᠱᠢᠶᠠᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠯᠢ ᠵᠢᠶᠦ᠋ᠨ ᠵᠡᠷᠭᠡ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ》 ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ 5 ᠪᠦᠷᠢᠯᠳᠦᠬᠦᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠡᠵᠡᠮᠳᠡᠬᠦ᠌᠎ᠶ᠋ᠢᠨ ᠲᠣᠭᠣᠷᠢᠨ᠎ᠳᠤ ᠥᠷᠭᠡᠨ ᠣᠯᠠᠨ ᠮᠠᠯᠴᠢᠨ ᠲᠠᠷᠢᠶᠠᠴᠢᠨ᠎ᠦ ᠬᠠᠮᠤᠭ᠎ᠠᠴᠠ ᠠᠩᠬᠠᠷᠴᠤ᠌ ᠪᠠᠢᠭ᠎ᠠ ᠣᠨᠴᠠᠯᠢᠭ᠍ᠲᠤ ᠠᠵᠤ ᠦᠶ᠋ᠯᠡᠰ᠎ᠢ ᠬᠦᠭᠵᠢᠬᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠵᠤ ᠪᠦᠲᠦᠭᠡᠨ ᠪᠠᠢᠭᠤᠯᠬᠤ ᠵᠡᠷᠭᠡ ᠬᠠᠯᠠᠮᠱᠢᠯ ᠠᠰᠠᠭᠤᠳᠠᠯ᠎ᠢ ᠰᠤᠨᠭᠭᠤᠵᠤ᠂ 《ᠵᠣᠭᠣᠭ ᠳᠡᠯᠭᠡᠬᠦ》 ᠂ 《ᠦᠯᠢᠭᠡᠷ ᠶᠠᠷᠢᠬᠤ》 ᠠᠷᠭ᠎ᠠ ᠮᠠᠶᠢᠭ ᠪᠠ ᠠᠷᠠᠳ᠎ᠤᠨ ᠦᠭᠡ ᠶᠠᠷᠢᠶ᠎ᠠ ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠦᠨ ᠴᠢᠬᠤᠯᠠ ᠠᠭᠤᠯᠭ᠎ᠠ᠎ᠶ᠋ᠢ ᠲᠠᠢᠯᠪᠤᠷᠢᠯᠠᠪᠠ᠃

 ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠵᠢ ᠵᠢᠭᠠᠵᠦ ᠭᠠᠷᠭᠠᠪᠠ᠂  ᠡᠨᠡ ᠨᠢ ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ ᠪᠣᠯᠤᠨ ᠮᠠᠯᠴᠢᠨ ᠲᠠᠷᠢᠶᠠᠴᠢᠨ᠎ᠤ ᠦᠭᠡᠨ᠎ᠦ ᠰᠡᠵᠢᠬᠦᠷ᠎ᠢ ᠬᠦᠨᠳᠡᠪᠡ᠃ ᠣᠯᠠᠨ᠎ᠤ ᠤᠷᠮ᠎ᠠ ᠬᠦᠭᠵᠢᠵᠦ᠂ ᠢᠯᠡᠳᠭᠡᠯ᠎ᠤᠨ ᠲᠤᠬᠠᠢ ᠶᠠᠷᠢᠯᠴᠠᠭ᠎ᠠ ᠦᠷᠨᠢᠬᠦᠯᠤᠨ᠂ ᠠᠮᠢᠲᠤᠷᠠᠯ ᠤ᠋ᠨ ᠎ᠵᠢᠡᠨ ᠬᠤᠪᠢᠷᠠᠯᠲᠠ ᠬᠦᠭᠵᠢᠯᠲᠠ᠂ ᠵᠣᠯ ᠵᠢᠷᠭᠠᠯ᠎ᠢᠶᠡᠨ ᠬᠤᠪᠢᠶᠠᠯᠴᠠᠨ᠂ ᠬᠦᠷᠲᠠᠮᠵᠢ ᠵᠢᠨ ᠲᠦᠷᠦᠭᠲᠠᠯ ᠎ᠢᠶᠡᠷ ᠪᠢᠯᠬᠠᠮ᠎ᠠ ᠪᠠᠢᠯ᠎ᠠ᠃ ᠤᠬᠠᠭᠤᠯᠤᠨ ᠲᠠᠢᠯᠪᠤᠷᠢᠯᠠᠬᠤ ᠠᠬᠤᠢ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠢᠶᠡᠷ ᠪᠢᠯᠬᠠᠵᠤ᠂ ᠪᠠᠢᠨ ᠲᠠᠬᠢᠨ ᠠᠯᠠᠭ᠎ᠠ ᠲᠠᠱᠢᠯᠲᠠ ᠵᠢᠨ ᠲᠠᠭᠤᠨ ᠨᠢᠵᠢᠬᠢᠨᠡᠨ᠎ᠠ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠲᠠᠷᠠᠭ᠎ᠠ᠂ ᠲᠦᠴᠢᠦᠸᠠᠨ ᠱᠢᠶᠠᠨ᠎ᠤ ᠡᡁᠸ ᠹᠠ ᠲᠣᠰᠭᠣᠨ᠎ᠤ ᠠᠷᠠᠳ ᠠᠢ ᠶᠦᠨ ᡁᠢ᠄ 《ᠤᠳᠤᠬᠠᠨ ᠳ᠋ᠤ ᠮᠠᠨ᠎ᠤ ᠠᠷᠠᠳ ᠲᠦᠮᠡᠨ᠎ᠦ ᠠᠮᠢᠳᠤᠷᠠᠯ ᠶᠠᠪᠤᠬᠤ ᠲᠤᠳᠤᠮ ᠰᠠᠢᠵᠢᠷᠠᠵᠤ᠂ ᠠᠢᠯ ᠪᠣᠯᠭᠠᠨ ᠴᠥᠮ ᠪᠠᠶᠠᠵᠢᠬᠤ ᠠᠵᠤ ᠦᠢᠯᠡᠰ᠎ᠲᠡᠶ ᠪᠤᠯᠵᠤ᠂ ᠲᠣᠰᠭᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ ᠴᠤ᠌ ᠰᠠᠢᠵᠢᠷᠠᠠ᠂ ᠵᠠᠮ᠎ᠵᠢᠡᠷ ᠬᠣᠭ ᠨᠣᠪᠰᠢ ᠬᠠᠷᠠᠭ᠍ᠳᠠᠬᠤ ᠦᠭᠡᠢ ᠪᠣᠯᠵᠠᠢ᠂ ᠬᠥᠳᠡᠭᠡ ᠲᠣᠰᠭᠣᠨ᠎ᠤ ᠠᠮᠢᠳᠤᠷᠠᠯ ᠬᠤᠳᠠ᠎ᠶ᠋ᠢᠨ ᠬᠢ᠎ᠡᠴᠡ ᠥᠴᠦᠬᠡᠨ ᠴᠦ᠍ ᠳᠣᠣᠷ᠎ᠠ ᠦᠭᠡᠢ ᠪᠤᠯᠵᠤ᠂ ᠪᠢᠳᠡᠨ᠎ᠦ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠡᠨᠡᠷᠢᠯ ᠳ᠋ᠸ᠋ ᠲᠠᠯᠠᠷᠬᠠᠬᠤ᠂ ᠨᠠᠮ᠎ᠢᠶᠠᠨ ᠲᠠᠭᠠᠬᠤ ᠢᠲᠡᠭᠡᠯ ᠵᠣᠷᠢᠭ ᠨᠡᠩ ᠪᠠᠲᠤᠵᠢᠪᠠ》 ᠬᠡᠵᠤ ᠪᠠᠢᠯ᠎ᠠ᠃

《ᠤᠬᠠᠭᠤᠯᠤᠨ ᠲᠠᠢᠯᠪᠤᠷᠢᠯᠠᠬᠤ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ ᠪᠠᠢᠵᠤ᠂ ᠭᠦᠨᠵᠡᠭᠡᠢ ᠪᠥᠭᠡᠳ ᠣᠢᠯᠠᠭᠠᠮᠵᠢᠲᠠᠢ ᠤᠨᠤᠯ᠎ᠤᠨ ᠲᠠᠢᠯᠪᠤᠷᠢᠯᠠᠯᠲᠠ ᠪᠤᠯᠤᠭᠰᠠᠨ ᠵᠢᠡᠷ ᠪᠠᠷᠠᠬᠤ ᠦᠭᠡᠢ᠂ ᠪᠠᠰᠠ ᠪᠣᠳᠠᠲᠠᠢ᠎ᠲᠠᠶ ᠤᠶᠠᠯᠳᠤᠭᠤᠯᠤᠭ᠍ᠰᠠᠨ ᠠᠮᠢᠳᠤᠯᠢᠭ ᠵᠢᠱ᠌ᠢᠢ᠎ᠡ ᠪᠠᠢᠨ᠎ᠠ᠃》 ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠤ ᠪᠠᠳᠠᠢ ᠲᠣᠰᠭᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠡᠷᠢᠭᠦᠯᠡᠭ᠌ᠴᠢ ᠵᠠᠩ ᠳ᠋ᠦᠩ ᠱᠢᠤᠸᠠᠢ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠣᠷᠣᠯᠴᠠᠬᠤ ᠡᠷᠴᠢ ᠵᠣᠷᠢᠭ ᠨᠢ ᠨᠡᠩ ᠬᠥᠪᠴᠢᠯᠡᠭ᠌ᠳᠡᠪᠡ᠃ 《ᠲᠣᠰᠭᠣᠨ᠎ᠤ ᠬᠣᠶᠠᠷ ᠵᠥᠪᠯᠡᠯ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠪᠢᠳᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠠᠳᠠᠢ ᠲᠣᠰᠭᠣᠨ᠎ᠤ ᠬᠦᠷᠢᠶ᠎ᠡ ᠬᠠᠱᠢᠶᠠᠨ᠎ᠤ ᠠᠵᠤ ᠠᠬᠤᠢ᠎ᠶ᠋ᠢᠨ ᠬᠥᠭ᠌ᠵᠢᠯᠲᠡ᠂ ᠠᠢᠯ ᠲᠣᠰᠭᠣᠨ᠎ᠢ ᠭᠤᠶᠤᠵᠢᠭᠤᠯᠤᠨ ᠨᠣᠭᠣᠭᠠᠷᠠᠭᠤᠯᠬᠤ᠂ ᠲᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠬᠡᠮᠵᠢᠯᠲᠡ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠲᠠᠷᠢᠶᠠᠴᠢᠳ᠎ᠤᠨ ᠨᠡᠩ ᠪᠠᠶᠠᠨ ᠴᠢᠨᠡᠭᠡᠯᠢᠭ᠂ ᠬᠥᠳᠡᠭᠡ ᠲᠣᠰᠭᠣᠨ ᠎ᠤ ᠨᠡᠩ ᠦᠵᠡᠰᠭᠦᠯᠡᠩᠲᠦ ᠰᠠᠢᠬᠠᠨ ᠪᠠᠢᠬᠤ ᠎ᠶ᠋ᠢ ᠴᠢᠷᠮᠠᠢᠨ ᠪᠡᠶᠡᠯᠡᠭᠦᠯᠤᠨ᠎ᠠ》 ᠬᠡᠵᠦ ᠲᠠᠷᠠ ᠬᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号