ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠵᠢ ᠨᠢᠭ᠍ᠲᠠᠷᠠᠭᠤᠯᠵᠤ ᠡᠷᠡᠯᠬᠡᠭᠯᠡᠨ ᠤᠷᠤᠭᠰᠢᠯᠠᠬᠤ ᠬᠦᠴᠦᠨ᠎ᠢ᠋ ᠬᠦᠭᠵᠢᠭᠡᠪᠡ
2023-01-06 18:53:35
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

 ︱ ᠪᠦᠬᠦ ᠣᠷᠣᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠬᠰᠠᠨ ᠠᠵᠢᠯᠯᠠᠭ᠎ᠠ᠎ᠶᠢᠨ ᠲᠤᠬᠠᠢ ᠬᠦᠦᠷᠨᠢᠯ

 ᠦᠵᠡᠯ ᠰᠠᠨᠠᠭᠠᠨ᠎ᠤ ᠲᠤᠭ ᠰᠢᠨ᠎ᠡ ᠠᠶᠠᠨ ᠵᠠᠮ᠎ᠢ ᠬᠥᠲᠥᠯᠥᠨ ᠳᠠᠭᠠᠭᠤᠯᠵᠤ᠂ ᠤᠨᠤᠯ᠎ᠤᠨ ᠬᠢᠯᠪᠠᠭ᠎ᠠ ᠤᠷᠤᠭᠰᠢᠯᠠᠯᠲᠠ᠎ᠶᠢᠨ ᠵᠠᠮ᠎ᠢ ᠭᠡᠷᠡᠯᠳᠦᠬᠦᠯᠦᠨ᠎ᠡ᠃

ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠦᠵᠡᠯ ᠰᠠᠨᠠᠭ᠎ᠠ᠎ᠶᠢ ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ ᠳᠡᠭᠡᠷ᠎ᠡ ᠨᠢᠭᠡᠳᠬᠡᠵᠦ᠂ ᠡᠷᠴᠢ ᠬᠦᠴᠦᠨ᠎ᠢ  ᠨᠢ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠭᠠᠷᠭᠠᠭᠰᠠᠨ ᠡᠯ᠎ᠡ ᠵᠦᠢᠯ᠎ᠦᠨ ᠴᠢᠬᠤᠯᠠ ᠶᠡᠬᠡ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ ᠳᠡᠭᠡᠷ᠎ᠡ ᠨᠢᠭ᠍ᠲᠠᠷᠠᠭᠤᠯᠬᠤ ᠢ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ ᠭᠤᠷᠪᠠᠨ ᠱᠠᠲᠤ᠎ᠪᠠᠷ᠎ᠢᠶᠠᠨ ᠬᠣᠯᠪᠤᠭᠠᠯᠠᠨ ᠬᠥᠳᠡᠯᠦᠯᠴᠡᠵᠦ᠂ ᠤᠳᠤᠷᠢᠳᠬᠤ ᠺᠠᠳ᠋ᠷ ᠲᠦᠷᠦᠭᠦᠯᠡᠨ ᠲᠠᠢᠯᠪᠤᠷᠢᠯᠠᠬᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠵᠢᠱ᠌ᠢᠶ᠎ᠡ ᠦᠵᠡᠭᠦᠯᠤᠨ ᠲᠠᠢᠯᠪᠤᠷᠢᠯᠠᠬᠤ᠂ ᠬᠣᠶᠠᠷ ᠰᠠᠯᠠᠭ᠎ᠠ《ᠬᠥᠩᠭᠡᠨ ᠮᠣᠷᠢᠲᠤ ᠴᠡᠷᠢᠭ》 ᠬᠦᠯᠢᠶᠡᠨ ᠠᠪᠤᠬᠴᠢᠳ᠎ᠤᠨ ᠪᠠᠢᠳᠠᠯ᠎ᠳᠤ ᠲᠤᠬᠢᠷᠠᠭᠤᠯᠤᠨ ᠲᠠᠢᠯᠪᠤᠷᠢᠯᠠᠬᠤ᠂ ᠡᠯ᠎ᠡ ᠱᠠᠲᠤᠨ᠎ᠤ ᠡᠯ᠎ᠡ ᠲᠦᠷᠦᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠱᠠᠲᠤ ᠬᠤᠪᠢᠶᠠᠨ ᠲᠠᠢᠯᠪᠤᠷᠢᠯᠠᠬᠤ᠂ ᠡᠭᠦᠯᠡᠨ ᠦᠵᠦᠭᠦᠷᠯᠢᠭ ᠢ᠋ ᠠᠰᠢᠬᠯᠠᠨ ᠰᠦᠯᠵᠢᠶᠡᠨ ᠲᠡᠭᠡᠷ᠎ᠡ ᠲᠠᠢᠯᠪᠤᠷᠢᠯᠠᠬᠤ ᠵᠡᠷᠭᠡ ᠬᠡᠯᠪᠡᠷᠢ᠎ᠪᠡᠷ ᠭᠦᠨᠵᠡᠭᠡᠢ ᠤᠬᠠᠭᠤᠯᠤᠨ ᠲᠠᠢᠯᠪᠤᠷᠢᠯᠠᠵᠦ ᠂ ᠣᠳᠣᠬᠠᠨ ᠪᠣᠯᠲᠠᠯ᠎ᠠ  ᠪᠦᠬᠦ ᠣᠷᠣᠨ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠡᠢ᠍ᠢᠳᠡ 4.2 ᠲᠦᠮᠡ ᠭᠠᠷᠤᠢ ᠲᠠᠯᠠᠪᠠᠢ ᠤᠬᠠᠭᠤᠯᠤᠨ ᠲᠠᠢᠯᠪᠤᠷᠢᠯᠠᠵᠤ᠂ ᠭᠥᠯᠢᠶᠡᠨ ᠠᠪᠤᠭ᠍ᠴᠢᠳ 460 ᠲᠦᠮᠡᠨ ᠬᠥᠮᠥᠨ ᠤᠳᠠᠭ᠎ᠠ᠎ᠳᠤ ᠬᠦᠷᠴᠡᠢ᠃

ᠳᠡᠭᠡᠷ᠎ᠠ ᠱᠠᠲᠤ ᠨᠢ ᠳᠣᠣᠷ᠎ᠠ ᠱᠠᠲᠤ᠎ᠪᠠᠨ ᠳᠠᠢ᠍ᠢᠴᠢᠯᠠᠵᠤ᠂ ᠤᠬᠠᠭᠤᠯᠤᠨ ᠲᠠᠢᠯᠪᠤᠷᠢᠯᠠᠬᠤ ᠰᠠᠢᠨ 《ᠳᠠᠭᠠᠭᠤᠯᠤᠭ᠍ᠴᠢ》 ᠪᠤᠯᠪᠠ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠦ᠂ 2022 ᠣᠨ᠎ᠤ 10 ᠰᠠᠷ᠎ᠠ᠎ᠶᠢᠨ 24  ᠎ᠤ᠋ ᠡᠳᠦᠷ᠂   ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ 2022 ᠣᠨ᠎ᠤ 11 ᠰᠠᠷ᠎ᠠ᠎ᠶᠢᠨ 5 ᠡᠴᠡ 8᠎ᠤ᠋ ᠡᠳᠦᠷ ᠪᠤᠯᠳᠠᠯ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠨᠤᠯ ᠰᠤᠷᠤᠯᠴᠠᠬᠤ ᠭᠣᠣᠯ ᠳᠤᠭᠤᠢᠯᠠᠩ᠎ᠤᠨ 2022 ᠣᠨ᠎ᠤ 10 ᠳ᠋ᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠵᠢ ᠦᠷᠨᠢᠬᠦᠯᠵᠦ᠂ 2022 ᠣᠨ᠎ᠤ 11 ᠰᠠᠷ᠎ᠠ᠎ᠶᠢᠨ 18 ᠎ᠤ᠋  ᠡᠳᠦᠷ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠳᠥᠷᠪᠡᠳᠦᠭᠡᠷ ᠪᠦᠬᠦᠳᠡ ᠬᠤᠷᠠᠯ ᠡᠴᠡ《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠲᠣᠭᠲᠠᠭᠠᠯ》ᠢ᠋ ᠬᠢᠨᠠᠨ ᠵᠥᠪᠯᠡᠵᠦ ᠪᠠᠲᠤᠯᠠᠭᠠᠳ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠵᠠᠢ᠃

ᠳᠡᠭᠡᠷ᠎ᠠ ᠱᠠᠲᠤ ᠨᠢ ᠳᠣᠣᠷ᠎ᠠ ᠱᠠᠲᠤ᠎ᠪᠠᠨ ᠳᠠᠭᠠᠭᠤᠯᠵᠤ᠂ ᠪᠡᠶ᠎ᠡ᠎ᠪᠡᠷ᠎ᠢᠶᠡᠨ ᠦᠯᠢᠭᠡᠷ ᠳᠠᠭᠤᠷᠢᠶᠠᠯ ᠦᠵᠡᠭᠦᠯᠪᠡ᠃ 2022 ᠣᠨ᠎ᠤ 11 ᠰᠠᠷ᠎ᠠ᠎ᠶᠢᠨ 3 ᠡᠴᠡ 4 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠸ᠋ ᠴᠧᠩ ᠲᠦᠩᠯᠢᠶᠣᠣ ᠬᠣᠲᠠ᠎ᠳᠤ ᠬᠦᠷᠴᠦ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠣᠲᠠ᠎ᠳᠤ ᠭᠦᠨᠵᠡᠭᠡᠢᠷᠡᠨ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠤᠨ ᠠᠵᠢᠯᠲᠠᠨ ᠠᠵᠢᠯᠴᠢᠨ᠂ ᠰᠤᠷᠭᠠᠭᠤᠯᠢ᠎ᠳᠤ ᠪᠠᠢᠭ᠎ᠠ ᠪᠠᠭ᠍ᠰᠢ ᠰᠤᠷᠤᠭ᠍ᠴᠢᠳ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠤᠬᠠᠭᠤᠯᠤᠨ ᠲᠠᠢᠯᠪᠤᠷᠢᠯᠠᠪᠠ᠃

ᠮᠤᠵᠢ᠎ᠶᠢᠨ ᠲᠡᠰ᠎ᠤᠨ 22 ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ ᠪᠣᠯᠣᠨ ᠡᠯ᠎ᠡ ᠠᠢᠮᠠᠭ ᠬᠤᠳᠠ᠂ ᠬᠣᠰᠢᠭᠤ ᠰᠢᠶᠠᠨ᠎ᠤ ᠤᠳᠤᠷᠢᠳᠬᠤ ᠺᠠᠳ᠋ᠷ ᠴᠤ᠌ ᠡᠯ᠎ᠡ ᠲᠦᠷᠦᠯ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷ ᠨᠡᠢ᠍ᠢᠳᠡ 480 ᠭᠠᠷᠤᠢ ᠲᠠᠯᠠᠪᠤᠷ ᠤᠳᠠᠭ᠎ᠠ ᠤᠬᠠᠭᠤᠯᠤᠨ ᠲᠠᠢᠯᠪᠤᠷᠢᠯᠠᠵᠤ᠂ ᠬᠦᠯᠢᠶᠡᠨ ᠠᠪᠤᠬᠴᠢᠳ 50 ᠲᠦᠮᠡ ᠰᠢᠬᠠᠮ ᠳ᠋ᠤ ᠬᠦᠷᠴᠡᠢ᠃

ᠨᠠᠷᠢᠨ ᠨᠢᠮᠪᠠᠢ ᠵᠣᠬᠢᠶᠠᠨ ᠪᠠᠢᠭᠤᠯᠵᠤ᠂ ᠤᠬᠠᠭᠤᠯᠤᠨ ᠲᠠᠢᠯᠪᠤᠷᠢᠯᠠᠬᠤ 《ᠬᠠᠮ ᠠᠷᠭ᠎ᠠ ᠬᠡᠮᠵᠢᠶ᠎ᠡ》 ᠵᠢ ᠡᠬᠦᠳᠴᠡᠢ

ᠮᠠᠨ᠎ᠤ ᠣᠷᠣᠨ ᠡᠯ᠎ᠡ ᠱᠠᠲᠤᠨ᠎ᠤ ᠡᠯ᠎ᠡ ᠲᠦᠷᠦᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠠᠪᠠᠭᠤᠯᠢᠭ᠋᠎ᠢ ᠶᠡᠬᠡ ᠬᠡᠮᠵᠢᠶ᠎ᠡ᠎ᠪᠡᠷ ᠪᠠᠳᠠᠷᠠᠭᠤᠯᠵᠤ᠂ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠺᠠᠳ᠋ᠷ ᠤᠯᠠᠨ ᠲᠦᠮᠡᠨ᠎ᠦ ᠰᠡᠳᠬᠢᠯ᠎ᠳᠦ ᠬᠦᠷᠬᠡᠬᠦ᠎ᠶᠢ ᠬᠦᠨᠵᠡᠭᠡᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠵᠢᠱ᠌ᠢᠶ᠎ᠡ ᠦᠵᠡᠭᠦᠯᠦᠨ ᠤᠬᠠᠭᠤᠯᠤᠨ ᠲᠠᠢᠯᠪᠤᠷᠢᠯᠠᠪᠠ — 

ᠥᠪᠡᠷᠲᠡᠭᠡᠨ ᠵᠠᠰᠠᠬᠤ ᠣᠷᠣᠨ ᠨᠢᠮᠪᠠᠢ ᠵᠣᠬᠢᠶᠠᠨ ᠪᠠᠢᠭᠤᠯᠤᠨ᠂ ᠤᠬᠠᠭᠤᠯᠤᠨ ᠲᠠᠢᠯᠪᠤᠷᠢᠯᠠᠬᠤ ᠲᠥᠰᠥᠯ ᠲᠣᠭᠲᠠᠭᠠᠵᠤ᠂ 48 ᠰᠢᠯᠢᠳᠡᠭ ᠬᠦᠴᠦᠨ᠎ᠢ ᠰᠣᠩᠭᠣᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶᠢ ᠦᠳᠲᠡᠷ ᠲᠦᠷᠭᠡᠨ ᠪᠠᠢᠷᠢᠯᠠᠭᠤᠯᠤᠨ ᠥᠷᠨᠢᠭᠦᠯᠪᠡ᠃

2022 ᠣᠨ᠎ᠤ 11 ᠰᠠᠷ᠎ᠠ᠎ᠶ᠋ᠢᠨ 16 ᠎ᠤ᠋ ᠡᠳᠦᠷ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠳᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠬᠦᠰᠢᠭᠡ ᠪᠡᠨ ᠢᠷᠡᠵᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠨᠡᠷ ᠤᠬᠠᠭᠤᠯᠤᠨ ᠲᠠᠢᠯᠪᠤᠷᠢᠯᠠᠬᠤ ᠭᠤᠤᠯᠳᠠᠯᠭ᠎ᠠ᠎ᠶ᠋ᠢ ᠣᠨᠣᠪᠴᠢᠲᠠᠶ ᠡᠵᠡᠮᠱᠢᠨ ᠂ ᠣᠷᠭᠢᠯᠤᠮ᠎ᠠ ᠬᠠᠯᠠᠭᠤᠨ ᠰᠡᠳᠭᠢᠯᠭᠡ ᠪᠡᠷ ᠪᠥᠬᠥ᠌ ᠣᠷᠣᠨ᠎ᠤ ᠡᠯ᠎ᠡ ᠭᠠᠵᠠᠷ᠎ᠲᠤ ᠬᠥᠷᠴᠦ᠂ ᠠᠮᠢᠳᠤᠯᠢᠭ ᠪᠣᠳᠠᠳᠠᠢ ᠵᠢᠱ᠌ᠢᠶ᠎ᠡ᠎ᠪᠡᠷ ᠡᠰᠢ ᠲᠠᠳᠠᠵᠤ ᠂ ᠨᠠᠷᠢᠨ ᠪᠣᠳᠠᠲᠠᠶ ᠲᠣᠭ᠎ᠠ ᠪᠠᠷᠢᠮᠲᠠ᠎ᠪᠠᠷ ᠭᠡᠷᠡᠴᠢ ᠪᠣᠯᠭᠠᠵᠤ ᠂ ᠤᠬᠠᠭᠤᠯᠤᠨ ᠲᠠᠢᠯᠪᠤᠷᠢᠯᠠᠬᠤ ᠪᠣᠳᠠᠲᠤ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠴᠢᠨᠭᠭᠠᠳᠬᠠᠪᠠ᠃ ᠤᠯᠠᠭᠠᠨᠴᠠᠪ ᠬᠤᠳᠠ᠎ᠶ᠋ᠢᠨ ᠵᠦᠸᠧᠽᠢ ᠱᠢᠶᠠᠨ᠎ᠤ ᠳ᠋ᠠ ᠢᠦᠢ ᠱᠤ᠌ ᠱᠢᠶᠠᠩ᠎ᠤᠨ ᠮᠠ ᠳ᠋ᠢ ᠪᠥᠸᠧ ᠲᠣᠰᠭᠣᠨ᠎ᠳᠤ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ ᠯᠦ᠍ ᠵᠢᠩ ᠳ᠋ᠦᠩ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ ᠯᠤᠭᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ ; ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠯᠢᠨ᠎ᠶ᠋ᠢᠨ ᠵᠡᠭᠡᠯᠢ ᠭᠤᠳᠤᠮᠵᠢ᠎ᠶ᠋ᠢᠨ ᠬᠠᠢ ᠱᠢᠨ ᠨᠡᠢᠭᠡᠮ ᠲᠣᠭᠣᠷᠢᠭ᠎ᠲᠤ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠂ ᠲᠡᠷᠢᠭᠦᠯᠡᠭ᠌ᠴᠢ ᠸᠠᠩ ᠹᠠᠩ  ᠨᠡᠢᠭᠡᠮ ᠲᠣᠭᠣᠷᠢᠭ᠎ᠤᠨ ᠠᠵᠢᠯᠳᠠᠳ ᠲᠠᠢ ᠰᠠᠨᠠᠯ᠎ᠢᠶᠠᠨ ᠭᠦᠨᠵᠡᠭᠡᠢ ᠰᠣᠯᠢᠯᠴᠠᠨ ᠰᠤᠳᠤᠯᠤᠨ ᠶᠠᠷᠢᠯᠴᠠᠪᠠ᠃

ᠬᠣᠶᠠᠷ ᠰᠠᠯᠠᠭ᠎ᠠ 《ᠬᠥᠩᠭᠡᠨ ᠮᠣᠷᠢᠲᠤ ᠴᠡᠷᠢᠭ》 ᠲᠦᠷᠦᠯ  ᠬᠤᠪᠢᠶᠠᠨ ᠤᠬᠠᠭᠤᠯᠤᠨ ᠲᠠᠢᠯᠪᠤᠷᠢᠯᠠᠪᠠ — 

ᠤᠬᠠᠭᠤᠯᠤᠨ ᠲᠠᠢᠯᠪᠤᠷᠢᠯᠠᠬᠤ ᠳᠤᠮᠳᠠ᠂ ᠮᠠᠨ᠎ᠤ ᠣᠷᠣᠨ ᠳᠠᠪᠠᠭᠤᠯᠢᠭ ᠣᠨᠴᠠᠯᠢᠭ᠎ᠢᠶᠠᠨ ᠭᠦᠶ᠋ᠴᠡᠳ ᠪᠠᠳᠠᠷᠠᠭᠤᠯᠵᠤ ᠂ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》  ᠤᠯᠠᠭᠠᠨᠮᠥ᠋ᠴᠢᠷ ᠪᠣᠯᠤᠨ 《ᠣᠨᠣᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ 》  ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ  ᠰᠠᠯᠪᠤᠷᠢ ᠠᠩᠭᠢ ᠵᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠬᠦᠯᠦᠨ ᠲᠦᠷᠦᠯ ᠬᠤᠪᠢᠶᠠᠨ ᠤᠬᠠᠭᠤᠯᠤᠨ ᠲᠠᠢᠯᠪᠤᠷᠢᠯᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠦᠨᠳᠦᠰᠦᠨ ᠱᠠᠲᠤᠨ᠎ᠤ  《ᠡᠴᠦᠰ᠎ᠦᠨ ᠨᠢᠭᠡ ᠮᠧᠲ᠋ᠷ》 ᠎ᠢ᠋ ᠨᠡᠪᠲᠡᠷᠡᠭᠦᠯᠪᠡ᠃

ᠪᠥᠬᠥ᠌ ᠣᠷᠣᠨ᠎ᠵᠢᠡᠷ ᠵᠢᠡᠨ《ᠣᠨᠣᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ 》ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠰᠠᠯᠪᠤᠷᠢ ᠠᠩᠭᠢ᠎ᠶ᠋ᠢ 3900 ᠭᠠᠷᠤᠶ ᠵᠣᠬᠢᠶᠠᠨ ᠪᠠᠢᠭᠤᠯᠵᠤ᠂ ᠠᠢᠯ ᠲᠣᠰᠭᠣᠨ ᠨᠡᠢᠭᠡᠮ ᠲᠣᠭᠣᠷᠢᠭ᠂ ᠦᠶ᠋ᠯᠡᠳᠪᠦᠷᠢ᠎ᠶ᠋ᠢᠨ ᠲᠠᠰᠤᠭ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ  ᠂ ᠠᠳᠠᠯᠢ ᠪᠤᠰᠤ ᠬᠠᠷᠠᠭᠠᠰᠤ ᠂ ᠠᠳᠠᠯᠢ ᠪᠤᠰᠤ ᠴᠢᠭ᠌ᠯᠡᠯ ᠂ ᠠᠳᠠᠯᠢ ᠪᠤᠰᠤ ᠲᠠᠯ᠎ᠠ᠎ᠠᠴᠠ ᠥᠪᠡᠷ᠎ᠦᠨ ᠲᠡᠮᠡᠴᠡᠯ᠎ᠦᠨ ᠥᠯᠢᠭᠡᠷ ᠂ ᠥᠪᠡᠷ᠎ᠦᠨ ᠤᠢᠯᠠᠭᠠᠯᠳᠠ ᠲᠥᠷᠥᠭ᠌ᠳᠡᠯ ᠂ ᠨᠡᠢᠲᠡᠯᠢᠭ ᠬᠡᠷᠡᠭ᠎ᠦᠨ ᠵᠢᠱ᠌ᠢᠶ᠎ᠡ ᠵᠡᠷᠭᠡ᠎ᠪᠡᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠣᠳᠣᠬᠠᠨ ᠪᠣᠯᠲᠠᠯ᠎ᠠ᠂ ᠡᠯ᠎ᠡ ᠱᠠᠲᠤᠨ᠎ᠤ 《ᠣᠨᠣᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ 》 ᠨᠡᠢᠲᠡ 2 . 7 ᠲᠦᠮᠡᠨ ᠲᠠᠯᠠᠪᠠᠶ ᠤᠬᠠᠭᠤᠯᠤᠨ ᠲᠠᠢᠯᠪᠤᠷᠢᠯᠠᠵᠤ᠂ ᠬᠦᠯᠢᠶᠡᠨ ᠠᠪᠤᠭᠴᠢᠳ ᠨᠡᠢᠲᠡ 240 ᠲᠦᠮᠡᠨ ᠬᠥᠮᠦᠨ ᠤᠳᠠᠭ᠎ᠠ  ᠳ᠋ᠤ ᠬᠦᠷᠴᠡᠢ ᠃

ᠪᠦᠬᠦ᠌ ᠣᠷᠣᠨ᠎ᠤ ᠤᠯᠠᠭᠠᠨᠮᠥ᠋ᠴᠢᠷ ᠪᠣᠯᠤᠨ ᠬᠦᠷᠢᠶᠡᠯᠡᠩ ᠪᠦᠯᠬᠦᠮ᠎ᠦᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠵᠢ  ᠵᠣᠬᠢᠶᠠᠨ ᠪᠦᠳᠦᠭᠡᠯᠭᠡ ᠂ ᠲᠣᠭ᠍ᠯᠠᠯᠲᠠ ᠭᠠᠷᠭᠠᠬᠤ ᠂ 《ᠪᠠᠶᠠᠷ ᠪᠠᠶᠠᠰᠤᠯ᠎ᠢ ᠬᠦᠷᠭᠡᠬᠦ ᠂ ᠪᠣᠯᠪᠠᠰᠤᠨ᠎ᠢ ᠬᠦᠷᠭᠡᠬᠦ᠌》 ᠦᠨᠳᠦᠰᠦᠨ ᠱᠠᠲᠤᠨ᠎ᠤ ᠦᠢᠯᠡᠴᠢᠯᠡᠭᠡᠨ᠎ᠦ ᠠᠵᠢᠯᠯᠠᠭ᠎ᠠ᠎ᠶ᠋ᠢᠨ ᠴᠢᠬᠤᠯᠠ ᠡᠭᠦᠷᠭᠡ ᠪᠣᠯᠭᠠᠵᠤ ᠂ 《ᠨᠠᠮ᠎ᠤᠨ ᠬᠣᠷᠢᠳᠤᠭᠠᠷ ᠶᠡᠬᠡ ᠬᠤᠷᠠᠯ᠎ᠢ ᠮᠠᠭ᠍ᠲᠠᠨ ᠳᠠᠭᠤᠯᠠᠵᠤ ᠳᠠᠷᠪᠠᠭᠤᠯ ᠬᠡᠢᠰᠭᠡᠨ ᠰᠢᠨ᠎ᠡ ᠠᠶᠠᠨ᠎ᠳᠠᠭᠠᠨ ᠮᠣᠷᠳᠠᠰᠤᠭᠠᠢ 》 ᠂ 《 ᠨᠠᠮ᠎ᠤᠨ ᠲᠦᠷᠦ᠍᠎ᠶ᠋ᠢᠨ ᠪᠤᠳᠤᠯᠭ᠎ᠠ ᠦᠨᠡᠭᠡᠷ ᠰᠠᠢ᠌ᠨ 》 ᠵᠡᠷᠭᠡ ᠤᠯᠠᠨ ᠲᠦᠮᠡᠨ᠎ᠲᠡᠶ ᠤᠢ᠍ᠢᠷᠠᠳᠤᠭ᠍ᠰᠠᠨ ᠠᠯᠢ ᠤᠯᠠᠨ ᠱᠣᠭ ᠵᠦᠴᠦᠭᠡ ᠂  ᠪᠤᠳᠠᠳᠤ ᠦᠵᠡᠭ᠌ᠳᠡᠯᠲᠦ ᠣᠬᠣᠷ ᠵᠦᠴᠦᠭᠡ ᠂ ᠲᠠᠭᠤᠷᠢᠯᠢᠬ  ᠵᠡᠷᠭᠡ ᠪᠦᠲᠦᠭᠡᠯ᠎ᠢ ᠨᠠᠢᠷᠠᠭᠤᠯᠤᠨ ᠵᠣᠬᠢᠶᠠᠨ ᠪᠦᠳᠦᠭᠡᠪᠡ᠃ 300 ᠭᠠᠷᠤᠶ ᠤᠯᠠᠭᠠᠨᠮᠥ᠋ᠴᠢᠷ᠎ᠦᠨ ᠦᠶ᠋ᠯᠡᠴᠢᠯᠡᠭᠡᠨ᠎ᠦ ᠰᠠᠯᠪᠤᠷᠢ ᠠᠩᠭᠢ ᠮᠠᠯᠵᠢᠬᠤ ᠲᠠᠷᠢᠶᠠᠯᠠᠬᠤ ᠣᠷᠣᠨ ᠂ ᠪᠣᠢᠳᠠ ᠪᠦᠭ᠌ᠯᠡᠭᠦᠦ ᠭᠠᠵᠠᠷ ᠣᠷᠣᠨ ᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡ ᠪᠠᠭᠤᠷᠠᠶ ᠭᠠᠵᠠᠷ ᠣᠷᠣᠨ᠎ᠳᠤ ᠭᠦᠨᠵᠡᠭᠡᠢᠷᠡᠵᠦ᠍ ᠂ ᠤᠷᠠᠨ ᠰᠠᠢᠬᠠᠨ᠎ᠤ ᠲᠣᠭ᠍ᠯᠠᠯᠲᠠ ᠂ ᠰᠣᠶᠣᠯ᠎ᠤᠨ ᠬᠠᠪᠰᠤᠷᠤᠨ ᠵᠢᠯᠣᠭᠣᠳᠣᠯᠭ᠎ᠠ ᠪᠠ ᠺᠢᠨᠣ᠋ ᠭᠠᠷᠭᠠᠬᠤ ᠠᠵᠢᠯᠯᠠᠭ᠎ᠠ ᠥᠷᠨᠢᠭᠦᠯᠵᠦ᠍ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠯᠠᠨ ᠲᠦᠮᠡᠨ᠎ᠦ ᠳᠤᠮᠳᠠ ᠭᠦᠨᠵᠡᠭᠡᠢᠷᠡᠭᠦᠯᠵᠦ᠍ ᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃

ᠡᠯ᠎ᠡ ᠱᠠᠲᠤᠨ᠎ᠤ ᠡᠯ᠎ᠡ ᠲᠥᠷᠥᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠲᠠᠰ ᠲᠠᠪᠬᠤᠷᠭ᠎ᠠ ᠬᠤᠪᠢᠶᠠᠨ ᠤᠬᠠᠭᠤᠯᠤᠨ ᠲᠠᠢᠯᠪᠤᠷᠢᠯᠠᠪᠠ — 

ᠡᠯ᠎ᠡ ᠠᠢᠮᠠᠭ ᠬᠣᠲᠠ ᠂ ᠬᠣᠱᠢᠭᠤ ᠱᠢᠶᠠᠨ ᠪᠥᠬᠥ᠌ ᠣᠷᠣᠨ᠎ᠤ 1 ᠲᠦᠮᠡ ᠭᠠᠷᠤᠶ 《ᠦᠨᠳᠦᠰᠦᠨ ᠱᠠᠲᠤᠨ᠎ᠤ ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠩᠬᠢᠮ 》 ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ(ᠭᠠᠵᠠᠷ ᠂ ᠥᠷᠲᠡᠭᠡ)ᠵᠡᠷᠭᠡ᠎ᠳᠦ ᠲᠦᠱᠢᠭ᠌ᠯᠡᠨ ᠂ ᠤᠳᠤᠷᠢᠳᠭᠤ ᠺᠠᠳ᠋ᠷ ᠲᠦᠷᠦᠭᠦᠯᠡᠨ ᠶᠠᠷᠢᠬᠤ ᠂ ᠲᠤᠰᠭᠠᠶ ᠮᠡᠷᠭᠡᠵᠢᠯᠲᠡᠨ ᠡᠷᠳᠡᠮᠲᠡᠨ ᠲᠤᠰᠭᠠᠶ ᠰᠡᠳᠦᠪ᠎ᠢᠶᠡᠷ ᠶᠠᠷᠢᠬᠤ ᠂ ᠲᠡᠷᠢᠭᠦᠨ᠎ᠦ ᠨᠡᠢᠲᠡᠯᠢᠭ ᠵᠢᠱ᠌ᠢᠶᠡᠴᠢ  ᠵᠢᠱ᠌ᠢᠶ᠎ᠡ ᠦᠵᠡᠭᠦᠯᠦᠨ ᠶᠠᠷᠢᠬᠤ ᠂ ᠵᠠᠯᠠᠭᠤ ᠰᠤᠷᠤᠭ᠍ᠴᠢᠳ ᠰᠣᠯᠢᠯᠴᠠᠨ ᠶᠠᠷᠢᠬᠤ ᠂ 《 ᠨᠢᠭᠡᠳᠦᠭᠡᠷ ᠱᠦᠵᠢ 》 ᠲᠤᠬᠠᠶ᠎ᠶ᠋ᠢᠨ ᠭᠠᠵᠠᠷ᠎ᠲᠤᠨᠢ ᠶᠠᠷᠢᠬᠤ ᠂  ᠠᠵᠢᠯ ᠲᠦᠷᠦᠯ᠎ᠤᠨ ᠭᠠᠷᠮᠠᠭᠠᠢ ᠴᠢᠳᠠᠪᠤᠷᠢᠳᠠᠨ ᠲᠠᠰ ᠳᠠᠪᠬᠤᠷᠭ᠎ᠠ ᠬᠤᠪᠢᠶᠠᠨ ᠶᠠᠷᠢᠬᠤ ᠂ ᠰᠠᠢᠨ ᠳᠤᠷᠠᠴᠤᠳ ᠡᠷᠦᠬᠡ᠎ᠳᠦ ᠬᠦᠨᠵᠡᠭᠡᠢᠷᠡᠨ ᠶᠠᠷᠢᠬᠤ ᠵᠡᠷᠭᠡ ᠣᠯᠠᠨ ᠲᠦᠮᠡᠨ᠎ᠲᠡᠶ ᠣᠢᠷᠠᠳᠤᠭ᠍ᠰᠠᠨ ᠤᠬᠠᠭᠤᠯᠤᠨ ᠲᠠᠢᠯᠪᠤᠷᠢᠯᠠᠬᠤ  ᠠᠷᠭ᠎ᠠ ᠬᠡᠯᠪᠡᠷᠢ᠎ᠪᠡᠷ ᠲᠠᠷᠢᠶᠠᠨ ᠵᠤᠷᠬ᠎ᠠ ᠵᠢᠨ ᠬᠠᠵᠠᠭᠤ᠎ᠳᠦ᠂ ᠮᠠᠯᠴᠢᠳ᠎ᠤᠨ  ᠮᠤᠩᠭᠤᠯ ᠭᠡᠷ ᠲᠸ᠋᠂ ᠦᠶ᠋ᠯᠡᠳᠪᠦᠷᠢᠯᠡᠯ᠎ᠦᠨ ᠨᠢᠭᠡᠳᠦᠭᠡᠷ ᠹᠷᠣᠨᠲ᠎ᠲᠤ  ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

《ᠱᠢᠸ᠋ᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠠᠴᠠ ᠬᠦᠴᠦᠨ ᠴᠢᠳᠠᠯ ᠣᠯᠵᠤ᠂ ᠤᠯᠤᠰ ᠲᠥᠷᠥ᠎ᠶ᠋ᠢᠨ ᠤᠬᠠᠮᠰᠠᠷ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠪᠡ》 ᠬᠡᠵᠦ ᠠᠯᠠᠱᠠ ᠠᠢᠮᠠᠭ᠎ᠤᠨ ᠲᠦᠷᠭᠡᠨ ᠬᠦᠷᠭᠡᠭ᠌ᠴᠢ ᠮᠤᠤ ᡁᠢ ᠵᠢᠶᠠᠨ ᠬᠡᠯᠡᠨ᠎ᠡ᠃

ᠥᠪᠡᠷᠲᠡᠭᠡᠨ ᠵᠠᠰᠠᠬᠤ ᠣᠷᠣᠨ᠎ᠤ  ᠡᠯ᠎ᠡ ᠠᠵᠢᠯ ᠲᠦᠷᠦᠯ᠎ᠦᠨ ᠱᠢᠰᠲᠸᠮ᠎ᠤᠨ ᠬᠢᠨ ᠲᠤᠰ ᠲᠤᠰ 《ᠤᠮᠠᠷᠠᠲᠤ ᠬᠢᠯᠢ᠎ᠶ᠋ᠢᠨ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ》 ᠂《ᠡᠮᠡᠭ᠌ᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ》᠂ 《ᠠᠵᠢᠯᠳᠠᠨ ᠠᠵᠢᠯᠴᠢᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ》 ᠵᠡᠷᠭᠡ 6 ᠤᠬᠠᠭᠤᠯᠤᠨ ᠲᠠᠢᠯᠪᠤᠷᠢᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠠᠵᠢᠯ ᠲᠦᠷᠦᠯ᠎ᠦᠨ ᠱᠢᠨᠵᠢ ᠴᠢᠨᠠᠷ ᠪᠣᠯᠤᠨ ᠺᠠᠳ᠋ᠷ ᠤᠯᠠᠨ ᠲᠦᠮᠡᠨ᠎ᠦ ᠣᠨᠴᠠᠯᠢᠭ᠎ᠢ ᠦᠨᠳᠦᠰᠦᠯᠡᠨ᠂ ᠥᠷᠭᠡᠨ ᠭᠦᠨᠵᠡᠭᠡᠢ ᠤᠬᠠᠭᠤᠯᠤᠨ ᠲᠠᠢᠯᠪᠤᠷᠢᠯᠠᠪᠠ᠃ ᠣᠲᠣ ᠪᠣᠯᠲᠠᠯ᠎ᠠ ᠡᠯ᠎ᠡ ᠱᠠᠲᠤᠨ᠎ᠤ ᠡᠯ᠎ᠡ ᠲᠥᠷᠥᠯ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠨᠡᠢᠲᠡ 1.4 ᠲᠦᠮᠡᠨ ᠲᠠᠯᠠᠪᠤᠷ ᠤᠬᠠᠭᠤᠯᠤᠨ ᠲᠠᠢᠯᠪᠤᠷᠢᠯᠠᠯᠲᠠ ᠵᠢ ᠥᠷᠨᠢᠭᠦᠯᠵᠦ᠍᠂ ᠭᠥᠯᠢᠶᠡᠨ ᠠᠪᠤᠭ᠍ᠴᠢᠳ ᠪᠠᠷᠤᠭ 160 ᠲᠦᠮᠡᠨ ᠬᠥᠮᠦᠨ ᠤᠳᠠᠭ᠎ᠠ᠎ᠳᠤ ᠬᠦᠷᠴᠡᠶ᠃

ᠬᠡᠯᠪᠡᠷᠢ ᠵᠢᠨ ᠱᠢᠨ᠎ᠡ᠎ᠶ᠋ᠢ ᠡᠭᠦᠳᠴᠤ ᠡᠭᠦᠯᠡᠨ ᠦᠵᠦᠭᠦᠷᠯᠢᠭ᠎ᠦᠨ 《 ᠨᠠᠢᠷᠠᠯ ᠳᠠᠭᠤᠤ》 ᠎ᠶ᠋ᠢ ᠬᠠᠩᠬᠢᠨᠠᠭᠤᠯᠪᠠ

2022 ᠣᠨ᠎ᠤ 12 ᠰᠠᠷ᠎ᠠ᠎ᠶ᠋ᠢᠨ 30 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠦᠶ᠋ᠯᠡᠳᠦᠯᠭᠡ ᠰᠡᠳᠬᠦᠯ᠎ᠦᠨ ᠬᠣᠷᠢᠶ᠎ᠠ᠎ᠶ᠋ᠢᠨ ᠨᠠᠮ᠎ᠤᠨ ᠬᠣᠷᠢᠶ᠎ᠠ᠎ᠶ᠋ᠢᠨ ᠭᠡᠱᠢᠭᠦᠨ᠂ ᠶᠡᠷᠦᠩᠬᠡᠶ ᠨᠠᠢᠷᠠᠭᠤᠯᠤᠭ᠍ᠴᠢ ᠵᠠᠩ ᠢ ᠮᠢᠨ 《ᠡᠭᠦᠯᠡᠨ ᠦᠵᠦᠭᠦᠷᠯᠢᠭ》 ᠎ᠤ᠋ᠨ ᠬᠡᠯᠪᠡᠷᠢ᠎ᠪᠡᠷ ᠮᠠᠨᠵᠤᠸ᠋ᠷ ᠬᠣᠲᠠ᠎ᠶ᠋ᠢᠨ ᠺᠠᠳ᠋ᠷ ᠠᠵᠢᠯᠲᠠᠳ᠎ᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠤᠳᠤ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠠᠷᠭ᠎ᠠ ᠪᠠᠷᠢᠯ᠎ᠢ ᠭᠦᠢᠴᠡᠳ ᠠᠱᠢᠭ᠍ᠯᠠᠨ᠂ ᠳᠣᠲᠣᠭᠠᠳᠤ᠎ᠶ᠋ᠢᠨ ᠸᠢᠳᠢᠣ᠋ ᠱᠢᠰᠲ᠋ᠧᠮ ᠪᠣᠯᠤᠨ 《ᠰᠤᠷᠤᠯᠴᠠᠯᠭ᠎ᠠ ᠵᠢᠨ ᠬᠦᠴᠦᠷᠬᠡᠭ ᠤᠯᠤᠰ》 ᠎ᠤ᠋ᠨ ᠸᠢᠳᠢᠣ᠋ ᠬᠤᠷᠠᠯ ᠎ᠤᠨ ᠱᠢᠰᠲ᠋ᠧᠮ᠂ ᠲᠸᠩ ᠱᠢᠶᠦ᠋ᠨ ᠬᠤᠷᠠᠯ ᠵᠡᠷᠭᠡ ᠱᠢᠭᠤᠳ ᠨᠡᠪᠲᠡᠷᠡᠭᠦᠯᠭᠡ᠎ᠶ᠋ᠢᠨ ᠲᠠᠪᠴᠠᠩ᠎ᠢᠶᠠᠷ ᠳᠠᠮᠵᠢᠭᠤᠯᠤᠨ 《ᠡᠭᠦᠯᠡᠨ ᠤᠬᠠᠭᠤᠯᠭ᠎ᠠ》ᠥᠷᠨᠢᠭᠦᠯᠵᠦ᠍᠂ ᠪᠦᠷᠬᠦᠴᠡ᠎ᠶ᠋ᠢᠨ ᠬᠡᠪᠴᠢᠢ᠎ᠡ᠎ᠶ᠋ᠢ ᠥᠷᠭᠡᠳᠭᠡᠵᠦ᠍ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠪᠠ᠃

《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠤᠷᠢᠬ ᠰᠠᠨᠠᠭ᠎ᠠ ᠵᠢ ᠤᠢᠯᠠᠭᠠᠬᠤᠢ 100 ᠲᠠᠢᠯᠤᠮᠵᠢ》 ᠱᠢᠷᠢᠰ ᠠᠦ᠋ᠳᠢᠣ᠋᠂《ᠬᠡᠷᠡᠯ ᠵᠢᠷᠤᠭ + ᠥᠰᠥᠭ ᠪᠢᠴᠢᠭ + ᠠᠦ᠋ᠳᠢᠣ᠋》 ᠱᠢᠨ᠎ᠡ ᠵᠠᠭᠤᠴᠢᠯᠠᠭᠤᠷ᠎ᠤᠨ ᠪᠦᠲᠦᠭᠡᠭ᠌ᠳᠡᠬᠦᠨ ᠵᠢᠡᠷ  ᠪᠥᠬᠥ᠌ ᠣᠷᠣᠨ᠎ᠤ 12000 ᠭᠠᠷᠤᠶ 5G ᠲᠣᠰᠭᠣᠨ᠎ᠳᠤ  ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠲᠠᠮᠵᠢᠭᠤᠯᠪᠠ᠃

ᠤᠨᠤᠯ ᠤᠯᠠᠨ ᠲᠦᠮᠡᠨ᠎ᠦ ᠳᠤᠮᠳᠠ ᠬᠦᠷᠴᠦ ᠴᠢᠳᠠᠪᠠᠯ ᠰᠠᠶᠢ ᠠᠮᠢᠵᠢᠷᠠᠯ᠎ᠤᠨ ᠬᠦᠴᠦᠨ᠎ᠲᠡᠶ ᠪᠤᠯᠵᠤ ᠴᠢᠳᠠᠨ᠎ᠠ᠃ ᠡᠯ᠎ᠡ ᠭᠠᠵᠠᠷ᠎ᠤᠨ ᠬᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠤ᠂ ᠰᠦᠯᠵᠢᠶᠡᠨ᠎ᠦ ᠦᠭᠡ ᠶᠠᠷᠢᠶ᠎ᠠ᠂ ᠵᠠᠯᠠᠭᠤᠴᠤᠳ᠎ᠤᠨ ᠦᠭᠡ ᠶᠠᠷᠢᠶ᠎ᠠ ᠎ᠶ᠋ᠢ ᠬᠡᠷᠡᠭ᠌ᠯᠡᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠲᠣᠳᠣᠷᠬᠠᠢᠯᠠᠨ ᠲᠠᠢᠯᠪᠤᠷᠢᠯᠠᠵᠤ᠂  ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠦᠭ ᠲᠦᠮᠡᠨ ᠠᠢᠯ ᠡᠷᠦᠬᠡ᠎ᠳᠦ ᠲᠠᠮᠵᠢᠭᠤᠯᠵᠤ᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃

ᠰᠠᠢᠨ ᠰᠠᠢᠬᠠᠨ ᠰᠤᠷᠤᠯᠴᠠᠬᠤ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠲᠥᠯᠥᠭᠡ᠂ ᠪᠤᠭᠤᠲᠤ ᠬᠣᠲᠠ᠂ ᠣᠷᠳᠣᠰ ᠬᠣᠲᠠ᠂ ᠤᠯᠠᠭᠠᠨᠴᠠᠪ ᠬᠣᠲᠠ ᠵᠡᠷᠭᠡ ᠭᠠᠵᠠᠷ᠎ᠤᠨ ᠬᠢᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ ᠰᠦᠯᠵᠢᠶᠡᠨ ᠳᠡᠭᠡᠷ᠎ᠠ ᠰᠡᠳᠦᠪ ᠬᠠᠷᠢᠭᠤᠯᠬᠤ᠂ ᠮᠡᠳᠡᠯᠭᠡ᠎ᠶ᠋ᠢᠨ ᠤᠷᠤᠯᠳᠤᠭᠠᠨ  ᠥᠷᠨᠢᠭᠦᠯᠵᠦ᠍᠂ ᠣᠯᠠᠨ ᠲᠦᠮᠡᠨ᠎ᠦ ᠦᠵᠡᠵᠦ᠍ ᠰᠣᠨᠣᠰᠭᠤ ᠳᠤᠷᠠᠲᠠᠶ ᠠᠷᠭ᠎ᠠ ᠮᠠᠶᠢᠭ᠎ᠢᠶᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃ ᠣᠲᠣ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠰᠦᠯᠵᠢᠶᠡᠨ ᠱᠢᠭᠤᠳ ᠨᠡᠪᠲᠡᠷᠡᠭᠦᠯᠭᠡ   ᠵᠢ 2 ᠲᠦᠮᠡ ᠭᠠᠷᠤᠶ ᠲᠠᠯᠠᠪᠤᠷ ᠦᠷᠨᠢᠭᠦᠯᠵᠦ᠂ ᠦᠵᠡᠵᠦ ᠤᠩᠱᠢᠬᠰᠠᠨ ᠲᠤᠭ᠎ᠠ ᠨᠢ 8000 ᠲᠦᠮᠡᠨ ᠤᠳᠠᠭ᠎ᠠ᠎ᠶ᠋ᠢ ᠲᠠᠪᠠᠪᠠ᠃

ᠤᠳᠠᠭ᠎ᠠ ᠪᠤᠯᠭᠠᠨ᠎ᠤ ᠠᠮᠢᠳᠤᠯᠢᠭ ᠪᠤᠳᠠᠳᠠᠢ ᠤᠬᠠᠭᠤᠯᠤᠨ ᠲᠠᠢᠯᠪᠤᠷᠢᠯᠠᠯᠲᠠ ᠨᠢ ᠤᠷᠢᠬᠠᠨ ᠰᠠᠯᠬᠢ ᠥᠭ᠌ᠭᠢᠶᠡᠮᠦᠷ ᠬᠤᠷ᠎ᠠ ᠮᠡᠲᠦ᠍᠎ᠪᠡᠷ ᠤᠯᠠᠨ ᠲᠦᠮᠡᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ᠎ᠶ᠋ᠢ ᠭᠦᠨᠵᠡᠭᠡᠢᠷᠡᠭᠦᠯᠪᠠ;  ᠭᠣᠢᠳᠠ ᠰᠠᠢᠬᠠᠨ ᠮᠡᠳᠡᠭᠦᠯᠦᠯᠲᠡ ᠨᠢ ᠣᠯᠠᠨ ᠲᠦᠮᠡᠨ᠎ᠤ ᠠᠵᠢᠯ ᠬᠢᠵᠦ᠍ ᠦᠶ᠋ᠯᠡᠰ ᠪᠤᠰᠬᠠᠬᠤ ᠣᠷᠭᠢᠯᠤᠮ᠎ᠠ ᠰᠡᠳᠭᠢᠯᠭᠡ᠎ᠶ᠋ᠢ ᠬᠥᠭ᠌ᠵᠢᠭᠡᠪᠠ;  ᠰᠤᠯᠢᠯᠴᠠᠭ᠎ᠠ ᠶᠠᠷᠢᠯᠴᠠᠭ᠎ᠠ ᠨᠢ  ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠤ  ᠢᠲᠡᠭᠡᠯ ᠵᠣᠷᠢᠭ ᠢ᠋ ᠬᠦᠪᠴᠢᠯᠡᠵᠦ᠂ ᠡᠷᠴᠢ ᠬᠦᠴᠦᠨ᠎ᠢ ᠨᠢᠭᠳᠠᠷᠠᠭᠤᠯᠵᠤ᠂   ᠡᠷᠡᠮᠡᠬᠡᠢᠯᠡᠨ ᠤᠷᠤᠭ᠍ᠰᠢᠯᠠᠭᠤᠯᠤᠨ᠎ᠠ᠃

ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠵᠢᠷᠤᠭ᠍ᠯᠠᠭ᠍ᠰᠠᠨ ᠠᠤᠭ᠎ᠠ ᠵᠢᠷᠤᠭ ᠲᠥᠯᠥᠪᠯᠡᠭᠡ ᠶᠣᠰᠣᠭᠠᠷ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠂  ᠶᠡᠷᠦᠩᠬᠡᠢ ᠱᠦᠵᠢ ᠪᠣᠯᠤᠨ ᠨᠠᠮ᠎ᠤᠨ ᠲᠥᠪ ᠬᠣᠷᠢᠢ᠎ᠠ᠎ᠶ᠋ᠢᠨ ᠥᠪᠥᠷ ᠮᠣᠩᠭᠣᠯ᠎ᠳᠤ ᠲᠣᠭ᠍ᠲᠠᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠱᠢᠨ᠎ᠡ ᠠᠶᠠᠨ ᠳ᠋ᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠷᠭᠦᠯᠵᠢᠯᠡᠨ ᠲᠡᠮᠡᠴᠡᠬᠦ᠌ ᠶᠠᠪᠤᠴᠠ᠎ᠳᠤ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠵᠢᠡᠨ ᠢᠯᠡᠷᠡᠭᠦᠯᠵᠦ᠍᠂ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠵᠦ᠂ ᠥᠪᠥᠷ ᠮᠣᠩᠭᠣᠯ᠎ᠤᠨ ᠴᠤᠭ ᠵᠢᠪᠬᠤᠭ᠎ᠠ ᠵᠢ ᠪᠠᠳᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号