ᠪᠥᠬᠥ᠌ ᠠᠷᠠᠳ ᠲᠦᠮᠡᠨ᠎ᠦ ᠬᠠᠮᠲᠤ ᠪᠠᠷ ᠪᠠᠶᠠᠵᠢᠬᠤ ᠵᠢ ᠬᠦᠴᠦᠯᠡᠨ ᠠᠬᠢᠭᠤᠯᠰᠣᠭᠠᠢ
2023-01-06 13:03:27
ᠵᠣᠬᠢᠶᠠᠭ᠍ᠴᠢ᠄
ᠯᠢᠦ ᠬᠠᠶ ᠹᠸᠢ
ᠣᠩᠱᠢᠭ᠍ᠰᠠᠨ ᠣᠳᠠᠭ᠎ᠠ᠄
★★★☆☆

ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠥᠬᠥᠷᠡᠰᠢ ᠦᠭᠡᠢ ᠲᠡᠮᠡᠴᠡᠬᠦ᠌ ᠬᠠᠷᠠᠯᠲᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠳᠦᠷ᠎ᠡᠴᠡ᠎ᠪᠡᠨ ᠡᠬᠢᠯᠡᠨ ᠮᠥᠯᠵᠢᠯ᠎ᠢ ᠤᠰᠠᠳᠭᠠᠵᠤ᠂ ᠬᠣᠶᠠᠷ ᠲᠡᠢᠰᠢ ᠲᠤᠢᠯᠰᠢᠷᠠᠬᠤ ᠵᠢ ᠠᠷᠢᠯᠭᠠᠵᠤ᠂  ᠬᠠᠮᠤᠭ᠎ᠦᠨ ᠡᠴᠣᠰ ᠎ᠲᠤ ᠬᠠᠮᠳᠤ ᠪᠡᠷ ᠪᠠᠶᠠᠵᠢᠬᠤ ᠪᠡᠷ ᠢᠮᠠᠭ᠍ᠲᠠ ᠬᠤᠪᠢᠷᠠᠰᠢ ᠦᠭᠡᠢ ᠬᠥᠭᠡᠭᠡᠴᠡᠯᠳᠦᠯ ᠪᠠ ᠡᠭᠦᠷᠭᠡ᠎ᠪᠡᠨ ᠪᠣᠯᠭᠠᠭ᠍ᠰᠠᠨ ᠶᠤᠮ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ《ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠬᠦᠴᠦᠯᠡᠨ ᠠᠬᠢᠭᠤᠯᠬᠤ ᠬᠡᠷᠡᠭᠳᠡᠢ》 ᠭᠡᠵᠦ᠍ ᠲᠣᠳᠣᠷᠬᠠᠢ  ᠲᠤᠷᠠᠳᠴᠠᠢ᠃

ᠪᠦᠬᠦ᠌ ᠠᠷᠠᠳ ᠲᠦᠮᠡᠨ᠎ᠦ ᠬᠠᠮᠲᠤ ᠪᠡᠷ ᠪᠠᠶᠠᠵᠢᠬᠤ ᠵᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠮᠠᠶᠢᠬ᠎ᠦᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ

ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠎ᠶ᠋ᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠠᠢᠪᠠᠰᠤ ᠵᠣᠬᠢᠬᠤ  ᠡᠬᠦᠷᠭᠡ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠠᠪᠤᠨ ᠲᠠᠯ᠎ᠠ᠎ᠶ᠋ᠢᠨ ᠴᠢᠬᠤᠯᠠ ᠣᠨᠴᠠᠯᠢᠭ᠎ᠢ ᠭᠦᠨᠵᠡᠭᠡᠢ ᠲᠣᠳᠣᠷᠬᠠᠢᠯᠠᠨ ᠥᠭᠦᠯᠡᠪᠡ ᠄ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠠᠮᠠ᠎ᠶ᠋ᠢᠨ ᠬᠡᠪᠴᠢᠶ᠎ᠡ᠎ᠪᠡᠷ ᠯᠤᠲᠤ ᠶᠡᠬᠡ ᠣᠳᠣᠬᠢᠴᠢᠯᠠᠯᠲᠠ ᠮᠥᠨ᠂ ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ ᠣᠳᠣᠬᠢᠴᠢᠯᠠᠯᠲᠠ ᠮᠥᠨ ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠬᠠᠷᠢᠯᠴᠠᠨ ᠵᠣᠬᠢᠴᠠᠭᠤᠯᠤᠭ᠍ᠰᠠᠨ ᠣᠳᠣᠬᠢᠴᠢᠯᠠᠯᠲᠠ ᠮᠥᠨ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ  ᠵᠤᠬᠢᠴᠠᠩᠭᠤᠢ ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠭᠦᠨ᠎ᠦ ᠬᠠᠮᠲᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ᠎ᠶ᠋ᠢ ᠶᠢᠰᠦᠨ ᠲᠠᠯ᠎ᠠ ᠪᠡᠷ ᠳᠤᠷᠠᠳᠴᠠᠢ ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠵᠤ ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠵᠦ᠍᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠤᠶᠤᠨ᠎ᠤ ᠶᠢᠷᠲᠢᠨᠴᠦ᠍᠎ᠶ᠋ᠢ ᠪᠠᠶᠠᠯᠢᠭ᠍ᠵᠢᠭᠤᠯᠵᠤ᠂  ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ ᠎ᠶ᠋ᠢ ᠪᠡᠶᠡᠯᠡᠭᠦᠯᠵᠦ᠍᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠦᠨ᠎ᠡ᠃ ᠪᠦᠬᠦ᠌ ᠠᠷᠠᠳ ᠲᠦᠮᠡᠨ᠎ᠦ ᠬᠠᠮᠲᠤ  ᠪᠡᠷ ᠪᠠᠶᠠᠵᠢᠬᠤ ᠵᠢ ᠪᠡᠶᠡᠯᠡᠭᠦᠯᠬᠦ᠌ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠪᠣᠯᠬᠤ᠎ᠶ᠋ᠢ ᠦᠵᠡᠵᠦ᠍ ᠭᠠᠷᠴᠤ᠌ ᠪᠣᠯᠤᠨ᠎ᠠ᠃ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠌᠎ᠪᠡᠷ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠣᠷᠢᠯᠲᠠ ᠪᠠ ᠲᠤᠰᠤᠯᠳᠠ ᠪᠣᠯᠭᠠᠬᠤ᠎ᠶ᠋ᠢ ᠪᠠᠷᠢᠮᠲᠠᠯᠠᠵᠤ ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠦᠴᠦᠯᠡᠨ ᠬᠠᠮᠠᠭᠠᠯᠠᠨ ᠠᠬᠢᠭᠤᠯᠵᠤ ᠂ ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ᠃

《 ᠬᠣᠶᠠᠷ ᠠᠯᠬᠤᠮ ᠬᠣᠪᠢᠶᠠᠵᠦ ᠶᠠᠪᠤᠬᠤ 》 ᠪᠠᠢᠯᠳᠤᠬᠤ ᠪᠣᠳᠣᠯᠭ᠎ᠠ᠎ᠶ᠋ᠢᠨ ᠲᠣᠬᠢᠷᠠᠭᠤᠯᠤᠯᠲᠠ᠎ᠪᠠᠷ ᠬᠠᠮᠲᠤ᠎ᠪᠠᠷ  ᠪᠠᠶᠠᠵᠢᠬᠤ ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠬᠠᠮᠲᠤ᠎ᠪᠠᠷ  ᠪᠠᠶᠠᠵᠢᠬᠤ ᠪᠣᠯ ᠳᠤᠮᠳᠠᠳᠤ ᠤᠯᠤᠰ᠎ᠤᠨ ᠣᠨᠴᠠᠯᠢᠭ  ᠲᠠᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ ᠂ ᠪᠠᠰᠠ ᠴᠤ᠌ ᠨᠢᠭᠡᠨ ᠤᠷᠳᠤ ᠬᠤᠭᠤᠴᠠᠭᠠᠨ᠎ᠤ ᠲᠡᠦᠬᠡᠨ ᠶᠠᠪᠤᠴᠠ ᠮᠥᠨ ᠭᠡᠵᠦ ᠴᠢᠬᠣᠯᠠᠴᠢᠯᠠᠪᠠ ᠃  ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ  ᠨᠠᠭᠠᠰᠢ ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ 《ᠬᠣᠶᠠᠷ ᠠᠯᠬᠤᠮ᠎ᠬᠣᠪᠢᠶᠠᠵᠦ  ᠶᠠᠪᠤᠬᠤ》 ᠪᠠᠢᠯᠳᠤᠬᠤ ᠪᠤᠳᠤᠯᠭ᠎ᠠ᠎ᠶ᠋ᠢᠨ ᠲᠤᠬᠢᠷᠠᠭᠤᠯᠤᠯᠳᠠ ᠬᠢᠵᠡᠢ ᠄ 2035 ᠣᠨ ᠪᠣᠯᠬᠤ᠎ᠳᠤ᠂ ᠪᠦᠬᠦ᠌ ᠠᠷᠠᠳ ᠲᠦᠮᠡᠨ ᠬᠠᠮᠲᠤ᠎ᠪᠠᠷ ᠪᠠᠶᠠᠵᠢᠬᠤ ᠢᠳᠡᠷᠡᠭᠦᠨ ᠠᠯᠬᠤᠭ᠎ᠠ᠎ᠶ᠋ᠢ ᠠᠯᠬᠤᠨ᠎ᠠ ; ᠲᠤᠰ ᠵᠠᠭᠤᠨ᠎ᠤ ᠳᠤᠮᠳᠠᠴᠢ ᠪᠣᠯᠬᠤ᠎ᠳᠤ ᠪᠦᠬᠦ᠌ ᠠᠷᠠᠳ ᠲᠦᠮᠡᠨ᠎ᠦ ᠬᠠᠮᠲᠤ  ᠪᠡᠷ ᠪᠠᠶᠠᠵᠢᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ᠎ᠤ ᠲᠠᠷᠠᠭ᠎ᠠ ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ 2035 ᠣᠨ ᠪᠣᠯᠲᠠᠯᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠷᠦᠩᠬᠡᠢ ᠬᠠᠷᠠᠯᠲᠠ᠎ᠶ᠋ᠢ ᠲᠣᠳᠣᠷᠬᠠᠢᠯᠠᠪᠠ ᠂ ᠡᠭᠦᠨ᠎ᠦ ᠳᠣᠲᠣᠷᠠᠬᠢ ᠨᠢᠭᠡ ᠨᠢ ᠳᠠᠷᠤᠢ ᠄《 ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ ᠂ ᠪᠦᠬᠦ᠌ ᠠᠷᠠᠳ ᠲᠦᠮᠡᠨ᠎ᠦ ᠬᠠᠮᠲᠤ  ᠪᠡᠷ ᠪᠠᠶᠠᠵᠢᠬᠤ  ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠪᠠ 》᠃ ᠡᠳᠡᠭᠡᠷ ᠠᠯᠢ ᠤᠯᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠨᠢ ᠱᠢᠨ᠎ᠡ ᠠᠶᠠᠨ᠎ᠳᠤ ᠬᠠᠮᠲᠤ᠎ᠪᠠᠷ  ᠪᠠᠶᠠᠵᠢᠬᠤ᠎ᠵᠢ ᠯᠠᠪᠳᠠᠭᠤᠨ ᠪᠠᠲᠤᠲᠠᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠵᠠᠢ᠃

《ᠪᠣᠭᠣᠷᠰᠣᠭ》 ᠎ᠢ ᠲᠣᠮᠣ ᠪᠣᠯᠭᠠᠬᠤ᠎ᠶ᠋ᠢ ᠪᠠᠷᠢᠮᠲᠠᠯᠠᠬᠤ ᠪᠣᠯ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠎ᠶ᠋ᠢ ᠪᠡᠶᠡᠯᠡᠭᠦᠯᠬᠦ᠌᠎ᠶ᠋ᠢᠨ ᠤᠷᠢᠲᠠᠯ ᠰᠠᠭᠤᠷᠢ ᠮᠥᠨ

ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠎ᠶ᠋ᠢ ᠠᠬᠢᠭᠤᠯᠬᠤ᠎ᠳᠤ ᠡᠩ ᠲᠡᠷᠢᠭᠦᠨ᠎ᠳᠦ 《ᠪᠣᠭᠣᠷᠰᠣᠭ》 ᠎ᠢ ᠲᠤᠮᠤ ᠪᠣᠯᠭᠠᠬᠤ ᠬᠡᠷᠡᠭ᠌ᠲᠡᠢ᠂ ᠳᠠᠷᠤᠢ ᠨᠡᠩ ᠤᠯᠠᠨ ᠡᠳ᠋ ᠪᠠᠶᠠᠯᠢᠭ᠎ᠢ ᠡᠭᠦᠳᠦᠨ ᠪᠦᠲᠦᠭᠡᠬᠦ᠌ ᠬᠡᠷᠡᠭ᠌ᠲᠡᠢ ᠂ ᠡᠨᠡ ᠪᠣᠯ ᠦᠨᠳᠦᠰᠦᠨ ᠤᠷᠢᠲᠠᠯ ᠪᠠ ᠰᠠᠭᠤᠷᠢ ᠮᠥᠨ᠃ ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ᠎ᠳᠦ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠬᠤ᠎ᠶ᠋ᠢ ᠪᠠᠲᠤᠯᠠᠬᠤ᠎ᠳᠤ ᠡᠷᠬᠡᠪᠰᠢ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠢ᠃ ᠴᠢᠨᠠᠷ ᠰᠠᠢᠲᠠᠶ ᠬᠥᠭ᠌ᠵᠢᠯᠲᠡ᠎ᠪᠡᠷ ᠳᠡᠮᠵᠢᠨ 《 ᠪᠣᠭᠣᠷᠰᠣᠭ》 ᠎ᠢ ᠦᠷᠭᠦᠯᠵᠢᠯᠡᠨ ᠪᠤᠵᠠᠭᠠᠢᠷᠠᠭᠤᠯᠵᠤ᠂ ᠬᠠᠮᠲᠤ᠎ᠪᠠᠷ  ᠪᠠᠶᠠᠵᠢᠬᠤ ᠰᠠᠭᠤᠷᠢ᠎ᠶ᠋ᠢ ᠪᠡᠬᠢᠵᠢᠭᠦᠯᠪᠡᠯ ᠰᠠᠶᠢ ᠬᠠᠮᠲᠤ᠎ᠪᠠᠷ ᠪᠠᠶᠠᠵᠢᠬᠤ ᠎ᠶ᠋ᠢ ᠪᠡᠶᠡᠯᠡᠭᠦᠯᠵᠦ᠍ ᠴᠢᠳᠠᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ 《ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠦᠨ ᠰᠠᠭᠤᠷᠢ ᠦᠭᠡᠢ ᠪᠣᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍ ᠴᠢᠳᠠᠬᠤ ᠦᠭᠡᠢ ᠶᠤᠮ》 ᠭᠡᠵᠦ᠍ ᠵᠢᠭᠠᠵᠤ ᠭᠠᠷᠭᠠᠪᠠ᠃ ᠠᠳᠠᠯᠢ ᠶᠣᠰᠣ᠎ᠪᠠᠷ ᠂ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠦᠨ ᠰᠠᠭᠤᠷᠢ ᠦᠭᠡᠢ ᠪᠣᠯ ᠪᠦᠬᠦ᠌ ᠠᠷᠠᠳ ᠲᠦᠮᠡᠨ᠎ᠦ ᠬᠠᠮᠲᠤ ᠪᠡᠷ  ᠪᠠᠶᠠᠵᠢᠬᠤ ᠵᠢ ᠪᠡᠶᠡᠯᠡᠭᠦᠯᠵᠦ᠍ ᠴᠢᠳᠠᠬᠤ ᠦᠭᠡᠢ ᠶᠤᠮ᠃

ᠴᠢᠨᠠᠷ ᠰᠠᠢᠲᠠᠶ ᠬᠥᠭ᠌ᠵᠢᠯᠲᠡ᠎ᠶ᠋ᠢᠨ ᠰᠠᠭᠤᠷᠢᠨ ᠳᠡᠭᠡᠷ᠎ᠡ ᠬᠠᠮᠲᠤ᠎ᠪᠠᠷ  ᠪᠠᠶᠠᠵᠢᠬᠤ ᠎ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠴᠢᠨᠠᠷ ᠰᠠᠢᠲᠠᠶ ᠬᠥᠭ᠌ᠵᠢᠯᠲᠡ ᠪᠣᠯ ᠨᠡᠢᠭᠡᠮ  ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠬᠠᠮᠲᠤ᠎ᠪᠠᠷ ᠪᠠᠶᠠᠵᠢᠬᠤ ᠎ᠶ᠋ᠢ ᠠᠬᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠶ᠃ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠵᠤ ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠵᠦ ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠠ ᠨᠠᠢᠳᠠᠪᠤᠷᠢᠲᠤ ᠴᠢᠨᠠᠷ᠎ᠢ ᠴᠢᠩᠭᠠᠳᠭᠠᠬᠤ  ᠬᠡᠷᠡᠭ᠌ᠲᠡᠢ᠃ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ ᠂ ᠠᠵᠤ ᠠᠬᠤᠢ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠢ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ ᠂ ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ᠎ᠶ᠋ᠢ ᠬᠦᠴᠦᠯᠡᠨ ᠳᠡᠭᠡᠭ᠌ᠰᠢᠯᠡᠭᠦᠯᠵᠦ᠍ ᠂ ᠠᠵᠤ ᠦᠢᠯᠡᠰ᠎ᠦᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠤᠶᠠᠨ ᠬᠠᠳᠠᠨ ᠴᠢᠨᠠᠷ ᠪᠣᠯᠤᠨ ᠠᠮᠤᠷ ᠲᠦᠪᠱᠢᠨ᠎ᠦ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍ ᠂ ᠬᠤᠳᠠ ᠬᠥᠳᠡᠭᠡ᠎ᠶ᠋ᠢᠨ ᠠᠭᠤᠰᠤᠯᠴᠠᠯ ᠪᠣᠯᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭ᠌ᠲᠡᠢ᠃

ᠬᠤᠪᠢᠶᠠᠷᠢᠯᠠᠯᠲᠠ᠎ᠶ᠋ᠢᠨ ᠪᠦᠷᠢᠨ ᠲᠡᠭᠦᠯᠳᠡᠷ ᠳᠦᠷᠢᠮ᠎ᠦᠨ ᠱᠢᠰᠲ᠋ᠧᠮ᠎ᠢ ᠪᠠᠢᠭᠤᠯᠬᠤ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠪᠠᠲᠤᠯᠠᠭ᠎ᠠ ᠮᠥᠨ

ᠪᠦᠬᠦ᠌ ᠠᠷᠠᠳ ᠲᠦᠮᠡᠨ᠎ᠦ ᠬᠠᠮᠲᠤ  ᠪᠡᠷ ᠪᠠᠶᠠᠵᠢᠬᠤ ᠵᠢ ᠠᠬᠢᠭᠤᠯᠬᠤ᠎ᠳᠤ ᠪᠠᠰᠠ ᠡᠷᠬᠡᠪᠰᠢ 《 ᠪᠣᠭᠣᠷᠰᠣᠭ 》 ᠎ᠢ ᠰᠠᠢᠬᠠᠨ  ᠬᠤᠪᠢᠶᠠᠬᠤ ᠬᠡᠷᠡᠭ᠌ᠲᠡᠢ᠃  ᠵᠦᠶ ᠵᠣᠬᠢᠰᠲᠠᠶ ᠲᠦᠷᠢᠮ᠎ᠦᠨ ᠲᠣᠬᠢᠷᠠᠭᠤᠯᠤᠯᠲᠠ᠎ᠪᠠᠷ ᠳᠠᠮᠵᠢᠭᠤᠯᠤᠨ ᠨᠡᠮᠡᠭ᠌ᠳᠡᠯ ᠪᠠ ᠬᠤᠪᠢᠶᠠᠷᠢᠯᠠᠯᠲᠠ᠎ᠶ᠋ᠢᠨ ᠬᠠᠷᠢᠴᠠᠭ᠎ᠠ᠎ᠶ᠋ᠢ ᠵᠥᠪ ᠱᠢᠶ᠋ᠳᠪᠦᠷᠢᠯᠡᠵᠦ᠍ ᠂ 《 ᠪᠣᠭᠣᠷᠰᠣᠭ》 ᠎ᠢ ᠰᠠᠢᠬᠠᠨ ᠬᠤᠪᠢᠶᠠᠬᠤ ᠬᠡᠷᠡᠭ᠌ᠲᠡᠶ᠃ ᠡᠢᠮᠦ᠍᠎ᠡᠴᠡ ᠬᠤᠪᠢᠶᠠᠷᠢᠯᠠᠯᠲᠠ᠎ᠶ᠋ᠢᠨ ᠲᠦᠷᠢᠮ᠎ᠦᠨ ᠱᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠬᠦ᠌ ᠬᠡᠷᠡᠭ᠌ᠲᠡᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ 《 ᠬᠤᠪᠢᠶᠠᠷᠢᠯᠠᠯᠲᠠ᠎ᠶ᠋ᠢᠨ ᠲᠦᠷᠢᠮ ᠪᠣᠯ ᠬᠠᠮᠲᠤ᠎ᠪᠠᠷ  ᠪᠠᠶᠠᠵᠢᠬᠤ ᠎ᠶ᠋ᠢ ᠠᠬᠢᠭᠤᠯᠬᠤ ᠰᠠᠭᠤᠷᠢ ᠴᠢᠨᠠᠷᠲᠠᠢ ᠲᠦᠷᠢᠮ ᠮᠥᠨ 》 ᠂ 《 ᠬᠥᠳᠡᠯᠮᠦᠷᠢᠯᠡᠭ᠌ᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠣᠯ ᠴᠣᠭ᠍ᠴᠠ ᠪᠣᠯᠭᠠᠵᠤ᠂ ᠤᠯᠠᠨ ᠵᠦᠢᠯ᠎ᠦᠨ ᠬᠤᠪᠢᠶᠠᠷᠢᠯᠠᠯᠲᠠ᠎ᠶ᠋ᠢᠨ ᠠᠷᠭ᠎ᠠ ᠬᠡᠯᠪᠡᠷᠢ ᠵᠡᠷᠭᠡ᠎ᠪᠡᠷ ᠣᠷᠣᠱᠢᠬᠤ᠎ᠶ᠋ᠢ ᠪᠠᠷᠢᠮᠲᠠᠯᠠᠵᠤ᠂ ᠠᠩᠬᠠᠨ᠎ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠣᠷᠪᠠᠳᠠᠬᠢ ᠬᠤᠪᠢᠶᠠᠷᠢᠯᠠᠯᠲᠠ᠎ᠶ᠋ᠢ ᠵᠣᠬᠢᠴᠠᠭᠤᠯᠤᠨ  ᠢᠵᠢ ᠪᠦᠷᠢᠯᠳᠦᠬᠦᠯᠬᠦ  ᠲᠦᠷᠢᠮ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ 》 ᠭᠡᠵᠦ᠍ ᠵᠢᠭᠠᠵᠤ ᠭᠠᠷᠭᠠᠪᠠ᠃

ᠠᠩᠬᠠᠨ᠎ᠤ ᠬᠤᠪᠢᠶᠠᠷᠢᠯᠠᠯᠲᠠ᠎ᠶ᠋ᠢᠨ ᠲᠦᠷᠢᠮ᠎ᠢ ᠴᠢᠷᠮᠠᠢᠨ ᠲᠡᠭᠦᠯᠳᠡᠷᠵᠢᠭᠦᠯᠵᠦ᠍ ᠂ ᠦᠷ᠎ᠡ ᠪᠦᠲᠦᠮᠵᠢ ᠪᠠ ᠭᠣᠣᠯᠴᠢ ᠪᠠᠢᠬᠤ᠎ᠶ᠋ᠢ ᠠᠬᠢᠭᠤᠯᠤᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠤᠯᠤᠰ ᠠᠷᠠᠳ᠎ᠤᠨ ᠣᠷᠣᠯᠭ᠎ᠠ᠎ᠶ᠋ᠢᠨ ᠬᠤᠪᠢᠶᠠᠷᠢᠯᠠᠯᠲᠠ᠎ᠳᠠᠬᠢ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠤᠪᠢ᠎ᠶ᠋ᠢᠨ ᠵᠢᠩ᠎ᠢ ᠴᠢᠷᠮᠠᠢᠨ ᠳᠡᠭᠡᠭ᠌ᠰᠢᠯᠡᠭᠦᠯᠵᠦ᠍ ᠂ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠬᠤᠪᠢ᠎ᠶ᠋ᠢᠨ ᠵᠢᠩ᠎ᠢ ᠳᠡᠭᠡᠭ᠌ᠰᠢᠯᠡᠭᠦᠯᠦᠨ᠎ᠡ ᠭᠡᠵᠦ᠍ ᠵᠢᠭᠠᠵᠤ ᠭᠠᠷᠭᠠᠪᠠ᠃ ᠢᠯᠡᠭᠦᠦ ᠬᠥᠳᠡᠯᠮᠦᠷᠢᠯᠡᠪᠡᠯ ᠢᠯᠡᠭᠦᠦ ᠤᠯᠬᠤ᠎ᠶ᠋ᠢ ᠪᠠᠷᠢᠮᠲᠠᠯᠠᠨ ᠂ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ᠎ᠶ᠋ᠢ ᠵᠣᠷᠢᠭ᠍ᠵᠢᠭᠤᠯᠵᠤ ᠂  ᠠᠵᠠ ᠲᠣᠬᠢᠶᠠᠯ᠎ᠤᠨ ᠭᠣᠣᠯᠴᠢ ᠪᠠᠢᠬᠤ᠎ᠶ᠋ᠢ ᠠᠬᠢᠭᠤᠯᠤᠨ ᠂ ᠣᠷᠣᠯᠭ᠎ᠠ ᠪᠠᠭᠠᠲᠠᠢ ᠬᠥᠮᠦᠰ᠎ᠦᠨ ᠣᠷᠣᠯᠭ᠎ᠠ᠎ᠶ᠋ᠢ ᠨᠡᠮᠡᠭ᠌ᠳᠡᠭᠦᠯᠵᠦ᠍᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠬᠦᠮᠦᠰ᠎ᠢ ᠥᠷᠭᠡᠳᠭᠡᠨ᠎ᠡ᠃ ᠬᠦᠴᠦᠨ  ᠵᠦᠢᠯ ᠵᠢᠡᠷ ᠬᠤᠪᠢᠶᠠᠷᠢᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠳᠤᠮᠳᠠ ᠳᠤᠤᠷ᠎ᠠ ᠣᠷᠣᠯᠭ᠎ᠠ᠎ᠲᠠᠶ ᠣᠯᠠᠨ ᠲᠦᠮᠡᠨ᠎ᠦ ᠬᠦᠴᠦᠨ  ᠵᠦᠢᠯ᠎ᠦᠨ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠬᠦ᠌᠎ᠶ᠋ᠢ ᠰᠦᠪᠡᠭ᠌ᠴᠢᠯᠡᠵᠦ᠍ ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠦᠨ᠎ᠡ᠃ ᠡᠢᠮᠦ᠍᠎ᠡᠴᠡ ᠡᠷᠬᠡᠪᠰᠢ ᠬᠥᠳᠡᠯᠮᠦᠷᠢ ᠂ ᠭᠠᠵᠠᠷ ᠱᠢᠷᠣᠢ ᠂ ᠬᠥᠷᠥᠨᠭ᠌ᠭᠡ ᠂ ᠲᠧᠭ᠌ᠨᠢᠭ ᠮᠡᠷᠭᠡᠵᠢᠯ ᠂ ᠬᠠᠮᠢᠶᠠᠷᠤᠯᠲᠠ ᠂ ᠮᠡᠳᠡᠯᠭᠡ ᠂ ᠲᠣᠭ᠎ᠠ ᠪᠠᠷᠢᠮᠲᠠ ᠵᠡᠷᠭᠡ ᠦᠢᠯᠡᠳᠪᠦᠷᠢᠯᠡᠯ᠎ᠦᠨ ᠡᠯᠧᠮᠧᠨ᠋ᠲ᠎ᠦᠨ ᠭᠠᠷᠭᠠᠭ᠍ᠰᠠᠨ ᠬᠤᠪᠢ ᠨᠡᠮᠡᠷᠢ᠎ᠪᠡᠷ᠎ᠢᠶᠡᠨ ᠬᠤᠪᠢᠶᠠᠷᠢᠯᠠᠯᠲᠠ᠎ᠳᠤ ᠣᠷᠣᠯᠴᠠᠬᠤ ᠠᠩᠬᠠᠨ᠎ᠤ ᠬᠤᠪᠢᠶᠠᠷᠢᠯᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠂ ᠠᠳᠠᠯᠢ ᠪᠤᠰᠤ ᠡᠯᠧᠮᠧᠨ᠋ᠲ᠎ᠦᠨ ᠥᠷᠳᠡᠭ᠎ᠦᠨ ᠬᠤᠪᠢ ᠨᠡᠮᠡᠷᠢ ᠪᠠ ᠵᠠᠬ᠎ᠠ ᠳᠡᠯᠭᠡᠭᠦᠷ᠎ᠦᠨ ᠬᠠᠷᠢᠭᠤ ᠬᠠᠷᠠᠮᠵᠢ᠎ᠶ᠋ᠢ ᠵᠦᠢ ᠵᠣᠬᠢᠰᠲᠠᠢ ᠲᠣᠰᠭᠠᠬᠣ᠎ᠶ᠋ᠢᠨ ᠤᠯᠠᠮ᠎ᠠᠴᠠ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯ᠎ᠲᠡᠶ ᠢᠵᠢᠯᠢ ᠠᠯᠬᠤᠮ᠎ᠲᠠᠶ ᠪᠠᠢᠯᠭᠠᠬᠤ᠎ᠶ᠋ᠢ ᠠᠬᠢᠭᠤᠯᠵᠤ ᠂ ᠬᠥᠳᠡᠯᠮᠦᠷᠢ ᠦᠢᠯᠡᠳᠪᠦᠷᠢᠯᠡᠯ᠎ᠦᠨ ᠨᠣᠷᠮ᠎ᠠ ᠪᠣᠯᠤᠨ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠵᠡᠷᠭᠡ᠎ᠪᠡᠷ ᠳᠡᠭᠡᠭ᠌ᠰᠢᠯᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃

ᠲᠠᠬᠢᠨ ᠬᠤᠪᠢᠶᠠᠷᠢᠯᠠᠯᠲᠠ᠎ᠶ᠋ᠢᠨ ᠲᠦᠷᠢᠮ᠎ᠢ ᠴᠢᠷᠮᠠᠢᠨ ᠲᠡᠭᠦᠯᠳᠡᠷᠵᠢᠭᠦᠯᠵᠦ᠍ ᠂ ᠨᠡᠢᠭᠡᠮ᠎ᠦᠨ ᠲᠥᠪ ᠭᠣᠣᠯᠴᠢ ᠪᠠᠢᠬᠤ᠎ᠶ᠋ᠢ ᠠᠬᠢᠭᠤᠯᠤᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠭᠠᠢᠯᠢ ᠲᠠᠲᠠᠪᠤᠷᠢ ᠂ ᠨᠡᠢᠭᠡᠮ᠎ᠦᠨ ᠪᠠᠲᠤᠯᠠᠭ᠎ᠠ ᠂ ᠱᠢᠯᠵᠢᠭᠦᠯᠦᠨ ᠥᠭ᠌ᠬᠦ ᠵᠡᠷᠭᠡ᠎ᠶ᠋ᠢ ᠲᠤᠬᠢᠷᠠᠭᠤᠯᠬᠤ ᠡᠷᠴᠢᠮ᠎ᠢᠶᠡᠨ ᠴᠢᠩᠭᠠᠷᠠᠭᠤᠯᠤᠨ᠎ᠠ ᠭᠡᠵᠦ᠍ ᠵᠢᠭᠠᠵᠤ ᠭᠠᠷᠭᠠᠪᠠ᠃ ᠬᠤᠪᠢ ᠬᠥᠮᠦᠨ᠎ᠦ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠳᠦᠷᠢᠮ᠎ᠢ ᠲᠡᠭᠦᠯᠳᠡᠷᠵᠢᠭᠦᠯᠵᠦ᠍ ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠡᠮᠬᠢ ᠵᠢᠷᠤᠮ᠎ᠢ ᠵᠢᠷᠤᠮᠵᠢᠭᠤᠯᠤᠨ ᠂ ᠡᠳ᠋ ᠪᠠᠶᠠᠯᠢᠭ ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠵᠤ ᠂ ᠬᠠᠤᠯᠢ ᠶᠣᠰᠣᠨ᠎ᠤ ᠣᠷᠣᠯᠭ᠎ᠠ᠎ᠶ᠋ᠢ ᠬᠠᠮᠠᠭᠠᠯᠠᠨ ᠂ ᠬᠡᠳᠦ ᠥᠨᠳᠥᠷ ᠣᠷᠣᠯᠭ᠎ᠠ᠎ᠶ᠋ᠢ ᠲᠤᠬᠢᠷᠠᠭᠤᠯᠵᠤ ᠂ ᠬᠠᠤᠯᠢ ᠪᠤᠰᠤ ᠣᠷᠣᠯᠭ᠎ᠠ᠎ᠶ᠋ᠢ ᠴᠠᠭᠠᠵᠠᠯᠠᠨ᠎ᠠ᠃ ᠡᠢᠮᠦ᠍᠎ᠡᠴᠡ ᠡᠷᠬᠡᠪᠰᠢ ᠡᠳ᠋ ᠪᠠᠶᠠᠯᠢᠭ ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠵᠤ ᠂ ᠡᠳ᠋ ᠪᠠᠶᠠᠯᠢᠭ᠎ᠤᠨ ᠬᠤᠪᠢᠶᠠᠷᠢᠯᠠᠯᠲᠠ᠎ᠶ᠋ᠢᠨ ᠭᠣᠣᠯᠴᠢ ᠴᠢᠨᠠᠷ᠎ᠢ ᠴᠢᠩᠭᠠᠳᠭᠠᠨ᠂ ᠡᠳ᠋ ᠪᠠᠶᠠᠯᠢᠭ᠎ᠤᠨ ᠬᠤᠪᠢᠶᠠᠷᠢᠯᠠᠯᠲᠠ᠎ᠶ᠋ᠢᠨ ᠵᠦᠷᠢᠶ᠎ᠡ᠎ᠶ᠋ᠢ ᠪᠠᠭᠠᠰᠭᠠᠬᠤ ᠬᠡᠷᠡᠭ᠌ᠲᠡᠢ᠃ ᠬᠠᠤᠯᠢ ᠶᠣᠰᠣᠨ᠎ᠤ ᠬᠤᠪᠢ᠎ᠶ᠋ᠢᠨ ᠥᠮᠴᠢᠯᠡᠯ᠎ᠦᠨ ᠡᠳ᠋ ᠬᠦᠷᠦᠨᠭ᠌ᠭᠡ᠎ᠶ᠋ᠢ ᠬᠠᠮᠠᠭᠠᠯᠠᠬᠤ᠎ᠶ᠋ᠢ  ᠤᠬᠳᠤᠬᠠᠨ ᠴᠦ᠍ ᠭᠤᠢᠪᠢᠰᠢ ᠦᠭᠡᠢ ᠪᠠᠷᠢᠮᠲᠠᠯᠠᠭ᠍ᠰᠠᠨ ᠤᠷᠢᠲᠠᠯ ᠳᠣᠣᠷ᠎ᠠ ᠂ ᠭᠠᠢᠯᠢ ᠲᠠᠲᠠᠪᠤᠷᠢ ᠂ ᠬᠠᠤᠯᠢ ᠴᠠᠭᠠᠵᠠ ᠵᠡᠷᠭᠡ ᠬᠣᠯᠪᠣᠭ᠍ᠳᠠᠯ ᠪᠦᠬᠦᠢ ᠠᠷᠭ᠎ᠠ ᠪᠠᠷᠢᠯ᠎ᠢᠶᠠᠷ ᠲᠤᠬᠢᠷᠠᠭᠤᠯᠤᠯᠲᠠ ᠬᠢᠬᠦ᠌᠎ᠶ᠋ᠢᠨ ᠤᠯᠠᠮ᠎ᠠᠴᠠ ᠨᠡᠢᠭᠡᠮ᠎ᠦᠨ ᠨᠡᠩ ᠤᠷᠲᠤ ᠬᠤᠭᠤᠴᠠᠭᠠᠨ᠎ᠦ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃

ᠭᠤᠷᠪᠠᠳᠠᠬᠢ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍ ᠂ ᠨᠡᠢᠭᠡᠮ᠎ᠦᠨ ᠲᠥᠪ ᠭᠣᠣᠯᠴᠢ ᠪᠠᠢᠬᠤ᠎ᠶ᠋ᠢ ᠨᠡᠮᠡᠭ᠌ᠳᠡᠭᠦᠯᠦᠨ᠎ᠡ᠃  ᠭᠤᠷᠪᠠᠳᠠᠬᠢ ᠬᠤᠪᠢᠶᠠᠷᠢᠯᠠᠯᠲᠠ ᠪᠣᠯ ᠰᠠᠢ᠌ᠨ ᠳᠤᠷ᠎ᠠ᠎ᠶ᠋ᠢᠨ ᠰᠠᠭᠤᠷᠢᠨ ᠳᠡᠭᠡᠷ᠎ᠡ ᠪᠠᠢᠭᠤᠯᠤᠭ᠍ᠳᠠᠵᠤ ᠂ ᠴᠤᠭ᠍ᠯᠠᠭᠤᠯᠬᠤ ᠂ ᠰᠠᠢ᠌ᠨ ᠳᠤᠷ᠎ᠠ᠎ᠠᠴᠠ᠎ᠪᠠᠨ ᠬᠠᠨᠳᠢᠪᠯᠠᠨ ᠬᠦᠷᠭᠡᠬᠦ᠌ ᠪᠠ ᠵᠣᠭᠣᠰ ᠮᠥᠩᠭᠥ᠎ᠪᠡᠷ ᠲᠤᠰᠠᠯᠠᠬᠤ ᠵᠡᠷᠭᠡ ᠨᠢᠭᠦᠯᠡᠰᠦᠩᠭᠦᠢ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠠᠷᠭ᠎ᠠ ᠮᠠᠶᠢᠭ᠎ᠢᠶᠠᠷ ᠨᠡᠢᠭᠡᠮ᠎ᠦᠨ ᠡᠬᠢ ᠪᠠᠶᠠᠯᠢᠭ ᠪᠠ ᠨᠡᠢᠭᠡᠮ᠎ᠦᠨ ᠡᠳ᠋ ᠪᠠᠶᠠᠯᠢᠭ᠎ᠢ ᠬᠤᠪᠢᠶᠠᠷᠢᠯᠠᠵᠤ ᠂ ᠤᠳᠤ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠳᠦ ᠭᠠᠷᠴᠤ᠌ ᠮᠡᠳᠡᠬᠦ᠌ 《ᠦᠵᠡᠭ᠌ᠳᠡᠬᠦ᠌ ᠭᠠᠷ》 ᠪᠠ 《ᠦᠵᠡᠭ᠌ᠳᠡᠬᠦ᠌ ᠦᠭᠡᠢ ᠭᠠᠷ》 ᠎ᠤᠨ ᠦᠢᠯᠡᠳᠦᠯ᠎ᠢᠶᠡᠨ ᠠᠯᠳᠠᠬᠤ ᠠᠰᠠᠭᠤᠳᠠᠯ᠎ᠢ ᠨᠥᠬᠥᠪᠥᠷᠢᠯᠡᠵᠦ᠍ ᠴᠢᠳᠠᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ 《ᠬᠦᠰᠡᠯ ᠡᠷᠡᠮᠡᠯᠵᠡᠯ᠎ᠲᠡᠶ ᠪᠥᠭᠡᠳ ᠴᠢᠳᠠᠪᠤᠷᠢ᠎ᠲᠠᠶ ᠠᠵᠤ ᠠᠬᠤᠢᠯᠠᠯ ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ᠎ᠦ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠦᠢᠯᠡᠰ᠎ᠲᠦ ᠢᠳᠡᠪᠬᠢᠲᠡᠢ ᠣᠷᠣᠯᠴᠠᠬᠤ᠎ᠶ᠋ᠢ ᠬᠦᠳᠦᠯᠦᠨ ᠵᠢᠯᠣᠭᠣᠳᠴᠤ᠌ ᠳᠡᠮᠵᠢᠬᠦ᠌ ᠬᠡᠷᠡᠭ᠌ᠲᠡᠢ 》 ᠭᠡᠵᠦ᠍ ᠲᠣᠳᠣᠷᠬᠠᠢ ᠳᠤᠷᠠᠳᠤᠨ ᠭᠠᠷᠭᠠᠵᠠᠢ᠃

ᠬᠠᠮᠲᠤ᠎ᠪᠠᠷ ᠪᠠᠶᠠᠵᠢᠬᠤ ᠪᠣᠯ ᠠᠷᠠᠳ ᠣᠯᠠᠨ᠎ᠤ ᠪᠣᠳᠠᠰ᠎ᠤᠨ ᠠᠮᠢᠳᠤᠷᠠᠯ ᠪᠠ ᠣᠶᠤᠨ᠎ᠤ ᠠᠮᠢᠳᠤᠷᠠᠯ᠎ᠦᠨ ᠲᠠᠯ᠎ᠠ ᠪᠡᠷ ᠪᠦᠷ ᠪᠠᠶᠠᠨ ᠴᠢᠨᠡᠭᠡᠯᠢᠭ ᠪᠠᠢᠬᠤ ᠵᠢ ᠵᠢᠭᠠᠨ᠎ᠠ

ᠶᠡᠷᠦᠩᠬᠡᠢ ᠱᠦᠵᠢ ᠰᠢ ᠵᠢᠨ ᠫᠢᠩ ᠄ 《 ᠪᠢᠳᠡᠨ᠎ᠦ ᠬᠡᠯᠡᠵᠦ᠍ ᠪᠠᠢᠭ᠎ᠠ ᠬᠠᠮᠲᠤ᠎ᠪᠠᠷ ᠪᠠᠶᠠᠵᠢᠬᠤ ᠭᠡᠳᠡᠭ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠬᠡᠯᠡᠵᠦ᠍ ᠪᠠᠢᠨ᠎ᠠ ᠂ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ ᠴᠥᠮ  ᠪᠠᠶᠠᠨ ᠪᠠᠢᠬᠤ ᠎ᠶ᠋ᠢ ᠬᠡᠯᠡᠵᠦ᠍ ᠪᠠᠢᠨ᠎ᠠ 》 ᠂ 《 ᠠᠷᠠᠳ ᠲᠦᠮᠡᠨ᠎ᠦ ᠤᠶᠤᠨ᠎ᠤ ᠠᠮᠢᠳᠤᠷᠠᠯ ᠪᠠᠶᠠᠨ ᠪᠠᠢᠬᠤ ᠵᠢ  ᠠᠬᠢᠭᠤᠯᠬᠤ ᠎ᠳᠦ᠂ ᠨᠡᠢᠭᠡᠮ ᠵᠢᠷᠤᠮ᠎ᠤᠨ ᠭᠣᠣᠯᠯᠠᠬᠤ ᠦᠷᠲᠡᠭ᠎ᠦᠨ ᠦᠵᠡᠯᠲᠡ᠎ᠪᠡᠷ ᠬᠦᠲᠦᠯᠦᠨ ᠳᠠᠭᠠᠭᠤᠯᠬᠤ᠎ᠶ᠋ᠢ ᠴᠢᠩᠭᠠᠳᠭᠠᠵᠤ ᠂ ᠠᠷᠠᠳ ᠤᠯᠠᠨ᠎ᠤ ᠤᠯᠠᠨ ᠶᠠᠩᠵᠤ᠎ᠶ᠋ᠢᠨ ᠂ ᠤᠯᠠᠨ ᠳᠡᠰ ᠳᠠᠪᠬᠤᠷᠭ᠎ᠠ᠎ᠶ᠋ᠢᠨ ᠂ ᠤᠯᠠᠨ ᠲᠠᠯ᠎ᠠ᠎ᠶ᠋ᠢᠨ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠲᠠᠰᠤᠷᠠᠯᠲᠠ ᠦᠭᠡᠢ ᠬᠠᠩᠭᠠᠬᠤ ᠬᠡᠷᠡᠭ᠌ᠲᠡᠢ 》 ᠭᠡᠵᠦ᠍ ᠵᠢᠭᠠᠵᠤ ᠭᠠᠷᠭᠠᠪᠠ᠃

ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠬᠢᠭᠡᠳ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠣᠯ ᠳᠡᠭᠡᠳᠦ ᠬᠡᠮᠵᠢᠶᠡᠨ᠎ᠦ ᠨᠢᠭᠡᠳᠦᠯᠲᠡᠢ ᠪᠠᠢᠳᠠᠭ᠃ ᠠᠷᠠᠳ ᠤᠯᠠᠨ᠎ᠤ ᠤᠶᠤᠨ᠎ᠤ ᠠᠮᠢᠳᠤᠷᠠᠯ᠎ᠤᠨ ᠲᠠᠯ᠎ᠠ᠎ᠪᠠᠷ ᠬᠢ  ᠪᠠᠶᠠᠵᠢᠯ᠎ᠢ ᠪᠡᠶᠡᠯᠡᠭᠦᠯᠬᠦ᠌᠎ᠳᠦ ᠳᠤᠮᠳᠠᠳᠤ ᠤᠯᠤᠰ᠎ᠤᠨ ᠣᠨᠴᠠᠯᠢᠭ  ᠲᠠᠢ ᠨᠡᠢᠭᠡᠮ ᠵᠢᠷᠤᠮ᠎ᠤᠨ ᠰᠣᠶᠣᠯ᠎ᠢ  ᠬᠥᠭ᠌ᠵᠢᠭᠦᠯᠵᠦ᠍ ᠂ ᠨᠡᠢᠭᠡᠮ ᠵᠢᠷᠤᠮ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠵᠤ ᠂ ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠬᠡᠷᠡᠭ᠌ᠲᠡᠢ᠃ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠥᠷᠭᠡᠨ᠎ᠢᠶᠡᠷ ᠦᠢᠯᠡᠳᠦᠯᠭᠡᠵᠢᠭᠦᠯᠬᠦ᠌ ᠬᠡᠷᠡᠭ᠌ᠲᠡᠢ᠃ ᠤᠯᠤᠰ᠎ᠢᠶᠠᠨ ᠬᠠᠢᠷᠠᠯᠠᠬᠤ ᠦᠵᠡᠯ ᠂ ᠨᠡᠢᠲᠡᠴᠢ ᠦᠵᠡᠯ ᠂ ᠨᠡᠢᠭᠡᠮ ᠵᠢᠷᠤᠮ᠎ᠤᠨ ᠬᠥᠮᠦᠵᠢᠯ᠎ᠢ ᠴᠢᠩᠭᠠᠳᠭᠠᠵᠤ ᠂ ᠱᠢᠨ᠎ᠡ ᠴᠠᠭ ᠦᠶ᠎ᠡ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠦᠵᠡᠯ ᠰᠠᠨᠠᠭ᠎ᠠ ᠦᠵᠡᠯᠲᠡ ᠂ ᠣᠶᠤᠨ ᠰᠠᠨᠠᠭᠠᠨ᠎ᠤ ᠳᠦᠷᠰᠦ ᠪᠠᠢᠳᠠᠯ ᠂ ᠪᠣᠯᠪᠠᠰᠤᠨ ᠬᠡᠪ ᠰᠤᠷᠲᠠᠯ ᠂ ᠦᠢᠯᠡ ᠠᠵᠢᠯᠯᠠᠭ᠎ᠠ᠎ᠶ᠋ᠢᠨ ᠵᠢᠷᠤᠮᠵᠢᠯ ᠪᠦᠷᠢᠯᠳᠦᠬᠦ᠌᠎ᠶ᠋ᠢ ᠠᠬᠢᠭᠤᠯᠤᠨ᠎ᠠ᠃

ᠪᠦᠬᠦ᠌ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃ ᠠᠷᠠᠳ ᠢᠷᠭᠡᠳ᠎ᠦᠨ ᠶᠣᠰᠣ ᠮᠣᠷᠠᠯ᠎ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠵᠦ᠍ ᠂ ᠳᠤᠮᠳᠠᠳᠤ᠎ᠶ᠋ᠢᠨ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠤᠨ ᠂ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ ᠂ ᠨᠠᠰᠤᠨ᠎ᠳᠤ ᠦᠯᠦ᠍ ᠬᠦᠷᠦᠭ᠌ᠰᠡᠳ᠎ᠦᠨ ᠦᠵᠡᠯ ᠰᠠᠨᠠᠭ᠎ᠠ ᠶᠣᠰᠣ ᠮᠣᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠨ ᠰᠠᠢᠵᠢᠷᠠᠭᠤᠯᠵᠤ ᠂ ᠠᠷᠠᠳ ᠲᠦᠮᠡᠨ᠎ᠦ ᠶᠣᠰᠣ ᠮᠣᠷᠠᠯ ᠪᠠ ᠪᠣᠯᠪᠠᠰᠤᠨ᠎ᠤ ᠬᠡᠪ ᠴᠢᠨᠠᠷ᠎ᠢ ᠳᠡᠭᠡᠭ᠌ᠰᠢᠯᠡᠭᠦᠯᠦᠨ᠎ᠡ᠃

ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭ᠌ᠯᠡᠭᠦᠯᠦᠨ ᠬᠥᠭ᠌ᠵᠢᠭᠦᠯᠬᠦ᠌ ᠬᠡᠷᠡᠭ᠌ᠲᠡᠢ᠃ ᠨᠡᠢᠭᠡᠮ᠎ᠦᠨ ᠦᠷ᠎ᠡ ᠠᠱᠢᠭ᠎ᠢ ᠲᠡᠷᠢᠭᠦᠨ ᠪᠠᠢᠷᠢᠨ᠎ᠳᠤ ᠲᠠᠯᠪᠢᠬᠤ ᠂ ᠨᠡᠢᠭᠡᠮ᠎ᠦᠨ ᠦᠷ᠎ᠡ ᠠᠱᠢᠭ ᠪᠣᠯᠤᠨ ᠠᠵᠤ ᠠᠬᠤᠢ᠎ᠶ᠋ᠢᠨ ᠦᠷ᠎ᠡ ᠠᠱᠢᠭ᠎ᠢ ᠨᠢᠭᠡᠳᠭᠡᠬᠦ᠌᠎ᠶ᠋ᠢ ᠪᠠᠷᠢᠮᠲᠠᠯᠠᠵᠤ ᠂ ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠂ ᠰᠣᠶᠣᠯ᠎ᠤᠨ ᠠᠵᠤ ᠠᠬᠤᠢ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ᠃ ᠠᠷᠠᠳ ᠲᠦᠮᠡᠨ᠎ᠢᠶᠡᠷ ᠭᠣᠣᠯ ᠪᠣᠯᠭᠠᠭ᠍ᠰᠠᠨ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ ᠂ ᠠᠷᠠᠳ ᠲᠦᠮᠡᠨ᠎ᠦ ᠤᠶᠤᠨ ᠰᠠᠨᠠᠭᠠᠨ᠎ᠤ ᠬᠦᠴᠦᠨ ᠴᠢᠳᠠᠯ᠎ᠢ ᠴᠢᠩᠭᠠᠳᠭᠠᠬᠤ ᠨᠡᠩ ᠤᠯᠠᠨ ᠱᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠍ ᠂ ᠮᠣᠷᠠᠯ ᠤᠷᠠᠯᠢᠭ ᠬᠣᠣᠰᠯᠠᠭ᠍ᠰᠠᠨ ᠦᠯᠡᠮᠵᠢ ᠤᠯᠠᠨ ᠤᠳᠭ᠎ᠠ ᠵᠣᠬᠢᠶᠠᠯᠴᠢ ᠤᠷᠠᠯᠢᠭ᠍ᠴᠢᠳ ᠪᠣᠯᠤᠨ ᠠᠤᠭ᠎ᠠ ᠶᠡᠬᠡ ᠬᠡᠪᠴᠢᠶ᠎ᠠ ᠲᠡᠶ ᠰᠣᠶᠣᠯ ᠤᠷᠠᠯᠢᠭ᠎ᠤᠨ ᠴᠢᠳᠠᠪᠤᠷᠢᠲᠠᠨ᠎ᠤ ᠡᠩᠨᠡᠭᠡ᠎ᠶ᠋ᠢ ᠬᠥᠮᠦᠵᠢᠭᠦᠯᠦᠨ ᠪᠣᠢᠵᠢᠭᠤᠯᠬᠤ ᠬᠡᠷᠡᠭ᠌ᠲᠡᠢ᠃

ᠣᠯᠠᠨ ᠨᠡᠢᠲᠡ᠎ᠶ᠋ᠢᠨ ᠰᠣᠶᠣᠯ᠎ᠤᠨ  ᠦᠢᠯᠡᠴᠢᠯᠡᠭᠡᠨ᠎ᠦ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ ᠪᠠ ᠪᠠᠢᠭᠤᠯᠤᠮᠵᠢ ᠲᠣᠭ᠍ᠲᠠᠴᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ ᠂ ᠬᠤᠳᠠ ᠬᠥᠳᠡᠭᠡ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ᠎ᠢ ᠨᠢᠭᠡ ᠴᠤᠭ᠍ᠴᠠᠵᠢᠭᠤᠯᠬᠤ ᠂ ᠣᠷᠣᠨ ᠪᠦᠰᠡ᠎ᠶ᠋ᠢᠨ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡ᠎ᠶ᠋ᠢ ᠬᠠᠮᠵᠢᠯᠴᠠᠭᠤᠯᠬᠤ ᠪᠠᠢᠭᠤᠯᠤᠯᠲᠠ᠎ᠶ᠋ᠢ ᠠᠬᠢᠭᠤᠯᠤᠨ᠎ᠠ᠃ ᠤᠳᠤ ᠦᠶ᠎ᠡ᠎ᠶ᠋ᠢᠨ ᠰᠣᠶᠣᠯ᠎ᠤᠨ ᠠᠵᠤ ᠦᠢᠯᠡᠰ᠎ᠦᠨ ᠱᠢᠰᠲ᠋ᠧᠮ ᠪᠠ ᠵᠠᠬ᠎ᠠ ᠳᠡᠯᠭᠡᠭᠦᠷ᠎ᠦᠨ ᠱᠢᠰᠲ᠋ᠧᠮ᠎ᠢ ᠲᠡᠭᠦᠯᠳᠡᠷᠵᠢᠭᠦᠯᠵᠦ᠍ ᠂ ᠱᠢᠯᠢᠳᠡᠭ ᠰᠣᠶᠣᠯ᠎ᠤᠨ ᠪᠦᠲᠦᠭᠡᠯ᠎ᠢ ᠵᠣᠬᠢᠶᠠᠨ ᠪᠦᠲᠦᠭᠡᠬᠦ᠌ ᠪᠠ ᠤᠯᠠᠮᠵᠢᠯᠠᠨ ᠳᠡᠯᠭᠡᠷᠡᠭᠦᠯᠬᠦ᠌᠎ᠶ᠋ᠢ ᠴᠢᠩᠭᠠᠳᠭᠠᠨ ᠂ ᠪᠦᠬᠦ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠠᠮᠢᠳᠤᠯᠢᠭ ᠬᠦᠴᠦᠨ᠎ᠢ ᠬᠥᠭ᠌ᠵᠢᠭᠡᠵᠦ᠍ ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ ᠱᠢᠨ᠎ᠡ᠎ᠶ᠋ᠢ ᠡᠭᠦᠳᠬᠦ᠌ ᠴᠢᠨᠠᠷᠲᠠᠢ ᠬᠥᠭ᠌ᠵᠢᠯᠲᠡ᠎ᠶ᠋ᠢ ᠠᠬᠢᠭᠤᠯᠤᠨ᠎ᠠ᠃

(ᠵᠣᠬᠢᠶᠠᠭ᠍ᠴᠢ᠄ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠮᠠᠷᠺᠰ᠎ᠤᠨ ᠦᠵᠡᠯ᠎ᠦᠨ ᠰᠤᠳᠤᠯᠭᠠᠨ᠎ᠤ ᠬᠦᠷᠢᠶᠡᠯᠡᠩ᠎ᠦᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠦᠨ ᠣᠨᠴᠠᠯᠢᠬ ᠲᠠᠢ ᠨᠠᠢᠬᠡᠮ ᠵᠢᠷᠣᠮ᠎ᠦᠨ ᠦᠵᠡᠯ ᠰᠠᠨᠠᠭᠠᠨ ᠎ᠦ ᠰᠣᠳᠣᠯᠭᠠᠨ᠎ᠦ ᠬᠡᠯᠳᠡᠰ᠎ᠦᠨ ᠲᠡᠳ᠋ ᠰᠣᠳᠣᠯᠣᠭᠴᠢ ᠂ ᠲᠡᠯᠡᠬᠡᠢ  ᠵᠢᠨ ᠨᠡᠢᠭᠡᠮ ᠵᠢᠷᠤᠮ᠎ᠦᠨ ᠰᠣᠳᠣᠯᠭᠠᠨ᠎ᠦ ᠲᠦᠪ᠎ᠦᠨ ᠣᠨᠴᠠ ᠣᠷᠢᠬᠰᠠᠨ ᠰᠣᠳᠣᠯᠣᠭᠴᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号