ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠥᠬᠥ᠌ ᠲᠠᠯ᠎ᠠ᠎ᠪᠠᠷ ᠨᠡᠮᠡᠭ᠌ᠳᠡᠭᠦᠯᠵᠦ᠍ ᠬᠠᠮᠲᠤ ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠶ᠎ᠠ
2023-01-06 13:15:21
ᠵᠣᠬᠢᠶᠠᠭ᠍ᠴᠢ᠄
ᠹᠦ᠋ ᠳ᠋ᠦᠩ ᠮᠧᠶ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ 《ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ ᠎ᠶ᠋ᠢ ᠪᠡᠶᠡᠯᠡᠭᠦᠯᠬᠦ᠌》 ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ ᠭᠡᠵᠦ᠍ ᠵᠢᠭᠠᠵᠤ ᠭᠠᠷᠭᠠᠭ᠍ᠰᠠᠨ ᠪᠥᠭᠡᠳ ᠬᠠᠮᠲᠤ᠎ᠪᠠᠷ ᠪᠠᠶᠠᠵᠢᠬᠤ ᠎ᠶ᠋ᠢ ᠯᠠᠪᠳᠠᠭᠤᠨ ᠪᠠᠲᠤᠲᠠᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠡᠢ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ᠎ᠳᠤ᠂ ᠪᠢᠳᠡ ᠡᠷᠬᠡᠪᠰᠢ ᠪᠦᠬᠦ᠌ ᠠᠷᠠᠳ ᠲᠦᠮᠡᠨ᠎ᠦ ᠬᠠᠮᠲᠤ  ᠪᠡᠷ ᠪᠠᠶᠠᠵᠢᠬᠤ ᠵᠢ ᠠᠬᠢᠭᠤᠯᠬᠤ᠎ᠶ᠋ᠢ ᠠᠷᠠᠳ ᠲᠦᠮᠡᠨ᠎ᠳᠦ ᠵᠣᠯ ᠵᠢᠷᠭᠠᠯ ᠣᠯᠭᠣᠬᠤ ᠬᠦᠴᠦᠯᠡᠬᠦ᠌ ᠴᠡᠭ᠎ᠢᠶᠡᠨ ᠪᠣᠯᠭᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠪᠦᠬᠦ᠌ ᠲᠠᠯ᠎ᠠ᠎ᠪᠠᠷ ᠨᠡᠮᠡᠭ᠌ᠳᠡᠭᠦᠯᠬᠦ᠌ ᠬᠡᠷᠡᠭ᠌ᠲᠡᠢ᠃

ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠬᠤ ᠬᠡᠷᠡᠭᠳᠡᠢ

ᠬᠠᠮᠲᠤ᠎ᠪᠠᠷ  ᠪᠠᠶᠠᠵᠢᠬᠤ᠎ᠳᠦ ᠥᠨᠳᠥᠷ ᠲᠦᠪᠱᠢᠨ ᠵᠢᠴᠢ ᠴᠢᠨᠠᠷ ᠰᠠᠢᠳᠠᠢ ᠠᠷᠠᠳ᠎ᠤᠨ ᠠᠮᠢᠳᠤᠷᠠᠯ᠎ᠤᠨ ᠴᠣᠭᠴᠠᠯᠠᠯᠳᠠ ᠠᠭᠣᠯᠣᠭᠳᠠᠵᠦ ᠪᠠᠢᠨ᠎ᠠ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠵᠢᠴᠢ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠴᠢᠬᠤᠯᠠ ᠪᠡᠯᠭᠡ ᠲᠡᠮᠳᠡᠭ ᠪᠣᠯᠤᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ  ᠨᠠᠭᠠᠰᠢ ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠬᠰᠠᠨ ᠨᠠᠮ᠎ᠤᠨ ᠲᠥᠪ ᠬᠣᠷᠢᠶ᠎ᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠶᠠᠪᠤᠳᠠᠯ᠎ᠢ ᠢᠮᠠᠭ᠍ᠲᠠ ᠠᠯᠢᠪᠠ ᠠᠵᠢᠯ᠎ᠤᠨ᠎ᠢᠶᠠᠨ ᠵᠤᠷᠢᠯᠳᠠ ᠪᠡ ᠲᠤᠰᠤᠯᠳᠠ ᠪᠣᠯᠭᠠᠵᠤ ᠂ ᠠᠷᠠᠳ ᠲᠦᠮᠡᠨ᠎ᠳᠦ ᠦᠨᠡᠨ ᠰᠡᠳᠭᠢᠯ᠎ᠡᠴᠡ᠎ᠪᠡᠨ ᠪᠣᠳᠠᠲᠤ ᠶᠠᠪᠤᠳᠠᠯ ᠬᠢᠵᠦ᠍ ᠥᠭ᠌ᠭᠦᠨ ᠂ ᠠᠷᠠᠳ ᠲᠦᠮᠡᠨ᠎ᠢ ᠳᠠᠭᠠᠭᠤᠯᠤᠨ ᠵᠣᠯ ᠵᠢᠷᠭᠠᠯᠲᠤ ᠠᠮᠢᠳᠤᠷᠠᠯ᠎ᠢ ᠡᠭᠦᠳᠦᠨ ᠪᠦᠲᠦᠭᠡᠬᠦ᠌ ᠪᠠᠲᠤ ᠴᠢᠩᠭ᠎ᠠ ᠲᠡᠦᠬᠡᠨ ᠡᠭᠦᠷᠭᠡᠯᠡᠯ ᠪᠠ ᠠᠷᠠᠳ ᠲᠦᠮᠡᠨ᠎ᠦ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠢᠯᠡᠷᠡᠭᠦᠯᠵᠡᠶ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠵᠣᠭ᠍ᠰᠣᠯᠲᠠ ᠪᠠ ᠵᠠᠷᠴᠢᠮ᠎ᠢ ᠲᠣᠭ᠍ᠲᠠᠭᠠᠵᠤ᠂ ᠪᠣᠳᠠᠲᠠᠢ ᠬᠡᠷᠡᠭ᠌ᠵᠢᠭᠦᠯᠬᠦ᠌ ᠠᠷᠭ᠎ᠠ ᠵᠠᠮ ᠪᠠ ᠭᠣᠣᠯᠳᠠᠯᠭ᠎ᠠ᠎ᠲᠠᠶ ᠴᠢᠭ᠌ᠯᠡᠯ᠎ᠢ ᠳᠤᠷᠠᠳᠤᠨ ᠭᠠᠷᠭᠠᠵᠤ᠂ ᠠᠷᠠᠳ᠎ᠤᠨ ᠠᠮᠢᠳᠤᠷᠠᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ᠌᠎ᠳᠦ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠪᠠ᠃ ᠢᠯᠡᠳᠭᠡᠯ᠎ᠳᠦ᠂ ᠠᠷᠠᠳ ᠲᠦᠮᠡᠨ᠎ᠦ ᠬᠠᠮᠤᠭ᠎ᠠᠴᠠ ᠠᠩᠬᠠᠷᠴᠤ᠌ ᠪᠠᠢᠭ᠎ᠠ ᠂ ᠬᠠᠮᠤᠭ᠎ᠤᠨ ᠱᠢᠭᠤᠳ ᠬᠠᠮᠤᠭ᠎ᠤᠨ ᠪᠣᠳᠠᠲᠠᠢ ᠠᠱᠢᠭ ᠲᠤᠰᠠ᠎ᠶ᠋ᠢᠨ ᠠᠰᠠᠭᠤᠳᠠᠯ᠎ᠢ ᠴᠢᠩᠭ᠎ᠠ ᠠᠳᠭᠤᠵᠤ ᠂ ᠴᠢᠳᠠᠯ᠎ᠤᠨ᠎ᠢᠶᠠᠨ ᠬᠢᠷᠢ᠎ᠪᠡᠷ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠌᠎ᠶ᠋ᠢ ᠪᠠᠷᠢᠮᠲᠠᠯᠠᠵᠤ ᠂ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠍ ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍ ᠂ ᠨᠡᠩ ᠤᠯᠠᠨ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠠᠷᠭ᠎ᠠ ᠬᠡᠮᠵᠢᠶ᠎ᠠ ᠠᠪᠴᠤ᠌ ᠂ ᠠᠷᠠᠳ ᠤᠯᠠᠨ᠎ᠤ ᠪᠠᠴᠢᠮᠳᠠᠵᠤ ᠵᠣᠪᠠᠨᠢᠵᠦ ᠬᠦᠴᠢᠷᠳᠡᠵᠦ ᠬᠦᠰᠡᠵᠦ  ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠱᠢᠢᠳᠪᠦᠷᠢᠯᠡᠵᠦ᠍᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠤᠨ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍ ᠂ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢ ᠴᠢᠩᠭᠠᠳᠭᠠᠨ ᠂ ᠬᠠᠮᠲᠤ᠎ᠪᠠᠷ  ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠱᠠᠭᠠᠷᠳᠠᠪᠠ᠃ ᠢᠯᠡᠳᠭᠡᠯ᠎ᠳᠦ ᠂ ᠬᠤᠪᠢᠶᠠᠷᠢᠯᠠᠯᠲᠠ᠎ᠶ᠋ᠢᠨ ᠲᠦᠷᠢᠮ ᠪᠣᠯ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠰᠠᠭᠤᠷᠢ ᠴᠢᠨᠠᠷᠲᠠᠢ ᠲᠦᠷᠢᠮ ᠮᠥᠨ ᠂ ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠪᠣᠯ ᠠᠷᠠᠳ᠎ᠤᠨ ᠠᠮᠢᠳᠤᠷᠠᠯ᠎ᠤᠨ ᠠᠮᠤᠷ ᠲᠦᠪᠱᠢᠨ᠎ᠦ ᠲᠣᠣᠷ ᠪᠠ ᠨᠡᠢᠭᠡᠮ᠎ᠦᠨ ᠠᠵᠢᠯᠯᠠᠭᠠᠨ᠎ᠤ ᠲᠣᠭ᠍ᠲᠠᠪᠤᠷᠢᠵᠢᠭᠤᠯᠤᠭ᠍ᠴᠢ ᠮᠥᠨ ᠂ ᠠᠷᠠᠳ ᠲᠦᠮᠡᠨ᠎ᠦ ᠡᠷᠡᠭᠦᠯ ᠮᠠᠨᠳᠤ ᠪᠣᠯ ᠦᠨᠳᠦᠰᠦᠲᠡᠨ᠎ᠦ ᠬᠥᠭ᠌ᠵᠢᠯ ᠪᠠᠳᠠᠷᠠᠯ ᠪᠠ ᠤᠯᠤᠰ ᠣᠷᠣᠨ᠎ᠤ ᠬᠦᠴᠦᠷᠬᠡᠭ᠌ᠵᠢᠯ᠎ᠦᠨ ᠴᠢᠬᠤᠯᠠ ᠪᠡᠯᠭᠡ ᠲᠡᠮᠳᠡᠭ ᠮᠥᠨ ᠂ ᠡᠨᠡ ᠲᠦᠷᠪᠡᠨ ᠲᠠᠯ᠎ᠠ ᠨᠢ ᠬᠠᠷᠢᠯᠴᠠᠨ ᠬᠣᠯᠪᠣᠯᠳᠤᠵᠤ ᠂ ᠨᠢᠭ᠍ᠲᠠ ᠬᠣᠯᠪᠣᠯᠳᠤᠵᠤ ᠂ ᠬᠠᠷᠢᠯᠴᠠᠨ ᠲᠦᠱᠢᠭ᠌ᠯᠡᠯᠴᠡᠵᠦ᠍ ᠂ ᠨᠢᠭᠡᠨ ᠣᠷᠭᠠᠨᠢᠭ ᠪᠦᠬᠦᠯᠢ ᠴᠣᠭ᠍ᠴᠠ᠎ᠶ᠋ᠢ ᠪᠤᠢ ᠪᠣᠯᠭᠠᠭ᠍ᠰᠠᠨ ᠪᠠᠢᠨ᠎ᠠ᠃

ᠬᠤᠪᠢᠶᠠᠷᠢᠯᠠᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠬᠦ᠌ ᠬᠡᠷᠡᠭ᠌ᠲᠡᠶ

ᠬᠠᠮᠲᠤ᠎ᠪᠠᠷ ᠪᠠᠶᠠᠵᠢᠬᠤ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶᠠᠪᠤᠳᠠᠯ ᠮᠥᠨ ᠂ ᠴᠥᠭᠡᠨ ᠲᠣᠭᠠᠨ᠎ᠤ ᠬᠥᠮᠦᠰ᠎ᠦᠨ ᠪᠠᠶᠠᠵᠢᠬᠤ ᠶᠠᠪᠤᠳᠠᠯ ᠪᠢᠰᠢ ᠪᠥᠭᠡᠳ ᠲᠡᠭ᠌ᠰᠢᠳᠭᠡᠬᠦ᠌ ᠦᠵᠡᠯ ᠴᠦ᠍ ᠪᠢᠰᠢ ᠶᠤᠮ᠃ 《ᠪᠣᠭᠣᠷᠰᠣᠭ》 ᠎ᠢ ᠪᠤᠵᠠᠭᠠᠢᠷᠠᠭᠤᠯᠤᠨ ᠰᠠᠢᠲᠤᠷ ᠬᠢᠭ᠌ᠰᠡᠨ ᠰᠠᠭᠤᠷᠢᠨ ᠳᠡᠭᠡᠷ᠎ᠡ 《ᠪᠣᠭᠣᠷᠰᠣᠭ》 ᠎ᠢ ᠲᠡᠭᠰᠢ ᠬᠤᠪᠢᠶᠠᠨ ᠂ ᠬᠣᠶᠠᠷ  ᠲᠡᠢᠰᠢ ᠲᠤᠢᠯᠰᠢᠷᠠᠬᠤ ᠵᠢ ᠬᠣᠷᠢᠭ᠍ᠯᠠᠬᠤ ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠲᠤᠬᠠᠢ ᠴᠢᠬᠤᠯᠠ ᠪᠠᠢᠷᠢᠯᠠᠭᠤᠯᠤᠯᠲᠠ ᠬᠢᠵᠦ᠍᠂ ᠬᠥᠳᠡᠯᠮᠦᠷᠢᠯᠡᠭ᠌ᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠣᠯ ᠴᠣᠭ᠍ᠴᠠ ᠪᠣᠯᠭᠠᠵᠤ ᠂ ᠤᠯᠠᠨ ᠵᠦᠢᠯ᠎ᠦᠨ ᠬᠤᠪᠢᠶᠠᠷᠢᠯᠠᠯᠲᠠ᠎ᠶ᠋ᠢᠨ ᠠᠷᠭ᠎ᠠ ᠵᠡᠷᠭᠡ᠎ᠪᠡᠷ ᠣᠷᠣᠱᠢᠬᠤ᠎ᠶ᠋ᠢ ᠪᠠᠷᠢᠮᠲᠠᠯᠠᠵᠤ ᠂ ᠠᠩᠬᠠᠨ᠎ᠤ ᠬᠤᠪᠢᠶᠠᠷᠢᠯᠠᠯᠲᠠ ᠂ ᠲᠠᠬᠢᠨ ᠬᠤᠪᠢᠶᠠᠷᠢᠯᠠᠯᠲᠠ ᠂ ᠭᠤᠷᠪᠠᠳᠡᠬᠢ ᠬᠤᠪᠢᠶᠠᠷᠢᠯᠠᠯᠲᠠ᠎ᠶ᠋ᠢ ᠵᠣᠬᠢᠴᠠᠭᠤᠯᠤᠨ  ᠢᠵᠢ ᠪᠦᠷᠢᠯᠳᠦᠬᠦᠯᠬᠦ ᠲᠦᠷᠢᠮ᠎ᠦᠨ ᠱᠢᠰᠲ᠋ᠧᠮ᠎ᠢ ᠪᠠᠢᠭᠤᠯᠤᠨ᠎ᠠ ᠭᠡᠵᠦ᠍ ᠴᠢᠬᠤᠯᠠᠴᠢᠯᠠᠪᠠ᠃ ᠡᠨᠡ ᠨᠢ ᠳᠠᠷᠤᠢ ᠠᠩᠬᠠᠨ᠎ᠤ ᠬᠤᠪᠢᠶᠠᠷᠢᠯᠠᠯᠲᠠ ᠂ ᠲᠠᠬᠢᠨ ᠬᠤᠪᠢᠶᠠᠷᠢᠯᠠᠯᠲᠠ ᠂ ᠭᠤᠷᠪᠠᠳᠡᠬᠢ ᠬᠤᠪᠢᠶᠠᠷᠢᠯᠠᠯᠲᠠ᠎ᠶ᠋ᠢ ᠨᠢᠭᠡᠳᠦᠯᠲᠡᠢ ᠲᠦᠷᠢᠮ᠎ᠦᠨ ᠪᠣᠷᠣ ᠲᠥᠯᠥᠪ᠎ᠲᠦ ᠣᠷᠣᠭᠤᠯᠵᠤ ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠭᠣᠣᠯᠴᠢ ᠪᠤᠰᠤ ᠪᠠᠢᠬᠤ ᠪᠠ ᠣᠷᠣᠯᠭ᠎ᠠ᠎ᠶ᠋ᠢᠨ ᠵᠦᠷᠢᠶ᠎ᠡ ᠭᠡᠳᠤ ᠶᠡᠬᠡ ᠪᠠᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠱᠠᠭᠠᠷᠳᠠᠵᠤ ᠪᠠᠢᠨ᠎ᠠ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠬᠠᠤᠯᠢ ᠶᠣᠰᠣᠨ᠎ᠤ ᠣᠷᠣᠯᠭ᠎ᠠ᠎ᠶ᠋ᠢ ᠬᠠᠮᠠᠭᠠᠯᠠᠵᠤ ᠂ ᠭᠡᠳᠤ ᠥᠨᠳᠥᠷ ᠣᠷᠣᠯᠭ᠎ᠠ᠎ᠳᠤ ᠲᠤᠬᠢᠷᠠᠭᠤᠯᠤᠯᠳᠡ ᠬᠢᠵᠦ᠍ ᠂ ᠬᠠᠤᠯᠢ ᠪᠤᠰᠤ ᠣᠷᠣᠯᠭ᠎ᠠ᠎ᠶ᠋ᠢ ᠴᠠᠭᠠᠵᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠭᠦᠨ᠎ᠦ ᠬᠠᠮᠲᠤ ᠂ ᠡᠳ᠋ ᠪᠠᠶᠠᠯᠢᠭ ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠬᠤ᠎ᠶ᠋ᠢ ᠠᠩᠬ᠎ᠠ ᠤᠳᠠᠭ᠎ᠠ ᠳᠤᠷᠠᠳᠤᠨ ᠭᠠᠷᠭᠠᠭ᠍ᠰᠠᠨ ᠨᠢ ᠮᠠᠰᠢ ᠴᠢᠩᠭ᠎ᠠ ᠠᠰᠠᠭᠤᠳᠠᠯ᠎ᠤᠨ ᠤᠳᠤᠷᠢᠳᠤᠮᠵᠢ᠎ᠲᠠᠶ ᠶᠤᠮ᠃ ᠬᠠᠮᠲᠤ᠎ᠪᠠᠷ  ᠪᠠᠶᠠᠵᠢᠬᠤ ᠎ᠶ᠋ᠢ ᠠᠬᠢᠭᠤᠯᠬᠤ ᠠᠬᠤᠢ ᠪᠠᠢᠳᠠᠯ ᠳᠣᠣᠷ᠎ᠠ ᠂ ᠡᠳ᠋ ᠪᠠᠶᠠᠯᠢᠭ᠎ᠬᠤᠷᠠᠮᠳᠤᠭᠤᠯᠬᠤ ᠲᠣᠭ᠍ᠲᠠᠴᠠ᠎ᠶ᠋ᠢ ᠵᠢᠷᠤᠮᠵᠢᠭᠤᠯᠵᠤ᠂ ᠡᠳ᠋ ᠪᠠᠶᠠᠯᠢᠭ᠎ᠤᠨ ᠬᠤᠪᠢᠶᠠᠷᠢᠯᠠᠯᠲᠠ᠎ᠶ᠋ᠢᠨ ᠭᠣᠣᠯᠴᠢ ᠴᠢᠨᠠᠷ᠎ᠢ ᠴᠢᠩᠭᠠᠳᠭᠠᠵᠤ᠂ ᠡᠳ᠋ ᠪᠠᠶᠠᠯᠢᠭ᠎ᠤᠨ ᠬᠤᠪᠢᠶᠠᠷᠢᠯᠠᠯᠲᠠ᠎ᠶ᠋ᠢᠨ ᠵᠦᠷᠢᠶ᠎ᠡ᠎ᠶ᠋ᠢ ᠪᠠᠭᠠᠰᠭᠠᠬᠤ ᠴᠢᠬᠤᠯᠠᠲᠠᠢ᠃

ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠬᠡᠷᠡᠭᠵᠢᠬᠦᠯᠬᠦ ᠬᠡᠷᠡᠭᠳᠡᠢ

ᠠᠵᠢᠯ ᠣᠯᠭᠣᠯᠲᠠ ᠪᠣᠯ ᠬᠠᠮᠤᠭ᠎ᠤᠨ ᠦᠨᠳᠦᠰᠦᠨ ᠠᠷᠠᠳ᠎ᠤᠨ ᠠᠮᠢᠳᠤᠷᠠᠯ ᠮᠥᠨ ᠂ ᠬᠥᠳᠡᠯᠮᠦᠷᠢᠴᠢᠳ᠎ᠦᠨ ᠣᠷᠣᠯᠭ᠎ᠠ ᠤᠯᠬᠤ ᠂ ᠠᠮᠢᠳᠤᠷᠠᠯ᠎ᠤᠨ ᠲᠦᠪᠱᠢᠨ᠎ᠢ ᠳᠡᠭᠡᠭ᠌ᠰᠢᠯᠡᠭᠦᠯᠬᠦ᠌ ᠂ ᠰᠠᠢ᠌ᠨ ᠰᠠᠢᠬᠠᠨ ᠠᠮᠢᠳᠤᠷᠠᠯ᠎ᠢ ᠴᠣᠭ᠍ᠴᠠᠯᠠᠬᠤ ᠦᠨᠳᠦᠰᠦᠨ ᠠᠷᠭ᠎ᠠ ᠵᠠᠮ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠦᠷᠦ᠍᠎ᠶ᠋ᠢᠨ ᠪᠤᠳᠤᠯᠭ᠎ᠠ᠎ᠶ᠋ᠢ ᠴᠢᠩᠭᠠᠳᠭᠠᠵᠤ ᠂ ᠠᠵᠢᠯ ᠣᠯᠭᠣᠯᠲᠠ᠎ᠶ᠋ᠢ ᠠᠬᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠬᠤ ᠪᠥᠭᠡᠳ ᠠᠵᠢᠯ ᠣᠯᠭᠣᠯᠲᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠬᠦ᠌ ᠂ ᠡᠷᠬᠡ ᠲᠡᠭ᠌ᠰᠢ ᠠᠵᠢᠯ ᠣᠯᠭᠣᠯᠲᠠ᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠬᠤ ᠂  ᠦᠢᠯᠡᠰ ᠪᠤᠰᠬᠠᠬᠤ ᠵᠢ ᠠᠬᠢᠭᠤᠯᠵᠤ ᠠᠵᠢᠯ ᠣᠯᠭᠣᠯᠲᠠ᠎ᠶ᠋ᠢ ᠳᠠᠢᠴᠢᠯᠠᠬᠤ ᠪᠠᠲᠤᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃

ᠠᠵᠢᠯ ᠣᠯᠭᠣᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠬᠦ᠌᠎ᠳᠦ ᠬᠥᠭ᠌ᠵᠢᠯᠲᠡ᠎ᠳᠦ ᠲᠦᠱᠢᠭ᠌ᠯᠡᠬᠦ᠌ ᠬᠡᠷᠡᠭ᠌ᠲᠡᠢ ᠂ ᠠᠵᠤ ᠠᠬᠤᠢ᠎ᠶ᠋ᠢ ᠬᠦᠭᠵᠢᠬᠦᠯᠵᠦ  ᠠᠵᠢᠯ ᠣᠯᠭᠣᠬᠤ ᠤᠳᠤᠷᠢᠳᠤᠮᠵᠢ᠎ᠶ᠋ᠢ ᠪᠠᠷᠢᠮᠲᠠᠯᠠᠵᠤ ᠂ ᠠᠵᠢᠯ ᠣᠯᠭᠣᠯᠲᠠ᠎ᠶ᠋ᠢ ᠱᠢᠩᠭᠡᠭᠡᠨ ᠠᠪᠬᠤ ᠴᠢᠳᠠᠪᠤᠷᠢ᠎ᠪᠠᠷ ᠴᠢᠩᠭ᠎ᠠ ᠠᠵᠢᠯ ᠲᠦᠷᠦᠯ  ᠠᠵᠤ ᠦᠢᠯᠡᠰ᠎ᠢ ᠤᠷᠢᠳ᠎ᠢᠶᠠᠷ ᠬᠥᠭ᠌ᠵᠢᠭᠦᠯᠵᠦ᠍ ᠂ ᠠᠵᠢᠯ ᠣᠯᠭᠣᠯᠲᠠ᠎ᠶ᠋ᠢᠨ ᠱᠢᠨ᠎ᠡ ᠨᠡᠮᠡᠭ᠌ᠳᠡᠯ᠎ᠦᠨ ᠲᠤᠢᠯ᠎ᠢ ᠢᠳᠡᠪᠬᠢᠲᠡᠢ ᠪᠣᠢᠵᠢᠭᠤᠯᠬᠤ ᠬᠡᠷᠡᠭ᠌ᠲᠡᠢ᠃ ᠠᠵᠢᠯ ᠣᠯᠭᠣᠯᠲᠠ᠎ᠶ᠋ᠢ ᠠᠬᠢᠭᠤᠯᠬᠤ ᠲᠣᠭ᠍ᠲᠠᠴᠠ᠎ᠶ᠋ᠢ ᠪᠦᠷᠢᠨᠱᠢᠬᠦᠯᠵᠥ᠍ ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠴᠢᠷᠮᠠᠢᠨ ᠬᠥᠭ᠌ᠵᠢᠭᠡᠵᠦ᠍ ᠂ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠬᠦᠴᠦᠯᠡᠨ ᠲᠣᠭ᠍ᠲᠠᠪᠤᠷᠢᠵᠢᠭᠤᠯᠤᠨ ᠥᠷᠭᠡᠳᠭᠡᠵᠦ᠍ ᠂ ᠴᠢᠨᠠᠷ ᠰᠠᠢᠲᠠᠢ ᠬᠥᠭ᠌ᠵᠢᠬᠦᠯᠬᠦ ᠪᠣᠯᠤᠨ ᠠᠵᠢᠯ ᠣᠯᠭᠣᠯᠲᠠ᠎ᠶ᠋ᠢ ᠥᠷᠭᠡᠳᠭᠡᠨ ᠴᠢᠨᠠᠷ᠎ᠢ ᠳᠡᠭᠡᠭ᠌ᠰᠢᠯᠡᠭᠦᠯᠬᠦ ᠵᠢ ᠬᠠᠷᠢᠯᠴᠠᠨ ᠠᠬᠢᠭᠤᠯᠬᠤ ᠰᠠᠢ᠌ᠨ ᠣᠷᠴᠢᠯ᠎ᠢ ᠴᠢᠷᠮᠠᠢᠨ ᠪᠦᠷᠢᠯᠳᠦᠭᠦᠯᠵᠦ᠍ ᠂ ᠠᠷᠠᠳ᠎ᠤᠨ ᠠᠮᠢᠳᠤᠷᠠᠯ᠎ᠤᠨ ᠦᠨᠳᠦᠰᠦ᠎ᠶ᠋ᠢ ᠪᠡᠬᠢᠵᠢᠭᠦᠯᠬᠦ᠌ ᠬᠡᠷᠡᠭ᠌ᠲᠡᠢ᠃ ᠭᠣᠣᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠳᠡᠮᠵᠢᠬᠦ᠌ ᠱᠢᠰᠲ᠋ᠧᠮ᠎ᠢ ᠲᠡᠭᠦᠯᠳᠡᠷᠵᠢᠭᠦᠯᠵᠦ᠍ ᠂ ᠶᠡᠬᠡ ᠳᠡᠭᠡᠳᠦ ᠰᠤᠷᠭᠠᠭᠤᠯᠢ᠎ᠡᠴᠡ ᠲᠡᠭᠦᠰᠦᠭ᠌ᠰᠡᠨ ᠤᠶᠤᠲᠠᠳ ᠂ ᠬᠥᠯᠥᠰᠥᠨ ᠲᠠᠷᠢᠶᠠᠴᠢᠳ ᠢᠯᠠᠩᠭᠤᠶ᠎ᠠ ᠶᠠᠳᠠᠭᠤ᠎ᠡᠴᠡ ᠠᠩᠭᠢᠵᠢᠷᠠᠭ᠍ᠰᠠᠨ ᠬᠥᠳᠡᠯᠮᠦᠷᠢ ᠬᠦᠴᠦ᠍ ᠂ ᠬᠤᠳᠠ᠎ᠶ᠋ᠢᠨ ᠬᠦᠴᠢᠷᠳᠡᠯᠲᠡᠢ ᠬᠥᠮᠦᠰ ᠵᠡᠷᠭᠡ ᠭᠣᠣᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠬᠦᠴᠦᠯᠡᠨ ᠪᠠᠲᠤᠯᠠᠵᠤ ᠂ ᠬᠦᠴᠢᠷᠳᠡᠯᠲᠡᠢ ᠬᠥᠮᠦᠰ᠎ᠦᠨ ᠠᠵᠢᠯ ᠣᠯᠭᠣᠯᠲᠠ᠎ᠶ᠋ᠢ ᠪᠠᠲᠤᠯᠠᠨ ᠲᠡᠳᠬᠦᠬᠦ᠌᠎ᠶ᠋ᠢ ᠴᠢᠩᠭᠠᠳᠭᠠᠵᠤ ᠂ ᠨᠡᠩ ᠤᠯᠠᠨ ᠪᠠᠭ᠎ᠠ ᠣᠷᠣᠯᠭ᠎ᠠ᠎ᠲᠠᠶ ᠬᠥᠮᠦᠰ᠎ᠦᠨ ᠳᠤᠮᠳᠠ ᠵᠡᠷᠭᠡ᠎ᠶ᠋ᠢᠨ ᠣᠷᠣᠯᠭ᠎ᠠ᠎ᠶ᠋ᠢᠨ ᠡᠩᠨᠡᠭᠡᠨ᠎ᠳᠦ ᠣᠷᠣᠬᠤ᠎ᠶ᠋ᠢ ᠠᠬᠢᠭᠤᠯᠵᠤ ᠂ ᠬᠠᠮᠲᠤ᠎ᠪᠠᠷ  ᠪᠠᠶᠠᠵᠢᠬᠤ ᠬᠠᠷᠠᠯᠲᠠ ᠲᠡᠢᠰᠢ ᠯᠠᠪᠳᠠᠭᠤᠨ ᠪᠠᠲᠤᠲᠠᠢ ᠤᠷᠤᠭ᠍ᠰᠢᠯᠠᠬᠤ ᠬᠡᠷᠡᠭ᠌ᠲᠡᠢ᠃ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠢ ᠠᠵᠢᠯ ᠣᠯᠭᠣᠬᠤ ᠪᠦᠲᠦᠴᠡ᠎ᠶ᠋ᠢᠨ ᠴᠢᠨᠠᠷᠲᠠᠶ ᠵᠥᠷᠢᠴᠡᠯ᠎ᠢ  ᠰᠢᠢᠳᠪᠦᠷᠢᠯᠡᠬᠦ ᠴᠢᠬᠤᠯᠠ ᠠᠷᠭ᠎ᠠ ᠪᠠᠷᠢᠯ ᠪᠣᠯᠭᠠᠵᠤ ᠂ ᠨᠠᠰᠤᠨ ᠲᠤᠷᠱᠢᠳᠠ᠎ᠶ᠋ᠢᠨ ᠡᠷᠬᠢᠯᠡᠭ᠌ᠰᠡᠨ ᠠᠵᠢᠯ᠎ᠤᠨ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ᠎ᠤᠨ ᠳᠦᠷᠢᠮ᠎ᠢ ᠪᠦᠷᠢᠨᠱᠢᠭᠦᠯᠦᠨ ᠂ ᠬᠥᠳᠡᠯᠮᠦᠷᠢ ᠬᠦᠴᠦᠨ᠎ᠦ ᠱᠢᠯᠵᠢᠯᠲᠡ᠎ᠶ᠋ᠢᠨ ᠨᠡᠪᠲᠡᠷᠡᠬᠦ᠌ ᠵᠠᠮ᠎ᠢ ᠰᠠᠭᠠᠳ ᠦᠭᠡᠶ ᠨᠡᠪᠲᠡᠷᠡᠭᠦᠯᠵᠦ᠍ ᠂ ᠠᠵᠢᠯ ᠣᠯᠭᠣᠬᠤ ᠪᠦᠲᠦᠴᠡ᠎ᠶ᠋ᠢᠨ ᠴᠢᠨᠠᠷᠲᠠᠶ ᠵᠥᠷᠢᠴᠡᠯ᠎ᠢ ᠠᠷᠢᠯᠭᠠᠨ ᠂ ᠠᠵᠢᠯ ᠣᠯᠭᠣᠬᠤ ᠶᠠᠰᠤ ᠴᠢᠨᠠᠷ᠎ᠢ ᠴᠢᠷᠮᠠᠢᠨ ᠳᠡᠭᠡᠭ᠌ᠰᠢᠯᠡᠭᠦᠯᠦᠨ᠎ᠡ᠃ ᠲᠥᠪ ᠭᠣᠣᠯᠴᠢ ᠱᠢᠳᠤᠷᠭᠤ ᠶᠣᠰᠣᠨ᠎ᠤ ᠣᠢᠯᠠᠭᠠᠭ᠍ᠳᠠᠬᠤᠨ᠎ᠢ ᠪᠠᠲᠤ ᠪᠤᠢ ᠪᠣᠯᠭᠠᠵᠤ ᠂ ᠬᠥᠳᠡᠯᠮᠦᠷᠢᠴᠢᠳ᠎ᠦᠨ ᠡᠷᠬᠡ ᠲᠡᠭ᠌ᠰᠢ᠎ᠪᠡᠷ ᠠᠵᠢᠯ ᠤᠯᠬᠤ ᠡᠷᠬᠡ᠎ᠶ᠋ᠢ ᠭᠦᠢᠴᠡᠳ ᠪᠠᠲᠤᠯᠠᠵᠤ ᠂ ᠡᠷᠬᠡ ᠲᠡᠭ᠌ᠰᠢ᠎ᠪᠡᠷ ᠦᠷᠢᠰᠦᠯᠳᠦᠬᠦ᠌ ᠂ ᠵᠦᠢ ᠵᠣᠬᠢᠰᠲᠠᠢ ᠡᠮᠬᠢ ᠵᠢᠷᠤᠮ᠎ᠲᠠᠶ ᠠᠵᠢᠯ ᠣᠯᠭᠣᠯᠲᠠ᠎ᠶ᠋ᠢᠨ ᠣᠷᠴᠢᠨ ᠲᠣᠭᠣᠷᠢᠨ᠎ᠢ ᠲᠦᠷᠭᠡᠨ ᠪᠤᠢ ᠪᠣᠯᠭᠠᠨ᠎ᠠ᠃

ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠳᠡᠢ

ᠬᠠᠮᠲᠤ᠎ᠪᠠᠷ  ᠪᠠᠶᠠᠵᠢᠬᠤ ᠵᠢ ᠠᠬᠢᠭᠤᠯᠬᠤ ᠶᠠᠪᠤᠴᠠ᠎ᠳᠦ᠂ ᠨᠡᠢᠭᠡᠮ᠎ᠦᠨ ᠪᠠᠲᠤᠯᠠᠭ᠎ᠠ ᠪᠣᠯ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠂ ᠨᠡᠢᠭᠡᠮ᠎ᠦᠨ ᠲᠥᠪ ᠭᠣᠣᠯᠴᠢ᠎ᠶ᠋ᠢ ᠬᠠᠮᠠᠭᠠᠯᠠᠬᠤ ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌ ᠦᠨᠳᠦᠰᠦᠨ ᠲᠦᠷᠢᠮ᠎ᠦᠨ ᠪᠠᠲᠤᠯᠠᠭ᠎ᠠ ᠪᠣᠯᠤᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ  ᠨᠠᠭᠠᠰᠢ᠂ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ ᠂ ᠮᠠᠨ᠎ᠤ ᠤᠯᠤᠰ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ᠎ᠲᠠᠶ ᠂ ᠳᠡᠯᠡᠬᠡᠶ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠢ ᠴᠣᠭ᠍ᠴᠠᠯᠠᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ᠃ ᠱᠢᠨ᠎ᠡ ᠠᠶᠠᠨ ᠵᠠᠮ᠎ᠳᠤ ᠂ ᠨᠡᠢᠭᠡᠮ᠎ᠦᠨ ᠪᠠᠲᠤᠯᠠᠭ᠎ᠠ᠎ᠶ᠋ᠢᠨ ᠲᠠᠬᠢᠨ ᠬᠤᠪᠢᠶᠠᠷᠢᠯᠠᠯᠲᠠ᠎ᠶ᠋ᠢᠨ ᠴᠢᠳᠠᠮᠵᠢ ᠪᠣᠯᠤᠨ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠢ ᠪᠠᠲᠤᠯᠠᠬᠤ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ ᠂ ᠪᠦᠬᠦ᠌ ᠠᠷᠠᠳ ᠲᠦᠮᠡᠨ᠎ᠦ ᠬᠠᠮᠲᠤ᠎ᠪᠠᠷ  ᠪᠠᠶᠠᠵᠢᠬᠤ ᠵᠢ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠬᠤ ᠬᠡᠷᠡᠭ᠌ᠲᠡᠢ᠃

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠨᠡᠢᠭᠡᠮ᠎ᠦᠨ ᠪᠠᠲᠤᠯᠠᠭ᠎ᠠ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ ᠂ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠱᠠᠭᠠᠷᠳᠠᠯᠭ᠎ᠠ ᠳᠤᠷᠠᠳᠴᠤ᠌ ᠂ ᠪᠦᠬᠦ᠌ ᠠᠷᠠᠳ᠎ᠢ ᠬᠠᠮᠤᠷᠴᠤ ᠂ ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠦᠭ᠌ᠰᠡᠨ ᠂ ᠲᠥᠪ ᠭᠣᠣᠯᠴᠢ ᠨᠢᠭᠡᠳᠦᠯᠲᠡᠢ ᠂ ᠠᠮᠤᠷ ᠲᠦᠪᠱᠢᠨ ᠵᠢᠷᠤᠮᠵᠢᠯ᠎ᠲᠠᠶ ᠂ ᠦᠷᠭᠦᠯᠵᠢᠯᠡᠬᠦ᠌ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠡᠨᠡ ᠪᠣᠯ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠦᠨ ᠲᠤᠰ ᠪᠡᠶ᠎ᠡ᠎ᠶ᠋ᠢᠨ ᠬᠥᠭ᠌ᠵᠢᠨ ᠲᠡᠭᠦᠯᠳᠡᠷᠵᠢᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ᠌ ᠠᠷᠠᠳ ᠤᠯᠠᠨ᠎ᠤ ᠤᠯᠠᠨ ᠲᠡᠰ ᠳᠠᠪᠬᠤᠷᠭ᠎ᠠ᠎ᠶ᠋ᠢᠨ ᠤᠯᠠᠨ ᠶᠠᠩᠵᠤᠴᠢᠯᠠᠭ᠍ᠰᠠᠨ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠬᠠᠩᠭᠠᠬᠤ᠎ᠶ᠋ᠢᠨ ᠲᠥᠪᠯᠡᠷᠡᠩᠭᠦᠢ ᠢᠯᠡᠷᠡᠯ ᠮᠥᠨ᠃ 《ᠪᠥᠬᠥ᠌ ᠠᠷᠠᠳ᠎ᠢ ᠬᠠᠮᠤᠷᠴᠤ᠌᠂ ᠬᠣᠲᠠ ᠬᠥᠳᠡᠭᠡ᠎ᠶ᠋ᠢ ᠨᠢᠭᠡᠳᠦᠯᠲᠡᠶ ᠲᠥᠯᠥᠪᠯᠡᠬᠦ᠌》 ᠨᠢ ᠨᠡᠢᠭᠡᠮ᠎ᠦᠨ ᠪᠠᠲᠤᠯᠠᠭ᠎ᠠ᠎ᠶ᠋ᠢᠨ ᠲᠦᠭᠡᠮᠡᠯ ᠬᠠᠷᠠᠭᠠᠯᠵᠠᠯ᠎ᠤᠨ ᠴᠢᠨᠠᠷ᠎ᠢ ᠭᠦᠶ᠋ᠴᠡᠳ ᠢᠯᠡᠷᠡᠭᠦᠯᠵᠦ᠍᠂ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠨᠢ ᠰᠠᠢᠲᠤᠷ ᠪᠠᠳᠠᠷᠠᠭᠤᠯᠬᠤ᠎ᠶ᠋ᠢ ᠱᠠᠭᠠᠷᠳᠠᠭ᠍ᠰᠠᠨ ᠰᠠᠭᠤᠷᠢᠨ ᠳᠡᠭᠡᠷ᠎ᠡ ᠬᠣᠲᠠ ᠬᠥᠳᠡᠭᠡ᠎ᠶ᠋ᠢᠨ ᠵᠥᠷᠢᠶ᠎ᠡ᠎ᠶ᠋ᠢ ᠪᠠᠭᠠᠰᠭᠠᠵᠤ ᠂ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠣᠬᠢᠷᠠᠭᠣᠯᠣᠬ᠍ᠴᠢ ᠪᠣᠯᠤᠭ᠍ᠰᠠᠨ᠎ᠤ ᠬᠤᠪᠢ᠎ᠳᠤ᠂ ᠨᠡᠢᠭᠡᠮ᠎ᠦᠨ ᠪᠠᠲᠤᠯᠠᠭ᠎ᠠ ᠨᠢ 《ᠭᠣᠣᠯᠴᠢ ᠪᠥᠭᠡᠳ ᠨᠢᠭᠡᠳᠦᠯᠲᠡᠢ》 ᠪᠠᠢᠬᠤ᠎ᠶ᠋ᠢ ᠭᠦᠢᠴᠡᠳ ᠢᠯᠡᠷᠡᠭᠦᠯᠵᠦ᠍ ᠂ ᠨᠡᠢᠭᠡᠮ᠎ᠦᠨ ᠦᠷ᠎ᠡ ᠪᠦᠲᠦᠭᠡᠯ᠎ᠢ ᠠᠷᠠᠳ ᠨᠡᠢᠲᠡ᠎ᠪᠡᠷ᠎ᠢᠶᠡᠨ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠪᠠᠶᠠᠵᠢᠬᠤ ᠪᠠᠢᠭᠤᠯᠤᠯ᠎ᠤᠨ ᠱᠢᠰᠲ᠋ᠧᠮ᠎ᠢ ᠲᠦᠷᠭᠡᠯᠡᠨ ᠪᠠᠢᠭᠤᠯᠵᠤ ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠦᠴᠦᠲᠡᠢ ᠬᠠᠮᠠᠭᠠᠯᠠᠬᠤ ᠬᠡᠷᠡᠭ᠌ᠲᠡᠢ᠃

ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠳᠡᠢ

ᠡᠷᠡᠭᠦᠯ ᠮᠡᠨᠳᠦ ᠪᠣᠯ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠰᠠᠭᠤᠷᠢ ᠨᠥᠬᠥᠴᠡᠯ ᠮᠥᠨ᠂ ᠦᠨᠳᠦᠰᠦᠲᠡᠨ᠎ᠦ ᠬᠥᠭ᠌ᠵᠢᠯ ᠪᠠᠳᠠᠷᠠᠯ ᠪᠠ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ᠎ᠦᠨ ᠴᠢᠬᠤᠯᠠ ᠪᠡᠯᠭᠡ ᠲᠡᠮᠳᠡᠭ ᠮᠥᠨ ᠂ ᠪᠠᠰᠠ ᠴᠤ᠌ ᠥᠷᠭᠡᠨ ᠤᠯᠠᠨ ᠠᠷᠠᠳ ᠲᠦᠮᠡᠨ᠎ᠦ ᠬᠠᠮᠲᠤ᠎ᠶ᠋ᠢᠨ ᠬᠥᠭᠡᠭᠡᠴᠡᠯᠳᠦᠯ ᠮᠥᠨ᠃ ᠣᠳᠣᠬᠢᠴᠢᠯᠠᠯᠲᠠ᠎ᠶ᠋ᠢᠨ ᠬᠠᠮᠤᠭ᠎ᠤᠨ ᠴᠢᠬᠤᠯᠠ ᠭᠦᠢᠴᠡᠳᠭᠡᠯ ᠲᠣᠭ᠎ᠠ ᠪᠣᠯ ᠬᠠᠱᠢᠯᠠ ᠠᠷᠠᠳ ᠲᠦᠮᠡᠨ᠎ᠦ ᠡᠷᠡᠭᠦᠯ ᠮᠡᠨᠳᠦ ᠪᠠᠢᠬᠤ ᠶᠠᠪᠤᠳᠠᠯ ᠪᠣᠯᠤᠨ᠎ᠠ ᠂ ᠡᠨᠡ ᠪᠣᠯ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠰᠠᠭᠤᠷᠢ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠳᠤ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠵᠦ᠍ ᠂ 《ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠨ᠎ᠳᠤ ᠲᠠᠯᠪᠢᠵᠤ ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠠᠬᠢᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠦᠨ᠎ᠡ》 ᠭᠡᠵᠦ᠍ ᠳᠤᠷᠠᠳᠴᠠᠢ᠃

ᠠᠷᠠᠳ ᠲᠦᠮᠡᠨ᠎ᠦ ᠡᠷᠡᠭᠦᠯ ᠮᠡᠨᠳᠦ ᠪᠣᠯ ᠨᠢᠭᠡ ᠵᠦᠢᠯ᠎ᠦᠨ ᠱᠢᠰᠲ᠋ᠧᠮᠲᠦ ᠠᠵᠢᠯ ᠪᠣᠯᠤᠨ᠎ᠠ ᠂ ᠡᠪᠡᠳᠴᠢᠨ ᠵᠠᠰᠠᠬᠤ᠎ᠪᠠᠷ ᠭᠣᠣᠯ ᠪᠣᠯᠭᠠᠵᠤ ᠪᠠᠢᠭ᠍ᠰᠠᠨ᠎ᠠᠴᠠ ᠠᠷᠠᠳ ᠲᠦᠮᠡᠨ᠎ᠦ ᠡᠷᠡᠭᠦᠯ ᠮᠡᠨᠳᠦ᠍᠎ᠪᠡᠷ ᠭᠣᠣᠯ ᠪᠣᠯᠭᠠᠬᠤ ᠲᠡᠢᠰᠢ ᠬᠤᠪᠢᠷᠠᠬᠤ᠎ᠶ᠋ᠢ ᠠᠬᠢᠭᠤᠯᠬᠤ᠎ᠳᠤ ᠤᠷᠢᠳᠴᠢᠯᠠᠨ ᠰᠡᠷᠭᠡᠢᠯᠡᠬᠦ᠌ ᠂ ᠡᠮᠨᠡᠨ ᠵᠠᠰᠠᠬᠤ ᠂ ᠡᠷᠡᠭᠦᠯᠵᠢᠭᠦᠯᠬᠦ᠌ ᠂ ᠡᠷᠡᠭᠦᠯ ᠮᠡᠨᠳᠦ᠍᠎ᠶ᠋ᠢ ᠠᠬᠢᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠴᠢᠬᠤᠯᠠᠲᠠᠢ᠃ ᠠᠷᠠᠳ ᠣᠯᠠᠨ᠎ᠤ ᠠᠮᠢ ᠨᠠᠰᠤᠨ᠎ᠤ ᠶᠠᠰᠤ ᠴᠢᠨᠠᠷ ᠪᠣᠯᠤᠨ ᠡᠷᠡᠭᠦᠯ ᠮᠡᠨᠳᠦ᠍᠎ᠶ᠋ᠢᠨ ᠠᠮᠤᠷ ᠲᠦᠪᠱᠢᠨ᠎ᠦ ᠲᠤᠬᠠᠶ ᠱᠢᠨ᠎ᠡ ᠬᠡᠷᠡᠭ᠌ᠴᠡᠭᠡ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠵᠤ ᠂ ᠠᠷᠠᠳ ᠲᠦᠮᠡᠨ᠎ᠦ ᠬᠠᠮᠤᠭ᠎ᠠᠴᠠ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠶ ᠡᠷᠡᠭᠦᠯ ᠮᠡᠨᠳᠦ᠍᠎ᠶ᠋ᠢᠨ ᠠᠰᠠᠭᠤᠳᠠᠯ᠎ᠠᠴᠠ ᠡᠭᠦᠰᠴᠦ᠍ ᠂ ᠪᠥᠬᠥ᠌ ᠦᠶᠡᠯᠡᠯ᠎ᠦᠨ ᠬᠤᠭᠤᠴᠠᠭᠠᠨ᠎ᠳᠤ ᠪᠥᠬᠥ᠌ ᠬᠥᠮᠦᠰ᠎ᠦᠨ ᠡᠷᠡᠭᠦᠯ ᠡᠩᠬᠡ ᠳᠤᠮᠳᠠᠳᠤ ᠤᠯᠤᠰ᠎ᠤᠨ ᠠᠵᠢᠯᠯᠠᠭ᠎ᠠ᠎ᠶ᠋ᠢ ᠭᠦᠨᠵᠡᠭᠡᠶ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠵᠦ᠍ ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡᠨ᠎ᠦ ᠲᠡᠩᠴᠡᠭᠦᠷᠢᠲᠦ ᠴᠢᠨᠠᠷ ᠪᠣᠯᠤᠨ ᠪᠣᠯᠤᠮᠵᠢᠲᠤ ᠴᠢᠨᠠᠷ᠎ᠢ ᠴᠢᠩᠭᠠᠳᠭᠠᠵᠤ ᠂ ᠪᠥᠬᠥ᠌ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠪᠠᠢᠳᠠᠯ᠎ᠢ ᠦᠷᠭᠦᠯᠵᠢᠯᠡᠨ ᠰᠠᠢᠵᠢᠷᠠᠭᠤᠯᠬᠤ᠂ ᠡᠷᠡᠭᠦᠯ ᠮᠡᠨᠳᠦ᠍᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠦᠷᠭᠦᠯᠵᠢᠯᠡᠨ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠵᠤ ᠂ ᠡᠷᠡᠭᠦᠯ ᠮᠡᠨᠳᠦ᠍᠎ᠶ᠋ᠢ ᠤᠯᠤᠰ᠎ᠤᠨ ᠬᠥᠭ᠌ᠵᠢᠯᠲᠡ᠎ᠶ᠋ᠢᠨ ᠲᠤᠯᠭᠠᠭᠤᠷᠢᠯᠠᠯ᠂ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠳᠡᠪᠢᠰᠭᠡᠷ ᠥᠩᠭᠡ ᠪᠣᠯᠭᠠᠬᠤ ᠬᠡᠷᠡᠭ᠌ᠲᠡᠶ᠃

(ᠵᠣᠬᠢᠶᠠᠭ᠍ᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠬᠤ ᠲᠠᠰᠤᠭ᠎ᠤᠨ ᠨᠡᠢᠭᠡᠮ᠎ᠦᠨ ᠬᠥᠭ᠌ᠵᠢᠯᠲᠡ᠎ᠶ᠋ᠢᠨ ᠰᠤᠳᠤᠯᠬᠤ ᠭᠠᠵᠠᠷ᠎ᠤᠨ ᠳᠠᠷᠤᠭ᠎ᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号