ᠥᠪᠡᠷᠲᠡᠭᠡᠨ ᠵᠠᠰᠠᠬᠤ ᠣᠷᠣᠨ᠎ᠤ 《 ᠣᠨᠣᠯ᠎ᠤᠨ ᠰᠤᠷᠤᠯᠴᠠᠯᠭ᠎ᠠ᠎ᠶ᠋ᠢᠨ ᠬᠥᠩᠭᠡᠨ ᠮᠣᠷᠢᠲᠤ ᠴᠡᠷᠢᠭ 》᠎ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠬᠠᠳᠠ ᠬᠣᠲᠠ᠎ᠳᠤ ᠤᠬᠠᠭᠤᠯᠤᠨ ᠲᠠᠢᠯᠪᠤᠷᠢᠯᠠᠪᠠ
2023-01-07 18:20:48
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 3 ᠡᠴᠡ 4 ᠎ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠬᠡᠨ ᠮᠣᠷᠢᠲᠤ ᠴᠡᠷᠢᠭ》 ᠎ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠯᠠᠭᠠᠨᠬᠠᠳᠠ᠎ᠶ᠋ᠢᠨ ᠰᠠᠯᠪᠤᠷᠢ ᠠᠩᠬᠢ ᠤᠯᠠᠭᠠᠨᠬᠠᠳᠠ ᠬᠤᠳᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠳᠤ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠰᠦᠩᠱᠠᠨ ᠲᠣᠭᠣᠷᠢᠭ᠎ᠤᠨ ᠳ᠋ᠠᠮᠢᠶᠣᠣ ᠪᠠᠯᠭᠠᠰᠤᠨ᠎ᠤ ᠱᠢᠶᠤᠤ ᠮᠢᠶᠣᠣ ᠽᠢ ᠲᠣᠰᠭᠣᠨ ᠪᠣᠯᠤᠨ ᠠᠤᠬᠠᠨ ᠬᠣᠱᠢᠭᠤᠨ᠎ᠤ ᠤᠷᠤᠢ᠎ᠶ᠋ᠢᠨ ᠰᠦᠮ᠎ᠡ ᠰᠤᠮᠤᠨ᠎ᠤ ᠬᠠᠪᠢᠷᠭ᠎ᠠ ᠭᠠᠴᠠᠭᠠᠨ᠎ᠳᠤ ᠰᠦᠩᠱᠠᠨ ᠲᠣᠭᠣᠷᠢᠭ᠎ᠤᠨ ᠳ᠋ᠠᠮᠢᠶᠣᠣ ᠪᠠᠯᠭᠠᠰᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠱᠢᠶᠤᠤ ᠮᠢᠶᠣᠣ ᠽᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠵᠣᠣ ᠬᠤᠶ ᠵᠢᠶᠧ᠂ ᠠᠷᠤ ᠬᠣᠷᠴᠢᠨ ᠬᠣᠱᠢᠭᠤᠨ᠎ᠤ ᠰᠢᠶᠠᠨᠹᠸᠩ ᠱᠢᠶᠠᠩ᠎ᠤᠨ ᠳᠡᠳ᠋ ᠳᠠᠷᠤᠭ᠎ᠠ ᠯᠢᠨ ᠪᠦᠦ ᠰᠸᠨ ᠵᠡᠷᠭᠡ 2 ᠰᠠᠯᠪᠤᠷᠢ ᠠᠩᠭᠢ ᠵᠢᠨ  ᠭᠡᠰᠢᠭᠦᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ  ᠪᠦᠬᠦ᠌ ᠲᠠᠯ᠎ᠠ ᠎ᠪᠠᠷ ᠠᠬᠢᠭᠤᠯᠬᠤ᠂ ᠲᠠᠷᠢᠶᠠᠯᠠᠩ ᠬᠥᠳᠡᠭᠡ ᠲᠣᠰᠭᠣᠨ᠎ᠢ ᠤᠷᠢᠳ ᠵᠢᠡᠷ ᠬᠥᠭ᠌ᠵᠢᠭᠦᠯᠬᠦ᠌᠎ᠶ᠋ᠢ ᠪᠠᠷᠢᠮᠲᠠᠯᠠᠬᠤ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠬᠤ᠂ ᠬᠥᠳᠡᠭᠡ ᠲᠣᠰᠭᠣᠨ᠎ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢᠭᠤᠯᠤᠯᠲᠠ᠎ᠶ᠋ᠢ ᠬᠥᠭ᠌ᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠠᠭᠤᠯᠭ᠎ᠠ ᠵᠢᠨ ᠲᠤᠭᠤᠷᠢᠨ ᠳ᠋ᠤ ᠲᠤᠬᠠᠢ᠎ᠶ᠋ᠢᠨ ᠲᠠᠯᠠᠪᠠᠢ᠎ᠶ᠋ᠢᠨ ᠺᠠᠳ᠋ᠷ ᠤᠯᠠᠨ ᠲᠦᠮᠡᠨ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠡᠰᠢᠭᠦᠳ ᠨᠠᠮ᠎ᠤᠨ ᠤᠨᠤᠯ᠎ᠤᠨ ᠱᠢᠨ᠎ᠡ᠎ᠶ᠋ᠢ ᠡᠭᠦᠳᠬᠦ᠌᠎ᠶ᠋ᠢ 《ᠠᠷᠠᠳ᠎ᠤᠨ ᠶᠠᠷᠢᠶ᠎ᠠ》 ᠪᠣᠯᠭᠠᠨ ᠬᠤᠪᠢᠷᠠᠭᠤᠯᠵᠤ᠂ ᠤᠬᠠᠭᠤᠯᠤᠨ ᠲᠠᠢᠯᠪᠤᠷᠢᠯᠠᠯᠲᠠ ᠨᠢ ᠵᠦᠪ ᠤᠢᠯᠠᠭᠠᠮᠵᠢᠲᠠᠢ᠂ ᠦᠭᠡ ᠬᠡᠯᠡ ᠨᠢ ᠠᠮᠢᠳᠤᠯᠢᠭ ᠳᠦᠷᠰᠦᠯᠢᠭ᠂ ᠠᠭᠤᠯᠭ᠎ᠠ ᠨᠢ ᠪᠠᠶᠠᠯᠢᠭ ᠪᠤᠲᠠᠲᠠᠢ ᠪᠠᠢᠵᠤ᠂ ᠤᠯᠠᠨ ᠵᠢᠡᠷ ᠵᠢᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠨᠡᠪᠲᠡᠷᠬᠡᠢ ᠣᠢᠯᠠᠭᠠᠵᠤ᠂ ᠰᠡᠳᠭᠢᠴᠡ᠎ᠨᠢ ᠨᠡᠩ ᠲᠣᠳᠣᠷᠬᠠᠢ ᠪᠣᠯᠤᠭᠰᠠᠨ ᠪᠦᠭᠡᠳ ᠪᠦᠯᠬᠦᠮᠳᠡᠨ ᠲᠡᠮᠡᠴᠡᠬᠦ᠂ ᠠᠵᠢᠯ ᠬᠢᠵᠦ᠍ ᠦᠢᠯᠡᠰ ᠪᠤᠰᠭᠠᠬᠤ ᠤᠷᠮ᠎ᠠ ᠵᠤᠷᠢᠬ ᠬᠦᠪᠴᠢᠯᠡᠭᠳᠡᠵᠡᠢ᠃

ᠠᠤᠬᠠᠨ ᠬᠣᠱᠢᠭᠤᠨ᠎ᠤ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠯᠢᠦ ᠵᠢᠶᠠᠨ ᠴᠠᠩ ᠤᠬᠠᠭᠤᠯᠤᠨ ᠲᠠᠢᠯᠪᠤᠷᠢᠯᠠᠯᠲᠠ ᠵᠢ ᠰᠤᠨᠤᠰᠤᠭᠠᠳ᠄《ᠪᠢᠳᠡ ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠩᠬᠢᠮ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠎ᠳᠦ ᠲᠦᠱᠢᠭ᠌ᠯᠡᠨ᠂ ᠤᠬᠠᠭᠤᠯᠤᠨ ᠲᠠᠢᠯᠪᠤᠷᠢᠯᠠᠯᠳᠠ᠎ᠶ᠋ᠢ ᠥᠷᠭᠡᠨ᠎ᠢᠶᠡᠷ ᠥᠷᠨᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠵᠦ᠍᠂ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠤᠨ᠎ᠠ》 ᠭᠡᠵᠦ᠍ ᠬᠡᠯᠡᠪᠡ᠃

ᠱᠢᠶᠤᠤ ᠮᠢᠶᠣᠣ ᠽᠢ ᠲᠣᠰᠭᠣᠨ᠎ᠤ ᠠᠷᠠᠳ᠎ᠤᠨ ᠵᠥᠪᠯᠡᠯ᠎ᠦᠨ ᠳᠡᠳ᠋ ᠡᠷᠬᠢᠯᠡᠭ᠌ᠴᠢ ᠦ᠋ ᠹᠸᠩ ᠱᠠᠨ᠄ 《ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ᠂ ᠢᠯᠠᠩᠭᠤᠶ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠡᠬᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠬᠠᠢ ᠴᠢᠬᠤᠯᠠ ᠪᠠᠢᠷᠢᠯᠠᠭᠤᠯᠤᠯᠲᠠ᠎ᠶ᠋ᠢ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ᠂ ᠥᠷᠭᠡᠨ ᠤᠯᠠᠨ ᠲᠣᠰᠭᠣᠨ᠎ᠤ ᠠᠷᠠᠳ᠎ᠲᠠᠶ ᠬᠠᠮᠲᠤ ᠬᠠᠨᠴᠤᠢ ᠱᠢᠮᠠᠯᠠᠨ ᠴᠢᠷᠮᠠᠢᠨ ᠠᠵᠢᠯᠯᠠᠵᠤ᠂ ᠣᠳᠣᠬᠢᠴᠢᠯᠠᠭ᠍ᠰᠠᠨ ᠬᠥᠳᠡᠭᠡ ᠲᠣᠰᠭᠣᠨ᠎ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠴᠢᠷᠮᠠᠢᠨ ᠲᠡᠮᠡᠴᠡᠨ᠎ᠡ》 ᠭᠡᠵᠦ ᠬᠡᠯᠡᠪᠡ᠃

《ᠥᠨᠥᠳᠦᠷ᠎ᠦᠨ ᠤᠬᠠᠭᠤᠯᠤᠨ ᠲᠠᠢᠯᠪᠤᠷᠢᠯᠠᠯᠲᠠ ᠵᠢ ᠰᠤᠨᠤᠰᠤᠭᠠᠳ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠨᠡᠩ ᠭᠦᠨᠵᠡᠭᠡᠢ ᠣᠢᠯᠠᠭᠠᠯᠲᠠ ᠲᠠᠨᠢᠯᠲᠠ᠎ᠲᠠᠶ ᠪᠣᠯᠵᠠᠢ》 ᠭᠡᠵᠦ ᠤᠷᠤᠢ᠎ᠶ᠋ᠢᠨ ᠰᠦᠮ᠎ᠡ ᠰᠤᠮᠤᠨ᠎ᠤ ᠳᠠᠷᠤᠭ᠎ᠠ ᠰᠥᠩ ᠸᠸᠨ ᠬᠤᠸᠠ ᠢᠯᠡᠷᠬᠡᠢᠯᠡᠭᠰᠡᠨ ᠪᠦᠭᠡᠳ ᠦᠨᠳᠦᠰᠦᠨ ᠱᠠᠲᠤᠨ᠎ᠤ ᠮᠠᠯᠵᠢᠬᠤ ᠣᠷᠣᠨ᠎ᠤ ᠨᠠᠮ᠎ᠤᠨ ᠭᠡᠱᠢᠭᠦᠨ ᠺᠠᠳ᠋ᠷ ᠪᠤᠯᠤᠬᠰᠠᠨ ᠬᠤᠪᠢ᠎ᠳᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠵᠢ ᠰᠠᠢᠲᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠠᠵᠠ ᠲᠣᠬᠢᠶᠠᠯ᠎ᠢ ᠠᠮᠵᠢᠨ ᠱᠢᠷᠭᠠᠭᠤ ᠠᠵᠢᠯᠯᠠᠵᠤ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠶᠡᠷᠦᠩᠬᠡᠢ ᠬᠠᠷᠠᠯᠲᠠ᠎ᠶ᠋ᠢ ᠪᠠᠲᠤ ᠡᠵᠡᠮᠳᠡᠵᠦ᠍᠂ ᠰᠤᠮᠤᠨ᠎ᠤ ᠪᠠᠨ ᠡᠯ᠎ᠡ ᠵᠦᠢᠯ᠎ᠦᠨ ᠠᠵᠢᠯ ᠦᠢᠯᠡᠰ᠎ᠦᠨ ᠲᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠴᠢᠷᠮᠠᠢᠨ ᠠᠬᠢᠭᠤᠯᠤᠨ᠎ᠠ ᠭᠡᠵᠦ ᠢᠯᠡᠷᠬᠡᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠠᠨᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号