ᠥᠪᠡᠷᠲᠡᠭᠡᠨ ᠵᠠᠰᠠᠬᠤ ᠣᠷᠣᠨ᠎ᠤ 《ᠣᠨᠣᠯ ᠤ᠋ᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ 》 ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ ᠤᠯᠠᠭᠠᠨᠴᠠᠪ ᠬᠣᠲᠠ᠎ᠳᠤ ᠤᠬᠠᠭᠤᠯᠤᠨ ᠲᠠᠢᠯᠪᠤᠷᠢᠯᠠᠪᠠ
2023-01-08 13:16:26
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 5᠎ᠤ ᠡᠳᠦᠷ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》᠎ᠤ᠋ᠨ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠯᠠᠭᠠᠨᠴᠠᠪ᠎ᠤᠨ ᠪᠠᠭ᠎ᠠ ᠰᠠᠯᠪᠤᠷᠢ ᠠᠩᠭᠢ ᠤᠯᠠᠭᠠᠨᠴᠠᠪ ᠬᠤᠳᠠ᠎ᠶ᠋ᠢᠨ ᠮᠠᠯᠵᠢᠬᠤ ᠲᠠᠷᠢᠶᠠᠯᠠᠬᠤ ᠣᠷᠣᠨ᠎ᠳᠤ ᠬᠦᠷᠴᠦ᠍᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃

ᠳᠥᠷᠪᠡᠳ ᠬᠣᠱᠢᠭᠤᠨ᠎ᠤ ᠤᠯᠠᠭᠠᠨᠬᠤᠸᠠ ᠪᠠᠯᠭᠠᠰᠤᠨ᠎ᠤ ᠤᠯᠠᠭᠠᠨ ᠵᠠᠮ ᠨᠡᠢᠭᠡᠮ ᠲᠣᠭᠣᠷᠢᠭ ᠪᠣᠯᠤᠨ ᠴᠠᠭᠠᠨᠪᠤᠯᠠᠭ ᠰᠤᠮᠤᠨ ᠤ᠋ ᠬᠡᠷᠡᠯᠳᠤᠶᠠᠭ᠎ᠠ ᠭᠠᠴᠠᠭ᠎ᠠ᠎ᠳᠤ᠂ ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠬᠢᠴᠢᠶᠡᠯ ᠬᠥᠮᠦᠵᠢᠯ᠎ᠦᠨ ᠰᠠᠯᠠᠭᠠᠨ᠎ᠤ ᠳᠡᠳ᠋ ᠡᠷᠬᠢᠯᠡᠭ᠌ᠴᠢ ᠠᠨ ᠱᠤᠤ ᠲᠢᠩ᠂ ᠱᠠᠩᠳᠤ ᠱᠢᠶᠠᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠵᠢᠭᠠᠬᠤ ᠵᠢ ᠰᠤᠳᠤᠯᠬᠤ ᠲᠠᠰᠤᠭ᠎ᠤᠨ ᠡᠷᠬᠢᠯᠡᠭ᠌ᠴᠢ ᠾᠧᠦ ᠱᠤ᠌ ᠵᠧᠨ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠦᠭᠡᠪᠦᠷ ᠪᠠᠯᠭᠠᠰᠤᠨ᠎ᠤ ᠤᠬᠠᠭᠤᠯᠬᠤ ᠭᠡᠱᠢᠭᠦᠨ ᠯᠢ ᠬᠠᠢ ᠯᠦ᠍ ᠵᠡᠷᠭᠡ 3 ᠪᠠᠭ᠎ᠠ ᠰᠠᠯᠪᠤᠷᠢ ᠠᠩᠬᠢ᠎ᠶ᠋ᠢᠨ ᠬᠡᠰᠢᠬᠦᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠬᠡᠷᠬᠢᠨ ᠪᠡᠶᠡᠯᠡᠭᠦᠯᠬᠦ᠌᠂ ᠬᠠᠮᠲᠤ᠎ᠪᠠᠷ ᠪᠠᠶᠠᠵᠢᠬᠤ᠌ ᠵᠡᠷᠭᠡ ᠤᠯᠠᠨ ᠲᠦᠮᠡᠨ᠎ᠦ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ᠂ ᠵᠣᠭᠣᠭ ᠳᠡᠯᠭᠡᠬᠦ᠌ ᠬᠡᠯᠪᠡᠷᠢ᠂ ᠲᠦᠬᠦᠮ ᠣᠢᠯᠠᠭᠠᠮᠵᠢᠲᠠᠢ ᠦᠭᠡ᠎ᠪᠡᠷ ᠲᠤᠬᠠᠢ᠎ᠶ᠋ᠢᠨ ᠲᠠᠯᠠᠪᠠᠢ᠎ᠶ᠋ᠢᠨ ᠺᠠᠳ᠋ᠷ ᠤᠯᠠᠨ ᠲᠦᠮᠡᠨ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠡᠬᠤ ᠠᠬᠤᠢ ᠲᠠᠯᠠᠪᠠᠢ᠎ᠶ᠋ᠢᠨ ᠠᠭᠤᠷ ᠠᠮᠢᠰᠭᠤᠯ ᠮᠠᠰᠢ ᠬᠦᠷ ᠬᠥᠭ᠌ᠵᠢᠶᠡᠨ᠎ᠲᠡᠢ ᠪᠠᠢᠵᠤ᠂ ᠺᠠᠳ᠋ᠷ ᠤᠯᠠᠨ ᠲᠦᠮᠡᠨ ᠤᠬᠠᠭᠤᠯᠤᠨ ᠲᠠᠢᠯᠪᠤᠷᠢᠯᠠᠯᠲᠠ ᠵᠢ ᠰᠤᠨᠤᠰᠤᠭᠠᠳ ᠭᠦᠨᠵᠡᠭᠡᠢ ᠰᠡᠩᠬᠡᠷᠡᠭᠦᠯᠦᠯ ᠣᠯᠵᠤ᠂ ᠶᠡᠬᠡᠳᠡ ᠵᠣᠷᠢᠭ᠍ᠵᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭᠠᠨ᠎ᠤ ᠲᠤᠬᠠᠢ ᠣᠢᠯᠠᠭᠠᠯᠲᠠ᠎ᠴᠢᠨᠠᠬᠰᠢᠳᠠ ᠭᠦᠨᠵᠡᠭᠡᠢᠷᠡᠵᠠᠢ ᠭᠡᠵᠦ᠍ ᠢᠯᠡᠷᠬᠡᠢᠯᠡᠵᠡᠭᠡᠪᠡ᠃

ᠳᠥᠷᠪᠡᠳ ᠬᠣᠱᠢᠭᠤᠨ᠎ᠤ ᠤᠯᠠᠭᠠᠨᠬᠤᠸᠠ ᠪᠠᠯᠭᠠᠰᠤᠨ᠎ᠤ ᠤᠯᠠᠭᠠᠨ ᠵᠠᠮ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠾᠧ ᠱᠢᠤ ᠶᠢᠩ᠄ 《ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠪᠢ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠤᠯᠠᠨ ᠲᠦᠮᠡᠨ᠎ᠲᠡᠶ ᠪᠠᠨ ᠬᠠᠮᠲᠤ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠢᠭᠡᠮ ᠲᠣᠭᠣᠷᠢᠭ᠎ᠤᠨ ᠡᠯ᠎ᠡ ᠵᠦᠢᠯ᠎ᠦᠨ ᠠᠵᠢᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠨᠠᠮ᠎ᠤᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠬᠤ᠂ ᠠᠷᠠᠳ ᠲᠦᠮᠡᠨ᠎ᠢᠶᠡᠷ ᠭᠤᠤᠯ ᠪᠣᠯᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠳᠤ ᠨᠠᠩ ᠣᠯᠠᠨ ᠠᠱᠢᠭ ᠬᠦᠷᠲᠡᠭᠡᠬᠦ᠌᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠵᠤ᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠲᠠᠶ ᠤᠶᠠᠯᠳᠤᠭᠤᠯᠤᠨ᠂ ᠣᠯᠠᠨ ᠬᠡᠯᠪᠡᠷᠢ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠥᠷᠨᠢᠭᠦᠯᠵᠦ᠍᠂ ᠪᠠᠭᠤᠷᠠᠢᠴᠤᠤᠯ᠎ᠤᠨ ᠬᠦᠴᠢᠷᠳᠡᠯ᠎ᠢ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠨᠡᠢᠭᠡᠮ ᠲᠣᠭᠣᠷᠢᠭ᠎ᠤᠨ ᠣᠯᠠᠨ ᠲᠦᠮᠡᠨ᠎ᠳᠦ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌ ᠦᠶ᠋ᠯᠡᠴᠢᠯᠡᠭᠡ ᠬᠠᠩᠭᠠᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠎ᠢ ᠳᠡᠭᠡᠭ᠌ᠰᠢᠯᠡᠭᠦᠯᠵᠦ᠍᠂ ᠨᠡᠢᠭᠡᠮ ᠲᠣᠭᠣᠷᠢᠭ᠎ᠤᠨ ᠣᠯᠠᠨ ᠲᠦᠮᠡᠨ᠎ᠳᠦ ᠠᠱᠢᠭ ᠬᠦᠷᠲᠡᠭᠡᠨ᠎ᠠ》 ᠬᠡᠵᠦ ᠬᠡᠯᠡᠪᠠ᠃

ᠤᠯᠠᠭᠠᠨᠬᠤᠸᠠ ᠪᠠᠯᠭᠠᠰᠤᠨ᠎ᠤ ᠤᠯᠠᠭᠠᠨ ᠵᠠᠮ ᠨᠡᠢᠭᠡᠮ ᠲᠣᠭᠣᠷᠢᠭ᠎ᠤᠨ ᠰᠠᠭᠤᠭᠠᠯᠢ ᠠᠷᠠᠳ ᠸᠠᠩ ᠸᠸᠨ ᠮᠢᠩ᠄ 《ᠭᠤᠷᠪᠠᠨ ᠪᠠᠭ᠍ᠰᠢ᠎ᠶ᠋ᠢᠨ ᠲᠠᠢᠯᠪᠤᠷᠢᠯᠠᠯᠲᠠ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠡᠬᠡ ᠤᠯᠤᠰ᠎ᠤᠨ ᠬᠦᠴᠦᠷᠬᠡᠭ᠌ᠵᠢᠯ ᠪᠠ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠬᠤ᠎ᠶ᠋ᠢ ᠭᠦᠨᠵᠡᠭᠡᠢ ᠣᠢᠯᠠᠭᠠᠪᠠ᠃ ᠲᠥᠷᠥ᠎ᠶ᠋ᠢᠨ ᠪᠣᠳᠣᠯᠭ᠎ᠠ ᠡᠢᠮᠦ᠍ ᠰᠠᠢᠨ᠂ ᠪᠢᠳᠡ ᠨᠡᠩ ᠰᠠᠢᠨ ᠠᠮᠢᠳᠤᠷᠠᠯ᠎ᠢ ᠴᠤᠬᠴᠠᠯᠠᠬᠤ ᠪᠡᠷ ᠦᠷᠬᠦᠯᠵᠢᠯᠡᠨ ᠴᠢᠷᠮᠠᠢᠨ᠎ᠠ》 ᠬᠡᠵᠦ ᠬᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号