1 ᠰᠠᠷ᠎ᠠ᠎ᠶ᠋ᠢᠨ 4᠎ᠡᠴᠡ 5 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》 ᠤ᠋ᠨ ᠵᠢᠱ᠌ᠢᠢ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠦᠬᠠᠢ᠎ᠶ᠋ᠢᠨ ᠰᠠᠯᠪᠤᠷᠢ ᠪᠠᠭ᠎ᠠ ᠠᠩᠭᠢ ᠤᠷᠢᠳ ᠬᠣᠵᠢᠳ ᠦᠬᠠᠢ ᠬᠤᠳᠠ᠎ᠶ᠋ᠢᠨ ᠦᠨᠳᠦᠰᠦᠨ ᠱᠠᠲᠤᠨ᠎ᠤ ᠨᠡᠢᠭᠡᠮ ᠲᠣᠭᠣᠷᠢᠭ᠂ ᠲᠠᠷᠢᠶᠠᠯᠠᠬᠤ ᠣᠷᠣᠨ ᠵᠡᠷᠭᠡ ᠭᠠᠵᠠᠷ᠎ᠢᠶᠠᠷ ᠬᠦᠷᠴᠦ᠍᠂ 《ᠠᠷᠠᠳ ᠤ᠋ᠨ ᠦᠬᠡ》 ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠤᠬᠠᠭᠤᠯᠤᠨ ᠲᠠᠢᠯᠪᠤᠷᠢᠯᠠᠪᠠ᠃
ᠬᠠᠢᠷᠤᠪ᠎ᠤᠨ ᠲᠣᠬᠣᠶ ᠲᠣᠭᠣᠷᠢᠭ᠎ᠤᠨ ᠯᠢᠨ᠎ᠶ᠋ᠢᠨ ᠵᠡᠭᠡᠯᠢ ᠭᠤᠳᠤᠮᠵᠢ᠎ᠶ᠋ᠢᠨ ᠬᠠᠶ ᠱᠢᠨ ᠨᠡᠢᠭᠡᠮ ᠲᠣᠭᠣᠷᠢᠭ ᠪᠣᠯᠤᠨ ᠱᠢᠨᠬᠤᠸᠠ ᠪᠠᠷᠠᠭᠤᠨ ᠵᠡᠭᠡᠯᠢ ᠭᠤᠳᠤᠮᠵᠢ᠎ᠶ᠋ᠢᠨ ᠬᠠᠶ ᠳ᠋ᠠ ᠨᠡᠢᠭᠡᠮ ᠲᠣᠭᠣᠷᠢᠭ᠂ ᠬᠠᠢᠨᠠᠨ ᠲᠣᠭᠣᠷᠢᠭ᠎ᠤᠨ ᠰᠠᠢᠬᠠᠨ ᠤᠰᠤ ᠲᠣᠰᠭᠣᠨ ᠵᠡᠷᠭᠡ ᠭᠠᠵᠠᠷ ᠲᠤ᠌ ᠦᠬᠠᠶ ᠬᠣᠲᠠ᠎ᠶ᠋ᠢᠨ ᠨᠠᠮ᠎ᠤᠨ ᠬᠣᠷᠢᠶᠠᠨ᠎ᠤ ᠯᠸᠺᠲ᠋ᠤᠷ ᠤ᠋ᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠶ ᡁᠢ᠂ ᠦᠬᠠᠶ ᠬᠣᠲᠠ᠎ᠶ᠋ᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠸᠧᠶ ᠵᠢᠶᠠ ᠵᠡᠷᠭᠡ ᠰᠠᠯᠪᠤᠷᠢ ᠪᠠᠭ᠎ᠠ ᠠᠩᠭᠢ᠎ᠶ᠋ᠢᠨ ᠭᠡᠱᠢᠭᠦᠳ《ᠭᠡᠷ ᠵᠠᠭᠤᠷ᠎ᠠ᠎ᠶ᠋ᠢᠨ ᠵᠣᠭᠣᠭ ᠳᠡᠯᠭᠡᠬᠦ᠌》᠂ 《ᠦᠯᠢᠭᠡᠷ ᠶᠠᠷᠢᠬᠤ》ᠬᠡᠯᠪᠡᠷᠢ᠎ᠪᠠᠷ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠬᠤ᠂ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠂ ᠶᠠᠳᠠᠭᠤ᠎ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠵᠡᠷᠭᠡ ᠣᠯᠠᠨ ᠲᠦᠮᠡᠨ᠎ᠦ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠠᠭᠤᠯᠭ᠎ᠠ ᠵᠢᠨ ᠲᠤᠭᠤᠷᠢᠨ ᠳ᠋ᠤ᠂ ᠪᠠᠰᠠ ᠥᠪᠡᠷ ᠪᠡᠶ᠎ᠡ ᠵᠢᠨ ᠲᠡᠮᠡᠴᠡᠯ᠎ᠤᠨ ᠦᠯᠢᠭᠡᠷ᠂ ᠤᠢᠯᠠᠭᠠᠯᠳᠠ᠂ ᠨᠡᠢᠲᠡᠯᠢᠭ ᠵᠢᠱ᠌ᠢᠶ᠎ᠡ ᠵᠡᠷᠭᠡ ᠳᠠᠢ ᠤᠶᠠᠯᠳᠤᠭᠤᠯᠤᠨ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠳᠦ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠶᠠᠪᠤᠴᠠ ᠬᠦᠷ ᠬᠥᠭ᠌ᠵᠢᠶᠡᠨ ᠲᠡᠢ ᠪᠥᠭᠡᠳ ᠴᠢᠩ ᠦᠨᠡᠨᠴᠢ ᠪᠡᠷ ᠶᠠᠪᠤᠬᠳᠠᠵᠤ᠂ ᠠᠭᠤᠯᠭ᠎ᠠ ᠨᠢ ᠬᠥᠮᠦᠰ᠎ᠦᠨ ᠰᠡᠳᠭᠢᠯ᠎ᠳᠦ ᠭᠦᠨ ᠰᠠᠭᠤᠭ᠍ᠳᠠᠪᠠ᠃ ᠤᠯᠠᠨ᠎ᠢᠶᠠᠷ᠎ᠢᠶᠠᠨ ᠮᠠᠰᠢ ᠤᠯᠠᠨ ᠣᠯᠤᠯᠲᠠ᠎ᠲᠠᠶ ᠪᠠᠢᠨ᠎ᠠ ᠭᠡᠵᠦ᠍ ᠢᠯᠡᠳᠭᠡᠵᠡᠭᠡᠪᠡ᠃
《ᠡᠢᠮᠦᠷᠬᠦᠦ ᠬᠡᠯᠪᠡᠷᠢ᠎ᠶ᠋ᠢᠨ ᠤᠬᠠᠭᠤᠯᠤᠨ ᠲᠠᠢᠯᠪᠤᠷᠢᠯᠠᠯᠲᠠ ᠨᠢ ᠨᠠᠳᠠᠳ᠋ᠤ ᠮᠠᠰᠢ ᠬᠦᠨᠵᠡᠬᠡᠢ ᠰᠠᠭᠤᠬᠳᠠᠯ ᠦᠭᠴᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠤᠢ᠍ᠢᠯᠠᠭᠠᠨ ᠡᠵᠡᠮᠱᠢᠯᠠ᠂ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ ᠤᠯᠠᠨ᠎ᠳᠤ ᠯᠠᠪᠳᠠᠭᠤᠨ ᠪᠠᠲᠤᠲᠠᠢ᠎ᠪᠠᠷ ᠪᠣᠳᠠᠲᠤ ᠶᠠᠪᠤᠳᠠᠯ ᠰᠠᠢ᠌ᠨ ᠶᠠᠪᠤᠳᠠᠯ ᠬᠢᠵᠦ᠍ ᠥᠭ᠌ᠭᠦᠨ᠎ᠡ》 ᠭᠡᠵᠦ᠍ ᠬᠠᠢ ᠳ᠋ᠠ ᠨᠡᠢᠭᠡᠮ ᠲᠣᠭᠣᠷᠢᠭ᠎ᠤᠨ ᠰᠠᠭᠤᠭᠠᠯᠢ ᠠᠷᠠᠳ᠎ᠤᠨ ᠵᠥᠪᠯᠡᠯ᠎ᠦᠨ ᠳᠡᠳ᠋ ᠡᠷᠬᠢᠯᠡᠭ᠌ᠴᠢ ᠯᠢᠦ ᠵᠢᠩ ᠬᠡᠯᠡᠪᠡ᠃
ᠰᠠᠢᠬᠠᠨ ᠤᠰᠤ ᠲᠣᠰᠭᠣᠨ᠎ᠤ ᠨᠠᠮ᠎ᠤᠨ ᠬᠣᠷᠢᠶᠠᠨ᠎ᠤ ᠠᠵᠢᠯᠳᠠᠨ ᠳ᠋ᠧᠩ ᠵᠧᠩ ᠵᠧᠩ᠄ 《ᠤᠬᠠᠭᠤᠯᠤᠨ ᠲᠠᠢᠯᠪᠤᠷᠢᠯᠠᠬᠰᠠᠨ ᠨᠢ ᠮᠠᠰᠢ ᠭᠣᠢᠳᠠ ᠰᠠᠢᠬᠠᠨ᠂ ᠮᠢᠨᠦ᠍ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠣᠷᠣᠯᠴᠠᠬᠤ ᠡᠷᠴᠢ ᠵᠣᠷᠢᠭ ᠨᠡᠩ ᠲᠡᠭᠦᠯᠳᠡᠷ ᠪᠣᠯᠵᠠᠢ᠂ ᠬᠣᠢᠱᠢᠳᠠ ᠪᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠲᠠᠷᠢᠶᠠᠯᠠᠬᠤ ᠣᠷᠣᠨ᠎ᠤ ᠰᠠᠭᠤᠭᠠᠯᠢ ᠠᠷᠠᠳ᠎ᠤᠨ ᠨᠡᠩ ᠪᠠᠶᠠᠨ ᠴᠢᠨᠡᠭᠡᠯᠢᠭ᠂ ᠲᠠᠷᠢᠶᠠᠯᠠᠬᠤ ᠣᠷᠣᠨ ᠨᠡᠩ ᠦᠵᠡᠰᠭᠦᠯᠡᠩᠲᠦ ᠰᠠᠢᠬᠠᠨ ᠪᠣᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ 》 ᠬᠡᠵᠤ ᠬᠡᠯᠡᠪᠡ᠃