ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ ᠪᠦᠯᠬᠦᠮᠳᠡᠯ ᠳᠠᠪᠰᠢᠯᠲᠠ ᠵᠢᠨ ᠠᠯᠳᠠᠨ ᠬᠦᠬᠦᠷᠭᠡ
2023-10-17 10:13:34
ᠵᠣᠬᠢᠶᠠᠭ᠍ᠴᠢ᠄
ᠢᠤᠢ ᠯᠢᠨ᠂ ᠱᠢᠤᠸᠠᠢ ᠯᠠᠢ᠂ ᠴᠢᠤ ᠯᠢᠨᠭ᠂ ᠴᠤᠯᠮᠤᠨ᠂ ᠢᠳᠡᠷᠡᠬᠦᠨ᠂ ᠲᠡᠬᠦᠰᠪᠢᠯᠢᠭ
ᠣᠩᠱᠢᠭ᠍ᠰᠠᠨ ᠣᠳᠠᠭ᠎ᠠ᠄
★★★☆☆

ᠬᠤᠯᠪᠤᠭᠠᠰᠤ

•ᠤᠷᠠᠳ᠎ᠤᠨ ᠳᠤᠮᠳᠠᠳᠤ ᠬᠣᠰᠢᠭᠤ 《ᠬᠤᠨ ᠭᠠᠯᠠᠭᠤ᠎ᠶᠢᠨ ᠰᠣᠶᠣᠯ᠎ᠤᠨ ᠨᠤᠲᠤᠭ》᠂ 《ᠭᠣᠪᠢ᠎ᠶᠢᠨ ᠬᠠᠴᠢᠨ ᠴᠢᠯᠠᠭᠤ ᠵᠢᠨ ᠨᠤᠲᠤᠭ》 ᠭᠡᠬᠦ ᠰᠠᠢᠬᠠᠨ ᠠᠯᠳᠠᠷ ᠲᠠᠢ ᠪᠠᠢᠵᠤ᠂ ᠤᠯᠤᠰ᠎ᠤᠨ ᠡᠷᠡᠭᠦᠯ ᠬᠠᠮᠠᠭᠠᠯᠠᠯ᠎ᠤᠨ ᠰᠢᠶᠨᠨ ᠪᠠ ᠪᠦᠬᠦ ᠤᠯᠤᠰ᠎ᠤᠨ ᠪᠣᠯᠪᠠᠰᠤᠨ ᠬᠤᠳᠠ ᠪᠡᠷ ᠨᠡᠷ᠎ᠡ ᠳᠤᠷᠠᠳᠤᠭᠳᠠᠵᠠᠢ᠃

•ᠤᠷᠠᠳ᠎ᠤᠨ ᠳᠤᠮᠳᠠᠳᠤ ᠬᠤᠰᠢᠭᠤ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠬᠴᠠ ᠵᠢᠨ ᠤᠬᠠᠮᠰᠠᠷ᠎ᠢ ᠪᠠᠲᠤ ᠴᠤᠬᠴᠠᠯᠠᠬᠤ》 ᠪᠡᠷ ᠭᠤᠤᠯ ᠱᠤᠭᠤᠮ ᠪᠤᠯᠭᠠᠵᠤ᠂ 《ᠭᠤᠤᠯ ᠰᠡᠳᠦᠪᠲᠤ ᠨᠠᠮ᠎ᠤᠨ ᠡᠳᠦᠷᠯᠢᠭ》 ᠤ᠋ᠨ ᠠᠵᠢᠯᠯᠠᠭ᠎ᠠ᠎ᠶᠢ 76 ᠤᠳᠠᠭ᠎ᠠ ᠦᠷᠨᠢᠬᠦᠯᠵᠦ᠂ 《ᠰᠡᠳᠬᠢᠯ ᠵᠢᠷᠤᠬᠡ ᠪᠠᠨ ᠬᠤᠯᠪᠤᠵᠤ᠂ ᠭᠠᠷ ᠭᠠᠷ᠎ᠢᠶᠠᠨ ᠬᠣᠯᠪᠣᠯᠴᠠᠬᠤ》᠂ 《ᠪᠢᠳᠡ ᠪᠤᠯ ᠨᠢᠭᠡ ᠭᠡᠷ ᠪᠦᠯᠢ》 ᠵᠡᠷᠭᠡ ᠠᠵᠢᠯᠯᠠᠭ᠎ᠠ᠎ᠶᠢ 230 ᠭᠠᠷᠤᠢ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠤ᠂ ᠦᠨᠳᠦᠰᠦᠲᠡᠨ ᠨᠤᠭᠦᠳ᠎ᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠤᠯᠠᠮ ᠨᠢᠬᠳᠠᠷᠠᠭᠤᠯᠪᠡ᠃

•ᠤᠷᠠᠳ᠎ᠤᠨ ᠳᠤᠮᠳᠠᠳᠤ ᠬᠣᠰᠢᠭᠤ 《ᠵᠢᠷᠭᠤᠭ᠎ᠠ ᠵᠢ ᠬᠤᠯᠪᠤᠭᠠᠯᠠᠨ ᠬᠠᠮᠳᠤ ᠪᠡᠷ ᠪᠠᠢᠭᠤᠯᠬᠤ》 ᠬᠡᠯᠪᠡᠷᠢ ᠪᠡᠷ ᠮᠠᠯᠵᠢᠬᠤ ᠲᠠᠷᠢᠶᠠᠯᠠᠬᠤ ᠤᠷᠤᠨ᠎ᠤ ᠭᠠᠴᠠᠭ᠎ᠠ ᠲᠤᠰᠬᠤᠨ᠎ᠤ ᠮᠠᠯᠴᠢᠨ ᠲᠠᠷᠢᠶᠠᠴᠢᠨ᠎ᠢ ᠳᠠᠢᠴᠢᠯᠠᠨ᠂ ᠭᠠᠵᠠᠷ ᠤᠷᠤᠨ᠎ᠤ ᠤᠨᠴᠠᠯᠢᠭ ᠲᠠᠢ ᠤᠶᠠᠯᠳᠤᠭᠤᠯᠤᠨ᠂ ᠵᠣᠬᠢᠶᠠᠨ ᠪᠠᠢᠭᠤᠯᠤᠯᠲᠠ ᠬᠣᠯᠪᠤᠭᠠᠯᠠᠬᠤ᠂ ᠦᠢᠯᠡᠳᠪᠦᠷᠢᠯᠡᠯ ᠬᠣᠯᠪᠤᠭᠠᠯᠠᠬᠤ᠂ ᠠᠵᠢᠯᠯᠠᠭ᠎ᠠ ᠬᠣᠯᠪᠤᠭᠠᠯᠠᠨ ᠦᠷᠨᠢᠬᠦᠯᠬᠦ᠂ ᠡᠬᠢ ᠪᠠᠶᠠᠯᠢᠭ᠋᠎ᠢ ᠬᠣᠯᠪᠤᠭᠠᠯᠠᠨ ᠡᠳ᠋ᠯᠡᠬᠦ᠂ ᠬᠦᠴᠢᠷᠳᠡᠯ᠎ᠢ ᠬᠣᠯᠪᠤᠭᠠᠯᠠᠨ ᠲᠤᠰᠠᠯᠠᠬᠤ᠂ ᠠᠮᠢ ᠠᠬᠤᠢ᠎ᠶᠢ ᠬᠣᠯᠪᠤᠭᠠᠯᠠᠨ ᠬᠠᠮᠠᠭᠠᠯᠠᠬᠤ ᠪᠡᠷ ᠳᠠᠮᠵᠢᠨ᠂ ᠬᠢᠯᠢ ᠬᠢᠵᠠᠭᠠᠷ ᠤᠷᠤᠨ᠎ᠤ ᠦᠷᠨᠢᠬᠦᠨ ᠬᠦᠭᠵᠢᠯᠳᠡ ᠠᠮᠤᠷ ᠲᠦᠪᠰᠢᠨ ᠳᠤᠬᠳᠠᠭᠤᠨ ᠪᠠᠢᠳᠠᠯ᠎ᠢ ᠠᠬᠢᠭᠤᠯᠤᠨ᠎ᠠ᠃



ᠵᠤᠨ᠎ᠤ ᠰᠡᠭᠦᠯᠴᠢ ᠵᠢᠨ ᠵᠦᠭᠡᠯᠡᠨ ᠪᠤᠷᠤᠭᠠᠨ ᠤᠷᠠᠳ ᠨᠤᠳᠤᠭ᠎ᠤᠨ ᠰᠢᠮᠡᠳᠦ ᠬᠦᠷᠦᠰᠦ ᠵᠢ ᠤᠮᠳᠠᠯᠠᠨ᠂ ᠬᠦᠮᠦᠨ ᠠᠷᠠᠳ᠎ᠤᠨ ᠰᠡᠳᠭᠢᠯ᠎ᠢ ᠪᠠᠶᠠᠰᠬᠠᠨ᠎ᠠ᠃ ᠡᠬᠡ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠬᠰᠠᠨ ᠤᠷᠠᠳ᠎ᠤᠨ ᠳᠤᠮᠳᠠᠳᠤ ᠬᠤᠰᠢᠭᠤᠨ᠎ᠤ ᠬᠦᠳᠡᠭᠡ ᠨᠤᠲᠤᠭ ᠡᠳᠤᠷ ᠦᠷᠭᠦᠯᠵᠢᠯᠡᠭᠰᠡᠨ ᠰᠢᠪᠡᠷᠡᠭᠡ ᠪᠤᠷᠤᠭᠠᠨ᠎ᠳᠤ ᠨᠢᠭᠡ ᠰᠠᠢᠨ ᠭᠠᠩ ᠲᠠᠢᠯᠤᠭᠳᠠᠯ᠎ᠠ᠃

ᠭᠠᠩ᠎ᠤᠨ ᠬᠠᠲᠠᠭᠤ ᠭᠠᠴᠢᠭ ᠲᠸ᠋ ᠬᠠᠷᠢᠯᠴᠠᠨ ᠬᠠᠪᠰᠤᠷᠤᠯᠴᠠᠵᠦ ᠳᠤᠰᠠᠯᠠᠮᠵᠢ ᠦᠵᠡᠭᠦᠯᠦᠭᠰᠡᠨ ᠮᠠᠯᠴᠢᠨ ᠲᠠᠷᠢᠶᠠᠴᠢᠳ᠎ᠤᠨ ᠬᠤᠭᠤᠷᠤᠨᠳᠤ ᠪᠤᠯᠤᠭᠰᠠᠨ ᠰᠡᠳᠬᠢᠯ ᠬᠦᠳᠡᠯᠭᠡᠮ᠎ᠡ ᠦᠯᠢᠭᠡᠷ᠎ᠤᠳ ᠤᠷᠠᠳ᠎ᠨᠤᠳᠤᠭ᠎ᠲᠤ ᠠᠮᠠ ᠳᠠᠮᠵᠢᠨ ᠰᠠᠢᠬᠠᠨ ᠵᠤᠭᠤᠭ ᠪᠤᠯᠤᠨ ᠳᠡᠯᠭᠡᠭᠳᠡᠨ᠎ᠡ᠃ ᠡᠨᠡ ᠪᠤᠯ ᠳᠠᠷᠤᠢ ᠬᠢᠲᠠᠳ ᠮᠤᠩᠭᠤᠯ ᠦᠨᠳᠦᠰᠦᠲᠡᠨ ᠲᠦᠪᠯᠡᠷᠡᠨ ᠰᠠᠭᠤᠷᠢᠰᠢᠬᠰᠠᠨ ᠲᠠᠷᠢᠶᠠᠯᠠᠬᠤ ᠪᠠᠯᠭᠠᠰᠤ ᠪᠤᠯᠤᠨ ᠮᠠᠯᠵᠢᠬᠤ ᠰᠤᠮᠤ ᠬᠤᠭᠤᠷᠤᠨᠳᠤ ᠪᠠᠨ 《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠠᠢᠭᠤᠯᠤᠨ᠂ ᠬᠠᠷᠢᠯᠴᠠᠨ ᠬᠠᠪᠰᠤᠷᠤᠯᠴᠠᠨ ᠬᠠᠷᠢᠯᠴᠠᠨ ᠳᠡᠮᠵᠢᠯᠴᠡᠵᠦ ᠬᠠᠮᠳᠤ ᠪᠡᠷ ᠴᠢᠨᠡᠭᠡᠯᠢᠭ ᠠᠮᠢᠳᠤᠷᠠᠯ ᠵᠢᠡᠨ ᠴᠤᠬᠴᠠᠯᠠᠵᠦ ᠪᠠᠢᠭ᠎ᠠ ᠤᠴᠢᠷᠳᠠᠢ ᠰᠠᠢᠬᠠᠨ ᠦᠯᠢᠭᠡᠷ ᠪᠤᠯᠤᠨ᠎ᠠ᠃

ᠮᠤᠨᠠ ᠠᠭᠤᠯᠠ ᠵᠢᠨ ᠠᠷᠤ᠎ᠳᠡᠬᠢ ᠴᠤᠨᠭᠵᠢ ᠰᠤᠮᠤ ᠡᠴᠡ ᠮᠤᠷᠳᠠᠵᠤ ᠬᠦᠳᠡᠭᠡ ᠵᠢᠨ ᠵᠠᠮ ᠵᠢᠨᠷ ᠬᠤᠶᠠᠷ ᠵᠠᠭᠤᠨ ᠭᠠᠵᠠᠷ᠎ᠢ ᠲᠤᠭᠤᠯᠵᠤ ᠠᠭᠤᠯᠠ ᠵᠢᠨ ᠡᠨᠭᠭᠡᠷ ᠲᠦᠰᠢᠨ ᠰᠠᠭᠤᠷᠢᠰᠢᠬᠰᠠᠨ ᠳᠡᠯ ᠠᠭᠤᠯᠠ ᠪᠠᠯᠭᠠᠰᠤᠨ᠎ᠤ ᠰᠤᠳᠠᠯ᠎ᠤᠨ ᠬᠤᠳᠳᠤᠭ ᠭᠠᠴᠠᠭ᠎ᠠ ᠵᠢ ᠴᠢᠭᠯᠡᠯ᠎ᠡ᠃ ᠰᠤᠳᠠᠯ᠎ᠤᠨ ᠬᠤᠳᠳᠤᠭ ᠭᠠᠴᠠᠭ᠎ᠠ ᠪᠤᠯ ᠳᠠᠷᠢᠶᠠᠯᠠᠩ ᠦᠢᠯᠡᠳᠪᠦᠷᠢᠯᠡᠯ ᠵᠢᠡᠷ ᠭᠤᠤᠯᠯᠠᠬᠰᠠᠨ ᠲᠠᠷᠢᠶᠠᠯᠠᠬᠤ ᠭᠠᠴᠠᠭ᠎ᠠ ᠪᠤᠯᠤᠨ᠎ᠠ᠃ ᠮᠠᠨ᠎ᠤ ᠰᠤᠷᠪᠤᠯᠵᠢᠯᠠᠬᠤ ᠳᠤᠭᠤᠢᠯᠠᠩ ᠰᠤᠳᠠᠯ᠎ᠤᠨ ᠬᠤᠳᠳᠤᠭ ᠭᠠᠴᠠᠭᠠᠨ᠎ᠳᠦ ᠬᠦᠷᠬᠦ᠎ᠳᠦ᠂ ᠳᠤᠰ ᠭᠠᠴᠠᠭ᠎ᠠ ᠳᠠᠢ ᠨᠦᠬᠦᠷᠰᠡᠭ ᠬᠤᠯᠪᠤᠭ᠎ᠠ ᠪᠠᠢᠭᠤᠯᠤᠬᠰᠠᠨ ᠴᠤᠨᠭᠵᠢ ᠰᠤᠮᠤ ᠵᠢᠨ ᠠᠮᠠᠰᠠᠷ ᠭᠠᠴᠠᠭ᠎ᠠ ᠪᠤᠯᠤᠨ ᠪᠠᠶᠠᠠᠭᠤᠤᠯ ᠭᠠᠴᠠᠭ᠎ᠠ ᠵᠢᠨ ᠮᠠᠯᠴᠢᠨ᠎ᠤ ᠲᠦᠯᠦᠭᠡᠯᠡᠭᠴᠢ ᠲᠤᠰᠬᠠᠢᠯᠠᠨ ᠰᠤᠳᠠᠯ᠎ᠤᠨ ᠬᠤᠳᠳᠤᠭ ᠭᠠᠴᠠᠭᠠᠨ᠎ᠤ ᠨᠠᠮ᠎ᠤᠨ ᠡᠬᠦᠷ᠎ᠲᠤ ᠢᠷᠡᠵᠤ᠂ ᠲᠡᠳᠡᠨ᠎ᠤ ᠬᠠᠮᠤᠭ ᠬᠦᠴᠢᠷ ᠴᠠᠭ᠎ᠲᠤ ᠬᠠᠯᠠᠭᠤᠨ ᠭᠠᠷ ᠵᠢᠨᠨ ᠰᠤᠨᠭᠭᠠᠨ ᠲᠤᠰᠠᠯᠠᠮᠵᠢ ᠦᠵᠡᠬᠦᠯᠦᠭᠰᠡᠨ᠎ᠳᠤ ᠲᠠᠯᠠᠷᠬᠠᠯ᠎ᠤᠨ ᠰᠡᠳᠭᠢᠯ ᠵᠢᠡᠨ ᠢᠯᠡᠳᠭᠡᠨ ᠬᠡᠮᠡᠷᠯᠢᠭ ᠲᠤᠭ ᠬᠦᠷᠭᠡᠵᠤ ᠪᠠᠢᠪᠠ᠃


downLoad-20231010170236.jpg


ᠡᠨᠡ ᠵᠢᠯ ᠤᠷᠠᠳ ᠨᠤᠲᠤᠭ ᠨᠡᠢᠳᠡᠮ᠎ᠳᠡᠭᠡᠨ ᠭᠠᠨᠭᠳᠠᠵᠦ᠂ ᠢᠯᠠᠩᠭᠤᠶ᠎ᠠ ᠮᠠᠯᠴᠢᠨ ᠴᠸᠨ ᠰᠢᠶᠤᠤ ᠭᠤᠸᠠᠨᠭ᠌᠎ᠤᠨ ᠨᠤᠳᠤᠭ ᠪᠠᠶᠠᠠᠭᠤᠤᠯ ᠭᠠᠴᠠᠭ᠎ᠠ ᠨᠡᠩ᠎ᠴᠦ ᠤᠯᠠᠭᠠᠨ ᠬᠠᠯᠴᠠᠭᠠᠢ ᠪᠤᠯᠵᠦ᠂ 6 ᠰᠠᠷ᠎ᠠ ᠵᠢᠨ ᠳᠤᠮᠳᠠᠴᠢ ᠪᠡᠷ ᠨᠦᠬᠡᠴᠡᠯᠡᠭᠰᠡᠨ ᠡᠪᠡᠰᠦ ᠪᠤᠷᠳᠤᠭ᠎ᠠ ᠨᠢ ᠳᠠᠭᠤᠰᠴᠤ᠂ ᠭᠠᠷ᠎ᠢᠶᠡᠨ ᠨᠤᠬᠤᠯᠠᠨ ᠭᠠᠴᠢᠭᠳᠠᠨ ᠰᠠᠭᠤᠯ᠎ᠠ᠃

— ᠪᠢ ᠰᠤᠳᠠᠯ᠎ᠤᠨ ᠬᠤᠳᠳᠤᠭ᠎ᠤᠨ ᠠᠬ᠎ᠠ ᠳᠡᠬᠦᠦ ᠨᠠᠷ᠎ᠲᠠᠭᠠᠨ ᠦᠨᠡᠨ ᠰᠡᠳᠬᠢᠯ ᠡᠴᠡ ᠪᠠᠨ ᠲᠠᠯᠠᠷᠬᠠᠵᠤ ᠪᠠᠢᠨ᠎ᠠ᠂ ᠭᠠᠩ ᠭᠠᠴᠢᠭ᠎ᠤᠨ ᠦᠶ᠎ᠡ᠎ᠳᠦ ᠡᠪᠡᠰᠦ ᠪᠤᠷᠳᠤᠭ᠎ᠠ ᠬᠦᠷᠭᠡᠵᠦ ᠲᠤᠰᠠᠯᠠᠬᠰᠠᠨ᠎ᠢ ᠪᠢ ᠬᠡᠵᠢᠶᠡᠲᠡ ᠮᠠᠷᠳᠠᠬᠤ ᠦᠭᠡᠢ ᠭᠡᠵᠤ ᠴᠸᠨ ᠰᠢᠶᠤᠤ ᠭᠤᠸᠠᠨᠭ᠌ ᠰᠡᠳᠬᠢᠯ ᠲᠤᠬᠳᠤᠯᠤᠨ ᠶᠠᠷᠢᠨ᠎ᠠ᠃

《ᠳᠠᠭᠠᠷᠠᠬᠰᠠᠨ ᠬᠦᠮᠦᠨ᠎ᠳᠤ ᠲᠠᠬᠤ ᠬᠦᠷᠭᠡᠨ᠎ᠡ》 ᠭᠡᠳᠡᠭ᠎ᠢᠶᠡᠷ᠂ ᠰᠤᠳᠠᠯ᠎ᠤᠨ ᠬᠤᠳᠳᠤᠭ ᠭᠠᠴᠠᠭᠠᠨ᠎ᠤ ᠬᠢᠨ ᠨᠦᠬᠦᠷᠰᠡᠭ ᠬᠤᠯᠪᠤᠭ᠎ᠠ ᠪᠠᠢᠭᠤᠯᠤᠬᠰᠠᠨ ᠠᠬ᠎ᠠ ᠳᠡᠭᠦᠤ ᠭᠠᠴᠠᠭᠠᠨ᠎ᠤ ᠡᠨᠡᠬᠦ ᠪᠠᠢᠳᠠᠯ᠎ᠢ ᠮᠡᠳᠡᠭᠰᠡᠨ᠎ᠤ ᠳᠠᠷᠠᠭ᠎ᠠ ᠬᠤᠯᠠ ᠵᠢᠨ ᠵᠠᠮ᠎ᠢ ᠲᠤᠭᠤᠯᠵᠦ ᠪᠤᠭᠤᠯᠲᠠ ᠲᠠᠢ ᠡᠪᠡᠰᠦ᠂ ᠤᠭᠤᠳᠠ ᠳᠠᠢ ᠪᠤᠷᠳᠤᠭ᠎ᠠ ᠵᠢ ᠦᠨ᠎ᠡ ᠲᠦᠯᠦᠪᠦᠷᠢ ᠦᠭᠡᠢ ᠪᠡᠷ ᠬᠦᠷᠭᠡᠵᠦ ᠥᠭᠬᠦᠭᠡᠳ ᠬᠦᠮᠦᠨ ᠮᠠᠯ᠎ᠤᠨ ᠮᠠᠩᠨᠠᠢ ᠵᠢ ᠨᠢ ᠲᠡᠨᠢᠢᠯᠭᠡᠭᠰᠡᠨ ᠶᠤᠮ᠃

— ᠡᠨᠡ ᠵᠢᠯ᠎ᠤᠨ 7 ᠰᠠᠷ᠎ᠠ ᠵᠢᠨ ᠡᠬᠢ ᠪᠡᠷ᠂ ᠮᠠᠨᠠᠢᠬᠢᠨ᠎ᠤ ᠡᠪᠡᠰᠦ ᠪᠤᠷᠳᠤᠭ᠎ᠠ ᠪᠠᠷᠠᠬᠳᠠᠬᠤ ᠰᠢᠬᠠᠵᠤ᠂ ᠨᠢᠭᠡ ᠦᠶ᠎ᠡ ᠪᠡᠷᠭᠡ ᠰᠠᠨᠳᠤᠷᠴᠤ ᠠᠪᠤᠯ᠎ᠠ᠃ ᠶᠠᠭ ᠡᠨᠡ ᠦᠶ᠎ᠡ᠎ᠳᠤ ᠰᠤᠳᠠᠯ᠎ᠤᠨ ᠬᠤᠳᠳᠤᠭ ᠭᠠᠴᠠᠭᠠᠨ᠎ᠤ ᠠᠬ᠎ᠠ ᠳᠡᠬᠦᠦ ᠨᠠᠷ ᠡᠴᠡ ᠨᠠᠳᠠ᠎ᠳᠦ 15 ᠪᠤᠭᠤᠯᠲᠠ ᠡᠪᠡᠰᠦ᠂ 3 ᠤᠭᠤᠳᠠ ᠲᠡᠵᠢᠭᠡᠯ ᠪᠤᠷᠳᠤᠭ᠎ᠠ ᠬᠦᠷᠭᠡᠵᠤ ᠢᠷᠡᠯ᠎ᠡ ᠭᠡᠵᠤ ᠮᠠᠯᠴᠢᠨ ᠰᠡᠴᠡᠨᠲᠤ ᠶᠠᠷᠢᠨ᠎ᠠ᠃ ᠡᠢᠨ ᠬᠦ᠌ ᠰᠤᠳᠠᠯ᠎ᠤᠨ ᠬᠤᠳᠳᠤᠭ ᠭᠠᠴᠠᠭ᠎ᠠ ᠤᠷᠢᠳ ᠬᠤᠵᠢᠳ ᠨᠦᠬᠦᠷᠰᠡᠭ ᠬᠤᠯᠪᠤᠭ᠎ᠠ ᠪᠠᠢᠭᠤᠯᠤᠭᠰᠠᠨ ᠪᠠᠶᠠᠠᠭᠤᠤᠯ ᠭᠠᠴᠠᠭ᠎ᠠ ᠪᠤᠯᠤᠨ ᠠᠮᠠᠰᠠᠷ ᠭᠠᠴᠠᠭᠠᠨ᠎ᠤ ᠡᠷᠦᠬᠡ ᠪᠦᠷᠢ᠎ᠳᠤ ᠪᠤᠭᠤᠯᠲᠠ ᠲᠠᠢ ᠡᠪᠡᠰᠦ᠂ ᠤᠭᠤᠲᠠ ᠲᠠᠢ ᠪᠤᠷᠳᠤᠭ᠎ᠠ ᠬᠦᠷᠭᠡᠵᠦ ᠥᠭᠬᠦᠭᠡᠳ ᠬᠠᠳᠠᠭᠤ ᠭᠠᠴᠢᠭ᠎ᠢ ᠬᠠᠮᠲᠤ ᠎ᠳᠠᠭᠠᠨ ᠲᠤᠭᠤᠯᠤᠬᠰᠠᠨ ᠪᠢᠯᠡ᠃

ᠠᠮᠠᠰᠠᠷ ᠭᠠᠴᠠᠭᠠᠨ᠎ᠤ ᠮᠠᠯᠴᠢᠨ ᠾᠸᠤ ᠰᠢᠶᠠᠨᠭ᠌ ᠤᠷᠵᠢᠨᠤᠨ᠎ᠤ ᠨᠢᠭᠡᠨ ᠶᠠᠪᠤᠳᠠᠯ᠎ᠢ ᠮᠠᠷᠳᠠᠵᠦ ᠴᠢᠳᠠᠬᠤ ᠦᠬᠡᠢ᠃ ᠮᠠᠯᠴᠢᠨ ᠬᠦᠮᠦᠨ ᠴᠢᠨᠢ ᠥᠰᠭᠡᠭᠰᠡᠨ ᠬᠡᠳᠦᠨ ᠮᠠᠯ᠎ᠢᠶᠡᠷ᠎ᠢᠶᠡᠨ ᠤᠷᠤᠯᠭ᠎ᠠ ᠤᠯᠳᠠᠭ ᠰᠠᠨ᠃ ᠭᠡᠳᠡᠯ᠎ᠡ ᠤᠷᠵᠢᠨᠤᠨ᠎ᠮᠠᠯ᠎ᠤᠨ ᠦᠨ᠎ᠡ ᠬᠠᠨᠭᠰᠢ ᠭᠡᠨᠡᠳᠲᠡ ᠪᠠᠭᠤᠷᠠᠵᠤ᠂ ᠮᠠᠯ᠎ᠤᠨ ᠬᠤᠳᠠᠯᠳᠤᠭᠠᠴᠢᠨ᠎ᠤ ᠪᠠᠷ᠎ᠠ ᠬᠦᠳᠡᠭᠡ ᠨᠤᠲᠤᠭ ᠵᠢᠨᠷ ᠬᠠᠷᠠᠭᠳᠠᠬᠤ ᠪᠠᠨ ᠪᠤᠯᠢᠯ᠎ᠠ᠃ ᠠᠮᠠᠰᠠᠷ ᠭᠠᠴᠠᠭᠠᠨ᠎ᠤ ᠮᠠᠯᠴᠢᠳ ᠨᠢᠭᠡ ᠨᠠᠮᠤᠷ ᠮᠠᠰᠢᠨ ᠲᠡᠷᠭᠡᠨ᠎ᠤ ᠳᠠᠭᠤᠨ ᠰᠤᠨᠤᠰᠪᠠᠯ ᠭᠠᠷᠴᠤ ᠮᠠᠯ᠎ᠤᠨ ᠬᠤᠳᠠᠯᠳᠤᠭᠠᠴᠢᠨ ᠪᠤᠯᠪᠠᠤ ᠭᠡᠳ ᠬᠤᠶᠠᠷ ᠨᠢᠳᠦ ᠪᠠᠨ ᠬᠦᠰᠢᠲᠡᠯ᠎ᠡ ᠪᠠᠨ ᠬᠠᠷᠠᠯ᠎ᠠ᠂ ᠭᠡᠲᠡᠯ᠎ᠡ ᠮᠠᠯ᠎ᠤᠨ ᠬᠤᠳᠠᠯᠳᠤᠭᠠᠴᠢᠨ᠎ᠤ ᠪᠠᠷ᠎ᠠ ᠠᠯᠠᠭ᠎ᠠ ᠡ᠃ ᠢᠩᠬᠢᠵᠦ ᠪᠠᠢᠲᠠᠯ᠎ᠠ ᠭᠡᠨᠡᠳᠳᠡ ᠨᠢᠭᠡᠨ ᠡᠳᠦᠷ ᠪᠠᠷᠠᠭᠤᠨ ᠬᠤᠢᠨ᠎ᠠ ᠡᠴᠡ ᠪᠦᠳᠦᠬᠦᠨ ᠠᠴᠢᠶᠠᠨ᠎ᠤ ᠮᠠᠰᠢᠨ ᠾᠸᠤ ᠰᠢᠶᠠᠨᠭ᠌᠎ᠤᠨ ᠭᠡᠷ᠎ᠢ ᠴᠢᠭᠯᠡᠭᠡᠳ ᠢᠷᠡᠪᠡ᠃ ᠬᠠᠷᠠᠭᠰᠠᠨ ᠴᠢᠨᠢ ᠰᠤᠳᠠᠯ᠎ᠤᠨ ᠬᠤᠳᠳᠤᠭ ᠭᠠᠴᠠᠭᠠᠨ᠎ᠤ ᠨᠠᠮ᠎ᠤᠨ ᠡᠬᠦᠷ᠎ᠤᠨ ᠱᠦᠵᠢ ᠠᠮᠠᠰᠠᠷ ᠭᠠᠴᠠᠭᠠᠨ᠎ᠳᠤ ᠮᠠᠯ᠎ᠤᠨ ᠬᠤᠳᠠᠯᠳᠤᠭᠠᠴᠢᠨ᠎ᠢ ᠳᠠᠭᠠᠭᠤᠯᠵᠤ ᠢᠷᠡᠯ᠎ᠠ᠃ ᠲᠡᠳᠡ ᠵᠠᠬ᠎ᠠ ᠳᠡᠯᠭᠡᠬᠦᠷ᠎ᠤᠨ ᠦᠨ᠎ᠡ ᠡᠴᠡ ᠦᠨᠳᠦᠷ ᠬᠠᠨᠭᠰᠢ ᠦᠭᠴᠦ ᠭᠤᠴᠢᠭᠠᠳ ᠦᠭᠡᠷ᠎ᠢ ᠨᠢ ᠪᠤᠷᠤᠯᠠᠭᠤᠯᠵᠤ ᠦᠭᠬᠦᠯ᠎ᠡ᠃ ᠡᠢᠨ ᠬᠦ᠌ ᠾᠸᠤ ᠰᠢᠶᠠᠨᠭ᠌ ᠲᠠᠢ ᠠᠳᠠᠯᠢᠬᠠᠨ ᠦᠭᠡᠷ ᠵᠢᠨᠨ ᠪᠤᠷᠤᠯᠠᠭᠤᠯᠬᠤ ᠵᠠᠮ ᠦᠭᠡᠢ ᠭᠠᠴᠢᠬᠳᠠᠵᠤ ᠪᠠᠢᠬᠰᠠᠨ ᠪᠤᠰᠤᠳ ᠮᠠᠯᠴᠢᠨ ᠠᠢᠯ ᠴᠸ᠋ ᠡᠨᠡ ᠬᠦ᠌ ᠳᠤᠬᠢᠶᠠᠯ᠎ᠵᠢᠨᠷ ᠦᠭᠡᠷ ᠵᠢᠨᠨ ᠪᠤᠷᠤᠯᠠᠭᠤᠯᠵᠤ ᠨᠢᠭᠡ ᠠᠭᠤᠵᠢᠭᠤ ᠠᠮᠢᠰᠬᠤᠪᠠ᠃ ᠤᠤᠯ ᠨᠢ ᠰᠤᠳᠠᠯ᠎ᠤᠨ ᠬᠤᠳᠳᠤᠭ ᠭᠠᠴᠠᠭ᠎ᠠ ᠪᠤᠯᠤᠨ ᠠᠮᠠᠰᠠᠷ ᠭᠠᠴᠠᠭᠠᠨ᠎ᠤ ᠵᠦᠪᠯᠡᠯ ᠨᠢ 《ᠭᠤᠤᠯ ᠰᠡᠳᠦᠪᠲᠤ ᠨᠠᠮ᠎ᠤᠨ ᠡᠳᠦᠷᠯᠢᠭ》 ᠤ᠋ᠨ ᠠᠵᠢᠯᠯᠠᠭ᠎ᠠ ᠦᠷᠨᠢᠬᠦᠯᠵᠦ ᠪᠠᠢᠬᠤ ᠳᠤᠮᠳᠠ ᠪᠠᠨ ᠮᠠᠯ᠎ᠢᠶᠡᠨ ᠬᠤᠳᠠᠯᠳᠤᠵᠦ ᠳᠡᠢᠯᠬᠦ ᠦᠬᠡᠢ ᠲᠦᠪᠡᠭᠳᠡᠵᠦ ᠪᠠᠢᠭ᠎ᠠ ᠪᠠᠨ ᠶᠠᠷᠢᠵᠡᠢ᠃ ᠡᠬᠦᠨ᠎ᠢ ᠰᠤᠳᠠᠯ᠎ᠤᠨ ᠬᠤᠳᠳᠤᠭ ᠭᠠᠴᠠᠭᠠᠨ᠎ᠤ ᠵᠦᠪᠯᠡᠯ᠎ᠤᠨ ᠬᠢᠨ ᠴᠢᠬᠤᠯᠠ ᠤᠴᠢᠷ ᠪᠤᠯᠭᠠᠨ ᠦᠵᠡᠵᠦ᠂ ᠳᠠᠷᠢᠶᠠᠯᠠᠬᠤ ᠤᠷᠤᠨ᠎ᠤ ᠬᠤᠳᠠᠯᠳᠤᠭ᠎ᠠ ᠮᠠᠢᠮᠠᠢ ᠰᠠᠢᠨ ᠪᠠᠢᠳᠠᠭ ᠳᠠᠪᠠᠭᠤᠯᠢᠭ ᠵᠢᠡᠨ ᠪᠠᠳᠠᠷᠠᠭᠤᠯᠵᠦ᠂ ᠦᠪᠡᠷ᠎ᠤᠨ ᠬᠠᠷᠢᠶᠠᠨ᠎ᠳᠡᠬᠢ ᠮᠠᠯ᠎ᠤᠨ ᠬᠤᠳᠠᠯᠳᠤᠭᠠᠴᠢᠨ ᠵᠢᠡᠨ ᠳᠠᠭᠠᠭᠤᠯᠵᠦ ᠠᠮᠠᠰᠠᠷ ᠭᠠᠴᠠᠭᠠᠨ᠎ᠳᠦ ᠢᠷᠡᠭᠰᠡᠨ ᠨᠢ ᠡᠨᠡ ᠪᠢᠯᠡ᠃

《ᠳᠡᠮ ᠳᠡᠮ᠎ᠳ᠋ᠡᠬᠡᠨ ᠳᠡᠭᠡᠰᠦ ᠡᠷᠴᠢᠮ ᠳ᠋ᠡᠭᠡᠨ》 ᠭᠡᠳᠡᠭᠴᠢᠯᠡᠨ ᠲᠠᠷᠢᠶᠠᠯᠠᠬᠤ ᠤᠷᠤᠨ᠎ᠤ ᠭᠠᠴᠠᠭ᠎ᠠ ᠨᠢ ᠮᠠᠯᠵᠢᠬᠤ ᠤᠷᠤᠨ᠎ᠤ ᠭᠠᠴᠠᠭ᠎ᠠ ᠪᠠᠨ ᠬᠠᠪᠰᠤᠷᠬᠤ ᠪᠡᠷ ᠪᠠᠷᠠᠬᠤ ᠦᠭᠡᠢ᠂ ᠮᠠᠯᠵᠢᠬᠤ ᠤᠷᠤᠨ᠎ᠤ ᠭᠠᠴᠠᠭ᠎ᠠ ᠨᠢ ᠴᠸ᠋ ᠲᠠᠷᠢᠶᠠᠯᠠᠬᠤ ᠤᠷᠤᠨ᠎ᠤ ᠭᠠᠴᠠᠭ᠎ᠠ ᠪᠠᠨ ᠬᠠᠪᠰᠤᠷᠳᠠᠭ᠃ ᠬᠢᠵᠢᠭ᠎ᠤᠨ ᠬᠤᠭᠤᠴᠠᠭᠠᠨ᠎ᠳᠤ ᠳᠡᠯ ᠠᠭᠤᠯᠠ ᠪᠠᠯᠭᠠᠰᠤᠨ᠎ᠤ ᠭᠠᠴᠠᠭᠠᠨ᠎ᠤ ᠠᠷᠠᠳ ᠢᠳᠡᠰᠢ ᠤᠤᠭᠤᠰᠢ᠎ᠬᠤᠮᠰᠠᠳᠠᠬᠤ᠎ᠳᠤ ᠮᠠᠯᠵᠢᠬᠤ ᠤᠷᠤᠨ᠎ᠤ ᠭᠠᠴᠠᠭ᠎ᠠ ᠡᠴᠡ ᠨᠢᠭᠡᠳᠦᠯᠲᠡᠢ ᠵᠤᠬᠢᠶᠠᠨ ᠪᠠᠢᠭᠤᠯᠵᠤ᠂ ᠡᠷᠦᠬᠡ ᠪᠦᠷᠢ᠎ᠳᠤ ᠮᠢᠬ᠎ᠠ᠂ ᠴᠠᠭᠠᠨ ᠢᠳᠡᠭᠡ ᠵᠡᠷᠭᠡ ᠵᠢ ᠬᠦᠷᠭᠡᠵᠦ ᠥᠭᠬᠦᠭᠰᠡᠨ ᠶᠤᠮ᠃ ᠤᠳᠤ ᠳᠠᠯ ᠠᠭᠤᠯᠠ ᠪᠠᠯᠭᠠᠰᠤᠨ᠎ᠤ ᠲᠠᠷᠢᠶᠠᠴᠢᠳ ᠬᠦᠳᠡᠬᠡ ᠨᠤᠲᠤᠭ᠎ᠤᠨ ᠬᠤᠨᠢ ᠦᠬᠡᠷ᠎ᠤᠨ ᠮᠢᠬ᠎ᠠ᠂ ᠴᠠᠭᠠᠨ ᠢᠳᠡᠭᠡ ᠪᠠᠨ ᠢᠳᠡᠬᠦ ᠭᠡᠪᠡᠯ ᠨᠦᠬᠦᠷᠰᠡᠭ ᠬᠤᠯᠪᠤᠭ᠎ᠠ ᠪᠠᠢᠭᠤᠯᠤᠬᠰᠠᠨ ᠭᠠᠴᠠᠭᠠᠨ᠎ᠤ ᠠᠷᠠᠳ᠎ᠡᠴᠡ ᠰᠢᠨ᠎ᠡ ᠰᠤᠷᠭᠤᠭ ᠮᠢᠬ᠎ᠠ᠂ ᠴᠠᠭᠠᠨ ᠢᠳᠡᠭᠡ ᠠᠪᠳᠠᠭ ᠪᠤᠯᠪᠠ᠃

— 《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 2021 ᠤᠨ᠎ᠤ 5 ᠰᠠᠷ᠎ᠠ᠎ᠳᠤ ᠪᠠᠢᠭᠤᠯᠤᠬᠳᠠᠭᠰᠠᠨ ᠡᠴᠡ ᠤᠳᠤ ᠪᠤᠯᠲᠠᠯ᠎ᠠ ᠮᠠᠯᠵᠢᠬᠤ ᠤᠷᠤᠨ᠎ᠤ ᠡᠪᠡᠰᠦ ᠪᠤᠷᠳᠤᠭ᠎ᠠ ᠠᠪᠬᠤ᠎ᠳᠤ ᠲᠦᠪᠡᠭᠲᠡᠢ ᠠᠰᠠᠭᠤᠳᠠᠯ᠎ᠢ ᠦᠨᠡᠨᠬᠦ ᠰᠢᠢᠳᠪᠦᠷᠢᠯᠡᠯ᠎ᠡ᠃ ᠠᠭᠤᠯᠠᠨ ᠠᠷᠤ ᠳ᠋ᠡᠬᠢ ᠮᠠᠯᠴᠢᠳ ᠲᠠᠷ ᠮᠠᠭᠤᠲᠠᠢ ᠮᠠᠯ ᠵᠢᠨᠨ ᠠᠭᠤᠯᠠᠨ ᠡᠮᠦᠨᠡᠬᠢ ᠲᠠᠷᠢᠶᠠᠯᠠᠬᠤ ᠭᠠᠴᠠᠭ᠎ᠠ᠎ᠳᠤ ᠲᠡᠭᠡᠭᠡᠨ ᠬᠦᠷᠴᠤ᠂ ᠰᠢᠭᠤᠳ ᠲᠡᠨᠳᠡ ᠪᠠᠨ ᠡᠪᠦᠯᠵᠢᠵᠤ ᠲᠠᠷᠭᠤ ᠠᠪᠳᠠᠭ᠃ ᠪᠠᠰᠠ ᠲᠠᠷᠢᠶᠠᠯᠠᠬᠤ ᠤᠷᠤᠨ᠎ᠤ ᠠᠷᠠᠳ ᠬᠤᠨᠢ ᠦᠭᠡᠷ᠎ᠤᠨ ᠮᠢᠬ᠎ᠠ ᠪᠤᠶᠤ ᠴᠠᠭᠠᠨ ᠢᠳᠡᠭᠡ᠂ ᠨᠤᠤᠰᠤ ᠨᠤᠤᠯᠤᠭᠤᠷ ᠠᠪᠬᠤ ᠭᠡᠪᠡᠯ ᠵᠠᠪᠠᠯ ᠮᠠᠨ᠎ᠤ ᠨᠤᠲᠤᠭ᠎ᠲᠤ ᠢᠷᠡᠳᠡᠭ᠃ ᠢᠨᠭᠬᠢᠵᠤ ᠨᠦᠬᠦᠷᠰᠡᠭ ᠬᠤᠯᠪᠤᠭ᠎ᠠ ᠪᠠᠢᠭᠤᠯᠤᠬᠰᠠᠨ ᠭᠠᠴᠠᠭ᠎ᠠ ᠬᠤᠭᠤᠷᠤᠨᠳᠤ ᠪᠠᠨ ᠬᠠᠷᠢᠯᠴᠠᠨ ᠬᠠᠪᠰᠤᠷᠤᠯᠴᠠᠵᠦ ᠬᠠᠷᠢᠯᠴᠠᠨ ᠲᠤᠰᠠᠯᠠᠯᠴᠡᠵᠤ ᠶᠠᠪᠤᠨ᠎ᠠ ᠭᠡᠵᠤ ᠴᠤᠨᠭᠵᠢ ᠰᠤᠮᠤ ᠵᠢᠨ ᠰᠤᠮᠤᠨ ᠳᠠᠷᠤᠭ᠎ᠠ ᠸᠠᠨᠭ᠌ ᠸᠸᠢ ᠾᠸ ᠤᠴᠢᠷᠯᠠᠨ᠎ᠠ᠃



《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠤᠯ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ᠂ ᠳᠠᠳᠠᠭᠤᠳᠠᠯ ᠵᠢᠡᠨ ᠬᠠᠷᠢᠯᠴᠠᠨ ᠨᠦᠬᠦᠪᠦᠷᠢᠯᠡᠨ ᠳᠠᠪᠠᠭᠤᠯᠢᠭ ᠵᠢᠡᠨ ᠪᠠᠳᠠᠷᠠᠭᠤᠯᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ᠋ ᠭᠥᠷᠳᠡᠬᠦ ᠵᠤᠷᠢᠯᠲᠠ ᠲᠠᠢ ᠶᠤᠮ᠃ ᠤᠷᠤᠨ ᠨᠤᠳᠤᠭ᠎ᠤᠨ ᠤᠨᠴᠠᠯᠢᠭ ᠡᠴᠡ ᠪᠤᠯᠵᠦ ᠲᠠᠷᠢᠶᠠᠯᠠᠬᠤ ᠭᠠᠴᠠᠭ᠎ᠠ ᠨᠢ ᠵᠦᠪᠬᠡᠨ ᠲᠠᠷᠢᠶ᠎ᠠ ᠲᠠᠷᠢᠵᠤ᠂ ᠮᠠᠯᠵᠢᠬᠤ ᠭᠠᠴᠠᠭ᠎ᠠ ᠨᠢ ᠵᠦᠪᠬᠡᠨ ᠮᠠᠯ ᠮᠠᠯᠵᠢᠬᠤ᠎ᠳᠤ ᠯᠡ ᠲᠤᠬᠢᠷᠠᠬᠰᠠᠨ ᠤᠴᠢᠷ ᠡᠴᠡ ᠴᠤᠨᠭᠵᠢ ᠰᠤᠮᠤ ᠵᠢᠨ 8 ᠮᠠᠯᠵᠢᠬᠤ ᠭᠠᠴᠠᠭ᠎ᠠ ᠪᠤᠯᠤᠨ ᠳᠡᠯ ᠠᠭᠤᠯᠠ ᠪᠠᠯᠭᠠᠰᠤᠨ᠎ᠤ 7 ᠲᠠᠷᠢᠶᠠᠯᠠᠬᠤ ᠭᠠᠴᠠᠭ᠎ᠠ ᠲᠠᠢ 《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠠᠢᠭᠤᠯᠵᠤ᠂ ᠡᠪ ᠪᠦᠯᠬᠦᠮᠳᠡᠯ᠎ᠢ ᠨᠢᠬᠳᠠᠷᠠᠭᠤᠯᠵᠦ᠂ ᠬᠦᠭᠵᠢᠯᠳᠡ ᠳᠠᠪᠰᠢᠯᠳᠠ ᠵᠢ ᠠᠬᠢᠭᠤᠯᠵᠦ ᠶᠠᠪᠤᠨ᠎ᠠ᠃

ᠳᠠᠯᠠᠷᠬᠠᠯ᠎ᠤᠨ ᠰᠡᠳᠭᠢᠯ ᠵᠢᠡᠨ ᠢᠯᠡᠳᠭᠡᠬᠦ ᠬᠡᠮᠡᠷᠯᠢᠭ ᠲᠤᠭ ᠵᠢᠡᠨ ᠬᠦᠷᠭᠡᠭᠰᠡᠨ ᠴᠤᠨᠭᠵᠢ ᠰᠤᠮᠤ ᠵᠢᠨ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠤᠠᠲ᠎ᠤᠨ ᠭᠡᠰᠢᠬᠦᠨ ᠵᠠᠨᠭ᠌ ᠪᠢᠨ ᠮᠠᠯᠴᠢᠳ ᠵᠢᠡᠨ ᠳᠠᠭᠠᠭᠤᠯᠤᠨ ᠳᠠᠯ ᠠᠭᠤᠯᠠ ᠪᠠᠯᠭᠠᠰᠤᠨ᠎ᠤ ᠶᠤᠤ ᠴᠸᠨ ᠴᠢ ᠰᠢᠨ ᠮᠠᠯ ᠲᠡᠵᠢᠭᠡᠪᠦᠷᠢ ᠵᠢᠨ ᠬᠢᠵᠠᠭᠠᠷᠲᠤ ᠺᠤᠮᠫᠠᠨᠢ᠎ᠳᠤ ᠬᠦᠷᠴᠦ᠂ 《ᠳᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠬᠴᠠ ᠵᠢᠨ ᠤᠬᠠᠮᠰᠠᠷ᠎ᠢ ᠪᠠᠳᠤ ᠴᠤᠬᠴᠠᠯᠠᠬᠤ》 ᠭᠤᠤᠯ ᠰᠡᠳᠤᠪᠳᠦ ᠨᠠᠮ᠎ᠤᠨ ᠡᠳᠦᠷᠯᠢᠭ᠎ᠤᠨ ᠠᠵᠢᠯᠯᠠᠭ᠎ᠠ ᠦᠷᠨᠢᠬᠦᠯᠬᠦ ᠪᠡᠷ ᠮᠤᠷᠳᠠᠯ᠎ᠠ᠃

ᠤᠳᠤᠬᠢᠴᠢᠯᠠᠬᠰᠠᠨ ᠮᠠᠯ ᠠᠵᠤ ᠠᠬᠤᠢ ᠵᠢᠨ ᠦᠢᠯᠡᠳᠪᠦᠷᠢᠯᠡᠯ ᠵᠢᠡᠷ ᠭᠤᠤᠯᠯᠠᠬᠰᠠᠨ ᠶᠤᠤ ᠴᠸᠨ ᠴᠢ ᠰᠢᠨ ᠺᠤᠮᠫᠠᠨᠢ ᠨᠢ ᠬᠦᠷᠦᠯᠴᠡᠨ ᠢᠷᠡᠭᠰᠡᠨ ᠮᠠᠯᠴᠢᠳ ᠵᠢᠡᠨ ᠬᠠᠯᠠᠭᠤᠮᠰᠤᠭ ᠵᠢᠡᠷ ᠤᠬᠳᠤᠨ ᠠᠪᠴᠦ᠂ ᠮᠠᠯ ᠳᠡᠵᠢᠭᠡᠪᠦᠷᠢ ᠵᠢᠨ ᠤᠳᠤᠬᠢᠴᠢᠯᠠᠬᠰᠠᠨ ᠠᠷᠠᠴᠢᠯᠠᠵᠦ ᠳᠡᠵᠢᠭᠡᠬᠦ ᠮᠠᠷᠭᠡᠵᠢᠯ᠎ᠢ ᠨᠠᠷᠢᠨ ᠰᠠᠢᠬᠠᠨ ᠳᠠᠨᠢᠯᠴᠠᠭᠤᠯᠤᠨ᠎ᠠ᠃ ᠮᠠᠯᠴᠢᠳ᠎ᠴᠦ ᠭᠠᠷ ᠤᠳᠠᠰᠤ᠂ ᠪᠢᠷ᠎ᠢᠶᠡᠨ ᠪᠠᠷᠢᠵᠦ᠂ ᠦᠪᠡᠷ᠎ᠤᠨ ᠮᠠᠯᠵᠢᠬᠤ ᠦᠢᠯᠡᠳᠪᠦᠷᠢᠯᠡᠯ᠎ᠳᠡᠭᠡᠨ ᠳᠤᠰᠠ ᠳᠡᠮ ᠪᠤᠯᠬᠤ ᠵᠦᠢᠯᠡᠰ ᠵᠢᠡᠨ ᠨᠠᠷᠢᠨ ᠲᠡᠮᠳᠡᠭᠯᠡᠵᠦ᠂ ᠮᠡᠳᠡᠬᠦ ᠦᠬᠡᠢ ᠴᠢᠳᠠᠬᠤ ᠦᠬᠡᠢ ᠵᠦᠢᠯ᠎ᠢᠶᠡᠨ ᠪᠠᠢᠠ ᠳᠠᠬᠢᠨ ᠠᠰᠠᠭᠤᠬᠤ᠎ᠳᠦ᠂ ᠺᠤᠮᠫᠠᠨᠢ ᠵᠢᠨ ᠬᠠᠷᠢᠭᠤᠴᠠᠯᠭᠠᠳᠠᠨ ᠡᠴᠡ ᠤᠳᠤᠬᠢᠴᠢᠯᠠᠭᠰᠠᠨ ᠮᠠᠯᠵᠢᠬᠤ ᠦᠢᠯᠡᠳᠪᠦᠷᠢᠯᠡᠯ᠎ᠤᠨ ᠳᠤᠬᠠᠢ ᠮᠠᠯᠴᠢᠳ᠎ᠤᠨ ᠠᠩᠬᠠᠷᠴᠦ ᠪᠠᠢᠭ᠎ᠠ ᠵᠦᠢᠯ᠎ᠳᠤ ᠨᠢᠭᠡᠳ ᠨᠢᠭᠡ ᠪᠡᠷ ᠬᠠᠷᠢᠭᠤᠯᠳᠠ ᠥᠭᠴᠦ᠂ ᠨᠠᠮ᠎ᠤᠨ ᠡᠳᠦᠷᠯᠢᠭ᠎ᠤᠨ ᠠᠵᠢᠯᠯᠠᠭ᠎ᠠ ᠬᠦᠷ ᠬᠦᠭᠵᠢᠶᠡᠨ ᠲᠠᠢ ᠶᠠᠪᠤᠬᠳᠠᠨ᠎ᠠ᠃

ᠲᠤᠰ ᠠᠵᠢᠯᠯᠠᠭ᠎ᠠ ᠪᠡᠷ ᠳᠠᠮᠵᠢᠨ ᠮᠠᠯᠴᠢᠳ ᠤᠳᠤᠬᠢᠴᠢᠯᠠᠬᠰᠠᠨ ᠮᠠᠯ ᠲᠡᠵᠢᠭᠡᠪᠦᠷᠢ ᠵᠢᠨ ᠲᠤᠷᠰᠢᠯᠭ᠎ᠠ ᠵᠢ ᠰᠤᠷᠤᠯᠴᠠᠨ᠎ᠠ᠃ ᠡᠨᠡ ᠮᠡᠲᠤ ᠪᠡᠷ᠂ ᠨᠦᠬᠦᠷᠰᠡᠭ ᠬᠤᠯᠪᠤᠭ᠎ᠠ ᠪᠠᠢᠭᠤᠯᠤᠬᠰᠠᠨ ᠭᠠᠴᠠᠭᠠᠨ᠎ᠤ ᠨᠠᠮ᠎ᠤᠨ ᠡᠭᠦᠷ ᠡᠴᠡ ᠰᠢᠨ᠎ᠡ ᠵᠢᠯ ᠴᠠᠭᠠᠨ ᠰᠠᠷ᠎ᠠ᠂ ᠨᠠᠮ ᠪᠠᠢᠭᠤᠯᠤᠬᠳᠠᠬᠰᠠᠨ ᠡᠳᠦᠷ᠂ ᠰᠢᠨ᠎ᠡ ᠳᠤᠮᠳᠠᠳᠤ ᠤᠯᠤᠰ ᠪᠠᠢᠭᠤᠯᠤᠬᠳᠠᠬᠰᠠᠨ ᠪᠠᠶᠠᠷ᠎ᠤᠨ ᠡᠳᠤᠷ ᠵᠡᠷᠭᠡ ᠪᠠᠶᠠᠷ ᠳᠤᠷᠠᠰᠬᠠᠯ᠎ᠤᠨ ᠡᠳᠦᠷ᠎ᠢ ᠳᠤᠬᠢᠶᠠᠯᠳᠤᠭᠤᠯᠤᠨ᠂ ᠬᠤᠪᠢᠰᠬᠠᠯᠲᠤ ᠳᠠᠭᠤᠤ᠎ᠶᠢᠨ ᠴᠤᠭᠯᠠᠭᠠᠨ᠂ ᠮᠠᠯᠴᠢᠨ ᠲᠠᠷᠢᠶᠠᠴᠢᠨ᠎ᠤ ᠤᠷᠠᠨ ᠰᠠᠢᠬᠠᠨ᠎ᠤ ᠬᠠᠮᠲᠤᠷᠠᠭᠰᠠᠨ ᠲᠣᠭᠯᠠᠯᠲᠠ᠂ ᠰᠣᠨᠢᠷᠬᠠᠯᠲᠤ ᠪᠡᠶ᠎ᠡ᠎ᠶᠢᠨ ᠲᠠᠮᠢᠷ᠎ᠤᠨ ᠤᠷᠤᠯᠳᠤᠭᠠᠨ ᠵᠡᠷᠭᠡ 《ᠭᠤᠤᠯ ᠰᠡᠳᠦᠪᠲᠤ ᠨᠠᠮ᠎ᠤᠨ ᠡᠳᠦᠷᠯᠢᠭ》 ᠤ᠋ᠨ ᠠᠵᠢᠯᠯᠠᠭ᠎ᠠ᠎ᠶᠢ ᠵᠣᠬᠢᠶᠠᠨ ᠪᠠᠢᠭᠤᠯᠤᠨ ᠦᠷᠨᠢᠬᠦᠯᠵᠦ᠂ ᠮᠠᠯᠴᠢᠨ ᠲᠠᠷᠢᠶᠠᠴᠢᠨ᠎ᠤ ᠠᠮᠢᠳᠤᠷᠠᠯ᠎ᠢ ᠪᠠᠶᠠᠯᠢᠭ᠍ᠵᠢᠭᠤᠯᠬᠤ ᠵᠢᠨ ᠬᠠᠮᠲᠤ ᠭᠠᠴᠠᠭ᠎ᠠ ᠨᠤᠭᠤᠳ᠎ᠤᠨ ᠬᠤᠭᠤᠷᠤᠨᠳᠤᠬᠢ ᠨᠦᠬᠦᠷᠯᠡᠯ᠎ᠢ ᠤᠯᠠᠮ ᠨᠢᠬᠲᠠᠷᠠᠭᠤᠯᠵᠤ᠂ ᠦᠨᠳᠦᠰᠦᠲᠡᠨ᠎ᠦ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠳᠠᠭ᠃

— ᠴᠡᠪᠡᠷ ᠴᠡᠮᠴᠡᠭᠡᠷ ᠦᠬᠡᠷ᠎ᠤᠨ ᠬᠠᠰᠢᠶ᠎ᠠ᠂ ᠲᠤᠭᠤᠯ᠎ᠤᠨ ᠫᠸᠨᠭ᠂ ᠲᠡᠷᠢ ᠲᠡᠭᠰᠢᠬᠡᠨ ᠪᠠᠢᠰᠢᠨᠭ᠌ ᠰᠠᠷᠠᠪᠴᠢ ᠵᠠᠬ᠎ᠠ ᠡᠴᠡ ᠵᠢᠭᠳᠡᠷᠡᠨ ᠬᠠᠷᠠᠬᠳᠠᠨ᠎ᠠ᠃᠎ᠳᠠᠯ ᠠᠭᠤᠯᠠ ᠪᠠᠯᠭᠠᠰᠤᠨ᠎ᠤ ᠶᠤᠤ ᠴᠸᠨ ᠴᠢ ᠰᠢᠨ ᠮᠠᠯ ᠲᠡᠵᠢᠭᠡᠪᠦᠷᠢ ᠵᠢᠨ ᠬᠢᠵᠠᠭᠠᠷᠲᠤ ᠺᠤᠮᠫᠠᠨᠢ᠎ᠳᠤ ᠢᠷᠡᠵᠤ ᠰᠤᠷᠤᠯᠴᠭᠠᠠᠳ ᠶᠤᠰᠤᠲᠠᠢ ᠨᠢᠳᠦ ᠨᠡᠬᠡᠬᠡᠯ᠎ᠡ᠃ ᠰᠢᠨᠵᠢᠯᠡᠬᠦ ᠤᠬᠠᠭᠠᠴᠢ ᠪᠡᠷ ᠠᠷᠠᠴᠢᠯᠠᠵᠦ ᠳᠡᠵᠢᠭᠡᠬᠦ᠂ ᠲᠤᠬᠲᠠᠬᠰᠠᠨ ᠬᠤᠭᠤᠴᠠᠭ᠎ᠠ ᠲᠠᠢ ᠲᠠᠷᠢᠯᠭ᠎ᠠ ᠬᠢᠬᠦ᠂ ᠡᠪᠡᠳᠴᠢᠨ ᠬᠢᠵᠢᠭ᠎ᠢ ᠤᠷᠢᠳᠴᠢᠯᠠᠨ ᠰᠡᠷᠭᠡᠢᠯᠡᠬᠦ ᠵᠢ ᠨᠠᠷᠢᠨ ᠦᠢᠯᠠᠭᠠᠵᠦ ᠠᠪᠤᠯ᠎ᠠ᠃ ᠬᠠᠷᠢᠬᠰᠠᠨ᠎ᠤ ᠳᠠᠷᠠᠭ᠎ᠠ ᠡᠳᠡᠭᠡᠷ ᠦᠵᠡᠵᠤ ᠰᠤᠨᠤᠰᠤᠬᠰᠠᠨ ᠵᠦᠢᠯᠡᠰ ᠵᠢᠨᠨ ᠭᠠᠴᠠᠭᠠᠨ᠎ᠤ ᠮᠠᠯᠴᠢᠳ ᠲᠠᠢ ᠪᠠᠨ ᠬᠠᠮᠳᠤ ᠪᠡᠷ ᠰᠤᠷᠤᠯᠴᠠᠵᠤ ᠬᠠᠮᠳᠤ ᠪᠡᠷ ᠦᠢᠯᠡᠳᠦᠯᠬᠡᠵᠢᠬᠦᠯᠦᠨ᠎ᠡ ᠭᠡᠵᠤ ᠪᠠᠶᠠᠠᠭᠤᠤᠯ ᠭᠠᠴᠠᠭᠠᠨ᠎ᠤ ᠨᠠᠮ᠎ᠤᠨ ᠡᠬᠦᠷ᠎ᠤᠨ ᠱᠦᠵᠢ ᠬᠦᠴᠦᠲᠤ ᠤᠴᠢᠷᠯᠠᠨ᠎ᠠ᠃

— ᠳᠠᠷᠠᠭᠠᠴᠢ ᠪᠡᠷ ᠪᠢᠳᠡ ᠳᠠᠯ ᠠᠭᠤᠯᠠ ᠪᠠᠯᠭᠠᠰᠤᠨ᠎ᠤ ᠶᠤᠤ ᠴᠸᠨ ᠴᠢ ᠰᠢᠨ ᠮᠠᠯ ᠲᠡᠵᠢᠭᠡᠪᠦᠷᠢ ᠵᠢᠨ ᠬᠢᠵᠠᠭᠠᠷᠲᠤ ᠺᠤᠮᠫᠠᠨᠢ ᠲᠠᠢ ᠬᠠᠮᠳᠤᠷᠠᠵᠤ᠂ ᠮᠠᠯᠵᠢᠬᠤ ᠤᠷᠤᠨ᠎ᠤ ᠭᠠᠴᠠᠭᠠᠨ ᠡᠴᠡ ᠠᠷᠭᠠᠯ ᠬᠤᠳᠠᠯᠳᠤᠨ ᠠᠪᠴᠤ᠂ ᠠᠷᠭᠠᠯ ᠵᠢᠨᠷ ᠲᠦᠬᠦᠬᠡᠢ ᠡᠳ᠋ ᠪᠤᠯᠭᠠᠬᠰᠠᠨ ᠰᠢᠨ᠎ᠡ ᠬᠡᠯᠪᠡᠷᠢ ᠵᠢᠨ ᠲᠦᠯᠡᠰᠢ ᠦᠢᠯᠡᠳᠬᠦ ᠪᠡᠷ ᠲᠦᠯᠦᠪᠯᠡᠵᠤ ᠪᠠᠢᠨ᠎ᠠ᠂ ᠡᠨᠡᠬᠦ ᠰᠢᠨ᠎ᠡ ᠬᠡᠯᠪᠡᠷᠢ ᠵᠢᠨ ᠲᠦᠯᠡᠰᠢ ᠵᠢ ᠦᠢᠯᠡᠳᠬᠦ᠎ᠳᠤ ᠡᠳᠦᠷ ᠪᠦᠷᠢ 100 ᠲᠤᠨ ᠠᠷᠭᠠᠯ ᠬᠡᠷᠡᠭᠰᠡᠨ᠎ᠡ᠂ ᠡᠨᠡ ᠨᠢ ᠮᠦᠨᠴᠤ ᠮᠠᠯᠵᠢᠬᠤ ᠤᠷᠤᠨ᠎ᠤ ᠮᠠᠯᠴᠢᠳ᠎ᠲᠠᠭᠠᠨ ᠠᠰᠢᠭ ᠲᠤᠰᠠ ᠬᠦᠷᠲᠡᠭᠡᠬᠦ ᠰᠠᠢᠨ ᠶᠠᠪᠤᠳᠠᠯ ᠪᠤᠯᠬᠤ ᠶᠤᠮ ᠭᠡᠵᠤ ᠰᠤᠳᠠᠯ᠎ᠤᠨ ᠬᠤᠳᠳᠤᠭ ᠭᠠᠴᠠᠭᠠᠨ᠎ᠤ ᠨᠠᠮ᠎ᠤᠨ ᠡᠬᠦᠷ᠎ᠤᠨ ᠱᠦᠵᠢ ᠯᠢᠤ ᠫᠸᠢ ᠹᠦ ᠢᠲᠡᠭᠡᠯ ᠲᠡᠬᠦᠯᠳᠡᠷ ᠶᠠᠷᠢᠨ᠎ᠠ᠃


640-(1).jpg


《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠤᠯ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠳᠦ ᠠᠰᠢᠭ ᠲᠤᠰᠠ ᠲᠠᠢ ᠪᠡᠷ ᠦᠯᠦ ᠪᠠᠷᠠᠨ ᠨᠡᠨᠭ ᠴᠸ᠋ ᠡᠯ᠎ᠡ ᠦᠨᠳᠦᠰᠦᠳᠡᠨ᠎ᠤ ᠤᠯᠠᠨ ᠲᠦᠮᠡᠨ᠎ᠤ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠠᠬᠢᠭᠤᠯᠬᠤ ᠡᠪ ᠪᠦᠯᠬᠦᠮᠳᠡᠯ᠎ᠤᠨ ᠬᠦᠬᠦᠷᠭᠡ ᠪᠤᠯᠬᠤ ᠨᠢ ᠭᠠᠷᠴᠠᠭ᠎ᠠ ᠦᠭᠡᠢ ᠪᠢᠯᠡ᠃

— ᠲᠤᠰ ᠨᠦᠬᠦᠷᠰᠡᠭ ᠬᠤᠯᠪᠤᠭ᠎ᠠ ᠵᠢ ᠪᠠᠢᠭᠤᠯᠤᠬᠰᠠᠨ ᠡᠴᠡ ᠡᠯ᠎ᠡ ᠦᠨᠳᠦᠰᠦᠲᠡᠨ᠎ᠤ ᠤᠯᠠᠨ ᠲᠦᠮᠡᠨ ᠨᠢᠭᠡ ᠭᠡᠷ᠎ᠤᠨ ᠬᠦᠮᠦᠨ ᠮᠡᠲᠤ ᠲᠤᠳᠤᠨᠤ ᠶᠠᠪᠤᠯᠴᠠᠵᠤ᠂ ᠬᠡᠨ ᠨᠢᠭᠡ ᠨᠢ ᠬᠦᠴᠢᠷᠳᠡᠪᠡᠯ ᠬᠠᠮᠳᠤ ᠤᠯᠠᠨ ᠵᠢᠡᠷ ᠵᠢᠡᠨ ᠬᠦᠳᠡᠯᠦᠯᠴᠡᠵᠦ ᠬᠠᠷᠢᠯᠴᠠᠨ ᠳᠤᠰᠠ ᠳᠡᠮ ᠪᠤᠯᠤᠯᠴᠠᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠨ ᠬᠠᠮᠳᠤ ᠪᠡᠷ ᠳᠠᠪᠰᠢᠬᠤ ᠪᠤᠯᠪᠠ᠃ ᠰᠡᠳᠭᠢᠯ ᠨᠢᠭᠡᠳᠤᠨ ᠬᠦᠴᠦᠨ ᠵᠢᠡᠨ ᠬᠠᠮᠳᠤᠳᠬᠠᠵᠦ ᠬᠠᠮᠳᠤᠷᠠᠨ ᠠᠵᠢᠯᠯᠠᠪᠠᠯ ᠰᠠᠶᠢ ᠦᠢᠯᠡᠰ᠎ᠤᠨ ᠬᠠᠷᠭᠤᠢ ᠨᠡᠨᠭ ᠰᠠᠷᠠᠭᠤᠯᠵᠢᠵᠤ᠂ ᠬᠦᠭᠵᠢᠯ᠎ᠤᠨ ᠵᠠᠮ ᠨᠡᠨᠭ ᠦᠷᠭᠡᠳᠭᠦ ᠶᠤᠮ ᠭᠡᠵᠤ ᠳᠡᠯ ᠠᠭᠤᠯᠠ ᠪᠠᠯᠭᠠᠰᠤᠨ᠎ᠤ ᠨᠠᠮ᠎ᠤᠨ ᠬᠤᠷᠢᠶ᠎ᠠ ᠵᠢᠨ ᠱᠦᠵᠢ ᠯᠢ ᠬᠤᠨᠭ᠌ ᠶᠠᠷᠢᠨ᠎ᠠ᠃

ᠣᠢᠷ᠎ᠠ᠎ᠶᠢᠨ ᠵᠢᠯ᠎ᠳᠦ᠂ ᠤᠷᠠᠳ᠎ᠤᠨ ᠳᠤᠮᠳᠠᠳᠤ ᠬᠣᠰᠢᠭᠤ 《ᠵᠢᠷᠭᠤᠭ᠎ᠠ ᠵᠢ ᠬᠤᠯᠪᠤᠭᠠᠯᠠᠨ ᠬᠠᠮᠳᠤ ᠪᠡᠷ ᠪᠠᠢᠭᠤᠯᠬᠤ》 ᠬᠡᠯᠪᠡᠷᠢ ᠪᠡᠷ 《ᠡᠮᠦᠨᠡᠲᠦ᠎ᠶᠢᠨ ᠲᠠᠷᠢᠶᠠᠯᠠᠩ ᠤᠮᠠᠷᠠᠲᠤ᠎ᠶᠢᠨ ᠮᠠᠯ ᠠᠵᠤ ᠠᠬᠤᠢ》 ᠵᠢᠨ ᠦᠢᠯᠡᠳᠪᠦᠷᠢᠯᠡᠯ᠎ᠦᠨ ᠪᠠᠢᠷᠢᠰᠢᠯ᠎ᠤᠨ ᠣᠨᠴᠠᠯᠢᠭ᠋᠎ᠲᠤ ᠰᠠᠭᠤᠷᠢᠯᠠᠨ᠂ 《ᠲᠡᠵᠢᠭᠡᠬᠦ᠎ᠶᠢᠨ ᠲᠥᠯᠥᠭᠡ ᠳᠠᠷᠢᠵᠤ᠂ ᠳᠠᠷᠢᠵᠤ ᠲᠡᠵᠢᠭᠡᠬᠦ᠎ᠶᠢ ᠤᠶᠠᠯᠳᠤᠭᠤᠯᠬᠤ》 ᠣᠢᠯᠠᠭᠠᠭᠳᠠᠬᠤᠨ᠎ᠢ ᠪᠠᠷᠢᠮᠲᠠᠯᠠᠵᠤ᠂ ᠡᠮᠦᠨᠡᠲᠦ ᠬᠡᠰᠡᠭ᠎ᠦᠨ ᠡᠪᠡᠰᠦ ᠪᠡᠷ ᠤᠮᠠᠷᠠᠲᠤ ᠬᠡᠰᠡᠭ᠎ᠦᠨ ᠮᠠᠯ᠎ᠢ ᠲᠡᠵᠢᠭᠡᠬᠦ᠂ ᠤᠮᠠᠷᠠᠲᠤ ᠭᠡᠰᠡᠭ᠎ᠤᠨ ᠮᠠᠯ᠎ᠢ ᠡᠮᠦᠨᠡᠲᠦ ᠬᠡᠰᠡᠭ᠎ᠲᠤ ᠪᠤᠷᠳᠤᠬᠤ᠂ ᠤᠮᠠᠷᠠᠲᠤ ᠭᠡᠰᠡᠭ᠎ᠤᠨ ᠪᠤᠷᠳᠤᠭᠤᠷ᠎ᠢ ᠡᠮᠦᠨᠡᠲᠤ ᠭᠡᠰᠡᠭ᠎ᠤᠨ ᠲᠠᠷᠢᠶᠠᠨ᠎ᠳᠤ ᠤᠷᠤᠭᠤᠯᠬᠤ ᠵᠡᠷᠭᠡ ᠲᠠᠷᠢᠶᠠᠯᠠᠩ ᠮᠠᠯ ᠠᠵᠤ ᠠᠬᠤᠢ᠎ᠶᠢ ᠨᠢᠬᠲᠠ ᠤᠶᠠᠯᠳᠤᠭᠤᠯᠵᠤ᠂ ᠪᠥᠬᠥ ᠤᠯᠤᠰ᠎ᠤᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠤᠷᠤᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢᠨ ᠵᠢᠱ᠌ᠢᠶ᠎ᠡ ᠦᠵᠡᠭᠦᠯᠬᠦ ᠣᠷᠣᠨ᠎ᠢ ᠪᠣᠶ ᠪᠣᠯᠭᠠᠬᠤ ᠪᠡᠷ ᠪᠦᠬᠦ ᠬᠦᠴᠦᠨ ᠵᠢᠨᠷ ᠵᠢᠨᠨ ᠴᠢᠷᠮᠠᠢᠵᠤ ᠪᠤᠢ᠃

— 《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠤᠯ 《ᠨᠢᠭᠡ ᠭᠠᠴᠠᠭ᠎ᠠ ᠨᠢᠭᠡ ᠭᠠᠴᠠᠭ᠎ᠠ ᠲᠠᠢ ᠬᠠᠷᠢᠴᠠᠬᠤ》 ᠪᠤᠶᠤ 《ᠨᠢᠭᠡ ᠭᠠᠴᠠᠭ᠎ᠠ ᠣᠯᠠᠨ ᠭᠠᠴᠠᠭ᠎ᠠ ᠲᠠᠢ ᠬᠠᠷᠢᠴᠠᠬᠤ》 ᠬᠡᠯᠪᠡᠷᠢ ᠪᠡᠷ ᠪᠦᠬᠦ ᠬᠤᠰᠢᠭᠤᠨ ᠡᠴᠡ ᠨᠡᠢᠲᠡ 37 ᠭᠠᠴᠠᠭ᠎ᠠ ᠲᠤᠰ ᠨᠦᠬᠦᠷᠰᠡᠭ ᠬᠤᠯᠪᠤᠭ᠎ᠠ᠎ᠳᠤ ᠢᠳᠡᠪᠬᠢᠲᠡᠢ ᠨᠡᠷ᠎ᠡ ᠪᠦᠷᠢᠳᠭᠡᠯᠭᠡᠵᠤ᠂ ᠨᠦᠬᠦᠷᠰᠡᠭ ᠬᠤᠯᠪᠤᠭ᠎ᠠ ᠪᠠᠢᠭᠤᠯᠤᠬᠰᠠᠨ ᠬᠣᠶᠠᠷ ᠲᠠᠯ᠎ᠠ ᠵᠢᠨ ᠬᠢᠨ᠎ᠤ ᠭᠠᠴᠠᠭ᠎ᠠ ᠲᠣᠰᠬᠣᠨ᠎ᠤ ᠨᠠᠮ᠎ᠤᠨ ᠡᠭᠦᠷ ᠡᠴᠡ 《ᠰᠠᠨᠠᠮᠵᠢ ᠵᠢᠨ ᠪᠢᠴᠢᠭ》 ᠳᠤᠬᠳᠠᠵᠦ᠂ ᠤᠯᠠᠷᠢᠯ ᠪᠦᠷᠢ᠎ᠳᠦ ᠲᠣᠭᠲᠠᠮᠠᠯ ᠬᠤᠭᠤᠴᠠᠭ᠎ᠠ᠎ᠲᠠᠢ ᠪᠠᠷ ᠭᠠᠴᠠᠭᠠᠨ᠎ᠤ ᠨᠠᠮ᠎ᠤᠨ ᠭᠡᠰᠢᠭᠦᠨ ᠪᠤᠯᠤᠨ ᠮᠠᠯᠴᠢᠨ ᠲᠠᠷᠢᠶᠠᠴᠢᠨ᠎ᠤ ᠲᠦᠯᠦᠭᠡᠯᠡᠭᠴᠢᠳ᠎ᠢ ᠵᠣᠬᠢᠶᠠᠨ ᠪᠠᠢᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠬᠠᠮᠲᠤᠷᠠᠨ ᠵᠥᠪᠳᠡᠯᠴᠡᠬᠦ᠂ ᠺᠠᠳ᠋ᠷ᠎ᠤᠨ ᠠᠵᠢᠯ᠎ᠤᠨ ᠪᠠᠢᠷᠢ ᠰᠣᠯᠢᠬᠤ᠂ ᠪᠡᠯᠡᠳᠬᠡᠯ ᠬᠦᠴᠦᠨ᠎ᠢ ᠬᠣᠣᠰᠯᠠᠨ ᠬᠥᠮᠥᠵᠢᠭᠦᠯᠬᠦ᠂ ᠬᠦᠴᠢᠷᠳᠡᠯ᠎ᠲᠠᠢ ᠠᠰᠠᠭᠤᠳᠠᠯ᠎ᠢ ᠬᠠᠮᠵᠢᠯᠴᠠᠨ ᠰᠢᠢᠳᠪᠦᠷᠢᠯᠡᠬᠦ ᠵᠡᠷᠭᠡ ᠠᠵᠢᠯᠯᠠᠭ᠎ᠠ᠎ᠶᠢ ᠬᠤᠯᠪᠤᠭᠠᠯᠠᠨ ᠦᠷᠨᠢᠬᠦᠯᠳᠡᠭ ᠭᠡᠵᠤ ᠬᠤᠰᠢᠭᠤᠨ᠎ᠤ ᠨᠠᠮ᠎ᠤᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ᠎ᠤᠨ ᠬᠤᠶᠠᠳᠤᠭᠠᠷ ᠲᠠᠰᠤᠭ᠎ᠤᠨ ᠡᠷᠬᠢᠯᠡᠭᠴᠢ ᠠᠤᠭ᠎ᠠ ᠨᠦᠬᠦᠷᠰᠡᠭ ᠬᠤᠯᠪᠤᠭ᠎ᠠ ᠵᠢᠨ ᠪᠠᠢᠳᠠᠯ ᠵᠢᠡᠨ ᠲᠠᠨᠢᠯᠴᠠᠭᠤᠯᠤᠨ᠎ᠠ᠃

《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠪᠠᠢᠭᠤᠯᠤᠬᠰᠠᠨ ᠭᠤᠷᠪᠠᠨ ᠵᠢᠯ ᠭᠠᠷᠤᠢ ᠵᠢᠨ ᠬᠤᠭᠤᠴᠠᠭᠠᠨ᠎ᠳᠤ᠂ ᠤᠷᠠᠳ᠎ᠤᠨ ᠳᠤᠮᠳᠠᠳᠦ ᠬᠤᠰᠢᠭᠤᠨ᠎ᠤ ᠡᠯ᠎ᠡ ᠰᠤᠮᠤ ᠪᠠᠯᠭᠠᠰᠤ᠎ᠶᠢᠨ ᠬᠢᠨ ᠬᠠᠩᠭᠠᠯᠭ᠎ᠠ ᠬᠡᠷᠡᠭᠴᠡᠭᠡᠨ᠎ᠤ ᠠᠰᠠᠭᠤᠳᠠᠯ᠎ᠢ ᠨᠡᠢᠲᠡ147 ᠤᠳᠠᠭ᠎ᠠ ᠰᠢᠢᠳᠪᠦᠷᠢᠯᠡᠵᠤ᠂ ᠣᠷᠣᠨ ᠪᠦᠰᠡ᠎ᠶᠢᠨ ᠳᠠᠪᠠᠭᠤᠯᠢᠭ᠋᠎ᠢᠶᠠᠨ ᠪᠠᠳᠠᠷᠠᠭᠤᠯᠬᠤ᠎ᠶᠢ ᠪᠦᠲᠦᠮᠵᠢᠲᠡᠢ ᠠᠬᠢᠭᠤᠯᠵᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ᠎ᠳᠠᠭᠠᠨ ᠬᠦᠷᠴᠡᠢ᠃

ᠭᠤᠪᠢ ᠨᠤᠲᠤᠭ᠎ᠢ ᠤᠮᠳᠠᠯᠠᠭᠰᠠᠨ ᠪᠤᠷᠤᠭᠠᠨ᠎ᠤ ᠳᠠᠷᠠᠭ᠎ᠠ ᠲᠡᠭᠷᠢ ᠵᠢᠨ ᠬᠠᠶᠠᠭᠠᠨ᠎ᠠ ᠳᠠᠪᠬᠤᠷ ᠰᠤᠯᠤᠩᠭ᠎ᠠ ᠲᠠᠲᠠᠵᠦ ᠤᠨᠴᠠ ᠵᠢᠨ ᠭᠤᠶᠤ ᠬᠠᠷᠠᠭᠳᠠᠨ᠎ᠠ᠃ 《ᠮᠠᠯᠴᠢᠨ ᠲᠠᠷᠢᠶᠠᠴᠢᠨ᠎ᠤ ᠨᠦᠬᠦᠷᠰᠡᠭ ᠬᠤᠯᠪᠤᠭ᠎ᠠ》 ᠵᠢᠨ ᠬᠦᠴᠦᠨ᠎ᠳᠦ ᠡᠯ᠎ᠡ ᠦᠨᠳᠦᠰᠦᠳᠡᠨ᠎ᠤ ᠤᠯᠠᠨ ᠲᠦᠮᠡᠨ ᠨᠢᠬᠳᠠᠷᠠᠨ ᠪᠦᠯᠬᠦᠮᠳᠡᠵᠦ ᠦᠵᠡᠰᠭᠦᠯᠡᠩᠳᠦ ᠰᠠᠢᠬᠠᠨ ᠤᠷᠠᠳ ᠨᠤᠳᠤᠭ ᠵᠢᠡᠨ ᠨᠡᠩ ᠰᠠᠢᠬᠠᠨ ᠪᠠᠢᠭᠤᠯᠬᠤ ᠪᠡᠷ ᠬᠦᠴᠦᠯᠡᠨ ᠴᠢᠷᠮᠠᠢᠨ᠎ᠠ᠃


downLoad-20231013113114.jpg


ᠴᠤᠨᠭᠵᠢ ᠰᠤᠮᠤᠨ᠎ᠤ ᠪᠠᠶᠠᠨᠭᠤᠤᠯ ᠭᠠᠴᠠᠭᠠᠨ᠎ᠤ ᠠᠵᠤ ᠦᠢᠯᠡᠰ᠎ᠤᠨ ᠲᠤᠭᠤᠷᠢᠭ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号