ᠦᠪᠤᠷ ᠮᠤᠨᠭᠭᠤᠯ ᠤ᠋ᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠵᠤ ᠲᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠳᠠ ᠵᠢᠨ ᠰᠢᠨ᠎ᠠ ᠬᠠᠭᠤᠳᠠᠰᠤ ᠵᠢ ᠴᠢᠷᠮᠠᠢᠨ ᠪᠢᠴᠢᠭᠯᠡᠬᠦ ᠲᠤᠬᠠᠢ ᠲᠦᠷᠦ ᠵᠢᠨ ᠶᠠᠪᠤᠳᠠᠯ ᠤ᠋ᠨ ᠬᠤᠷᠢᠶ᠎ᠠ ᠵᠢᠨ ᠰᠠᠨᠠᠯ
2023-10-18 16:48:45
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢᠨ ᠲᠣᠭᠣᠷᠢᠨ᠎ᠳᠤ ᠥᠪᠥᠷ ᠮᠣᠩᠭᠣᠯ ᠢ᠋ ᠮᠠᠨ ᠤ᠋ ᠤᠯᠤᠰ ᠤ᠋ᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ ᠤ᠋ ᠬᠠᠯᠬᠠᠪᠴᠢ᠂ ᠡᠭᠡ ᠤᠯᠤᠰ ᠤ᠋ᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ᠂ ᠤᠯᠤᠰ ᠤ᠋ᠨ ᠴᠢᠬᠤᠯᠠ ᠡᠨ᠋ᠸᠷᠬᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ ᠤ᠋ᠨ ᠰᠠᠭᠤᠷᠢᠨ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ᠎ᠲᠠᠷᠢᠶᠠᠯᠠᠩ ᠤ᠋ᠨ ᠪᠦᠳᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠳᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ ᠤ᠋ᠨ ᠲᠥᠪ ᠬᠣᠷᠢᠶ᠎ᠠ᠎ᠡᠴᠡ ᠥᠪᠥᠷ ᠮᠣᠩᠭᠣᠯ ᠳ᠋ᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ᠎ᠠ᠃ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠶᠠᠷᠢᠶ᠎ᠠ ᠪᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠸ᠋ᠯ ᠱᠢᠵᠢᠮ ᠪᠣᠯᠭᠠᠬᠤ᠎ᠶ᠋ᠢ ᠳᠡᠮᠵᠢᠵᠦ᠍᠂ 《ᠲᠠᠪᠤᠨ ᠶᠡᠬᠡ ᠡᠭᠦᠷᠭᠡ》 ᠶ᠋ᠢ ᠲᠦᠷᠭᠡᠳᠭᠡᠨ ᠨᠠᠢᠳᠠᠪᠤᠷᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠶ᠋ᠢᠨ ᠲᠦᠯᠦᠭᠡ᠂ ᠤᠳᠤ ᠳᠣᠸ᠋ᠷᠠᠬᠢ ᠮᠡᠲᠦ ᠰᠠᠨᠠᠯ᠎ᠢ ᠳᠤᠷᠠᠳᠪᠠ᠃


ᠶᠡᠷᠦᠩᠬᠡᠶ ᠱᠠᠭᠠᠷᠳᠠᠯᠭ᠎ᠠ


ᠵᠢᠯᠣᠭᠣᠳᠭᠤ ᠦᠵᠡᠯ ᠰᠠᠨᠠᠭ᠎ᠠ

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠠᠬᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠱᠢᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ ᠪᠠᠷ ᠲᠤᠭᠤᠰᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠪᠡᠷ ᠭᠣᠣᠯ ᠰᠢᠵᠢᠮ ᠪᠣᠯᠭᠠᠵᠤ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠵᠤ᠂ ᠠᠵᠤ ᠠᠬᠤᠶ᠎ᠶ᠋ᠢᠨ ᠪᠦᠲᠦᠴᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠣᠬᠢᠷᠠᠭᠤᠯᠤᠯᠲᠠ ᠵᠢ ᠲᠦᠷᠭᠡᠳᠭᠡᠵᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ ᠪᠠᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠪᠦᠲᠦᠭᠡᠨ ᠪᠠᠢᠭᠤᠯᠬᠤ ᠲᠠᠯ᠎ᠠ ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠠᠬᠢᠭᠤᠯᠵᠤ᠂ ᠤᠯᠤᠰ᠎ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ ᠪᠣᠯᠤᠨ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠬᠤ ᠴᠢᠳᠠᠪᠬᠢ᠎ᠶ᠋ᠢ ᠦᠨᠡᠨ ᠬᠦ᠌ ᠳᠡᠭᠡᠭ᠌ᠰᠢᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠵᠤ᠂ ᠪᠦᠬᠦ᠌ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠵᠦ᠍ ᠪᠠᠲᠤᠯᠠᠬᠤ ᠴᠢᠬᠤᠯᠠ ᠲᠤᠯᠭᠠᠭᠤᠷᠢᠯᠠᠯ᠎ᠢ ᠪᠤᠢ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠬᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃

ᠠᠵᠢᠯ᠎ᠤᠨ ᠵᠠᠷᠴᠢᠮ

● ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠵᠤ ᠪᠣᠬᠢᠷᠲᠤᠯ ᠦᠭᠡᠢ ᠬᠦᠭᠵᠢᠭᠦᠯᠦᠨ᠎ᠠ

ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠡᠬᠢ ᠪᠤᠢ ᠪᠣᠯᠭᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠭᠡᠷ᠂ ᠤᠢ ᠱᠢᠭᠤᠢ᠂ ᠨᠤᠭᠤ ᠭᠠᠵᠠᠷ ᠵᠡᠷᠭᠡ ᠠᠮᠢ ᠠᠬᠤᠢ᠎ᠶ᠋ᠢᠨ ᠱᠢᠰᠲᠸᠮ᠎ᠢ ᠬᠠᠮᠠᠭᠠᠯᠠᠵᠤ ᠰᠡᠷᠭᠦᠭᠡᠬᠦ᠌ ᠡᠷᠴᠢᠮ᠎ᠢ ᠴᠢᠩᠭᠠᠷᠠᠭᠤᠯᠵᠤ᠂ ᠴᠦᠯᠯᠡᠷᠭᠡᠭ᠌ᠵᠢᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ᠎ᠶ᠋ᠢ ᠴᠢᠩᠭᠠᠳᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠤᠮᠢᠨ ᠨᠣᠭᠣᠭᠠᠨ ᠤᠷᠳᠤ ᠴᠠᠭᠠᠨ ᠬᠡᠷᠡᠮ᠎ᠢ ᠴᠣᠭ᠍ᠴᠠᠯᠠᠨ ᠪᠠᠢᠭᠤᠯᠤᠨ᠎ᠠ᠃

● ᠬᠡᠯᠪᠡᠷᠢ ᠪᠠᠨ ᠬᠤᠪᠢᠷᠠᠭᠤᠯᠵᠤ ᠪᠦᠲᠦᠴᠡ᠎ᠶᠢ ᠲᠣᠬᠢᠷᠠᠭᠤᠯᠤᠨ᠎ᠠ

ᠥᠪᠥᠷ ᠮᠣᠩᠭᠣᠯ᠎ᠤᠨ ᠡᠬᠢ ᠪᠠᠶᠠᠯᠢᠭ᠎ᠤᠨ ᠲᠠᠪᠠᠭᠤᠯᠢᠭ᠂ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ᠎ᠶ᠋ᠢ ᠠᠵᠤ ᠦᠶ᠋ᠯᠡᠰ᠎ᠦᠨ ᠪᠦᠲᠦᠴᠡ᠎ᠶ᠋ᠢ ᠳᠣᠭᠢᠷᠠᠭᠤᠯᠤᠨ ᠱᠢᠯᠢᠳᠡᠭ᠌ᠵᠢᠭᠦᠯᠬᠦ᠌᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠱᠢᠨ᠎ᠡ᠎ᠶ᠋ᠢ ᠡᠭᠦᠳᠬᠦ᠌ ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠂ ᠪᠣᠬᠢᠷᠲᠤᠯ ᠥᠬᠡᠶ ᠪᠠᠭ᠎ᠠ ᠨᠡᠬᠦᠷᠡᠰᠦᠳᠦ᠋ᠷᠦᠭᠴᠢᠳᠤ ᠬᠥᠭ᠌ᠵᠢᠯᠲᠡ᠎ᠶ᠋ᠢ ᠠᠬᠢᠭᠤᠯᠬᠤ᠂ ᠥᠭᠡᠷᠡᠴᠢᠯᠡᠯᠲᠡ ᠨᠡᠭᠡᠭᠡᠯᠲᠡ᠎ᠶ᠋ᠢ ᠪᠥᠬᠥ᠌ ᠲᠠᠯ᠎ᠠ ᠪᠠᠷ ᠭᠦᠨᠵᠡᠭᠡᠢᠷᠡᠭᠦᠯᠬᠦ᠌᠎ᠯᠦᠭᠡ ᠬᠠᠷᠢᠯᠴᠠᠨ ᠤᠶᠠᠯᠳᠤᠭᠤᠯᠬᠤ᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠦᠨᠡᠨ ᠬᠦ᠌ ᠳᠡᠭᠡᠭ᠌ᠰᠢᠯᠡᠭᠦᠯᠦᠨ᠎ᠡ᠃  

● ᠥᠭᠡᠷᠡᠴᠢᠯᠡᠯᠲᠡ ᠨᠡᠭᠡᠭᠡᠯᠲᠡ ᠬᠢᠵᠦ᠍ ᠳᠠᠪᠠᠭᠤᠯᠢᠭ᠎ᠢ ᠪᠤᠶ ᠪᠣᠯᠭᠠᠨ᠎ᠠ

《ᠬᠣᠶᠠᠷ ᠤᠭᠳᠤ ᠭᠤᠢᠪᠢᠰᠢ ᠥᠬᠡᠶ》 ᠶ᠋ᠢ ᠨᠠᠢᠳᠠᠪᠤᠷᠢᠵᠢᠭᠤᠯᠵᠤ᠂ ᠡᠯᠧᠮᠧᠨ᠋ᠲ᠎ᠦᠨ ᠲᠣᠬᠢᠷᠠᠭᠤᠯᠤᠯᠲᠠ᠎ᠶ᠋ᠢᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠦᠨ᠎ᠡ᠃ 《ᠨᠢᠭᠡ ᠪᠦᠰᠡ ᠨᠢᠭᠡ ᠵᠠᠮ》᠎ᠢ᠋ ᠬᠠᠮᠲᠤ ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠤᠯᠤᠰ᠎ᠤᠨ ᠳᠣᠲᠣᠭᠠᠳᠤ᠎ᠶ᠋ᠢᠨ ᠪᠤᠰᠤᠳ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠦᠨ ᠲᠠᠷᠬᠠᠭᠠᠬᠤ᠂ ᠬᠦᠴᠦᠨ ᠵᠦᠶ᠋ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠤᠨ᠎ᠠ᠃

● ᠬᠤᠷᠢᠭ᠎ᠠ ᠱᠤᠭᠤᠮ᠎ᠤᠨ ᠰᠡᠳᠭᠢᠬᠦᠶ ᠪᠡᠷ ᠠᠮᠤᠷ ᠲᠦᠪᠱᠢᠨ᠎ᠢ ᠪᠠᠲᠤᠯᠠᠨ᠎ᠠ

ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠵᠦ᠍ ᠂ ᠡᠨᠧᠷᠭᠢ᠎ᠶ᠋ᠢᠨ ᠠᠵᠤ ᠦᠢᠯᠡᠰ᠂ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠂ ᠮᠠᠯ ᠠᠵᠤ ᠠᠬᠤᠢ ᠲᠠᠷᠢᠶᠠᠯᠠᠩ ᠵᠡᠷᠭᠡ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠬᠠᠩᠭᠠᠯᠭ᠎ᠠ ᠶ᠋ᠢᠨ ᠬᠡᠯᠬᠢᠶ᠎ᠡ᠎ᠶ᠋ᠢᠨ ᠦᠷᠢᠰᠦᠯᠳᠦᠬᠦ᠌ ᠬᠦᠴᠦᠨ ᠪᠠ ᠠᠮᠤᠷ ᠲᠦᠪᠱᠢᠨ ᠴᠢᠨᠠᠷ᠎ᠢ ᠴᠢᠩᠭᠠᠳᠭᠠᠵᠤ᠂ ᠪᠦᠬᠦ᠌ ᠤᠯᠤᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠨ ᠪᠠᠲᠤᠯᠠᠬᠤ᠎ᠳᠤ ᠨᠡᠩ ᠶᠡᠬᠡ ᠦᠢᠯᠡᠳᠦᠯ ᠦᠵᠡᠭᠦᠯᠦᠨ᠎ᠡ᠃ ᠣᠷᠣᠨ ᠨᠤᠲᠤᠭ᠎ᠤᠨ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠱᠢᠶ᠋ᠳᠪᠦᠷᠢᠯᠡᠬᠦ᠌ ᠠᠵᠢᠯ᠎ᠢ ᠦᠨᠡᠨ ᠬᠦ᠌ ᠰᠠᠢᠲᠤᠷ ᠬᠢᠨ᠎ᠠ᠃

● ᠠᠷᠠᠳ᠎ᠤᠨ ᠠᠮᠢᠳᠤᠷᠠᠯ᠎ᠢ ᠪᠠᠲᠤᠯᠠᠵᠤ ᠠᠷᠠᠳ᠎ᠤᠨ ᠰᠡᠳᠭᠢᠯ᠎ᠢ ᠨᠢᠭ᠍ᠲᠠᠷᠠᠭᠤᠯᠤᠨ᠎ᠠ

ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠡᠬᠢ ᠪᠤᠢ ᠪᠣᠯᠭᠠᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠨᠡᠩ ᠴᠢᠬᠤᠯᠠᠴᠢᠯᠠᠵᠤ᠂ ᠬᠥᠮᠦᠨ ᠠᠮᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠬᠠᠮᠲᠤ ᠪᠠᠷ ᠪᠠᠶᠠᠵᠢᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠪᠦᠬᠦ᠌ ᠲᠠᠯ᠎ᠠ ᠪᠠᠷ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠦᠨ᠎ᠡ᠃

ᠭᠣᠣᠯ ᠬᠠᠷᠠᠯᠲᠠ

2027 ᠣᠨ ᠪᠣᠯᠬᠤ᠎ᠳᠤ᠂ ᠶᠡᠷᠦᠩᠬᠡᠢᠯᠡᠭ᠌ᠰᠡᠨ ᠠᠵᠤ ᠠᠬᠤᠶ᠎ᠶ᠋ᠢᠨ ᠪᠣᠳᠠᠲᠤ ᠬᠦᠴᠦᠨ᠎ᠢ ᠪᠦᠬᠦ᠌ ᠤᠯᠤᠰ᠎ᠤᠨ ᠳᠤᠮᠳᠠ ᠵᠡᠷᠭᠡ᠎ᠶ᠋ᠢᠨ ᠲᠦᠪᠱᠢᠨ᠎ᠳᠦ ᠬᠦᠷᠭᠡᠵᠦ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠪᠦᠬᠦ᠌ ᠤᠯᠤᠰ᠎ᠤᠨ ᠳᠤᠮᠳᠠᠴᠢ ᠲᠦᠪᠱᠢᠨ᠎ᠳᠦ ᠬᠦᠷᠭᠡᠵᠦ᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠵᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶᠢ ᠢᠯᠴᠢ᠎ᠶ᠋ᠢᠨ ᠴᠠᠬᠢᠯᠭᠠᠨ᠎ᠡᠴᠡ ᠳᠠᠪᠠᠭᠤᠯᠵᠤ᠂ ᠠᠮᠤ ᠪᠤᠳᠠᠭ᠎ᠠ ᠪᠣᠯᠤᠨ ᠴᠢᠬᠤᠯᠠ ᠮᠠᠯ ᠤ᠋ᠨ ᠠᠱᠢᠭ ᠱᠢᠮ᠎ᠡ᠎ᠲᠠᠷᠢᠶᠠᠯᠠᠩ ᠤ᠋ᠨ ᠪᠦᠳᠦᠭᠡᠭᠳᠡᠬᠦᠨ ᠤ᠋ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ 《ᠤᠮᠠᠷᠠᠳᠤ ᠵᠢᠨ ᠭᠤᠷᠪᠡᠨ ᠤᠷᠤᠨ》 ᠤ᠋ ᠬᠠᠯᠬᠠᠪᠴᠢ ᠤᠢ᠎ᠶ᠋ᠢᠨ ᠰᠢᠰᠲᠸᠮ ᠤ᠋ᠨ ᠪᠥᠳᠥᠭᠡᠨ ᠪᠠᠢᠭᠤᠯᠤᠯᠲᠠ᠎ᠶ᠋ᠢᠨ ᠢᠨᠵᠧᠨᠧᠷᠢᠩ ᠤ᠋ᠨ ᠪᠣᠭᠣᠮᠲᠠ ᠱᠢᠪᠲᠤᠯᠬᠤ ᠠᠵᠢᠯ ᠱᠠᠳᠤᠴᠢ ᠴᠢᠨᠠᠷᠲᠠᠶ ᠦᠷ᠎ᠡ ᠪᠦᠲᠦᠮᠵᠢ ᠣᠯᠵᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠭ᠍ᠰᠠᠨ ᠦᠷ᠎ᠡ ᠪᠦᠲᠦᠭᠡᠯ ᠢᠯᠡᠷᠬᠡᠶ ᠪᠤᠯᠵᠤ᠂ ᠮᠠᠨ ᠤ᠋ ᠤᠯᠤᠰ ᠤ᠋ᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠡᠬᠢᠯᠡᠯᠲᠡ ᠵᠢᠨ ᠦᠢᠯᠡᠳᠦᠯ ᠢ᠋ ᠭᠦᠢᠴᠡᠳ ᠪᠠᠳᠠᠷᠠᠭᠤᠯᠤᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠪᠥᠳᠥᠭᠡᠨ ᠪᠠᠢᠭᠤᠯᠤᠯᠲᠠ ᠢᠯᠡᠷᠬᠡᠶ ᠦᠷ᠎ᠡ ᠪᠦᠲᠦᠮᠵᠢ ᠣᠯᠵᠤ᠂ ᠥᠪᠥᠷ ᠮᠣᠩᠭᠣᠯ ᠤ᠋ᠨ ᠣᠳᠣᠬᠢᠴᠢᠯᠠᠯᠲᠠ᠎ᠶ᠋ᠢᠨ ᠡᠯ᠎ᠡ ᠵᠦᠢᠯ ᠤ᠋ᠨ ᠠᠵᠢᠯ ᠦᠢᠯᠡᠰ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠦᠨ᠎ᠠ᠃

2035 ᠣᠨ ᠪᠣᠯᠬᠤ᠎ᠳᠤ᠂ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ᠎ᠢ ᠶᠡᠬᠡ ᠪᠡᠷ ᠳᠡᠭᠡᠭ᠌ᠰᠢᠯᠡᠭᠦᠯᠵᠦ᠍᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠪᠣᠯᠤᠨ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠱᠢᠨ᠎ᠡ ᠳᠡᠭ᠌ᠲᠡᠷ᠎ᠲᠦ ᠭᠠᠷᠭᠠᠵᠤ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲᠸᠮ᠎ᠢ ᠦᠨᠳᠦᠰᠦᠨ᠎ᠳᠡᠭᠡᠨ ᠪᠠᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠦᠢᠯᠡᠳᠦᠯ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠪᠦᠬᠦ᠌ ᠤᠯᠤᠰ ᠲᠠᠶ ᠵᠡᠷᠭᠡ ᠪᠡᠷ ᠨᠡᠢᠭᠡᠮ ᠵᠢᠷᠤᠮ ᠤ᠋ᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ᠃


ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ


ᠨᠠᠮ᠎ᠤᠨ ᠪᠦᠭᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠬᠠᠨ᠎ᠠ

ᠳᠦᠷᠦ᠍᠎ᠶ᠋ᠢᠨ ᠪᠤᠲᠤᠯᠭ᠎ᠠ᠎ᠶ᠋ᠢᠨ ᠲᠠᠮᠵᠢᠯᠭᠡ ᠵᠢ ᠴᠢᠨᠭᠭᠠᠳᠬᠠᠨ᠎ᠠ

ᠠᠵᠢᠯ ᠨᠠᠢᠳᠠᠪᠤᠷᠢᠵᠢᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ


ᠲᠤᠯᠤᠭᠠᠨ ᠲᠠᠯ᠎ᠠ᠎ᠶ᠋ᠢᠨ ᠭᠣᠸ᠋ᠯ ᠡᠭᠦᠷᠭᠡ᠎ᠶ᠋ᠢ ᠪᠠᠢᠷᠢᠯᠠᠭᠤᠯᠪᠠ


1. ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠨᠭᠬ᠎ᠠ ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠬᠦᠯᠵᠤ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠳᠤ ᠴᠤᠬᠴᠠᠯᠠᠨ᠎ᠠ

 ᠴᠦᠯᠯᠡᠷᠬᠡᠭ᠌ᠵᠢᠯ᠎ᠢ ᠶᠡᠷᠦᠩᠬᠡᠢᠯᠡᠨ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ ᠪᠡᠷ ᠠᠬᠢᠭᠤᠯᠤᠨ᠎ᠠ

ᠨᠤᠲᠤᠭ ᠪᠡᠯᠴᠢᠭᠡᠷ ᠣᠶ ᠱᠢᠭᠤᠶ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌᠎ᠶ᠋ᠢ ᠴᠢᠩᠭᠠᠳᠭᠠᠨ᠎ᠠ

ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠵᠢ ᠬᠦᠨᠵᠡᠭᠡᠢ ᠦᠷᠨᠢᠬᠦᠯᠤᠨ᠎ᠠ

ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠡᠷᠬᠢᠯᠳᠡᠳᠦ ᠬᠥᠭ᠌ᠵᠢᠯᠲᠡ᠎ᠶ᠋ᠢ ᠠᠬᠢᠭᠤᠯᠤᠨ᠎ᠠ

2. ᠠᠵᠤ ᠦᠢᠯᠡᠰ᠎ᠦᠨ ᠪᠦᠲᠦᠴᠡ᠎ᠶ᠋ᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠲᠤᠬᠢᠷᠠᠭᠤᠯᠤᠨ ᠰᠢᠯᠢᠳᠡᠭᠵᠢᠬᠦᠯᠬᠦ ᠵᠢ ᠠᠬᠢᠭᠤᠯᠤᠨ᠎ᠠ

ᠤᠯᠠᠨ ᠡᠱᠢᠴᠢᠯᠡᠨ ᠬᠥᠭ᠌ᠵᠢᠭ᠌ᠰᠡᠨ᠂ ᠤᠯᠠᠨ ᠲᠤᠢᠯ᠎ᠢᠶᠠᠷ ᠲᠤᠯᠭᠠᠭᠤᠷᠢᠯᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠤᠨ᠎ᠠ

 ᠱᠢᠨ᠎ᠡ᠎ᠶ᠋ᠢ ᠡᠭᠦᠳᠦᠨ ᠬᠥᠭ᠌ᠵᠢᠬᠦ᠌ ᠴᠢᠳᠠᠪᠤᠷᠢ᠎ᠪᠠᠨ ᠨᠡᠮᠡᠭ᠌ᠳᠡᠭᠦᠯᠦᠨ᠎ᠡ

ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠵᠢ ᠲᠦᠷᠭᠡᠳᠭᠡᠨ᠎ᠠ

ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠶ ᠪᠥᠭᠡᠳ ᠥᠨᠳᠥᠷ ᠪᠦᠲᠦᠮᠵᠢᠲᠡᠶ ᠬᠦᠭᠵᠢᠯᠳᠠ ᠵᠢ ᠠᠬᠢᠭᠤᠯᠤᠨ᠎ᠠ

 ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ

3. ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠬᠦᠨᠵᠡᠭᠡᠢᠷᠠᠬᠦᠯᠤᠨ᠎ᠠ

ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠨ᠎ᠠ

ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠡᠮᠬᠢ ᠵᠢᠷᠤᠮ ᠲᠠᠢ ᠨᠡᠭᠡᠭᠡᠨ ᠠᠰᠢᠬᠯᠠᠬᠤ ᠵᠢ ᠠᠬᠢᠭᠤᠯᠤᠨ᠎ᠠ

ᠠᠭᠤᠷᠬᠠᠶ᠎ᠶ᠋ᠢᠨ ᠣᠷᠣᠨ᠎ᠢ ᠵᠠᠰᠠᠵᠤ ᠰᠡᠷᠭᠦᠭᠡᠬᠦ᠌ ᠠᠵᠢᠯ᠎ᠢ ᠴᠢᠨᠭᠭᠠᠳᠬᠠᠨ᠎ᠠ

ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌ ᠪᠠᠢᠭᠤᠯᠤᠮᠵᠢ ᠲᠣᠭ᠍ᠲᠠᠴᠠ᠎ᠶ᠋ᠢᠨ ᠰᠢᠨ᠎ᠠ ᠵᠢ ᠡᠬᠦᠳᠤᠨ᠎ᠠ

4. ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠰᠢᠰᠲᠸᠮ ᠢ᠋ ᠪᠠᠢᠭᠤᠯᠤᠨ᠎ᠠ

ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠤ᠋ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ

◆ ᠤᠯᠠᠮᠵᠢᠯᠠᠯᠲᠤ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

ᠲᠣᠮᠣ ᠬᠡᠯᠪᠡᠷᠢ᠎ᠶ᠋ᠢᠨ ᠰᠠᠯᠬᠢᠨ ᠬᠦᠴᠦᠨ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢ  ᠠᠬᠢᠭᠤᠯᠤᠨ᠎ᠠ

◆  ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠰᠢᠰᠲᠸᠮ ᠢ᠋ ᠲᠦᠷᠭᠡᠳᠭᠡᠨ ᠪᠠᠢᠭᠤᠯᠤᠨ᠎ᠠ

ᠬᠣᠪᠣᠷ ᠱᠢᠷᠣᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠨᠡᠭᠡᠭᠡᠨ ᠠᠰᠢᠬᠯᠠᠯᠳᠠ ᠵᠢ ᠴᠢᠨᠭᠭᠠᠳᠬᠠᠨ᠎ᠠ

5. ᠮᠠᠯ ᠠᠵᠤ ᠠᠬᠤᠶ᠎ᠲᠠᠷᠢᠶᠠᠯᠠᠩ ᠤ᠋ᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠤᠨ᠎ᠠ

ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠤ᠋ ᠶᠡᠷᠦᠩᠬᠡᠢᠯᠡᠭ᠌ᠰᠡᠨ ᠦᠢᠯᠡᠳᠪᠤᠷᠢᠯᠡᠯ ᠤ᠋ᠨ ᠴᠢᠳᠠᠪᠤᠷᠢ ᠵᠢ ᠲᠡᠭᠡᠭᠰᠢᠯᠡᠬᠦᠯᠤᠨ᠎ᠠ

◆ ᠮᠠᠯ ᠠᠵᠤ ᠠᠬᠤᠶ᠎ᠲᠠᠷᠢᠶᠠᠯᠠᠩ ᠤ᠋ᠨ ᠰᠠᠭᠤᠷᠢ ᠲᠦᠬᠦᠭᠡᠷᠤᠮᠵᠢ ᠵᠢᠨ ᠪᠥᠲᠥᠭᠡᠨ ᠪᠠᠢᠭᠤᠯᠤᠯᠳᠠ ᠵᠢ ᠴᠢᠨᠭᠭᠠᠳᠬᠠᠨ᠎ᠠ

◆ ᠠᠮᠢ ᠠᠬᠤᠶ ᠵᠢᠨ ᠮᠠᠯ ᠠᠵᠤ ᠠᠬᠤᠶ ᠲᠠᠷᠢᠶᠠᠯᠠᠩ᠎ᠢ᠋ ᠶᠡᠬᠡ ᠪᠡᠷ ᠬᠥᠭ᠌ᠵᠢᠭᠦᠯᠦᠨ᠎ᠡ

ᠤᠰᠤᠨ᠎ᠤ ᠡᠬᠢ ᠪᠠᠶᠠᠯᠢᠭ᠎ᠢ ᠪᠠᠲᠤᠯᠠᠬᠤ ᠴᠢᠳᠠᠪᠤᠷᠢ᠎ᠶ᠋ᠢ ᠴᠢᠨᠭᠭᠠᠳᠬᠠᠨ᠎ᠠ

◆ ᠮᠠᠯᠵᠢᠬᠤ ᠲᠠᠷᠢᠶᠠᠯᠠᠬᠤ ᠣᠷᠣᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ

6. ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠳᠤ ᠢᠳᠡᠪᠬᠢᠲᠡᠶ᠎ᠪᠡᠷ ᠠᠭᠤᠰᠤᠯᠴᠠᠨ᠎ᠠ

ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ

 ᠨᠡᠭᠡᠭᠡᠯᠲᠡ᠎ᠶ᠋ᠢᠨ ᠨᠡᠪᠳᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠎ᠠ

◆ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢ ᠲᠦᠷᠭᠡᠳᠭᠡᠨ ᠬᠥᠭ᠌ᠵᠢᠭᠦᠯᠦᠨ᠎ᠡ

ᠣᠷᠣᠨ ᠪᠦᠰᠡ᠎ᠶ᠋ᠢᠨ ᠬᠠᠮᠵᠢᠯᠴᠠᠭ᠎ᠠ ᠬᠤᠷᠰᠢᠯᠴᠠᠭ᠎ᠠ᠎ᠶ᠋ᠢ ᠴᠢᠩᠭᠠᠳᠭᠠᠨ᠎ᠠ

7.ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠤᠬᠴᠠ ᠵᠢᠨ ᠪᠠᠢᠭᠤᠯᠤᠯᠳᠠ ᠵᠢ ᠴᠢᠨᠭᠭᠠᠳᠬᠠᠨ᠎ᠠ

ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠡᠬᠢᠵᠢᠭᠦᠯᠦᠨ᠎ᠡ

ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠪᠦᠬᠦ᠌ ᠲᠠᠯ᠎ᠠ ᠪᠡᠷ ᠠᠬᠢᠭᠤᠯᠤᠨ᠎ᠠ

ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢ ᠴᠢᠨᠭᠭᠠᠳᠬᠠᠨ᠎ᠠ

ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠰᠢᠨ ᠢ᠋ ᠲᠡᠭᠡᠭᠰᠢᠯᠡᠬᠦᠯᠤᠨ᠎ᠠ

ᠬᠢᠯᠢ᠎ᠶ᠋ᠢ ᠰᠠᠬᠢᠵᠤ ᠬᠢᠯᠢ᠎ᠶ᠋ᠢ ᠪᠡᠬᠢᠵᠢᠭᠦᠯᠵᠦ᠍ ᠬᠢᠯᠢ᠎ᠵᠢ ᠬᠥᠭ᠌ᠵᠢᠭᠦᠯᠬᠦ᠌᠎ᠶ᠋ᠢ ᠴᠢᠩᠭᠠᠳᠭᠠᠨ᠎ᠠ

ᠭᠣᠣᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号