ᠠᠭᠤᠯᠠ ᠤᠰᠤ ᠣᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ ᠲᠡᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠪᠡᠬᠢ ᠴᠤᠭᠴᠠᠯᠠᠨ᠎ᠠ
2023-10-19 15:58:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ ᠤ᠋ᠨ ᠬᠣᠷᠢᠶ᠎ᠠ ᠵᠢᠨ ᠰᠠᠨᠠᠯ —  ᠳᠣᠯᠣᠭᠠᠨ ᠲᠠᠯ᠎ᠠ ᠵᠢᠨ ᠭᠣᠣᠯ ᠡᠭᠦᠷᠭᠡ ①


● ᠴᠦᠯᠯᠡᠷᠬᠡᠭᠵᠢᠯ ᠢ᠋ ᠶᠡᠷᠦᠩᠬᠡᠢᠯᠡᠨ ᠵᠠᠰᠠᠬᠤ ᠵᠢ ᠰᠢᠨᠵᠢᠯᠡᠬᠦ ᠤᠬᠠᠭᠠᠨᠴᠢ ᠪᠡᠷ ᠠᠬᠢᠭᠤᠯᠤᠨ᠎ᠠ

ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠢ ᠴᠦᠯᠯᠡᠷᠬᠡᠭᠵᠢᠯ ᠢ᠋ ᠰᠡᠷᠭᠡᠢᠯᠡᠨ ᠵᠠᠰᠠᠬᠤ ᠭᠣᠣᠯ ᠡᠭᠦᠷᠭᠡ ᠪᠣᠯᠭᠠᠵᠤ᠂ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠬᠦᠴᠦᠨ ᠵᠢᠡᠨ ᠲᠥᠪᠯᠡᠷᠡᠭᠦᠯᠦᠨ ᠭᠣᠣᠯᠳᠠᠯᠭ᠎ᠠ ᠲᠠᠢ ᠭᠠᠵᠠᠷ ᠣᠷᠣᠨ᠎ᠳᠤ ᠬᠡᠪᠴᠢᠶᠡᠵᠢᠭᠰᠡᠨ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠤ ᠵᠢ ᠥᠷᠨᠢᠭᠦᠯᠵᠦ᠂ ᠴᠢᠬᠤᠯᠠ ᠠᠮᠢ ᠠᠬᠤᠢ ᠵᠢᠨ ᠰᠢᠰᠲ᠋ᠧᠮ ᠢ᠋ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠂ 《ᠤᠮᠠᠷᠠᠲᠤ ᠵᠢᠨ ᠭᠤᠷᠪᠠᠨ ᠤᠷᠤᠨ》 ᠤ᠋ ᠬᠠᠯᠬᠠᠪᠴᠢ ᠣᠢ ᠵᠢᠨ ᠰᠢᠰᠲ᠋ᠧᠮ ᠤ᠋ᠨ ᠪᠦᠲᠦᠭᠡᠨ ᠪᠠᠢᠭᠤᠯᠤᠯᠲᠠ ᠵᠢᠨ ᠢᠨᠵᠧᠨᠧᠷᠢᠩ ᠢ᠋ ᠬᠠᠮᠵᠢᠯᠴᠠᠨ ᠠᠬᠢᠭᠤᠯᠵᠤ᠂ ᠭᠣᠣᠯᠳᠠᠯᠭ᠎ᠠ ᠲᠠᠢ ᠡᠯᠡᠰᠦᠷᠬᠡᠭ ᠣᠷᠣᠨ ᠤ᠋ ᠬᠣᠰᠢᠭᠤ ᠰᠢᠶᠠᠨ ᠢ᠋ ᠨᠢᠭᠡᠳᠦᠯᠲᠡᠢ ᠲᠥᠯᠥᠪᠵᠢᠭᠦᠯᠦᠨ ᠴᠢᠬᠤᠯᠠ ᠶᠡᠬᠡ ᠢᠨᠵᠧᠨᠧᠷᠢᠩ ᠳ᠋ᠦ᠍ ᠣᠷᠣᠭᠤᠯᠤᠨ ᠠᠬᠢᠭᠤᠯᠤᠨ ᠬᠡᠷᠡᠭᠵᠢᠭᠦᠯᠬᠦ ᠵᠢ ᠰᠤᠳᠤᠯᠤᠨ᠎ᠠ᠃

◆ ᠡᠯᠡᠰᠦᠷᠬᠡᠭᠵᠢᠭᠰᠡᠨ ᠨᠤᠳᠤᠭ ᠪᠡᠯᠴᠢᠭᠡᠷ ᠢ᠋ ᠵᠠᠰᠠᠬᠤ᠂ ᠭᠡᠷᠡᠯᠴᠢ ᠴᠡᠨᠡᠭ ᠵᠢᠡᠷ ᠡᠯᠡᠰᠦ ᠵᠢ ᠵᠠᠰᠠᠬᠤ ᠵᠡᠷᠭᠡ ᠳ᠋ᠡᠬᠢ ᠳᠡᠮᠵᠢᠯᠭᠡ ᠵᠢᠨ ᠡᠷᠴᠢᠮ ᠢ᠋ ᠴᠢᠩᠭᠠᠷᠠᠭᠤᠯᠵᠤ᠂ ᠬᠠᠲᠤᠨ ᠭᠣᠣᠯ ᠤ᠋ᠨ ᠶᠡᠭᠡ ᠳᠤᠬᠤᠢ ᠵᠢᠨ ᠬᠡᠰᠡᠭ ᠤ᠋ᠨ ᠠᠮᠢ ᠠᠬᠤᠢ ᠣᠷᠴᠢᠨ ᠲᠣᠭᠣᠷᠢᠨ ᠤ᠋ ᠰᠢᠰᠲ᠋ᠧᠮ ᠤ᠋ᠨ ᠵᠠᠰᠠᠯᠲᠠ ᠵᠢᠨ ᠪᠣᠭᠣᠮᠲᠠ ᠰᠢᠪᠲᠤᠯᠬᠤ ᠲᠡᠢᠯᠠᠯᠳᠤᠭᠠᠨ᠂ ᠬᠣᠷᠴᠢᠨ ᠪᠣᠯᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠢ᠋ ᠰᠥᠨᠥᠭᠡᠬᠦ ᠲᠡᠢᠯᠠᠯᠳᠤᠭᠠᠨ᠂ ᠾᠧ ᠰᠢ ᠵᠢᠨ ᠬᠣᠩᠭᠢᠯ — ᠲᠠᠺᠯᠢᠮᠠᠺᠠᠨ ᠡᠯᠡᠰᠦᠨ ᠴᠦᠯ ᠤ᠋ᠨ ᠬᠦᠪᠡᠭᠡ ᠵᠠᠬ᠎ᠠ ᠵᠢ ᠬᠣᠷᠢᠭᠯᠠᠬᠤ ᠲᠡᠢᠯᠠᠯᠳᠤᠭᠠᠨ ᠢ᠋ ᠪᠦᠬᠦ ᠬᠦᠴᠦᠨ ᠵᠢᠡᠷ ᠵᠢᠡᠨ ᠰᠠᠢᠲᠤᠷ ᠬᠢᠵᠦ᠂ ᠮᠣᠣᠠᠤᠰᠤ ᠵᠢᠨ ᠡᠯᠡᠰᠦᠷᠬᠡᠭ ᠭᠠᠵᠠᠷ᠂ ᠬᠥᠪᠴᠢ ᠵᠢᠨ ᠡᠯᠡᠰᠦ ᠵᠡᠷᠭᠡ ᠭᠣᠣᠯᠳᠠᠯᠭ᠎ᠠ ᠲᠠᠢ ᠵᠠᠰᠠᠯᠳᠠ ᠵᠢᠨ ᠣᠷᠣᠨ ᠳ᠋ᠤ᠌ ᠨᠢᠭᠡ ᠪᠦᠯᠦᠭ ᠭᠣᠣᠯᠳᠠᠯᠭ᠎ᠠ ᠲᠠᠢ ᠲᠥᠷᠥᠯ ᠵᠦᠢᠯ ᠢ᠋ ᠬᠡᠷᠡᠭᠵᠢᠭᠦᠯᠬᠦ ᠵᠢ ᠳᠡᠮᠵᠢᠵᠦ᠂ ᠤᠮᠠᠷᠠᠲᠤ ᠵᠢᠨ ᠭᠤᠷᠪᠠᠨ ᠤᠷᠤᠨ ᠵᠡᠷᠭᠡ ᠭᠣᠣᠯᠳᠠᠯᠭ᠎ᠠ ᠲᠠᠢ ᠠᠮᠢ ᠠᠬᠤᠢ ᠵᠢᠨ ᠢᠨᠵᠧᠨᠧᠷᠢᠩ ᠤ᠋ᠨ ᠠᠮᠢ ᠠᠬᠤᠢ ᠣᠷᠴᠢᠨ ᠲᠣᠭᠣᠷᠢᠨ ᠤ᠋ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠥᠷᠨᠢᠭᠦᠯᠵᠦ᠂ ᠨᠡᠢᠰᠯᠡᠯ ᠤ᠋ᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠦᠨᠡᠨ ᠬᠦ᠌ ᠪᠡᠬᠢᠵᠢᠭᠦᠯᠦᠨ᠎ᠡ᠃


● ᠨᠤᠲᠤᠭ ᠪᠡᠯᠴᠢᠭᠡᠷ ᠣᠢ ᠰᠢᠭᠤᠢ ᠨᠤᠭᠤ ᠭᠠᠵᠠᠷ ᠢ᠋ ᠬᠠᠮᠠᠭᠠᠯᠠᠨ ᠰᠡᠷᠭᠦᠭᠡᠬᠦ ᠵᠢ ᠴᠢᠩᠭᠠᠳᠭᠠᠨ᠎ᠠ

 ᠶᠡᠬᠡ ᠬᠢᠩᠭᠠᠨ ᠳᠠᠪᠠᠭ᠎ᠠ ᠵᠢᠨ ᠣᠢ ᠰᠢᠭᠤᠢ ᠵᠢᠨ ᠠᠮᠢ ᠠᠬᠤᠢ ᠵᠢ ᠬᠠᠮᠠᠭᠠᠯᠠᠨ ᠪᠣᠢᠵᠢᠭᠤᠯᠬᠤ᠂ ᠨᠤᠲᠤᠭ ᠪᠡᠯᠴᠢᠭᠡᠷ ᠤ᠋ᠨ ᠠᠮᠢ ᠠᠬᠤᠢ ᠵᠢ ᠬᠠᠮᠠᠭᠠᠯᠠᠨ ᠰᠡᠷᠭᠦᠭᠡᠵᠦ ᠵᠠᠰᠠᠬᠤ᠂ ᠨᠤᠭᠤ ᠭᠠᠵᠠᠷ ᠢ᠋ ᠬᠠᠮᠠᠭᠠᠯᠠᠨ ᠰᠡᠷᠭᠦᠭᠡᠬᠦ᠂ ᠬᠥᠷᠥᠰᠥ ᠰᠢᠷᠣᠢ ᠵᠢ ᠬᠠᠮᠠᠭᠠᠯᠠᠬᠤ᠂ ᠮᠠᠭᠤᠳᠠᠭᠰᠠᠨ ᠣᠢ ᠰᠢᠭᠤᠢ ᠨᠤᠲᠤᠭ  ᠪᠡᠯᠴᠢᠭᠡᠷ ᠢ᠋ ᠵᠠᠰᠠᠨ ᠰᠡᠷᠭᠦᠭᠡᠬᠦ ᠵᠡᠷᠭᠡ ᠵᠢ ᠳᠡᠮᠵᠢᠬᠦ ᠡᠷᠴᠢᠮ ᠵᠢᠡᠨ ᠴᠢᠩᠭᠠᠷᠠᠭᠤᠯᠤᠨ᠎ᠠ᠃

◆ ᠮᠠᠯ ᠪᠡᠯᠴᠢᠭᠡᠷ ᠢ᠋ ᠲᠡᠩᠴᠡᠭᠦᠷᠢ ᠲᠡᠢ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠬᠤ ᠪᠡᠯᠴᠢᠭᠡᠷᠯᠡᠭᠦᠯᠬᠦ ᠵᠢ ᠵᠣᠭᠰᠣᠭᠠᠬᠤ ᠳᠦᠷᠢᠮ ᠢ᠋ ᠴᠢᠩᠭ᠎ᠠ ᠨᠠᠢᠳᠠᠪᠤᠷᠢᠵᠢᠭᠤᠯᠤᠨ᠂ ᠨᠤᠲᠤᠭ ᠪᠡᠯᠴᠢᠭᠡᠷ ᠢ᠋ ᠠᠮᠤᠷᠵᠢᠭᠤᠯᠤᠨ ᠰᠡᠷᠭᠦᠭᠡᠭᠦ ᠵᠢ ᠠᠬᠢᠭᠤᠯᠵᠤ᠂ ᠳᠠᠭᠠᠭᠠᠴᠠ ᠡᠴᠡ ᠬᠡᠲᠦᠷᠡᠭᠦᠯᠦᠨ ᠮᠠᠯᠵᠢᠬᠤ ᠵᠢ ᠰᠡᠷᠭᠡᠢᠯᠡᠨ ᠬᠣᠷᠢᠭᠯᠠᠨ᠎ᠠ᠃

ᠤᠤᠯ᠎ᠤᠨ ᠡᠯᠡᠰᠦ ᠮᠠᠩᠬ᠎ᠠ ᠪᠠ ᠤᠤᠯ᠎ᠤᠨ ᠤᠷᠭᠤᠮᠠᠯ ᠤ᠋ᠨ ᠬᠤᠴᠢᠯᠭ᠎ᠠ ᠵᠢ ᠪᠢᠲᠡᠭᠦᠮᠵᠢᠯᠡᠨ ᠬᠠᠮᠠᠭᠠᠯᠠᠬᠤ ᠳᠦᠷᠢᠮ ᠢ᠋ ᠴᠢᠩᠭ᠎ᠠ ᠬᠡᠷᠡᠭᠵᠢᠭᠦᠯᠵᠦ᠂ ᠭᠣᠣᠯ ᠪᠣᠯᠬᠤ ᠰᠠᠯᠬᠢ ᠡᠯᠡᠰᠦᠨ ᠤ᠋ ᠠᠮᠠ᠂ ᠡᠯᠡᠰᠦᠨ ᠤ᠋ ᠡᠬᠢ ᠣᠷᠣᠨ ᠪᠠ ᠡᠯᠡᠰᠦ ᠲᠣᠭᠣᠰᠣᠨ ᠤ᠋ ᠵᠠᠮ ᠤ᠋ᠨ ᠣᠷᠣᠨ ᠳ᠋ᠤ᠌ ᠡᠪᠦᠯ ᠤ᠋ᠨ ᠤᠯᠠᠷᠢᠯ ᠳ᠋ᠤ ᠭᠠᠵᠠᠷ ᠳᠠᠷᠢᠶ᠎ᠠ ᠵᠢ ᠬᠠᠭᠠᠯᠪᠤᠷᠢᠯᠠᠬᠤ ᠥᠬᠡᠢ ᠳᠠᠷᠢᠮᠠᠯ ᠤ᠋ᠨ ᠭᠤᠤᠷᠰᠤ ᠵᠢ ᠦᠯᠡᠳᠡᠭᠡᠬᠦ ᠳᠦᠷᠢᠮ ᠢ᠋ ᠬᠡᠷᠡᠭᠵᠢᠭᠦᠯᠦᠨ᠎ᠡ᠃

◆ ᠨᠤᠲᠤᠭ ᠪᠡᠯᠴᠢᠭᠡᠷ ᠤ᠋ᠨ ᠳᠠᠭᠠᠳᠭᠠᠯ ᠤ᠋ᠨ ᠲᠤᠷᠰᠢᠯᠲᠠ ᠵᠢ ᠥᠪᠥᠷ ᠮᠣᠩᠭᠣᠯ ᠦᠪᠡᠷ ᠳᠡᠭᠡᠨ ᠡᠵᠡᠨ ᠮᠡᠳᠡᠵᠤ ᠬᠡᠷᠡᠭᠵᠢᠭᠦᠯᠬᠦ ᠵᠢ ᠳᠡᠮᠵᠢᠨ᠎ᠡ᠃

ᠠᠯᠠᠱᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ ᠤ᠋ᠨ ᠴᠡᠴᠡᠷᠯᠢᠭ ᠢ᠋ ᠡᠭᠦᠳᠦᠨ ᠪᠠᠢᠭᠤᠯᠵᠤ᠂ ᠨᠤᠲᠤᠭ ᠪᠡᠯᠴᠢᠭᠡᠷ ᠤ᠋ᠨ ᠬᠠᠮᠠᠭᠠᠯᠠᠯᠲᠠ ᠵᠢᠨ ᠠᠮᠢ ᠠᠬᠤᠢ ᠵᠢᠨ ᠤᠬᠠᠭᠠᠨ ᠤ᠋ ᠪᠦᠬᠦ ᠤᠯᠤᠰ ᠤ᠋ᠨ ᠭᠣᠣᠯᠳᠠᠯᠭ᠎ᠠ ᠲᠠᠢ ᠲᠤᠷᠰᠢᠯᠲᠠ ᠵᠢᠨ ᠲᠠᠰᠤᠭ ᠢ᠋ ᠪᠤᠢ ᠪᠤᠯᠭᠠᠨ ᠪᠦᠲᠦᠭᠡᠨ ᠪᠠᠢᠭᠤᠯᠤᠨ᠎ᠠ᠃

ᠥᠪᠥᠷ ᠮᠣᠩᠭᠣᠯ ᠤ᠋ᠨ ᠤᠯᠤᠰ ᠤ᠋ᠨ ᠠᠮᠢ ᠠᠬᠤᠢ ᠵᠢᠨ ᠪᠣᠯᠪᠠᠰᠤᠨ ᠤ᠋ ᠲᠤᠷᠰᠢᠯᠲᠠ ᠵᠢᠨ ᠣᠷᠣᠨ ᠪᠠᠢᠭᠤᠯᠬᠤ ᠵᠢ ᠳᠡᠮᠵᠢᠨ᠎ᠡ᠃


● ᠣᠷᠴᠢᠨ ᠲᠣᠭᠣᠷᠢᠨ ᠤ᠋ ᠪᠣᠬᠢᠷᠲᠤᠯ ᠢ᠋ ᠰᠡᠷᠭᠡᠢᠯᠡᠨ ᠵᠠᠰᠠᠬᠤ ᠵᠢ ᠬᠦᠨᠵᠡᠭᠡᠢ ᠦᠷᠨᠢᠭᠦᠯᠦᠨ᠎ᠡ

ᠬᠥᠬᠡ ᠲᠩᠷᠢ ᠬᠥᠬᠡᠮᠳᠦᠭ ᠤᠰᠤ ᠠᠷᠢᠭᠤᠨ ᠬᠥᠷᠥᠰᠥ ᠵᠢ ᠬᠠᠮᠠᠭᠠᠯᠠᠬᠤ ᠲᠡᠢᠯᠠᠯᠳᠤᠭᠠᠨ ᠤ᠋ ᠢᠯᠠᠯᠲᠠ ᠵᠢ ᠵᠠᠪᠠᠯ ᠣᠯᠵᠤ᠂ ᠭᠣᠣᠯᠳᠠᠯᠭ᠎ᠠ ᠲᠠᠢ ᠭᠠᠵᠠᠷ ᠣᠷᠣᠨ ᠤ᠋ ᠠᠷᠢᠭᠤᠨ ᠴᠡᠪᠡᠷ ᠳᠤᠯᠠᠭᠠᠯᠠᠭ᠎ᠠ ᠵᠢᠨ ᠥᠭᠡᠷᠡᠴᠢᠯᠡᠯᠲᠡ ᠵᠢ ᠠᠬᠢᠭᠤᠯᠤᠨ᠎ᠠ᠃

ᠬᠥᠬᠡᠬᠣᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠣᠷᠢᠨ ᠤ᠋ ᠭᠠᠵᠠᠷ ᠣᠷᠣᠨ ᠤ᠋ ᠠᠭᠠᠷ ᠮᠠᠨᠳᠠᠯ ᠤ᠋ᠨ ᠪᠣᠬᠢᠷᠲᠤᠯ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠪᠠ ᠲᠡᠦᠬᠡᠨ ᠡᠴᠡ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠵᠠᠰᠠᠯᠲᠠ ᠵᠢ ᠴᠢᠩᠭᠠᠳᠭᠠᠨ᠎ᠠ᠃

ᠬᠠᠲᠤᠨ ᠭᠣᠣᠯ ᠳ᠋ᠤ᠌ ᠴᠢᠳᠭᠤᠬᠤ ᠰᠠᠯᠪᠤᠷᠢ ᠤᠷᠤᠰᠭᠠᠯ ᠤ᠋ᠨ ᠪᠤᠬᠢᠷ ᠤᠰᠤ ᠵᠢ ᠠᠷᠢᠯᠭᠠᠵᠤ ᠴᠡᠭᠴᠡᠯᠡᠨ ᠵᠠᠰᠠᠬᠤ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠲᠥᠷᠥᠯ ᠬᠤᠪᠢᠶᠠᠨ ᠴᠡᠭᠴᠡᠯᠡᠨ ᠵᠠᠰᠠᠬᠤ ᠵᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠯᠥᠨ ᠨᠠᠭᠤᠷ᠂ ᠤᠯᠠᠭᠠᠨᠰᠤᠬᠠᠶ ᠨᠠᠭᠤᠷ᠂ ᠳᠠᠭ᠎ᠠ ᠵᠢᠨ ᠨᠠᠭᠤᠷ ᠵᠢᠴᠢ ᠴᠠᠭᠠᠨᠨᠠᠭᠤᠷ ᠵᠡᠷᠭᠡ ᠤᠰᠤᠨ ᠤ᠋ ᠠᠮᠢ ᠠᠬᠤᠢ ᠵᠢ ᠶᠡᠷᠦᠩᠬᠡᠢᠯᠡᠨ ᠵᠠᠰᠠᠬᠤ ᠵᠢ ᠲᠦᠷᠭᠡᠳᠭᠡᠨ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠤᠰᠤᠨ ᠤ᠋ ᠪᠣᠬᠢᠷᠲᠤᠯ ᠢ᠋ ᠴᠡᠭᠴᠡᠯᠡᠨ ᠵᠠᠰᠠᠬᠤ ᠵᠢ ᠴᠢᠩᠭᠠᠳᠭᠠᠵᠤ᠂ ᠬᠣᠭ ᠨᠣᠪᠰᠢ ᠪᠣᠬᠢᠷ ᠤᠰᠤ ᠵᠢ ᠬᠣᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ ᠲᠦᠭᠦᠭᠡᠷᠦᠮᠵᠢ ᠵᠢᠨ ᠪᠦᠲᠦᠭᠡᠨ ᠪᠠᠢᠭᠤᠯᠤᠯᠲᠠ ᠵᠢ ᠲᠦᠷᠭᠡᠳᠭᠡᠨ᠎ᠡ᠃

ᠪᠣᠬᠢᠷᠲᠤᠭᠰᠠᠨ ᠲᠠᠷᠢᠶᠠᠨ ᠭᠠᠵᠠᠷ᠂ ᠠᠭᠤᠷᠬᠠᠢ ᠵᠢᠨ ᠣᠷᠣᠨ ᠤ᠋ ᠬᠡᠷᠡᠭᠯᠡᠬᠦ ᠭᠠᠵᠠᠷ ᠵᠡᠷᠭᠡ ᠬᠥᠷᠥᠰᠥ ᠰᠢᠷᠣᠢ ᠵᠢᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠵᠢ ᠴᠢᠩᠭᠠᠳᠭᠠᠨ᠎ᠠ᠃

《ᠬᠠᠶᠠᠭᠳᠠᠮᠠᠯ ᠪᠣᠳᠠᠰ ᠦᠭᠡᠢ ᠬᠣᠲᠠ》 ᠵᠢᠨ ᠪᠦᠲᠦᠭᠡᠨ ᠪᠠᠢᠭᠤᠯᠤᠯᠲᠠ ᠵᠢ ᠠᠬᠢᠭᠤᠯᠤᠨ᠎ᠠ᠃

ᠮᠠᠯ ᠠᠵᠤ ᠠᠬᠤᠢ ᠲᠠᠷᠢᠶᠠᠯᠠᠩ ᠤ᠋ᠨ ᠳᠠᠯ᠎ᠠ ᠵᠢᠨ ᠤᠯᠠᠨ ᠡᠬᠢᠳᠤ ᠪᠣᠬᠢᠷᠲᠤᠯ ᠢ᠋ ᠵᠠᠰᠠᠬᠤ ᠵᠢ ᠠᠬᠢᠭᠤᠯᠤᠨ᠎ᠠ᠃

ᠥᠪᠥᠷ ᠮᠣᠩᠭᠣᠯ ᠤ᠋ᠨ ᠪᠣᠬᠢᠷᠲᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠯᠠᠬᠤ ᠲᠤᠷᠰᠢᠯᠲᠠ ᠵᠢ ᠭᠦᠨᠵᠡᠭᠡᠢᠷᠡᠭᠦᠯᠬᠦ ᠵᠢ ᠳᠡᠮᠵᠢᠨ᠎ᠡ᠃

◆ ᠲᠠᠭᠤ ᠱᠤᠤᠭᠢᠶᠠᠨ ᠤ᠋ ᠪᠣᠬᠢᠷᠲᠤᠯ ᠢ᠋ ᠰᠡᠷᠭᠡᠢᠯᠡᠨ ᠵᠠᠰᠠᠬᠤ ᠵᠢ ᠴᠢᠩᠭᠠᠳᠭᠠᠨ᠎ᠠ᠃


● ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠡᠷᠭᠢᠯᠲᠡᠲᠦ ᠬᠥᠭᠵᠢᠯᠲᠡ ᠵᠢ ᠠᠬᠢᠭᠤᠯᠤᠨ᠎ᠠ

ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠣᠷᠭᠢᠯ ᠭᠡᠮᠵᠢᠭᠳᠡᠯ ᠳ᠋ᠤ᠌ ᠬᠦᠷᠬᠦ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠵᠢ ᠢᠳᠡᠪᠬᠢᠲᠡᠢ ᠯᠠᠪᠳᠠᠭᠤᠨ ᠵᠢᠠᠷ ᠠᠬᠢᠭᠤᠯᠵᠤ᠂ ᠡᠨᠧᠷᠭᠢ ᠵᠢᠨ ᠬᠣᠷᠣᠭᠳᠠᠯ ᠤ᠋ᠨ ᠬᠣᠣᠰ ᠡᠵᠡᠮᠳᠡᠯ ᠢ᠋ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠳ᠋ᠦ᠍ ᠰᠢᠯᠵᠢᠭᠦᠯᠬᠦ ᠵᠢ ᠠᠯᠬᠤᠮ ᠠᠯᠬᠤᠮ ᠵᠢᠠᠷ ᠠᠬᠢᠭᠤᠯᠤᠨ᠎ᠠ᠃

ᠬᠤᠤᠯᠢᠨ ᠭᠣᠣᠯ᠂ ᠪᠤᠭᠤᠲᠤ ᠵᠢᠨ ᠬᠥᠩᠭᠡᠨ ᠴᠠᠭᠠᠨ ᠤ᠋ ᠦᠢᠯᠡᠰ ᠵᠡᠷᠭᠡ ᠪᠠᠭ᠎ᠠ ᠨᠡᠭᠦᠷᠡᠰᠦᠲᠥ᠋ᠷᠦᠭᠴᠢᠲᠦ ᠬᠦᠷᠢᠶᠡᠯᠡᠩ ᠲᠣᠭᠣᠷᠢᠭ ᠤ᠋ᠨ ᠪᠦᠲᠦᠭᠡᠨ ᠪᠠᠢᠭᠤᠯᠤᠯᠲᠠ ᠵᠢ ᠲᠦᠷᠭᠡᠳᠭᠡᠵᠦ᠂ ᠣᠷᠳᠣᠰ ᠤ᠋ᠨ ᠮᠧᠩ ᠰᠦ᠍ ᠠᠵᠤ ᠠᠬᠤᠢ ᠵᠢᠨ ᠨᠡᠭᠡᠭᠡᠯᠳᠡ ᠵᠢᠨ ᠤᠷᠤᠨ᠂ ᠪᠤᠭᠤᠲᠤ ᠵᠢᠨ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ᠋ ᠨᠡᠭᠦᠷᠡᠰᠦᠲᠥ᠋ᠷᠥᠭᠴᠢ  ᠦᠭᠡᠢ ᠬᠦᠷᠢᠶᠡᠯᠡᠩ ᠲᠣᠭᠣᠷᠢᠭ ᠤ᠋ᠨ ᠬᠥᠭᠵᠢᠯᠲᠡ ᠵᠢ ᠠᠬᠢᠭᠤᠯᠤᠨ᠎ᠠ᠃

ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠢᠯᠳᠤᠬᠤ ᠪᠣᠳᠣᠯᠭ᠎ᠠ ᠵᠢ ᠬᠡᠷᠡᠭᠵᠢᠭᠦᠯᠦᠨ᠎ᠡ᠃

ᠬᠣᠲᠠ ᠵᠢᠨ ᠬᠠᠶᠠᠭᠳᠠᠮᠠᠯ ᠪᠣᠳᠠᠰ ᠢ᠋ ᠲᠥᠷᠥᠯ ᠬᠤᠪᠢᠶᠠᠨ ᠬᠣᠷᠢᠶᠠᠨ ᠠᠪᠴᠤ ᠠᠰᠢᠭᠯᠠᠬᠤ ᠲᠦᠭᠦᠭᠡᠷᠦᠮᠵᠢ ᠵᠢᠨ ᠪᠦᠲᠦᠭᠡᠨ ᠪᠠᠢᠭᠤᠯᠤᠯᠲᠠ ᠵᠢ ᠳᠡᠮᠵᠢᠵᠦ᠂ ᠬᠡᠷᠡᠭᠯᠡᠭᠳᠡᠭᠦ ᠪᠠᠨ ᠪᠤᠯᠢᠭᠰᠠᠨ ᠬᠥᠳᠡᠯᠭᠡᠬᠦ ᠬᠦᠴᠦᠨ ᠤ᠋ ᠳ᠋ᠢᠶᠠᠨ ᡂᠢ᠂ ᠭᠡᠷᠡᠯᠴᠢ ᠴᠡᠨᠡᠭ ᠤ᠋ᠨ ᠰᠡᠯᠪᠢᠭ ᠲᠣᠨᠣᠭ᠂ ᠰᠠᠯᠬᠢᠨ ᠬᠦᠴᠦᠨ ᠤ᠋ ᠴᠠᠬᠢᠯᠭᠠᠨ ᠤ᠋ ᠮᠠᠰᠢᠨ ᠴᠣᠭᠴᠠᠯᠠᠪᠤᠷᠢ ᠵᠢᠨ ᠢᠯᠲᠠᠰᠤ ᠵᠡᠷᠭᠡ ᠰᠢᠨ᠎ᠡ ᠪᠡᠷ ᠮᠠᠨᠳᠤᠵᠤ ᠪᠠᠢᠭ᠎ᠠ ᠠᠵᠤ ᠦᠢᠯᠡᠰ ᠤ᠋ᠨ ᠬᠠᠶᠠᠭᠳᠠᠮᠠᠯ ᠪᠣᠳᠠᠰ ᠢ᠋ ᠡᠷᠭᠢᠯᠳᠦᠭᠦᠯᠦᠨ ᠠᠰᠢᠭᠯᠠᠬᠤ ᠵᠢ ᠴᠢᠩᠭᠠᠳᠬᠠᠨ᠎ᠠ᠃

ᠣᠷᠳᠣᠰ ᠤ᠋ᠨ ᠨᠤᠨᠲᠠᠭ ᠨᠡᠭᠦᠷᠡᠰᠦᠨ ᠦᠨᠡᠰᠦ ᠡᠴᠡ ᠢᠰᠦᠯᠳᠦᠭᠰᠡᠨ ᠬᠥᠩᠭᠡᠨ ᠴᠠᠭᠠᠨ ᠭᠠᠷᠭᠠᠨ ᠠᠪᠴᠤ ᠶᠡᠷᠦᠩᠬᠡᠢᠯᠡᠨ ᠠᠰᠢᠭᠯᠠᠬᠤ ᠰᠠᠭᠤᠷᠢᠨ ᠢ᠋ ᠪᠦᠲᠦᠭᠡᠨ ᠪᠠᠢᠭᠤᠯᠤᠨ᠎ᠠ᠃

ᠪᠣᠬᠢᠷᠲᠤᠯ ᠥᠬᠡᠢ ᠭᠠᠳᠠᠭᠰᠢᠯᠠᠭᠤᠯᠬᠤ ᠬᠦᠨᠳᠦ ᠬᠡᠯᠪᠡᠷᠢ ᠵᠢᠨ ᠪᠠᠷᠠᠭᠠᠨ ᠤ᠋ ᠲᠡᠷᠭᠡ ᠵᠢ ᠳᠡᠯᠭᠡᠷᠡᠭᠦᠯᠵᠦ᠂ ᠨᠡᠭᠦᠷᠡᠰᠦᠨ ᠠᠭᠤᠷᠬᠠᠢ ᠵᠢᠨ ᠣᠷᠣᠨ᠂ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠲᠣᠭᠣᠷᠢᠭ ᠪᠠ ᠪᠣᠯᠣᠳ ᠲᠡᠮᠦᠷ᠂ ᠢᠯᠴᠢ ᠵᠢᠨ ᠴᠠᠬᠢᠯᠭᠠᠨ ᠵᠡᠷᠭᠡ ᠬᠦᠷᠢᠶᠡᠨ ᠳ᠋ᠦ᠍ ᠨᠢᠭᠡ ᠪᠦᠯᠦᠭ ᠠᠷᠢᠭᠤᠨ ᠴᠡᠪᠡᠷ ᠲᠡᠭᠡᠭᠡᠪᠦᠷᠢ ᠵᠢᠨ ᠠᠵᠤ ᠠᠬᠤᠢᠯᠠᠯ ᠢ᠋ ᠪᠣᠢ ᠪᠤᠯᠭᠠᠨ᠎ᠠ᠃

ᠥᠪᠥᠷ ᠮᠣᠩᠭᠣᠯ ᠤ᠋ᠨ ᠨᠡᠭᠦᠷᠡᠰᠦᠲᠥ᠋ᠷᠥᠭᠴᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠲᠤᠷᠰᠢᠯᠲᠠ ᠵᠢ ᠭᠦᠨᠵᠡᠭᠡᠢᠷᠡᠭᠦᠯᠵᠦ᠂ ᠨᠡᠭᠦᠷᠡᠰᠦᠲᠥ᠋ᠷᠥᠭᠴᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠮᠡᠷᠭᠡᠵᠢᠯ ᠤ᠋ᠨ ᠰᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠦᠨ᠎ᠡ᠃

ᠥᠪᠥᠷ ᠮᠣᠩᠭᠣᠯ ᠳ᠋ᠤ᠌ ᠨᠡᠭᠦᠷᠡᠰᠦᠲᠥ᠋ᠷᠥᠭᠴᠢ ᠵᠢᠨ ᠬᠡᠮᠵᠢᠯᠲᠡ ᠵᠢᠨ ᠲᠥᠪ ᠢ᠋ ᠪᠠᠢᠭᠤᠯᠵᠤ᠂ ᠣᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠡᠯᠡᠰᠦ ᠮᠠᠩᠬ᠎ᠠ ᠵᠢᠨ ᠨᠡᠭᠦᠷᠡᠰᠦᠲᠥ᠋ᠷᠥᠭᠴᠢ ᠬᠤᠷᠠᠭᠰᠠᠨ ᠢ᠋ ᠬᠡᠮᠵᠢᠵᠦ ᠬᠢᠨᠠᠨ ᠬᠡᠮᠵᠢᠬᠦ ᠰᠢᠰᠲ᠋ᠧᠮ ᠢ᠋ ᠪᠦᠷᠢᠨᠰᠢᠭᠦᠯᠦᠨ᠎ᠡ᠃

ᠬᠥᠯᠥᠨ ᠪᠤᠢᠷ᠂ ᠬᠢᠩᠭᠠᠨ ᠠᠢᠮᠠᠭ᠂ ᠤᠯᠠᠭᠠᠨᠬᠠᠳᠠ ᠵᠡᠷᠭᠡ ᠭᠠᠵᠠᠷ ᠣᠷᠣᠨ ᠤ᠋ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠢ᠋ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠬᠦ ᠵᠢ ᠳᠡᠮᠵᠢᠨ᠎ᠡ᠃

ᠥᠪᠥᠷ ᠮᠣᠩᠭᠣᠯ ᠪᠤᠬᠢᠷᠳᠤᠯ ᠦᠭᠡᠢ ᠮᠥᠩᠭᠥᠨ ᠭᠦᠢᠯᠭᠡᠭᠡᠨ ᠢ᠋ ᠬᠦᠭᠵᠢᠭᠦᠯᠬᠦ ᠵᠢ ᠳᠡᠮᠵᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号