ᠠᠵᠤ ᠦᠢᠯᠡᠰ᠎ᠦᠨ ᠪᠦᠲᠦᠴᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠬᠢᠷᠠᠭᠤᠯᠤᠯᠲᠠ ᠱᠢᠯᠢᠳᠡᠭ᠌ᠵᠢᠭᠦᠯᠦᠯᠲᠡ᠎ᠶ᠋ᠢ ᠠᠬᠢᠭᠤᠯᠵᠤ ᠤᠯᠠᠨ ᠡᠱᠢᠵᠢᠨ ᠬᠥᠭ᠌ᠵᠢᠭ᠌ᠰᠡᠨ ᠤᠯᠠᠨ ᠲᠤᠢᠯ᠎ᠢᠶᠠᠷ ᠲᠤᠯᠭᠠᠭᠤᠷᠢᠯᠠᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠤᠨ᠎ᠠ
2023-10-20 09:27:03
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ ᠤ᠋ᠨ ᠬᠣᠷᠢᠶ᠎ᠠ ᠵᠢᠨ ᠰᠠᠨᠠᠯ — ᠳᠣᠯᠣᠭᠠᠨ ᠲᠠᠯ᠎ᠠ ᠵᠢᠨ ᠭᠣᠣᠯ ᠡᠭᠦᠷᠭᠡ ②


● ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠦᠨ᠎ᠡ

ᠱᠢᠨ᠎ᠡ ᠡᠨᠧᠷᠭᠢ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠨᠡᠭᠦᠷᠡᠰᠦ᠎ᠪᠡᠷ ᠰᠠᠭᠤᠷᠢᠯᠠᠭ᠍ᠰᠠᠨ ᠱᠢᠨ᠎ᠡ ᠮᠠᠲ᠋ᠧᠷᠢᠶᠠᠯ᠂ ᠪᠠᠯ ᠴᠢᠯᠠᠭᠤᠨ ᠠᠯᠺᠧᠨ᠂ ᠤᠰᠤᠲᠥ᠋ᠷᠥᠭ᠌ᠴᠢ ᠡᠨᠧᠷᠭᠢ᠂ ᠠᠮᠢᠳᠤ ᠪᠣᠳᠠᠰ᠎ᠤᠨ ᠡᠮ ᠦᠶ᠋ᠯᠡᠳᠬᠦ᠌᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ᠂ ᠡᠪᠡᠰᠦᠨ᠎ᠦ ᠦᠶ᠋ᠯᠡᠰ ᠵᠡᠷᠭᠡ ᠳᠠᠪᠠᠭᠤᠯᠢᠭ ᠬᠦᠷᠢᠶ᠎ᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ᠎ᠤᠨ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠷᠢᠰᠢᠭᠤᠯᠤᠨ ᠪᠠᠢᠭᠤᠯᠤᠨ᠎ᠠ᠃

ᠬᠥᠬᠡᠬᠣᠲᠠ ᠪᠤᠭᠤᠲᠤ ᠣᠷᠳᠣᠰ᠎ᠤᠨ ᠲᠠᠰ ᠳᠠᠷᠠᠭᠠᠯᠠᠯ ᠶᠣᠰᠣᠭᠠᠷ  ᠤᠯᠤᠰ᠎ᠤᠨ ᠪᠡᠶ᠎ᠡ ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠪᠠᠢᠭᠤᠯᠬᠤ ᠪᠠᠷ ᠭᠤᠶᠤᠴᠢᠯᠠᠬᠤ᠎ᠶ᠋ᠢ ᠳᠡᠮᠵᠢᠨ᠎ᠡ᠃

◆ ᠤᠯᠤᠰ᠎ᠤᠨ ᠴᠠᠭᠠᠨ ᠢᠳᠡᠭᠡᠨ᠎ᠦ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠤᠨ ᠪᠠᠢᠭᠤᠯᠤᠯᠳᠠ᠎ᠶ᠋ᠢ ᠲᠦᠷᠭᠡᠳᠭᠡᠨ ᠠᠬᠢᠭᠤᠯᠵᠤ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠂ ᠡᠪᠡᠰᠦ ᠦᠷ᠎ᠡ᠎ᠶ᠋ᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠡᠭᠦᠳᠦᠨ ᠪᠠᠢᠭᠤᠯᠬᠤ᠎ᠶ᠋ᠢ ᠰᠤᠳᠤᠯᠤᠨ ᠳᠠᠮᠵᠢᠨ᠎ᠠ᠃

ᠲᠠᠯ᠎ᠠ ᠨᠤᠲᠤᠭ᠎ᠤᠨ ᠬᠡᠷ᠎ᠦᠨ ᠲᠡᠵᠢᠭᠡᠪᠦᠷᠢ᠎ᠶ᠋ᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ᠌ ᠪᠠ ᠦᠷᠡᠵᠢᠭᠦᠯᠦᠨ ᠪᠣᠢᠵᠢᠭᠤᠯᠬᠤ ᠵᠡᠷᠭᠡ ᠬᠦᠷᠢᠶᠡᠨ᠎ᠳᠦ ᠪᠥᠬᠥ᠌ ᠤᠯᠤᠰ᠎ᠤᠨ ᠭᠤᠤᠯᠳᠠᠯᠭ᠎ᠠ ᠲᠠᠶ ᠲᠤᠷᠱᠢᠯᠲᠠ᠎ᠶ᠋ᠢᠨ ᠲᠠᠰᠤᠭ᠎ᠢ ᠪᠣᠢᠵᠢᠭᠤᠯᠤᠨ ᠪᠥᠲᠥᠭᠡᠨ ᠪᠠᠢᠭᠤᠯᠬᠤ᠎ᠶ᠋ᠢ ᠵᠣᠷᠢᠭ᠍ᠵᠢᠭᠤᠯᠤᠨ᠎ᠠ᠃

ᠥᠪᠥᠷ ᠮᠣᠩᠭᠣᠯ᠎ᠤᠨ ᠳᠠᠪᠠᠭᠤᠯᠢᠭ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ᠎ᠤ ᠤᠯᠤᠰ᠎ᠤᠨ ᠲᠤᠷᠱᠢᠯᠲᠠ᠎ᠶ᠋ᠢᠨ ᠲᠠᠰᠤᠭ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ ᠵᠢ ᠳᠡᠮᠵᠢᠵᠦ᠍᠂ ᠱᠢᠨ᠎ᠡ ᠡᠨᠧᠷᠭᠢ ᠪᠡᠷ ᠴᠠᠬᠢᠯᠭᠠᠨ ᠭᠠᠷᠭᠠᠬᠤ᠂ ᠪᠣᠬᠢᠷᠲᠤᠯ ᠥᠬᠡᠶ ᠤᠰᠤᠲᠥ᠋ᠷᠥᠭ᠌ᠴᠢ ᠦᠶ᠋ᠯᠡᠳᠬᠦ᠌᠂ ᠨᠡᠭᠦᠷᠡᠰᠦ ᠪᠡᠷ ᠥᠨᠳᠥᠷ ᠪᠦᠲᠦᠮᠵᠢᠲᠡᠶ ᠠᠮᠢᠳᠤᠯᠢᠭ᠎ᠵᠢᠡᠷ ᠴᠠᠬᠢᠯᠭᠠᠨ ᠭᠠᠷᠭᠠᠬᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ ᠵᠡᠷᠭᠡ᠎ᠶ᠋ᠢᠨ ᠰᠤᠳᠤᠯᠭᠠᠨ ᠪᠠ ᠦᠶ᠋ᠯᠡᠳᠦᠯᠭᠡ ᠶ᠋ᠢ ᠥᠷᠨᠢᠭᠦᠯᠦᠨ᠎ᠡ᠃

◆ ᠤᠯᠤᠰ᠎ᠤᠨ ᠴᠢᠬᠤᠯᠠ ᠶᠡᠬᠡ ᠴᠢᠳᠠᠪᠤᠷᠢᠲᠠᠨ᠎ᠤ ᠢᠨᠵᠧᠨᠧᠷᠢᠩ᠎ᠦᠨ ᠲᠥᠯᠥᠪᠯᠡᠭᠡ ᠪᠠ ᠤᠯᠤᠰ᠎ᠤᠨ ᠴᠢᠳᠠᠪᠤᠷᠢᠲᠠᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢᠰᠢᠭᠤᠯᠤᠯᠲᠠ᠎ᠶ᠋ᠢᠨ ᠲᠠᠯ᠎ᠠ ᠪᠠᠷ ᠬᠠᠷᠠᠭᠠᠯᠵᠠᠯ ᠦᠵᠡᠭᠦᠯᠦᠨ᠎ᠡ᠃

ᠪᠠᠴᠢᠮ ᠬᠡᠷᠡᠭ᠌ᠰᠡᠬᠦ᠌ ᠳᠤᠲᠠᠭ᠍ᠳᠠᠵᠤ ᠪᠠᠢᠭ᠎ᠠ ᠲᠤᠰᠭᠠᠢ ᠮᠡᠷᠭᠡᠵᠢᠯ᠎ᠦᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠮᠦᠵᠢᠬᠦᠯᠬᠦ᠎ᠶ᠋ᠢ ᠳᠠᠮᠵᠢᠵᠤ᠂ ᠭᠠᠵᠠᠷ ᠣᠷᠣᠨ᠎ᠤ ᠴᠢᠨᠠᠷᠲᠠᠢ ᠨᠥᠬᠥᠪᠥᠷᠢ ᠮᠥᠩᠭᠥ᠎ᠳᠦ ᠬᠠᠷᠠᠭᠠᠯᠵᠠᠯ ᠦᠵᠡᠭᠦᠯᠬᠦ᠌ ᠬᠣᠯᠪᠣᠭ᠍ᠳᠠᠯ  ᠪᠦᠬᠦᠢ  ᠲᠥᠷᠥ᠎ᠶ᠋ᠢᠨ ᠪᠣᠳᠣᠯᠭ᠎ᠠ᠎ᠶ᠋ᠢ  ᠨᠠᠢᠳᠠᠪᠤᠷᠢᠵᠢᠭᠤᠯᠤᠨ᠎ᠠ᠃


● ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠲᠦᠷᠭᠡᠳᠭᠡᠨ᠎ᠡ

 ᠱᠢᠨ᠎ᠡ ᠬᠡᠯᠪᠡᠷᠢ᠎ᠵᠢᠨ ᠠᠵᠤ ᠦᠢᠯᠡᠳᠪᠦᠷᠢᠵᠢᠭᠦᠯᠦᠯᠲᠡ ᠶ᠋ᠢ ᠶᠡᠬᠡ ᠪᠡᠷ ᠠᠬᠢᠭᠤᠯᠵᠤ᠂ ᠥᠪᠥᠷ ᠮᠣᠩᠭᠣᠯ᠎ᠤᠨ ᠲᠡᠷᠢᠭᠦᠨ ᠤ᠋ ᠦᠢᠯᠡᠳᠬᠦ᠌ ᠦᠢᠯᠡᠰ᠎ᠤᠨ ᠪᠦᠯᠦᠭᠵᠢᠯ ᠢ᠋ ᠪᠣᠢᠵᠢᠭᠤᠯᠤᠨ ᠬᠥᠭ᠌ᠵᠢᠭᠦᠯᠬᠦ᠌ ᠶ᠋ᠢ ᠳᠡᠮᠵᠢᠨ᠎ᠡ᠃

ᠪᠤᠯᠤᠳ ᠲᠡᠮᠦᠷ᠂ ᠥᠩᠭᠡᠲᠦ ᠲᠡᠮᠦᠷᠯᠢᠭ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠭᠣᠣᠯᠳᠠᠯᠭ᠎ᠠ ᠲᠠᠶ ᠬᠦᠷᠢᠶᠡᠨ᠎ᠳᠦ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠬᠤ ᠨᠡᠭᠦᠷᠡᠰᠦᠲᠥ᠋ᠷᠥᠭ᠌ᠴᠢ ᠶ᠋ᠢ ᠪᠠᠭᠠᠰᠭᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢ ᠠᠬᠢᠭᠤᠯᠵᠤ᠂ ᠨᠡᠭᠦᠷᠡᠰᠦ ᠬᠡᠦᠷᠱᠢᠭᠦᠯᠬᠦ᠌ ᠬᠢᠮᠢ᠎ᠶ᠋ᠢᠨ ᠠᠵᠤ ᠦᠢᠯᠡᠳᠪᠦᠷᠢ᠂ ᠾᠯᠣᠷᠲᠤ ᠱᠦᠯᠲᠦ᠍᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠹᠯᠣᠷ ᠴᠠᠬᠢᠭᠤᠷ᠎ᠤᠨ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠎ᠠ᠃

ᠲᠡᠮᠦᠷ᠎ᠤᠨ ᠬᠠᠢᠯᠤᠰᠢ᠂ ᠬᠡᠦᠷᠱᠢᠭᠦᠯᠬᠦ ᠵᠡᠷᠭᠡ ᠬᠦᠷᠢᠶ᠎ᠡ᠎ᠶ᠋ᠢᠨ ᠠᠵᠤ ᠠᠬᠤᠢᠯᠠᠯ᠎ᠢ ᠱᠢᠯᠢᠳᠡᠭ᠌ᠵᠢᠭᠦᠯᠦᠨ ᠳᠠᠬᠢᠨ ᠨᠡᠢᠳᠭᠡᠬᠦ ᠶ᠋ᠢ ᠵᠣᠷᠢᠭ᠍ᠵᠢᠭᠤᠯᠤᠨ᠎ᠠ᠃

ᠭᠡᠷᠡᠯᠴᠢ ᠴᠡᠨᠡᠭ ᠦᠢᠯᠡᠳᠬᠦ᠌᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠦᠢᠯᠡᠳᠬᠦ᠌ ᠵᠡᠷᠭᠡ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌ ᠦᠢᠯᠡᠰ᠎ᠢ ᠡᠮᠬᠢ ᠵᠢᠷᠤᠮ ᠲᠠᠶ ᠪᠠᠷ ᠬᠥᠭ᠌ᠵᠢᠭᠦᠯᠵᠦ᠂ ᠡᠯᠧᠺᠲᠷᠣᠨ ᠲᠠᠰ᠎ᠤᠨ ᠲᠠᠯᠠᠰᠲᠤ ᠴᠠᠬᠢᠭᠤᠷ᠂ ᠣᠨᠴᠠ ᠲᠥᠷᠥᠯ᠎ᠦᠨ ᠬᠠᠢᠯᠤᠰᠢ ᠵᠡᠷᠭᠡ ᠱᠢᠨ᠎ᠡ ᠮᠠᠲᠧᠷᠢᠶᠠᠯ᠎ᠢ ᠲᠦᠷᠭᠡᠳᠭᠡᠨ ᠬᠥᠭ᠌ᠵᠢᠭᠦᠯᠦᠨ᠎ᠡ᠃

◆ ᠥᠪᠥᠷ ᠮᠣᠩᠭᠣᠯ᠎ᠳᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠳᠪᠦᠷᠢ᠎ᠶ᠋ᠢᠨ ᠲᠥᠷᠥᠯ ᠵᠦᠢᠯ ᠪᠠᠢᠷᠢᠰᠢᠭᠤᠯᠬᠤ ᠶ᠋ᠢ ᠳᠡᠮᠵᠢᠵᠦ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠎ᠠ᠃

 ᠬᠢᠲᠠᠳ ᠡᠮ ᠡᠮᠨᠡᠯᠭᠡ (ᠮᠣᠩᠭᠣᠯ ᠡᠮ ᠡᠮᠨᠡᠯᠭᠡ)᠂ ᠲᠦᠭᠦᠬᠡᠢ ᠮᠠᠲ᠋ᠧᠷᠢᠶᠠᠯ ᠡᠮ ᠵᠡᠷᠭᠡ ᠡᠮ ᠡᠮᠨᠡᠯᠭᠡ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠤᠨ᠎ᠠ᠃


● ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠤᠨ᠎ᠠ

◆ ᠤᠳᠤ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ ᠬᠢᠭᠡᠳ ᠲᠡᠷᠢᠭᠦᠨ᠎ᠦ ᠦᠶ᠋ᠯᠡᠳᠬᠦ᠌ ᠦᠶ᠋ᠯᠡᠰ᠂ ᠤᠳᠤ  ᠦᠶ᠎ᠡ᠎ᠶ᠋ᠢᠨ ᠮᠠᠯ ᠠᠵᠤ ᠠᠬᠤᠢ ᠲᠠᠷᠢᠶᠠᠯᠠᠩ᠎ᠤᠨ ᠠᠭᠤᠰᠤᠯᠴᠠᠨ ᠬᠥᠭ᠌ᠵᠢᠬᠦ᠌᠎ᠶ᠋ᠢ ᠵᠣᠷᠢᠭ᠍ᠵᠢᠭᠤᠯᠤᠨ᠎ᠠ᠃

ᠪᠤᠭᠤᠲᠤ᠎ᠶ᠋ᠢᠨ ᠬᠣᠪᠣᠷ ᠱᠢᠷᠣᠶ᠎ᠶ᠋ᠢᠨ ᠦᠶ᠋ᠯᠡᠳᠬᠦᠨ᠎ᠢ ᠪᠠᠢᠴᠠᠭᠠᠨ ᠬᠡᠮᠵᠢᠵᠦ᠍ ᠱᠢᠯᠭᠠᠨ ᠪᠠᠢᠴᠠᠭᠠᠬᠤ ᠲᠥᠪ᠎ᠢ  ᠲᠦᠷᠭᠡᠳᠭᠡᠨ ᠪᠠᠢᠭᠤᠯᠤᠨ᠎ᠠ᠃

◆ ᠥᠪᠥᠷ ᠮᠣᠩᠭᠣᠯ᠎ᠤᠨ ᠬᠦᠶ᠋ᠰᠦ ᠪᠠᠷᠢᠯᠭ᠎ᠠ᠎ᠶᠢᠨ ᠠᠵᠤ ᠠᠬᠤᠶ᠎ᠶ᠋ᠢ ᠬᠥᠭ᠌ᠵᠢᠭᠦᠯᠬᠦ᠌᠎ᠶ᠋ᠢ ᠳᠡᠮᠵᠢᠵᠦ᠍᠂ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠪᠠᠷᠢᠯᠭ᠎ᠠ᠂ ᠤᠯᠤᠰ᠎ᠤᠨ ᠭᠤᠤᠯᠯᠠᠬᠤ ᠬᠦᠶ᠋ᠲᠡᠨ ᠬᠡᠯᠬᠢᠶᠡᠲᠦ ᠪᠠᠷᠠᠭᠠᠨ᠎ᠤ ᠭᠦᠶ᠋ᠯᠭᠡᠭᠡᠨ᠎ᠦ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠎ᠠ᠃

ᠬᠡᠷᠡᠭ᠌ᠯᠡᠭᠡᠨ᠎ᠦ ᠵᠠᠰᠠᠮᠠᠯ ᠵᠠᠮ᠎ᠤᠨ ᠴᠢᠩᠭᠡᠯᠢᠭ᠎ᠦᠨ ᠬᠡᠰᠡᠭ᠌ᠴᠢᠯᠡᠭ᠌ᠰᠡᠨ ᠲᠡᠭᠡᠭᠡᠪᠦᠷᠢ᠎ᠶ᠋ᠢ ᠰᠤᠳᠤᠯᠤᠨ᠎ᠠ᠃

◆ ᠪᠤᠭᠤᠷᠤᠯᠴᠤᠳ᠎ᠤᠨ ᠠᠵᠤ ᠠᠬᠤᠶ᠎ᠶ᠋ᠢ ᠪᠣᠢᠵᠢᠭᠤᠯᠤᠨ ᠬᠥᠭ᠌ᠵᠢᠭᠦᠯᠦᠨ᠎ᠡ᠃

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃

◆ ᠪᠠᠷᠠᠭᠤᠨ ᠯᠢᠶᠣᠤᠾᠧ ᠭᠣᠣᠯ᠎ᠤᠨ ᠪᠣᠯᠪᠠᠰᠤᠨ᠎ᠤ ᠰᠤᠳᠤᠯᠭᠠᠨ᠎ᠢ ᠳᠤᠮᠳᠠᠳᠤ᠎ᠶ᠋ᠢᠨ ᠪᠣᠯᠪᠠᠰᠤᠨ ᠡᠬᠢ ᠰᠤᠷᠪᠤᠯᠵᠢ᠎ᠶ᠋ᠢ ᠬᠠᠢᠬᠤ ᠢᠨᠵᠧᠨᠧᠷᠢᠩ᠎ᠳᠦ ᠣᠷᠣᠭᠤᠯᠵᠤ᠂ ᠬᠤᠩᠱᠠᠨ ᠰᠣᠶᠣᠯ᠎ᠤᠨ ᠪᠠᠭᠤᠷᠢ᠎ᠶ᠋ᠢ ᠳᠡᠯᠡᠬᠡᠢ᠎ᠶ᠋ᠢᠨ ᠰᠣᠶᠣᠯ᠎ᠤᠨ ᠥᠪ᠎ᠢᠶᠡᠷ ᠮᠡᠳᠡᠭᠦᠯᠬᠦ᠌᠎ᠶ᠋ᠢ ᠳᠠᠮᠵᠢᠨ᠎ᠠ᠃

◆ ᠣᠷᠳᠣ ᠴᠠᠭᠠᠨ ᠬᠡᠷᠡᠮ᠂ ᠬᠠᠲᠤᠨ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠷᠠᠱᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ᠎ᠢ ᠡᠭᠦᠳᠦᠨ ᠪᠠᠢᠭᠤᠯᠬᠤ᠎ᠶ᠋ᠢ  ᠳᠡᠮᠵᠢᠨ᠎ᠡ᠃

 ᠵᠡᠭᠦᠨ ᠬᠠᠲᠠᠪᠴᠢ ᠵᠡᠷᠭᠡ ᠬᠢᠯᠢ᠎ᠳᠠᠭᠠᠤ ᠬᠣᠱᠢᠭᠤ ᠱᠢᠶᠠᠨ᠎ᠤ ᠬᠢᠯᠢ᠎ᠶ᠋ᠢᠨ ᠵᠢᠭᠤᠯᠴᠢᠯᠠᠯ᠎ᠤᠨ ᠲᠤᠷᠱᠢᠯᠲᠠ᠎ᠶ᠋ᠢᠨ ᠣᠷᠣᠨ᠎ᠤ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ  ᠥᠷᠨᠢᠭᠦᠯᠬᠦ᠎ᠵᠢ ᠳᠡᠮᠵᠢᠨ᠎ᠡ᠃

ᠬᠣᠷᠢᠨᠭᠡᠷ᠎ᠤᠨ ᠮᠥᠩᠭᠥᠨ ᠭᠦᠢᠯᠭᠡᠭᠡᠨ᠎ᠦ ᠲᠣᠭ᠎ᠠ ᠪᠠᠷᠢᠮᠲᠠ᠎ᠶ᠋ᠢᠨ ᠠᠵᠤ ᠦᠢᠯᠡᠰ᠎ᠦᠨ ᠬᠦᠷᠢᠶᠡᠯᠡᠩ᠎ᠢ  ᠰᠤᠳᠤᠯᠤᠨ ᠪᠠᠢᠭᠤᠯᠤᠨ᠎ᠠ᠃

 ᠥᠪᠥᠷ ᠮᠣᠩᠭᠣᠯ᠎ᠤᠨ ᠪᠠᠯᠠ ᠮᠦᠩᠬᠦ ᠴᠤᠬᠯᠠᠭᠤᠯᠬᠤ ᠳᠠᠭᠠᠭᠠᠯᠲᠠ᠎ᠶ᠋ᠢᠨ ᠪᠠᠢᠭᠤᠯᠤᠮᠵᠢ ᠬᠢᠭᠡᠳ ᠤᠯᠤᠰ᠎ᠤᠨ ᠪᠠᠯᠠ ᠮᠦᠩᠬᠦ ᠴᠤᠬᠯᠠᠭᠤᠯᠬᠤ ᠳᠠᠭᠠᠭᠠᠯᠲᠠ᠎ᠶ᠋ᠢᠨ ᠰᠠᠭᠤᠷᠢ ᠮᠥᠩᠭᠥ᠎ᠶ᠋ᠢᠨ ᠬᠠᠮᠲᠤᠷᠠᠯᠴᠠᠭ᠎ᠠ ᠪᠠᠨ ᠴᠢᠩᠭᠠᠳᠭᠠᠬᠤ᠎ᠶ᠋ᠢ ᠳᠡᠮᠵᠢᠨ᠎ᠡ᠃


● ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ

ᠬᠥᠬᠡᠬᠣᠲᠠ᠎ᠡᠴᠡ ᠨᠠᠨᠨᠢᠩ ᠬᠦᠷᠬᠦ ᠳᠦᠷᠭᠡᠨ᠎ᠤ ᠲᠡᠮᠦᠷ ᠵᠠᠮ ᠬᠢᠭᠡᠳ ᠪᠤᠭᠤᠲᠤ (ᠢᠷᠭᠠᠢ) ᠡᠴᠡ ᠬᠠᠢᠺᠸᠦ ᠬᠦᠷᠬᠦ ᠳᠦᠷᠭᠡᠨ᠎ᠤ ᠲᠡᠮᠦᠷ ᠵᠠᠮ᠎ᠤᠨ ᠬᠣᠭᠣᠷᠣᠨᠳᠣᠬᠢ ᠵᠣᠯᠭᠠᠭᠤᠯᠤᠯᠲᠠ᠎ᠶ᠋ᠢ ᠰᠤᠳᠤᠯᠤᠨ ᠴᠢᠩᠭᠠᠳᠭᠠᠵᠤ᠂ ᠪᠤᠭᠤᠲᠤ᠎ᠡᠴᠡ ᠭᠠᠷᠴᠦ ᠣᠷᠳᠣᠰ ᠵᠢᠡᠷ ᠳᠠᠮᠵᠢᠨ ᠲᠡᠮᠡᠭᠡᠲᠦ ᠬᠦᠷᠬᠦ᠌ ᠲᠡᠮᠦᠷ ᠵᠠᠮ᠂ ᠯᠢᠨᠾᠧ᠎ᠡᠴᠡ ᠬᠠᠮᠢ ᠬᠦᠷᠬᠦ᠌ ᠲᠡᠮᠦᠷ ᠵᠠᠮ᠎ᠤᠨ ᠯᠢᠨᠾᠧ᠎ᠡᠴᠡ ᠡᠵᠡᠨ᠎ᠡ ᠬᠦᠷᠬᠦ᠌ ᠬᠡᠰᠡᠭ᠎ᠦᠨ ᠴᠢᠳᠠᠮᠵᠢ ᠥᠷᠭᠡᠳᠭᠡᠬᠦ᠌ ᠥᠭᠡᠷᠡᠴᠢᠯᠡᠯᠲᠡ᠎ᠶ᠋ᠢᠨ ᠢᠨᠵᠧᠨᠧᠷᠢᠩ ᠵᠡᠷᠭᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠴᠢᠴᠢᠬᠠᠷ᠎ᠡᠴᠡ ᠬᠠᠢᠯᠠᠷ ᠬᠦᠷᠬᠦ᠌᠂ ᠬᠠᠢᠯᠠᠷ᠎ᠡᠴᠡ ᠾᠧᠢ ᠱᠠᠨ ᠳᠧᠦ ᠬᠦᠷᠬᠦ᠌ ᠲᠡᠮᠦᠷ ᠵᠠᠮ᠎ᠢ ᠰᠤᠳᠤᠯᠤᠨ ᠪᠦᠲᠦᠭᠡᠨ ᠪᠠᠢᠭᠤᠯᠵᠤ᠂ ᠤᠯᠠᠭᠠᠨᠬᠣᠲᠠ᠎ᠡᠴᠡ ᠷᠠᠱᠢᠶᠠᠨ ᠬᠦᠷᠬᠦ᠌ ᠬᠠᠢᠯᠠᠷ ᠬᠦᠷᠬᠦ᠌ ᠲᠡᠮᠦᠷ ᠵᠠᠮ᠎ᠤᠨ ᠬᠦᠳᠡᠯᠭᠡᠬᠦ ᠬᠦᠴᠦᠨᠳᠦ ᠲᠡᠷᠭᠡ ᠨᠡᠪᠲᠡᠷᠡᠭᠦᠯᠬᠦ᠌ ᠥᠭᠡᠷᠡᠴᠢᠯᠡᠯᠲᠡ᠎ᠶ᠋ᠢ ᠠᠬᠢᠭᠤᠯᠵᠤ᠂ ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ᠎ᠢ ᠬᠣᠯᠪᠣᠭ᠍ᠰᠠᠨ ᠲᠡᠮᠦᠷ ᠵᠠᠮ᠎ᠤᠨ ᠲᠣᠮᠣ ᠨᠡᠪᠲᠡᠷᠡᠬᠦ᠌ ᠵᠠᠮ᠎ᠢ ᠴᠣᠭ᠍ᠴᠠᠯᠠᠨ ᠪᠠᠢᠭᠤᠯᠤᠨ᠎ᠠ᠃

ᠣᠷᠣᠨ ᠨᠤᠲᠤᠭ᠎ᠤᠨ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠭ᠌ᠰᠡᠨ ᠤᠷᠢᠲᠠᠯ ᠳᠣᠣᠷ᠎ᠠ᠂ ᠤᠯᠤᠰ᠎ᠤᠨ ᠲᠦᠷᠭᠡᠨ᠎ᠤ ᠵᠠᠰᠠᠮᠠᠯ ᠵᠠᠮ᠎ᠤᠨ ᠭᠣᠣᠯ ᠱᠤᠭᠤᠮ᠎ᠤᠨ ᠥᠪᠥᠷ ᠮᠣᠩᠭᠣᠯ᠎ᠳᠠᠬᠢ ᠬᠡᠰᠡᠭ᠎ᠢ ᠪᠦᠬᠦᠨ᠎ᠢ ᠨᠡᠪᠲᠡᠷᠡᠭᠦᠯᠬᠦ᠌᠂ ᠠᠢᠮᠠᠭ ᠬᠣᠲᠠ᠎ᠶ᠋ᠢᠨ ᠲᠦᠷᠭᠡᠨ᠎ᠤ ᠵᠠᠰᠠᠮᠠᠯ ᠵᠠᠮ᠎ᠢ ᠬᠠᠷᠢᠯᠴᠠᠨ ᠨᠡᠪᠲᠡᠷᠡᠭᠦᠯᠬᠦ᠌᠂ ᠬᠣᠲᠠ᠎ᠶ᠋ᠢᠨ ᠲᠣᠭᠣᠷᠢᠭ᠎ᠤᠨ ᠬᠥᠮᠦᠨ ᠠᠮᠠ 10 ᠲᠦᠮᠡ᠎ᠡᠴᠡ ᠳᠡᠭᠡᠭ᠌ᠰᠢᠬᠢ ᠬᠣᠱᠢᠭᠤ ᠱᠢᠶᠠᠨ᠎ᠤ ᠲᠦᠷᠭᠡᠨ᠎ᠤ ᠵᠠᠰᠠᠮᠠᠯ ᠵᠠᠮ᠎ᠢ ᠬᠣᠯᠪᠣᠨ ᠨᠡᠪᠲᠡᠷᠡᠭᠦᠯᠬᠦ᠌᠂ ᠭᠣᠣᠯ ᠪᠤᠯᠬᠤ ᠪᠣᠭᠣᠮᠲᠠ᠎ᠶ᠋ᠢᠨ ᠲᠦᠷᠭᠡᠨ᠎ᠤ ᠵᠠᠰᠠᠮᠠᠯ ᠵᠠᠮ᠎ᠢ ᠵᠠᠯᠭᠠᠨ ᠨᠡᠪᠲᠡᠷᠡᠭᠦᠯᠬᠦ᠌᠎ᠶ᠋ᠢ ᠠᠬᠢᠭᠤᠯᠤᠨ᠎ᠠ᠃

◆ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠦᠬᠦᠭᠡᠷᠦᠮᠵᠢ ᠪᠠ ᠠᠮᠤᠷ ᠲᠦᠪᠱᠢᠨ᠎ᠦ ᠰᠡᠷᠭᠡᠢᠯᠡᠨ ᠬᠠᠮᠠᠭᠠᠯᠠᠬᠤ ᠲᠦᠬᠦᠭᠡᠷᠦᠮᠵᠢ᠎ᠶ᠋ᠢ ᠲᠡᠭᠦᠯᠳᠡᠷᠵᠢᠭᠦᠯᠦᠨ᠎ᠡ᠃

ᠭᠣᠣᠯᠳᠠᠯᠭ᠎ᠠ ᠲᠠᠶ ᠬᠣᠱᠢᠭᠤ ᠱᠢᠶᠠᠨ᠎ᠤ ᠲᠡᠭᠡᠭᠡᠪᠦᠷᠢ ᠪᠣᠯᠤᠨ ᠨᠡᠢᠳᠡᠮ᠎ᠤᠨ ᠬᠡᠷᠡᠭ᠌ᠯᠡᠭᠡᠨ᠎ᠦ ᠨᠢᠰᠭᠡᠯ᠎ᠦᠨ ᠪᠠᠭᠤᠳᠠᠯ᠎ᠤᠨ ᠪᠦᠲᠦᠭᠡᠨ ᠪᠠᠢᠭᠤᠯᠤᠯᠲᠠ ᠶ᠋ᠢ ᠳᠡᠮᠵᠢᠨ᠎ᠡ᠃

◆ ᠥᠪᠥᠷ ᠮᠣᠩᠭᠣᠯ᠎ᠤᠨ ᠴᠠᠬᠢᠯᠭᠠᠨ ᠬᠣᠯᠪᠣᠭᠠᠨ᠎ᠤ ᠨᠡᠢᠳᠡᠮ᠎ᠤᠨ ᠦᠶ᠋ᠯᠡᠴᠢᠯᠡᠭᠡᠨ᠎ᠦ ᠲᠦᠪᠰᠢᠨ᠎ᠢ ᠳᠡᠭᠡᠭ᠌ᠰᠢᠯᠡᠭᠦᠯᠦᠨ᠎ᠡ᠃

ᠳᠣᠣᠷ᠎ᠠ ᠠᠭᠠᠷ᠎ᠤᠨ ᠣᠷᠣᠨ᠎ᠤ ᠥᠭᠡᠷᠡᠴᠢᠯᠡᠯᠲᠡ᠎ᠶ᠋ᠢ ᠥᠷᠨᠢᠭᠦᠯᠵᠦ᠍᠂ ᠳᠣᠣᠷ᠎ᠠ ᠠᠭᠠᠷ᠎ᠤᠨ ᠠᠵᠤ ᠠᠬᠤᠢ᠎ᠶ᠋ᠢ ᠬᠥᠭ᠌ᠵᠢᠭᠦᠯᠦᠨ᠎ᠡ᠃

ᠪᠥᠬᠥ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠣᠳᠣᠯᠭ᠎ᠠ᠎ᠶ᠋ᠢᠨ ᠬᠦᠴᠦᠨ᠎ᠦ ᠰᠦᠯᠵᠢᠶ᠎ᠡ᠎ᠶ᠋ᠢᠨ ᠥᠪᠥᠷ ᠮᠣᠩᠭᠣᠯ᠎ᠤᠨ ᠬᠦᠶ᠋ᠰᠦ ᠪᠠᠷᠢᠯᠭ᠎ᠠ᠎ᠶᠢᠨ ᠵᠠᠩᠭᠢᠯᠠᠭ᠎ᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠣᠷᠢᠨᠭᠡᠷ᠎ᠤᠨ ᠳ᠋ᠠᠢᠲ᠋ᠠ᠎ᠶ᠋ᠢᠨ ᠲᠥᠪ᠎ᠦᠨ ᠪᠥᠯᠥᠭᠵᠢᠯ᠎ᠤᠨ 《ᠵᠡᠭᠦᠨᠳᠠᠬᠢ ᠲᠤᠭ᠎ᠠ ᠪᠠᠷᠠᠭᠤᠨᠳᠠᠬᠢ ᠪᠤᠳᠤᠯᠳᠠ》 ᠵᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠳᠡᠮᠵᠢᠨ᠎ᠡ᠃

◆ ᠥᠪᠥᠷ ᠮᠣᠩᠭᠣᠯ᠎ᠤᠨ ᠬᠦᠢᠰᠦ ᠪᠠᠷᠢᠯᠭ᠎ᠠ᠎ᠶᠢᠨ ᠵᠠᠩᠭᠢᠯᠠᠭ᠎ᠠ᠎ᠶᠢᠨ ᠴᠡᠭ ᠬᠢᠭᠡᠳ ᠪᠤᠰᠤᠳ ᠪᠤᠳᠤᠯᠭ᠎ᠠ ᠵᠢᠨ ᠬᠦᠴᠦᠨ᠎ᠦ ᠬᠦᠢᠰᠦ ᠪᠠᠷᠢᠯᠭ᠎ᠠ᠎ᠶᠢᠨ ᠵᠠᠩᠭᠢᠯᠠᠭ᠎ᠠ᠎ᠶᠢᠨ ᠴᠡᠭ᠎ᠤᠨ ᠬᠣᠭᠣᠷᠣᠨᠳᠣᠬᠢ ᠰᠦᠯᠵᠢᠶ᠎ᠡ᠎ᠪᠡᠷ ᠳᠠᠮᠵᠢᠭᠤᠯᠬᠤ ᠴᠢᠳᠠᠮᠵᠢ᠎ᠶ᠋ᠢ ᠠᠬᠢᠭᠤᠯᠤᠨ ᠳᠡᠭᠡᠭ᠌ᠰᠢᠯᠡᠭᠦᠯᠵᠦ᠍᠂ ᠢᠨᠲ᠋ᠧᠷ ᠰᠦᠯᠵᠢᠶᠡᠨ᠎ᠳᠦ ᠭᠠᠷᠭᠠᠬᠤ ᠪᠦᠰᠡ᠎ᠶ᠋ᠢᠨ ᠥᠷᠭᠡᠴᠡ᠎ᠵᠢ ᠥᠷᠭᠡᠳᠭᠡᠨ᠎ᠡ᠃

 ᠱᠢᠨ᠎ᠡ ᠬᠡᠯᠪᠡᠷᠢ᠎ᠶ᠋ᠢᠨ ᠢᠨᠲ᠋ᠸᠷ ᠰᠦᠯᠵᠢᠶᠡᠨ᠎ᠦ ᠰᠣᠯᠢᠯᠴᠠᠭᠠᠨ᠎ᠤ ᠲᠥᠪ᠎ᠦᠨ ᠪᠣᠯᠤᠮᠵᠢᠲᠤ ᠴᠢᠨᠠᠷ᠎ᠢ ᠰᠤᠳᠤᠯᠤᠨ ᠨᠤᠲᠠᠯᠠᠬᠤ ᠠᠵᠢᠯ᠎ᠢ ᠥᠷᠨᠢᠭᠦᠯᠦᠨ᠎ᠡ᠃

ᠥᠪᠥᠷ ᠮᠣᠩᠭᠣᠯ᠎ᠤᠨ ᠣᠶ ᠱᠢᠭᠤᠶ ᠨᠤᠲᠤᠭ ᠪᠡᠯᠴᠢᠭᠡᠷ᠎ᠦᠨ ᠭᠠᠯ ᠰᠡᠷᠭᠡᠢᠯᠡᠬᠦ᠌ ᠪᠠᠴᠢᠮ ᠪᠠᠢᠳᠠᠯ᠎ᠢ ᠠᠷᠭᠠᠴᠠᠭᠠᠬᠤ ᠴᠢᠮᠡᠭᠡ ᠬᠣᠯᠪᠣᠭᠠᠨ᠎ᠤ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠳᠡᠮᠵᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号