ᠪᠠᠢᠭᠤᠯᠤᠮᠵᠢ ᠲᠣᠭ᠍ᠲᠠᠴᠠ ᠢ᠋ᠢᠨ ᠥᠭᠡᠷᠡᠴᠢᠯᠡᠯᠲᠡ ᠢ᠋ᠢ ᠭᠦᠨᠵᠡᠭᠡᠢᠷᠡᠭᠦᠯᠵᠦ᠍ ᠡᠬᠢ ᠪᠠᠶᠠᠯᠢᠭ ᠤ᠋ᠨ ᠬᠡᠯᠪᠡᠷᠢ ᠢ᠋ᠢᠨ ᠭᠠᠵᠠᠷ ᠣᠷᠣᠨ ᠤ᠋ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ ᠢ᠋ ᠬᠠᠢᠨ ᠰᠦᠪᠡᠭ᠌ᠴᠢᠯᠡᠨ᠎ᠡ
2023-10-21 14:26:48
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ ᠤ᠋ᠨ ᠬᠣᠷᠢᠶ᠎ᠠ ᠵᠢᠨ ᠰᠠᠨᠠᠯ — ᠳᠣᠯᠣᠭᠠᠨ ᠲᠠᠯ᠎ᠠ ᠵᠢᠨ ᠭᠣᠣᠯ ᠡᠭᠦᠷᠭᠡ ③


● ᠠᠭᠤᠷᠬᠠᠢ ᠢ᠋ᠢᠨ ᠡᠬᠢ ᠪᠠᠶᠠᠯᠢᠭ ᠢ᠋ ᠡᠮᠬᠢ ᠵᠢᠷᠤᠮ ᠲᠠᠶ ᠪᠡᠷ ᠨᠡᠭᠡᠭᠡᠨ ᠬᠦᠭᠵᠢᠬᠦᠯᠵᠤ ᠠᠱᠢᠭ᠍ᠯᠠᠬᠤ ᠢ᠋ᠢ ᠠᠬᠢᠭᠤᠯᠤᠨ᠎ᠠ

 ᠤᠯᠤᠰ ᠤ᠋ᠨ ᠭᠠᠵᠠᠷ ᠱᠢᠷᠣᠶ ᠢ᠋ᠢᠨ ᠣᠷᠣᠨ ᠵᠠᠶ ᠢ᠋ᠢᠨ ᠲᠥᠯᠥᠪᠵᠢᠭᠦᠯᠭᠡ᠂ ᠬᠡᠷᠡᠭ᠌ᠴᠡᠭᠡ ᠢ᠋ᠢ ᠵᠠᠬᠢᠷᠤᠨ ᠬᠠᠮᠢᠶᠠᠷᠬᠤ ᠪᠠ ᠠᠮᠢ ᠠᠬᠤᠶ ᠣᠷᠴᠢᠨ ᠲᠣᠭᠣᠷᠢᠨ ᠢ᠋ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ ᠢ᠋ᠢ ᠴᠢᠩᠭ᠎ᠠ ᠨᠠᠢᠳᠠᠪᠤᠷᠢᠵᠢᠭᠤᠯᠵᠤ᠂ ᠡᠨᠧᠷᠭᠢ ᠢ᠋ᠢᠨ ᠡᠬᠢ ᠪᠠᠶᠠᠯᠢᠭ ᠤ᠋ᠨ ᠰᠠᠭᠤᠷᠢᠨ᠂ ᠤᠯᠤᠰ ᠤ᠋ᠨ ᠲᠥᠯᠥᠪᠵᠢᠭᠦᠯᠦᠭ᠌ᠰᠡᠨ ᠠᠭᠤᠷᠬᠠᠶ ᠢ᠋ᠢᠨ ᠣᠷᠣᠨ᠂ ᠭᠤᠤᠯᠳᠠᠯᠭ᠎ᠠ ᠲᠠᠶ ᠬᠠᠢᠨ ᠪᠠᠢᠴᠠᠭᠠᠵᠤ ᠨᠡᠭᠡᠭᠡᠨ ᠮᠠᠯᠲᠠᠬᠤ ᠣᠷᠣᠨ ᠬᠢᠭᠡᠳ ᠠᠮᠢ ᠠᠬᠤᠶ ᠢ᠋ᠢᠨ ᠬᠠᠮᠠᠭᠠᠯᠠᠯᠲᠠ ᠢ᠋ᠢᠨ ᠤᠯᠠᠭᠠᠨ ᠱᠤᠭᠤᠮ᠂ ᠪᠠᠢᠭᠠᠯᠢ ᠢ᠋ᠢᠨ ᠬᠠᠮᠠᠭᠠᠯᠠᠯᠲᠠ ᠢ᠋ᠢᠨ ᠭᠠᠵᠠᠷ ᠢ᠋ ᠵᠣᠯᠭᠠᠭᠤᠯᠬᠤ ᠢ᠋ᠢ ᠰᠠᠢᠲᠤᠷ ᠬᠢᠵᠦ᠍᠂ ᠦᠨᠳᠦᠰᠦᠨ ᠨᠤᠲᠤᠭ ᠪᠡᠯᠴᠢᠭᠡᠷ ᠤ᠋ᠨ ᠳᠣᠲᠣᠷ᠎ᠠ ᠬᠠᠤᠯᠢ ᠲᠣᠭ᠍ᠲᠠᠭᠠᠯ ᠶᠣᠰᠣᠭᠠᠷ ᠵᠥᠪᠱᠢᠶᠡᠷᠡᠭᠰᠡᠨ ᠤᠯᠤᠰ ᠤ᠋ᠨ ᠴᠢᠬᠤᠯᠠ ᠶᠡᠬᠡ ᠠᠭᠤᠷᠬᠠᠶ ᠢ᠋ᠢᠨ ᠭᠠᠷᠤᠯᠲᠠ ᠢ᠋ᠢᠨ ᠡᠬᠢ ᠪᠠᠶᠠᠯᠢᠭ ᠢ᠋ ᠬᠠᠢᠨ ᠱᠢᠨᠵᠢᠵᠦ᠍ ᠨᠡᠭᠡᠭᠡᠨ ᠬᠦᠭᠵᠢᠬᠦᠯᠬᠦ ᠲᠥᠷᠥᠯ ᠵᠦᠶ᠋ᠯ ᠢ᠋ ᠱᠢᠨ᠎ᠡ ᠪᠡᠷ ᠪᠠᠢᠭᠤᠯᠬᠤ ᠢ᠋ᠢ ᠵᠥᠪᠱᠢᠶᠡᠷᠡᠨ᠎ᠡ᠃

ᠪᠣᠬᠢᠷᠲᠤᠯ ᠥᠬᠡᠶ ᠬᠠᠢᠨ ᠪᠠᠢᠴᠠᠭᠠᠯᠲᠠ᠂ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢ ᠪᠥᠬᠥ᠌ ᠲᠠᠯ᠎ᠠ ᠪᠡᠷ ᠠᠬᠢᠭᠤᠯᠵᠤ᠂ ᠠᠭᠤᠷᠬᠠᠶ ᠢ᠋ᠢᠨ ᠠᠵᠤ ᠠᠬᠤᠢᠯᠠᠯ ᠤ᠋ᠨ ᠲᠡᠷᠢᠭᠦᠨ ᠤ᠋ ᠮᠡᠷᠭᠡᠵᠢᠯ ᠢ᠋ ᠬᠡᠷᠡᠭ᠌ᠯᠡᠬᠦ ᠢ᠋ᠢ ᠠᠬᠢᠭᠤᠯᠵᠤ ᠤᠷᠮᠠᠱᠢᠭᠤᠯᠬᠤ ᠲᠥᠷᠥ ᠢ᠋ᠢᠨ ᠪᠣᠳᠣᠯᠭ᠎ᠠ ᠢ᠋ᠢ ᠰᠦᠪᠡᠭ᠌ᠴᠢᠯᠡᠨ ᠲᠣᠭ᠍ᠲᠠᠭᠠᠨ᠎ᠠ᠃

ᠠᠭᠤᠷᠬᠠᠶ ᠢ᠋ᠢᠨ ᠭᠠᠷᠤᠯᠲᠠ ᠢ᠋ᠢᠨ ᠡᠬᠢ ᠪᠠᠶᠠᠯᠢᠭ ᠢ᠋ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠬᠠᠮᠢᠶ᠎ᠠ ᠪᠦᠬᠦᠢ ᠳᠦᠷᠢᠮ ᠢ᠋ ᠲᠡᠭᠦᠯᠳᠡᠷᠵᠢᠭᠦᠯᠵᠦ᠍᠂ ᠠᠭᠤᠷᠬᠠᠶ ᠢ᠋ᠢᠨ ᠠᠮᠤᠷ ᠲᠦᠪᠰᠢᠨ ᠤ᠋ ᠪᠠᠲᠤᠯᠠᠭ᠎ᠠ ᠢ᠋ᠢᠨ ᠲᠦᠬᠦᠬᠡᠷᠦᠮᠵᠢ ᠪᠣᠯᠤᠨ ᠴᠢᠳᠠᠪᠤᠷᠢ ᠢ᠋ᠢᠨ ᠪᠠᠢᠭᠤᠯᠤᠯᠲᠠ ᠢ᠋ᠢᠨ ᠪᠣᠳᠠᠲᠠᠶ ᠵᠢ ᠡᠷᠬᠢᠮᠯᠡᠨ ᠴᠢᠩᠭᠠᠳᠭᠠᠵᠤ᠂ ᠠᠶᠤᠯᠬᠦᠢ ᠵᠢᠨ ᠦᠢᠯᠡᠳᠪᠤᠷᠢᠯᠡᠯ ᠤ᠋ᠨ ᠨᠥᠬᠥᠴᠡᠯ ᠢ᠋ ᠪᠦᠷᠢᠯᠳᠦᠭᠦᠯᠦᠭᠡᠳᠦᠶ ᠠᠭᠤᠷᠬᠠᠶ ᠢ᠋ᠢ ᠲᠥᠷᠥᠯ ᠬᠤᠪᠢᠶᠠᠨ ᠱᠢᠶ᠋ᠳᠪᠦᠷᠢᠯᠡᠵᠦ᠍᠂ ᠨᠡᠭᠦᠷᠡᠰᠦᠨ ᠤ᠋ ᠪᠤᠰᠤ ᠠᠭᠤᠷᠬᠠᠶ ᠢ᠋ᠢᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠬᠦ ᠢ᠋ᠢ  ᠠᠬᠢᠭᠤᠯᠵᠤ᠂ ᠨᠡᠭᠦᠷᠡᠰᠤ ᠲᠠᠢ ᠬᠠᠮᠲᠤ ᠳᠠᠭᠠᠯᠳᠤᠨ ᠡᠭᠦᠰᠦᠭᠰᠡᠨ ᠡᠬᠢ ᠪᠠᠶᠠᠯᠢᠭ ᠢ᠋ ᠶᠡᠷᠦᠩᠬᠡᠢᠯᠡᠨ ᠨᠡᠭᠡᠭᠡᠨ ᠬᠦᠭᠵᠢᠬᠦᠯᠬᠦ ᠢ᠋ᠢ ᠵᠣᠷᠢᠭ᠍ᠵᠢᠭᠤᠯᠤᠨ᠎ᠠ᠃


● ᠠᠭᠤᠷᠬᠠᠢ ᠢ᠋ᠢᠨ ᠣᠷᠣᠨ ᠢ᠋ ᠵᠠᠰᠠᠵᠤ ᠰᠡᠷᠭᠦᠭᠡᠬᠦ ᠢ᠋ᠢ ᠴᠢᠩᠭᠠᠳᠭᠠᠨ᠎ᠠ

ᠦᠢᠯᠡᠳᠪᠤᠷᠢᠯᠡᠯ ᠤ᠋ᠨ ᠠᠭᠤᠷᠬᠠᠶ ᠢ᠋ᠢ ᠱᠢᠪᠠᠳᠠᠭᠤᠯᠵᠤ ᠪᠠᠢᠭᠠᠳ ᠠᠭᠤᠷᠬᠠᠶ ᠢ᠋ᠢᠨ ᠭᠠᠵᠠᠷ ᠤ᠋ᠨ ᠣᠷᠴᠢᠨ ᠲᠣᠭᠣᠷᠢᠨ ᠢ᠋ ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠱᠢᠷᠣᠶ ᠢ᠋ᠢ ᠳᠠᠬᠢᠨ ᠬᠠᠭᠠᠯᠪᠤᠷᠢᠯᠠᠬᠤ ᠡᠭᠦᠷᠭᠡ ᠢ᠋ᠢ ᠪᠥᠬᠥ᠌ ᠲᠠᠯ᠎ᠠ ᠪᠡᠷ ᠭᠦᠶ᠋ᠴᠡᠳᠭᠡᠭᠦᠯᠵᠦ᠍᠂ ᠭᠤᠷᠪᠠᠳᠠᠬᠢ ᠡᠲᠡᠭᠡᠳ ᠡᠴᠡ ᠵᠠᠰᠠᠬᠤ ᠵᠠᠭ᠍ᠪᠤᠷ ᠢ᠋ ᠰᠦᠪᠡᠭ᠌ᠴᠢᠯᠡᠨ ᠳᠡᠮᠵᠢᠨ᠎ᠡ᠃

ᠠᠭᠤᠷᠬᠠᠶ ᠢ᠋ᠢᠨ ᠪᠣᠬᠢᠷᠲᠤᠯ ᠢ᠋ ᠵᠠᠰᠠᠬᠤ ᠪᠠ ᠠᠮᠢ ᠠᠬᠤᠶ ᠢ᠋ᠢ ᠰᠡᠷᠭᠦᠭᠡᠬᠦ᠌᠎ᠠᠵᠢᠯ ᠢ᠋ ᠬᠠᠮᠵᠢᠯᠴᠠᠨ ᠥᠷᠨᠢᠭᠦᠯᠦᠨ᠎ᠡ᠃

ᠠᠭᠤᠷᠬᠠᠢ ᠢ᠋ᠢᠨ ᠠᠵᠤ ᠠᠬᠤᠢᠯᠠᠯ ᠤ᠋ᠨ ᠠᠭᠤᠷᠬᠠᠢ ᠢ᠋ᠢᠨ ᠭᠠᠵᠠᠷ ᠤ᠋ᠨ ᠣᠷᠴᠢᠨ ᠲᠣᠭᠣᠷᠢᠨ ᠢ᠋ ᠵᠠᠰᠠᠵᠤ ᠰᠡᠷᠭᠦᠭᠡᠬᠦ᠌ ᠰᠠᠭᠤᠷᠢ ᠮᠥᠩᠭᠥ ᠢ᠋ᠢ ᠲᠣᠭ᠎ᠠ ᠶᠣᠰᠣᠭᠠᠷ ᠪᠣᠳᠣᠵᠤ ᠠᠪᠬᠤ ᠢ᠋ᠢ ᠱᠢᠪᠠᠳᠠᠭᠤᠯᠤᠨ ᠵᠢᠯᠣᠭᠣᠳᠴᠤ᠌᠂ ᠵᠢᠷᠤᠮᠵᠢᠭᠤᠯᠤᠨ ᠬᠠᠮᠢᠶᠠᠷᠴᠤ᠌ ᠬᠡᠷᠡᠭ᠌ᠯᠡᠨ᠎ᠡ᠃

ᠨᠥᠬᠥᠴᠡᠯ ᠪᠦᠷᠢᠯᠳᠦᠭᠦᠯᠦᠭ᠌ᠰᠡᠨ ᠠᠭᠤᠷᠬᠠᠶ ᠢ᠋ᠢᠨ ᠣᠷᠣᠨ ᠤ᠋ ᠭᠠᠵᠠᠷ ᠱᠢᠷᠣᠶ ᠢ᠋ᠢ ᠬᠡᠪᠴᠢᠶᠡᠵᠢᠭᠦᠯᠦᠨ ᠶᠡᠷᠦᠩᠬᠡᠢᠯᠡᠨ ᠵᠠᠰᠠᠬᠤ ᠠᠵᠢᠯ ᠥᠷᠨᠢᠭᠦᠯᠬᠦ ᠢ᠋ᠢ ᠵᠣᠷᠢᠭ᠍ᠵᠢᠭᠤᠯᠵᠤ᠂ ᠬᠥᠷᠰᠢ ᠵᠡᠷᠭᠡᠯᠡᠳᠡᠭᠡ ᠠᠭᠤᠷᠬᠠᠶ ᠢ᠋ᠢᠨ ᠠᠵᠤ ᠠᠬᠤᠢᠯᠠᠯ ᠤ᠋ᠳ ᠲᠥᠪᠯᠡᠷᠡᠬᠦᠯᠦᠨ ᠵᠠᠯᠭᠠᠯᠳᠤᠭᠤᠯᠵᠤ ᠶᠡᠷᠦᠩᠬᠡᠢᠯᠡᠨ ᠵᠠᠰᠠᠬᠤ ᠢ᠋ᠢ ᠬᠡᠷᠡᠭ᠌ᠵᠢᠭᠦᠯᠦᠨ᠎ᠡ᠃

ᠲᠡᠦᠬᠡᠨ ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ ᠢ᠋ᠢᠨ ᠠᠮᠢ ᠠᠬᠤᠶ ᠢ᠋ᠢ ᠰᠡᠷᠭᠦᠭᠡᠬᠦ᠌ ᠡᠳ᠋ ᠤ᠋ᠨ ᠵᠠᠰᠠᠭ ᠤ᠋ᠨ ᠪᠠᠯᠠ ᠮᠥᠩᠭᠥ ᠢ᠋ᠢᠨ ᠣᠷᠣᠭᠤᠯᠤᠯᠲᠠ ᠢ᠋ᠢ ᠨᠡᠮᠡᠭ᠌ᠳᠡᠭᠦᠯᠵᠦ᠍᠂ ᠨᠡᠢᠭᠡᠮ ᠤ᠋ᠨ ᠬᠥᠷᠥᠩᠭᠡ ᠢ᠋ᠢᠨ ᠣᠷᠣᠯᠴᠠᠬᠤ ᠢ᠋ᠢ ᠵᠤᠷᠢᠭᠵᠢᠭᠤᠯᠤᠨ ᠲᠠᠮᠵᠢᠬᠦ ᠵᠢᠨ ᠬᠠᠮᠲᠤ ᠵᠦᠶ ᠵᠣᠬᠢᠰᠲᠠᠶ ᠬᠠᠷᠢᠭᠤ ᠠᠱᠢᠭ ᠤᠯᠭᠤᠨ᠎ᠠ᠃


● ᠡᠬᠢ ᠪᠠᠶᠠᠯᠢᠭ ᠤ᠋ᠨ ᠬᠡᠯᠪᠡᠷᠢ ᠵᠢᠨ ᠭᠠᠵᠠᠷ ᠣᠷᠣᠨ ᠤ᠋ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠪᠠᠢᠭᠤᠯᠤᠮᠵᠢ ᠲᠣᠭ᠍ᠲᠠᠴᠠ ᠢ᠋ᠢᠨ ᠱᠢᠨ᠎ᠡ ᠢ᠋ᠢ ᠡᠭᠦᠳᠦᠨ᠎ᠡ

ᠡᠬᠢ ᠪᠠᠶᠠᠯᠢᠭ ᠢ᠋ ᠨᠡᠭᠡᠭᠡᠨ ᠬᠦᠭᠵᠢᠬᠦᠯᠬᠦ ᠨᠥᠬᠥᠪᠥᠷᠢ ᠢ᠋ᠢᠨ ᠲᠣᠭ᠍ᠲᠠᠴᠠ ᠪᠠ ᠠᠱᠢᠭ ᠲᠤᠰᠠ ᠢ᠋ᠢᠨ ᠬᠤᠪᠢᠶᠠᠷᠢᠯᠠᠯᠲᠠ ᠢ᠋ᠢ ᠬᠠᠮᠲᠤ ᠪᠡᠷ ᠡᠳ᠋ᠯᠡᠬᠦ᠌ ᠲᠣᠭ᠍ᠲᠠᠴᠠ ᠢ᠋ᠢ ᠪᠦᠷᠢᠨᠱᠢᠭᠦᠯᠵᠦ᠍᠂ ᠡᠬᠢ ᠪᠠᠶᠠᠯᠢᠭ ᠤ᠋ᠨ ᠬᠡᠯᠪᠡᠷᠢ ᠢ᠋ᠢᠨ ᠠᠵᠤ ᠠᠬᠤᠢᠯᠠᠯ ᠤ᠋ᠨ ᠠᠮᠢ ᠠᠬᠤᠢ ᠣᠷᠴᠢᠨ ᠲᠤᠭᠤᠷᠢᠨ ᠢ᠋ ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠢᠭᠡᠮ ᠤ᠋ᠨ ᠬᠠᠷᠢᠭᠤᠴᠠᠯᠭ᠎ᠠ ᠢ᠋ᠢ ᠴᠢᠩᠭᠠᠳᠭᠠᠵᠤ᠂ ᠪᠣᠬᠢᠷᠲᠤᠯ ᠦᠭᠡᠢ ᠪᠡᠷ ᠨᠡᠭᠡᠭᠡᠨ ᠬᠦᠭᠵᠢᠬᠦᠯᠬᠦ᠂ ᠠᠱᠢᠭ ᠣᠷᠣᠯᠭ᠎ᠠ ᠢ᠋ᠢ ᠬᠠᠮᠲᠤ ᠪᠡᠷ ᠡᠳ᠋ᠯᠡᠬᠦ ᠢ᠋ᠢ ᠠᠬᠢᠭᠤᠯᠤᠨ᠎ᠠ᠃

ᠲᠣᠰᠭᠣᠨ ᠤ᠋ ᠬᠠᠮᠲᠤ ᠨᠡᠢᠳᠡ ᠡᠴᠡ ᠲᠦᠷᠢᠶᠡᠰᠦᠯᠡᠬᠦ᠌ ᠵᠡᠷᠭᠡ ᠠᠷᠭ᠎ᠠ ᠬᠡᠯᠪᠡᠷᠢ ᠪᠡᠷ ᠠᠭᠤᠷᠬᠠᠶ ᠢ᠋ᠢᠨ ᠣᠷᠣᠨ ᠤ᠋ ᠭᠠᠵᠠᠷ ᠱᠢᠷᠣᠶ ᠢ᠋ᠢ ᠠᠱᠢᠭ᠍ᠯᠠᠨ ᠠᠵᠢᠯ ᠣᠯᠭᠣᠯᠲᠠ ᠢ᠋ᠢᠨ ᠬᠠᠪᠰᠤᠷᠤᠨ ᠲᠡᠳᠬᠦᠬᠦ᠌ ᠦᠶ᠋ᠯᠡᠳᠪᠦᠷᠢ ᠢ᠋ᠢᠨ ᠲᠠᠰᠤᠭ᠂ ᠣᠲᠣ ᠦᠶ᠎ᠡ ᠢ᠋ᠢᠨ ᠲᠠᠷᠢᠶᠠᠯᠠᠩ ᠤ᠋ᠨ ᠲᠦᠬᠦᠭᠡᠷᠦᠮᠵᠢ ᠬᠠᠮᠳᠤ ᠪᠡᠷ ᠪᠠᠢᠭᠤᠯᠬᠤ ᠪᠠ ᠱᠢᠨ᠎ᠡ ᠡᠨᠧᠷᠭᠢ ᠶ᠋ᠢ ᠬᠦᠭᠵᠢᠬᠦᠯᠬᠦ ᠢ᠋ᠢ ᠰᠦᠪᠡᠭ᠌ᠴᠢᠯᠡᠵᠦ᠍᠂ ᠠᠭᠤᠷᠬᠠᠶ ᠢ᠋ᠢᠨ ᠣᠷᠣᠨ ᠤ᠋ ᠰᠠᠭᠤᠭᠠᠯᠢ ᠠᠷᠠᠳ ᠤ᠋ᠨ ᠠᠵᠢᠯ ᠣᠯᠵᠤ ᠣᠷᠣᠯᠭ᠎ᠠ ᠪᠠᠨ ᠨᠡᠮᠡᠭ᠌ᠳᠡᠭᠦᠯᠬᠦ ᠢ᠋ᠢ ᠠᠬᠢᠭᠤᠯᠤᠨ᠎ᠠ᠃

ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ᠌ ᠢᠨᠵᠧᠨᠧᠷᠢᠩ ᠤ᠋ᠨ ᠣᠷᠳᠣ ᠬᠤᠭᠤᠴᠠᠭᠠᠨ ᠤ᠋ ᠬᠠᠮᠲᠤᠷᠠᠯᠴᠠᠭᠠᠨ ᠤ᠋ ᠵᠦᠪᠯᠡᠯᠴᠡᠬᠡᠷ ᠢ᠋ ᠨᠠᠢᠳᠠᠪᠤᠷᠢᠵᠢᠭᠤᠯᠵᠤ᠂ ᠮᠤᠵᠢ ᠣᠷᠣᠨ ᠠᠯᠤᠰᠯᠠᠨ ᠴᠠᠬᠢᠯᠭᠠᠨ ᠬᠦᠷᠭᠡᠬᠦ ᠪᠠ ᠬᠦᠯᠢᠶᠡᠨ ᠠᠪᠬᠤ ᠳ᠋ᠤ ᠤᠷᠢᠳ ᠢ᠋ᠢᠡᠷ ᠴᠠᠬᠢᠯᠭᠠᠨ ᠭᠠᠷᠭᠠᠬᠤ ᠲᠥᠯᠥᠪᠯᠡᠭᠡ ᠢ᠋ᠢ ᠴᠢᠩᠭ᠎ᠠ ᠬᠡᠷᠡᠭ᠌ᠵᠢᠭᠦᠯᠦᠭ᠌ᠰᠡᠨ ᠰᠠᠭᠤᠷᠢᠨ ᠳᠡᠭᠡᠷ᠎ᠡ ᠵᠠᠬ᠎ᠠ ᠳᠡᠯᠭᠡᠭᠦᠷᠴᠢᠯᠡᠬᠦ᠌ ᠠᠷᠭ᠎ᠠ ᠬᠡᠯᠪᠡᠷᠢ ᠪᠡᠷ ᠭᠠᠳᠠᠭ᠍ᠰᠢ ᠬᠦᠷᠭᠡᠬᠦ᠌ ᠴᠠᠬᠢᠯᠭᠠᠨ ᠬᠦᠴᠦᠨ ᠤ᠋ ᠳᠤᠮᠳᠠ ᠣᠷᠳᠣ ᠬᠤᠭᠤᠴᠠᠭᠠᠨ ᠤ᠋ ᠠᠷᠠᠯᠵᠢᠶ᠎ᠠ ᠥᠷᠨᠢᠭᠦᠯᠬᠦ ᠢ᠋ᠢ ᠵᠣᠷᠢᠭ᠍ᠵᠢᠭᠤᠯᠵᠤ᠂ ᠱᠢᠨ᠎ᠡ ᠡᠨᠧᠷᠭᠢ ᠪᠡᠷ ᠴᠠᠬᠢᠯᠭᠠᠨ ᠭᠠᠷᠭᠠᠬᠤ ᠠᠵᠤ ᠠᠬᠤᠢᠯᠠᠯ ᠤ᠋ᠨ ᠮᠤᠵᠢ ᠣᠷᠣᠨ ᠤ᠋ ᠬᠣᠭᠣᠷᠣᠨᠳᠣᠬᠢ ᠪᠡᠯᠡᠨ ᠪᠠᠷᠠᠭᠠᠨ ᠤ᠋ ᠠᠷᠠᠯᠵᠢᠶ᠎ᠠ ᠳ᠋ᠤ ᠣᠷᠣᠯᠴᠠᠬᠤ ᠢ᠋ᠢ ᠠᠬᠢᠭᠤᠯᠤᠨ᠎ᠠ᠃

ᠲᠥᠪ ᠤ᠋ᠨ ᠠᠵᠤ ᠠᠬᠤᠢᠯᠠᠯ ᠤ᠋ᠨ ᠳᠡᠮᠵᠢᠬᠦ᠌ ᠡᠷᠴᠢᠮ᠎ᠢᠶᠡᠨ ᠴᠢᠩᠭᠠᠷᠠᠭᠤᠯᠬᠤ ᠢ᠋ᠢ ᠵᠣᠷᠢᠭ᠍ᠵᠢᠭᠤᠯᠵᠤ᠂ ᠬᠥᠬᠡᠬᠣᠲᠠ ᠢ᠋ᠢᠨ ᠡᠨᠧᠷᠭᠢ ᠢ᠋ᠢᠨ ᠡᠬᠢ ᠪᠠᠶᠠᠯᠢᠭ ᠤ᠋ᠨ ᠶᠡᠷᠦᠩᠬᠡᠶ ᠭᠠᠵᠠᠷ ᠤ᠋ᠨ ᠠᠵᠤ ᠠᠬᠤᠶ ᠲᠥᠪᠯᠡᠷᠡᠭ᠌ᠰᠡᠨ ᠣᠷᠣᠨ ᠤ᠋ ᠪᠦᠲᠦᠭᠡᠨ ᠪᠠᠢᠭᠤᠯᠤᠯᠲᠠ ᠢ᠋ᠢ ᠲᠦᠷᠭᠡᠳᠭᠡᠨ᠎ᠡ᠃

ᠦᠬᠠᠶ᠂ ᠣᠷᠳᠣᠰ ᠤ᠋ᠨ ᠮᠧᠩ ᠰᠢ ᠪᠣᠯᠤᠨ ᠦᠵᠦᠬᠦᠷ ᠠᠵᠤ ᠦᠶ᠋ᠯᠡᠳᠪᠦᠷᠢ ᠢ᠋ᠢᠨ ᠬᠦᠷᠢᠶᠡᠯᠡᠩ ᠲᠣᠭᠣᠷᠢᠭ᠂ ᠠᠯᠠᠱᠠ ᠢ᠋ᠢᠨ ᠤᠰᠤᠲᠠᠶ ᠠᠵᠤ ᠦᠶ᠋ᠯᠡᠳᠪᠦᠷᠢ ᠢ᠋ᠢᠨ ᠬᠦᠷᠢᠶᠡᠯᠡᠩ ᠲᠣᠭᠣᠷᠢᠭ ᠤ᠋ᠨ ᠬᠦᠷᠢᠶᠡᠯᠡᠩ ᠲᠣᠭᠣᠷᠢᠭ ᠤ᠋ᠨ ᠡᠬᠢ ᠪᠠᠶᠠᠯᠢᠭ ᠢ᠋ ᠡᠮᠬᠢᠯᠡᠨ ᠨᠡᠢᠯᠡᠭᠦᠯᠵᠦ᠍᠂ ᠬᠠᠮᠢᠶᠠᠷᠤᠯᠲᠠ ᠢ᠋ᠢᠨ ᠪᠠᠢᠭᠤᠯᠤᠮᠵᠢ ᠵᠢ ᠱᠢᠯᠤᠭᠤᠳᠭᠠᠬᠤ ᠢ᠋ᠢ ᠳᠡᠮᠵᠢᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号