2025 ᠤᠨ ᠪᠤᠯᠳᠠᠯ᠎ᠠ ᠪᠦᠬᠦ ᠤᠷᠤᠨ ᠤ᠋ ᠠᠭᠤᠷᠬᠠᠢ ᠢ᠋ᠢ ᠴᠦᠮ ᠪᠤᠬᠢᠷᠳᠤᠯ ᠦᠬᠡᠢ ᠠᠭᠤᠷᠬᠠᠢ ᠢ᠋ᠢᠨ ᠪᠠᠷᠢᠮᠵᠢᠶ᠎ᠠ ᠳ᠋ᠤ ᠬᠦᠷᠭᠡᠨ᠎ᠠ — ᠠᠭᠤᠷᠬᠠᠢ ᠢ᠋ᠢᠨ ᠤᠷᠤᠨ ᠤ᠋ ᠠᠮᠢ ᠠᠬᠤᠢ ᠢ᠋ᠢᠨ ᠰᠡᠷᠬᠦᠬᠡᠯᠳᠡ ᠠᠭᠠᠷ᠎ᠢ ᠠᠷᠢᠭᠤᠰᠬᠠᠵᠦ ᠲᠡᠭᠷᠢ ᠵᠢ ᠴᠡᠯᠮᠡᠭᠰᠢᠬᠦᠯᠪᠡ
2023-10-23 10:33:01
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠮᠠᠨ ᠤ᠋ ᠤᠷᠤᠨ ᠡᠯᠪᠡᠭ ᠲᠡᠯᠪᠡᠭ ᠠᠭᠤᠷᠬᠠᠢ ᠢ᠋ᠢᠨ ᠡᠬᠢ ᠪᠠᠶᠠᠯᠢᠭ ᠲᠠᠢ᠂  ᠤᠯᠤᠰ ᠤ᠋ᠨ ᠴᠢᠬᠤᠯᠠ ᠡᠨᠧᠷᠭᠢ ᠵᠢᠨ ᠡᠬᠢ ᠪᠠᠶᠠᠯᠢᠭ ᠤ᠋ᠨ ᠰᠠᠭᠤᠷᠢᠨ ᠪᠤᠯᠤᠨ᠎ᠠ ᠃ ᠠᠭᠤᠷᠬᠠᠶ ᠢ᠋ᠢᠨ ᠦᠶ᠋ᠯᠡᠰ ᠨᠢ ᠤᠯᠤᠰ ᠠᠷᠠᠳ ᠤ᠋ᠨ ᠠᠵᠤ ᠠᠬᠤᠶ᠎ᠢ᠋ᠢᠨ ᠲᠤᠮᠳᠠ  ᠴᠢᠬᠤᠯᠠ ᠪᠠᠢᠷᠢ ᠰᠠᠭᠤᠷᠢ ᠢ᠋ᠢ ᠡᠵᠡᠯᠡᠵᠦ᠍᠂  ᠮᠠᠨ ᠎ᠤ ᠣᠷᠣᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠢ᠋ᠢ ᠠᠬᠢᠭᠤᠯᠬᠤ  ᠳ᠋ᠤ ᠴᠢᠬᠤᠯᠠ ᠬᠤᠪᠢ ᠨᠡᠮᠡᠷᠢ ᠦᠵᠡᠬᠦᠯᠵᠦ ᠪᠤᠢ᠃ ᠮᠠᠨ ᠤ᠋ ᠤᠷᠤᠨ《 ᠡᠬᠡ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠶ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠪᠠᠢᠭᠤᠯᠬᠤ 》 ᠴᠢᠬᠤᠯᠠ ᠶᠡᠬᠡ ᠤᠯᠤᠰ ᠲᠥᠷᠥ ᠢ᠋ᠢᠨ ᠬᠠᠷᠢᠭᠤᠴᠠᠯᠭ᠎ᠠ ᠢ᠋ᠢ ᠡᠷᠡᠰ ᠡᠭᠦᠷᠭᠡᠯᠡᠨ᠂ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢ ᠯᠠᠪᠳᠠᠭᠤᠨ ᠪᠠᠲᠤᠲᠠᠶ ᠠᠬᠢᠭᠤᠯᠤᠭᠰᠠᠭᠠᠷ ᠢᠷᠡᠪᠡ᠃



ᠠᠭᠤᠷᠬᠠᠶ ᠢ᠋ᠢᠨ ᠦᠢᠯᠡᠰ ᠤ᠋ᠨ ᠲᠣᠮᠣ ᠣᠷᠣᠨ ᠤ᠋ ᠪᠣᠳᠠᠲᠤ ᠪᠠᠢᠳᠠᠯ ᠳ᠋ᠤ ᠰᠠᠭᠤᠷᠢᠯᠠᠨ᠂ ᠮᠠᠨ ᠤ᠋ ᠤᠷᠤᠨ ᠠᠮᠢ ᠠᠬᠤᠶ ᠢ᠋ᠢ ᠲᠡᠷᠢᠭᠦᠨ᠎ᠳᠦ ᠲᠠᠯᠪᠢᠬᠤ ᠢ᠋ᠢ ᠲᠠᠰᠤᠷᠠᠯᠲᠠ ᠦᠭᠡᠢ ᠴᠢᠩᠭᠠᠳᠭᠠᠨ᠂ ᠪᠣᠬᠢᠷᠲᠤᠯ ᠦᠭᠡᠢ ᠬᠥᠭ᠌ᠵᠢᠯᠲᠡ ᠢ᠋ᠢᠨ ᠪᠠᠢᠯᠳᠤᠬᠤ ᠪᠣᠳᠣᠯᠭ᠎ᠠ ᠢ᠋ᠢᠨ ᠲᠣᠭ᠍ᠲᠠᠯ ᠬᠦᠴᠦᠨ᠂ ᠡᠨᠧᠷᠭᠢ ᠢ᠋ᠢᠨ ᠰᠤᠷᠪᠤᠯᠵᠢ ᠢ᠋ᠢᠨ ᠰᠠᠭᠤᠷᠢᠨ ᠤ᠋ ᠪᠦᠲᠦᠭᠡᠨ ᠪᠠᠢᠭᠤᠯᠤᠯᠲᠠ ᠪᠠ ᠠᠮᠢ ᠠᠬᠤᠢ ᠢ᠋ᠢᠨ ᠬᠠᠯᠬᠠᠪᠴᠢ ᠢ᠋ᠢᠨ ᠪᠦᠲᠦᠭᠡᠨ ᠪᠠᠢᠭᠤᠯᠤᠯᠲᠠ ᠢ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ᠋《ᠨᠢᠭᠡ ᠣᠷᠣᠨ ᠬᠣᠶᠠᠷ ᠪᠦᠰᠡ ᠣᠯᠠᠨ ᠬᠣᠩᠭᠢᠯ ᠣᠯᠠᠨ ᠴᠡᠭ 》 ᠤ᠋ᠨ ᠠᠮᠢ ᠠᠬᠤᠶ᠎ᠢ᠋ᠢᠨ ᠰᠡᠷᠬᠦᠭᠡᠯᠳᠡ ᠢ᠋ᠢᠨ ᠶᠡᠷᠦᠩᠬᠡᠶ ᠪᠠᠢᠷᠢᠱᠢᠯ ᠢ᠋ ᠬᠦᠴᠦᠯᠡᠨ ᠪᠠᠢᠭᠤᠯᠵᠦ᠂ ᠠᠭᠤᠷᠬᠠᠶ ᠢ᠋ᠢᠨ ᠭᠠᠷᠤᠯᠲᠠ ᠢ᠋ᠢᠨ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠪᠦᠲᠦᠴᠡ ᠢ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠪᠥᠬᠥ᠌ ᠣᠷᠣᠨ ᠤ᠋ ᠠᠭᠤᠷᠬᠠᠶ ᠢ᠋ᠢᠨ ᠲᠣᠭ᠎ᠠ ᠬᠡᠮᠵᠢᠶ᠎ᠡ 2021 ᠣᠨ ᠤ᠋ ᠡᠬᠢᠨ᠎ᠳᠦ 3169 ᠪᠠᠢᠭ᠍ᠰᠠᠨ ᠡᠴᠡ ᠪᠡᠨ ᠪᠠᠭᠠᠰᠤᠭᠠᠳ 2984 ᠪᠤᠯᠵᠤ᠂ ᠲᠣᠮᠣ ᠳᠤᠮᠳᠠ ᠬᠡᠯᠪᠡᠷᠢ ᠢ᠋ᠢᠨ ᠠᠭᠤᠷᠬᠠᠶ ᠢ᠋ᠢᠨ ᠬᠠᠷᠢᠴᠠᠯ 33.35 % ᠪᠠᠢᠭ᠍ᠰᠠᠨ ᠡᠴᠡ ᠪᠡᠨ ᠨᠡᠮᠡᠭᠳᠡᠭᠡᠳ 42.22 % ᠪᠤᠯᠪᠠ᠃


4834365_alm_1697772557363_m.jpg


ᠪᠠᠶᠠᠨᠬᠤᠸᠠ ᠨᠡᠭᠦᠷᠡᠰᠦᠨ ᠠᠭᠤᠷᠬᠠᠶ ᠵᠢᠨ  ᠤᠷᠤᠨ ᠎ᠤ ᠠᠮᠢ ᠠᠬᠤᠢ  ᠵᠢ  ᠰᠡᠷᠬᠦᠭᠡᠨ  ᠵᠠᠰᠠᠬᠰᠠᠨ  ᠭᠤᠶᠤᠮᠰᠤᠭ   ᠦᠵᠡᠮᠵᠢ


ᠠᠭᠤᠷᠬᠠᠶ ᠢ᠋ᠢᠨ ᠤᠷᠤᠨ ᠤ᠋ ᠣᠷᠴᠢᠨ ᠲᠣᠭᠣᠷᠢᠨ ᠤ᠋ ᠵᠠᠰᠠᠯᠲᠠ ᠢ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠨᠢᠳᠤᠨᠤᠨ ᠪᠥᠬᠥ᠌ ᠣᠷᠣᠨ ᠤ᠋ ᠱᠢᠨ᠎ᠡ᠎ᠪᠡᠷ ᠨᠡᠮᠡᠭ᠌ᠳᠡᠭ᠌ᠰᠡᠨ ᠠᠭᠤᠷᠬᠠᠶ ᠢ᠋ᠢᠨ ᠠᠮᠢ ᠠᠬᠤᠶ ᠢ᠋ᠢ ᠰᠡᠷᠬᠦᠭᠡᠭᠰᠡᠨ ᠭᠠᠵᠠᠷ ᠱᠢᠷᠣᠶ ᠢ᠋ᠢᠨ ᠲᠠᠯᠠᠪᠠᠶ 296.35 ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠬᠦᠷᠪᠡ᠃ 2021 ᠣᠨ ᠡᠴᠡ ᠨᠠᠭᠠᠱᠢᠬᠢ ᠣᠨ ᠤ᠋ ᠠᠭᠤᠷᠬᠠᠶ ᠢ᠋ᠢᠨ ᠤᠷᠤᠨ ᠤ᠋ ᠠᠮᠢ ᠠᠬᠤᠶ ᠢ᠋ᠢ ᠰᠡᠷᠬᠦᠬᠡᠭᠰᠡᠨ ᠲᠠᠯᠠᠪᠠᠶ᠎ᠨᠢ ᠴᠥᠮ ᠠᠭᠤᠷᠬᠠᠶ ᠮᠠᠯᠲᠠᠵᠤ ᠡᠪᠳᠡᠭ᠌ᠰᠡᠨ ᠲᠠᠯᠠᠪᠠᠶ ᠡᠴᠡ ᠲᠠᠪᠠᠪᠠ ᠃



    ᠪᠠᠷᠢᠮᠵᠢᠶ᠎ᠠ ᠳ᠋ᠤ ᠦᠯᠦ᠍ ᠨᠡᠢᠴᠡᠬᠦ᠌ ᠠᠭᠤᠷᠬᠠᠶ᠎ᠶᠢᠨ ᠠᠵᠤ ᠠᠬᠤᠢᠯᠠᠯ᠎ᠢ᠋ ᠬᠠᠤᠯᠢ ᠶᠣᠰᠣᠭᠠᠷ ᠵᠠᠬ᠎ᠠ ᠳᠡᠯᠭᠡᠭᠦᠷ ᠡᠴᠡ ᠰᠢᠭᠰᠢᠨ ᠭᠠᠷᠭᠠᠨ᠎ᠠᠪᠦᠬᠦ ᠤᠷᠤᠨ᠎ᠤ 67 ᠠᠭᠤᠷᠬᠠᠢ ᠪᠦᠬᠦ ᠤᠯᠤᠰ ᠤ᠋ᠨ ᠪᠤᠬᠢᠷᠳᠤᠯ ᠦᠬᠡᠢ ᠠᠭᠤᠷᠬᠠᠢ ᠢ᠋ᠢᠨ ᠨᠡᠷᠡᠰ ᠤ᠋ᠨ ᠵᠢᠭᠰᠠᠭᠠᠯᠳᠡ ᠳ᠋ᠤ ᠤᠷᠤᠪᠠ


ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠪᠣᠯ ᠠᠭᠤᠷᠬᠠᠶ ᠢ᠋ᠢᠨ ᠦᠶ᠋ᠯᠡᠰ ᠤ᠋ᠨ ᠬᠦᠷᠢᠶᠡᠨ᠎ᠳᠡᠬᠢ ᠠᠮᠢ ᠠᠬᠤᠶ ᠢ᠋ᠢᠨ ᠪᠣᠯᠪᠠᠰᠤᠨ ᠤ᠋ ᠪᠠᠢᠭᠤᠯᠤᠯᠲᠠ ᠢ᠋ᠢ ᠲᠦᠷᠭᠡᠳᠭᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠶᠤᠮ ᠃

ᠮᠠᠨ ᠤ᠋ ᠤᠷᠤᠨ ᠳ᠋ᠤ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠲᠠᠰᠤᠷᠠᠯᠲᠠ ᠥᠬᠡᠶ ᠭᠦᠨᠵᠡᠭᠡᠢᠷᠡᠬᠦ᠌ ᠢ᠋ᠢ ᠳᠠᠭᠠᠯᠳᠤᠨ᠂  ᠠᠭᠤᠷᠬᠠᠢ ᠢ᠋ᠢᠨ ᠤᠷᠤᠨ ᠳ᠋ᠤ ᠲᠤᠬᠢᠷᠠᠭᠰᠠᠨ ᠤᠷᠭᠤᠮᠠᠯ ᠤ᠋ᠨ ᠲᠦᠷᠦᠯ ᠵᠦᠢᠯ ᠢ᠋ ᠰᠤᠨᠭᠭᠤᠨ ᠲᠠᠷᠢᠵᠤ᠂  ᠱᠢᠨᠵᠢᠯᠡᠬᠦ᠌ ᠤᠬᠠᠭᠠᠨᠴᠢ ᠎ᠪᠠᠷ ᠤᠢᠵᠢᠭᠤᠯᠬᠤ ᠲᠡᠶ ᠤᠶᠠᠯᠳᠤᠭᠤᠯᠤᠨ ᠤᠷᠭᠤᠮᠠᠯ ᠤ᠋ᠨ ᠬᠤᠴᠢᠯᠭ᠎ᠠ ᠢ᠋ᠢᠨ ᠪᠦᠷᠬᠦᠴᠡ ᠢ᠋ᠢ ᠲᠡᠭᠡᠭᠰᠢᠯᠡᠬᠦᠯᠦᠭᠰᠡᠨ ᠢ᠋ᠢᠡᠷ ᠠᠭᠤᠷᠬᠠᠢ ᠢ᠋ᠢᠨ ᠤᠷᠤᠨ ᠤ᠋ ᠬᠠᠭᠤᠴᠢᠨ ᠲᠦᠷᠬᠦ ᠰᠢᠨ᠎ᠠ ᠲᠦᠷᠬᠦ ᠪᠡᠷ ᠰᠤᠯᠢᠭᠳᠠᠯ᠎ᠠ᠃

ᠲᠥᠪ ᠤ᠋ᠨ ᠣᠷᠴᠢᠨ ᠲᠣᠭᠣᠷᠢᠨ ᠤ᠋ ᠬᠠᠮᠠᠭᠠᠯᠠᠯᠲᠠ᠎ᠢ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠳᠤ ᠨᠡᠷ᠎ᠡ ᠳᠤᠷᠠᠳᠤᠭ᠍ᠳᠠᠭ᠍ᠰᠠᠨ ᠡᠴᠡ ᠠᠮᠢ ᠠᠬᠤᠢ ᠢ᠋ᠢᠨ ᠠᠭᠤᠷᠬᠠᠢ ᠢ᠋ᠢᠨ ᠨᠡᠢᠳᠡᠯᠢᠭ ᠵᠢᠱ᠌ᠢᠶ᠎ᠡ ᠪᠣᠯᠤᠭ᠍ᠰᠠᠨ ᠬᠦᠷᠲᠡᠯ᠎ᠡ ᠬᠣᠣᠯᠢᠨ ᠭᠣᠣᠯ ᠬᠤᠳᠠ ᠠᠮᠢ ᠠᠬᠤᠶ ᠢ᠋ᠢ ᠰᠡᠷᠬᠦᠬᠡᠬᠦ ᠶᠠᠪᠤᠴᠠ ᠳ᠋ᠤ᠂ 《 ᠠᠮᠢᠳᠤ ᠪᠣᠳᠠᠰ ᠤ᠋ᠨ ᠠᠷᠭ᠎ᠠ ᠬᠡᠮᠵᠢᠶ᠎ᠡ᠎ᠪᠡᠷ ᠭᠣᠣᠯ ᠪᠣᠯᠭᠠᠵᠤ᠂ ᠢᠨᠵᠧᠨᠧᠷᠢᠩ ᠤ᠋ᠨ ᠠᠷᠭ᠎ᠠ ᠬᠡᠮᠵᠢᠶ᠎ᠡ᠎ᠪᠡᠷ ᠬᠠᠪᠰᠤᠷᠤᠮᠵᠢ ᠪᠣᠯᠭᠠᠬᠤ 》 ᠮᠡᠷᠭᠡᠵᠢᠯ᠎ᠢ ᠭᠡᠷᠡᠭᠯᠡᠵᠦ᠂  ᠴᠠᠷᠭᠠᠰᠤ᠂  ᠬᠢᠶᠠᠭ᠂  ᠴᠢᠴᠠᠷᠭᠠᠨ᠎ᠠ ᠂ ᠬᠠᠢᠯᠠᠰᠤᠨ ᠮᠣᠳᠣ ᠵᠡᠷᠭᠡ ᠤᠯᠠᠨ ᠵᠦᠢᠯ ᠤ᠋ᠨ ᠤᠷᠭᠤᠮᠠᠯ ᠢ᠋ ᠲᠠᠷᠢᠵᠦ᠍᠂ ᠤᠰᠤ ᠬᠠᠩᠭᠠᠬᠤ ᠱᠢᠰᠲ᠋ᠧᠮ᠂ ᠬᠥᠷᠥᠰᠥ᠍ ᠱᠢᠷᠣᠶ ᠢ᠋ᠢᠨ ᠬᠠᠮᠠᠭᠠᠯᠠᠯᠳᠠ᠂  ᠬᠥᠷᠥᠰᠥ᠍ ᠱᠢᠷᠣᠶ ᠢ᠋ᠢᠨ ᠰᠠᠢᠵᠢᠷᠠᠭᠤᠯᠤᠯᠳᠡ᠂  ᠤᠷᠭᠤᠮᠠᠯ ᠤ᠋ᠨ ᠬᠤᠴᠢᠯᠭ᠎ᠠ ᠢ᠋ᠢᠨ ᠰᠡᠷᠬᠦᠬᠡᠯᠳᠡ᠂  ᠤᠰᠤᠯᠠᠯᠳᠡ ᠢ᠋ᠢᠨ ᠱᠢᠰᠲ᠋ᠧᠮ ᠵᠡᠷᠭᠡ ᠵᠢᠷᠭᠤᠭᠠᠨ ᠶᠡᠬᠡ ᠰᠡᠷᠬᠦᠬᠡᠯᠳᠡ ᠢ᠋ᠢᠨ ᠢᠨᠵᠧᠨᠧᠷᠢᠩ ᠢ᠋ ᠬᠡᠷᠡᠭ᠌ᠵᠢᠭᠦᠯᠵᠦ᠍᠂  ᠠᠮᠢ ᠠᠬᠤᠶ ᠢ᠋ᠢ ᠰᠡᠷᠭᠦᠭᠡᠬᠦ᠌ ᠪᠡᠷᠬᠡ ᠰᠡᠳᠦᠪ  ᠢ᠋ ᠱᠢᠶ᠋ᠳᠪᠦᠷᠢᠯᠡᠬᠦ᠌ ᠠᠯᠢ ᠤᠯᠠᠨ ᠪᠦᠲᠦᠮᠵᠢᠲᠡᠶ ᠵᠠᠰᠠᠬᠤ ᠠᠷᠭ᠎ᠠ ᠬᠡᠮᠵᠢᠶ᠎ᠡ ᠢ᠋ᠢ ᠰᠦᠪᠡᠭ᠌ᠴᠢᠯᠡᠨ ᠭᠠᠷᠭᠠᠪᠠ᠃ 2018 ᠣᠨ ᠡᠴᠡ ᠣᠲᠣ ᠪᠣᠯᠲᠠᠯ᠎ᠠ᠂  ᠬᠤᠤᠯᠢᠨ ᠭᠤᠤᠯ ᠬᠤᠳᠠ ᠨᠡᠢᠲᠡ 9.68 ᠳ᠋ᠦᠩᠱᠢᠭᠤᠷ ᠲᠥᠭᠥᠷᠢᠭ ᠪᠡᠯᠡ ᠣᠷᠣᠭᠤᠯᠵᠤ᠂ 3.77 ᠲᠦᠮᠡᠨ ᠮᠦ᠍ ᠠᠭᠤᠷᠬᠠᠢ ᠵᠢᠨ ᠤᠷᠤᠨ ᠢ᠋ ᠨᠤᠭᠤᠭᠠᠷᠠᠭᠤᠯᠪᠠ᠃

ᠰᠢᠯᠢ ᠢ᠋ᠢᠨ ᠭᠤᠤᠯ ᠠᠢᠮᠠᠭ ᠨᠤᠳᠤᠭ ᠪᠡᠯᠴᠢᠬᠡᠷ ᠲᠦ᠍ ᠠᠭᠤᠷᠬᠠᠢ ᠨᠡᠭᠡᠭᠡᠬᠦ ᠲᠦᠷᠦᠯ ᠵᠦᠢᠯ ᠢ᠋ ᠲᠠᠬᠢᠵᠤ ᠪᠦᠳᠦᠭᠡᠨ ᠪᠠᠢᠭᠤᠯᠬᠤ ᠦᠬᠡᠢ᠂  ᠨᠤᠲᠤᠭ ᠪᠡᠯᠴᠢᠭᠡᠷ ᠤ᠋ᠨ ᠭᠤᠤᠯ ᠤᠷᠤᠨ ᠪᠦᠰᠡ ᠳ᠋ᠤ ᠰᠠᠯᠬᠢᠨ ᠬᠦᠴᠦᠨ᠎ᠢ᠋ᠢᠡᠷ ᠴᠠᠬᠢᠯᠭᠠᠨ ᠭᠠᠷᠭᠠᠬᠤ᠂  ᠬᠡᠷᠡᠯᠴᠢ ᠴᠡᠨᠡᠭ ᠤ᠋ᠨ ᠲᠥᠷᠥᠯ ᠵᠦᠶ᠋ᠯ ᠢ᠋ ᠲᠥᠯᠥᠪᠵᠢᠭᠦᠯᠦᠨ ᠪᠠᠢᠭᠤᠯᠬᠤ ᠥᠬᠡᠶ ᠪᠡᠷ ᠠᠮᠢ ᠠᠬᠤᠢ ᠢ᠋ᠢᠨ ᠬᠠᠮᠠᠭᠠᠯᠠᠯᠳᠡ ᠪᠡ ᠠᠵᠤ ᠠᠬᠤᠢ ᠢ᠋ᠢᠨ ᠬᠦᠭᠵᠢᠯᠳᠡ ᠢ᠋ᠢ ᠨᠢᠬᠡᠳᠤᠯᠳᠡᠢ ᠲᠦᠯᠦᠪᠵᠢᠬᠦᠯᠦᠨ ᠠᠬᠢᠭᠤᠯᠵᠤ᠂  ᠡᠳᠤᠷ ᠢᠷᠡᠬᠦᠶ᠎ᠠ ᠲᠤᠯᠭᠠᠮ ᠪᠤᠯᠵᠤ ᠪᠠᠢᠭ᠎ᠠ ᠠᠮᠢ ᠠᠬᠤᠢ ᠤᠷᠴᠢᠨ ᠲᠤᠭᠤᠷᠢᠨ ᠤ᠋ ᠲᠠᠷᠤᠭᠠᠰᠤ ᠢ᠋ᠢ ᠦᠨᠳᠤᠰᠦᠨ ᠡᠴᠡ ᠨᠢ ᠬᠦᠨᠭᠬᠡᠷᠡᠬᠦᠯᠬᠦ ᠪᠡᠷ ᠴᠢᠷᠮᠠᠢᠵᠤ᠂  ᠦᠨᠢᠳᠡ ᠦᠷᠬᠦᠯᠵᠢᠯᠡᠨ ᠵᠤᠬᠢᠴᠠᠨᠭᠭᠤᠢ ᠪᠡᠷ ᠬᠦᠭᠵᠢᠬᠦ ᠢ᠋ᠢ ᠠᠬᠢᠭᠤᠯᠵᠤ ᠪᠠᠢᠨ᠎ᠠ᠃ ᠣᠳᠣᠬᠠᠨ ᠳ᠋ᠤ᠂  ᠱᠢᠯᠢ ᠢ᠋ᠢᠨ ᠭᠣᠸ᠋ᠯ ᠠᠢᠮᠠᠭ ᠤ᠋ᠨ ᠠᠭᠤᠷᠬᠠᠶ ᠢ᠋ᠢᠨ ᠰᠡᠷᠬᠦᠬᠡᠨ ᠵᠠᠰᠠᠬᠤ ᠣᠷᠣᠨ ᠤ᠋ ᠨᠣᠭᠣᠭᠠᠷᠠᠭᠤᠯᠤᠯᠲᠠ ᠢ᠋ᠢᠨ ᠨᠣᠷᠮ᠎ᠠ 80%᠎ᠳ᠋ᠤ ᠬᠦᠷᠪᠡ᠃

ᠦᠪᠡᠷᠳᠡᠭᠡᠨ ᠵᠠᠰᠠᠬᠤ ᠤᠷᠤᠨ ᠡᠴᠡ 《ᠦᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠥᠬᠡᠶ ᠠᠭᠤᠷᠬᠠᠶ᠎ᠶᠢᠨ ᠪᠥᠲᠥᠭᠡᠨ ᠪᠠᠢᠭᠤᠯᠤᠯᠲᠠ᠎ᠶᠢᠨ ᠲᠥᠰᠦᠯ》ᠢ᠋ ᠳᠠᠷᠤᠮᠠᠯᠯᠠᠨ ᠲᠠᠷᠬᠠᠭᠠᠬ᠍ᠰᠠᠨ ᠪᠦᠬᠡᠳ 2020 ᠤᠨ ᠡᠴᠡ ᠡᠬᠢᠯᠡᠨ ᠬᠡᠷᠡᠭᠵᠢᠬᠦᠯᠵᠤ᠂  2025 ᠣᠨ ᠪᠤᠯᠳᠠᠯ᠎ᠠ᠂  ᠪᠦᠬᠦ᠌ ᠤᠷᠤᠨ ᠤ᠋ ᠠᠭᠤᠷᠬᠠᠶ᠎ᠶᠢ ᠴᠦᠮ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠦᠭᠡᠶ ᠠᠭᠤᠷᠬᠠᠶ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠳ᠋ᠤ ᠬᠦᠷᠭᠡᠵᠤ᠂  ᠪᠣᠬᠢᠷᠲᠤᠯ ᠦᠭᠡᠶ ᠠᠭᠤᠷᠬᠠᠶ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ ᠳ᠋ᠤ ᠦᠯᠦ᠍ ᠨᠡᠢᠴᠡᠬᠦ᠌ ᠠᠭᠤᠷᠬᠠᠶ᠎ᠶᠢᠨ ᠠᠵᠤ ᠠᠬᠤᠢᠯᠠᠯ᠎ᠢ᠋ ᠬᠠᠤᠯᠢ ᠶᠣᠰᠣᠭᠠᠷ ᠠᠯᠬᠤᠮ ᠠᠯᠬᠤᠮ᠎ᠢ᠋ᠢᠡᠷ ᠵᠠᠬ᠎ᠠ ᠳᠡᠯᠭᠡᠭᠦᠷ ᠡᠴᠡ ᠰᠢᠭᠰᠢᠨ ᠭᠠᠷᠭᠠᠵᠤ ᠵᠠᠮ ᠢ᠋ᠢᠡᠷ ᠵᠠᠮᠨᠠᠵᠤ ᠪᠠᠢᠨ᠎ᠠ᠃

ᠪᠤᠬᠢᠷᠳᠤᠯ ᠦᠬᠡᠢ ᠠᠭᠤᠷᠬᠠᠢ ᠢ᠋ᠢᠨ ᠪᠦᠳᠦᠭᠡᠨ ᠪᠠᠢᠭᠤᠯᠤᠯᠳᠡ ᠲᠤᠮᠳᠠ᠂ ᠮᠠᠨ ᠤ᠋ ᠤᠷᠤᠨ ᠠᠭᠤᠷᠬᠠᠶ ᠢ᠋ᠢᠨ ᠭᠠᠷᠤᠯᠲᠠ ᠢ᠋ᠢᠨ ᠡᠬᠢ ᠪᠠᠶᠠᠯᠢᠭ ᠤ᠋ᠨ ᠪᠣᠬᠢᠷᠲᠤᠯ ᠥᠬᠡᠶ ᠬᠠᠢᠨ ᠪᠠᠢᠴᠠᠭᠠᠯᠲᠠ ᠢ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《 ᠠᠷᠪᠠᠨ ᠳᠥᠷᠪᠡᠳᠦᠭᠡᠷ ᠲᠠᠪᠤᠨ ᠵᠢᠯ 》 ᠎ᠡᠴᠡ ᠨᠠᠭᠠᠰᠢ᠂ ᠮᠠᠨ ᠤ᠋ ᠤᠷᠤᠨ ᠤ᠋ ᠭᠠᠵᠠᠷ ᠱᠢᠨᠵᠢᠯᠡᠭᠡᠨ ᠤ᠋ ᠬᠠᠢᠨ ᠪᠠᠢᠴᠠᠭᠠᠯᠲᠠ ᠢ᠋ᠢᠨ ᠰᠠᠭᠤᠷᠢ ᠮᠥᠩᠭᠥ ᠢ᠋ᠢᠨ ᠲᠥᠷᠥᠯ ᠵᠦᠶ᠋ᠯ ᠳ᠋ᠤ 182 ᠲᠦᠷᠦᠯ ᠵᠦᠢᠯ ᠢ᠋ ᠰᠢᠨ᠎ᠠ ᠪᠡᠷ ᠲᠤᠭᠳᠠᠭᠠᠵᠤ᠂  ᠪᠣᠬᠢᠷᠲᠤᠯ ᠥᠬᠡᠶ ᠬᠠᠢᠨ ᠪᠠᠢᠴᠠᠭᠠᠯᠲᠠ ᠢ᠋ᠢᠨ ᠬᠠᠷᠢᠭᠤᠴᠠᠯᠭ᠎ᠠ ᠢ᠋ᠢ ᠪᠦᠬᠦᠨ ᠢ᠋ ᠲᠣᠳᠣᠷᠬᠠᠢᠯᠠᠵᠤ᠂ ᠪᠣᠬᠢᠷᠲᠤᠯ ᠥᠬᠡᠶ ᠬᠠᠢᠨ ᠪᠠᠢᠴᠠᠭᠠᠯᠲᠠ ᠢ᠋ᠢᠨ ᠪᠠᠷᠢᠮᠵᠢᠶ᠎ᠠ ᠵᠢᠷᠤᠮᠵᠢᠯ ᠢ᠋ ᠴᠢᠩᠭ᠎ᠠ ᠨᠠᠢᠳᠠᠪᠤᠷᠢᠵᠢᠭᠤᠯᠵᠤ᠂ ᠭᠠᠵᠠᠷ ᠱᠢᠨᠵᠢᠯᠡᠭᠡᠨ ᠤ᠋ ᠠᠭᠤᠷᠬᠠᠶ ᠡᠷᠢᠬᠦ᠌ ᠱᠢᠪᠲᠤᠯᠤᠯᠲᠠ ᠬᠢᠭᠡᠳ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠢ᠋ᠢᠨ ᠵᠣᠬᠢᠴᠠᠩᠭᠤᠶ ᠬᠥᠭ᠌ᠵᠢᠯᠲᠡ ᠢ᠋ᠢ ᠠᠬᠢᠭᠤᠯᠪᠠ᠃

ᠮᠠᠨ ᠤ᠋ ᠤᠷᠤᠨ ᠪᠤᠬᠢᠷᠳᠤᠯ ᠦᠬᠡᠢ ᠠᠭᠤᠷᠬᠠᠢ ᠢ᠋ᠢ ᠵᠦᠪᠰᠢᠶᠡᠷᠡᠨ ᠤᠷᠤᠭᠤᠯᠬᠤ ᠪᠠᠷᠢᠮᠵᠢᠶ᠎ᠠ ᠪᠡ ᠪᠦᠳᠦᠭᠡᠨ ᠪᠠᠢᠭᠤᠯᠬᠤ ᠲᠡᠰ ᠲᠠᠷᠠᠭᠠᠯᠠᠯ ᠢ᠋ ᠴᠢᠨᠭᠳᠡᠯᠡᠵᠤ᠂  ᠬᠠᠮᠠᠭᠠᠯᠠᠬᠤ ᠢ᠋ᠢ ᠲᠡᠷᠢᠬᠦᠨ ᠳ᠋ᠤ ᠲᠠᠯᠪᠢᠬᠤ᠂  ᠪᠤᠬᠢᠷᠳᠤᠯ ᠦᠬᠡᠢ ᠬᠦᠭᠵᠢᠬᠦᠯᠬᠦ ᠤᠢᠯᠠᠭᠠᠭᠳᠠᠬᠤᠨ ᠢ᠋ ᠠᠭᠤᠷᠬᠠᠢ ᠢ᠋ᠢᠨ ᠲᠦᠯᠦᠪᠵᠢᠬᠦᠯᠬᠡ᠂  ᠬᠠᠢᠨ ᠪᠠᠢᠴᠠᠭᠠᠯᠳᠡ᠂ ᠨᠡᠬᠡᠬᠡᠨ ᠠᠰᠢᠬᠯᠠᠯᠳᠡ ᠬᠢᠬᠡᠳ ᠬᠠᠮᠠᠭᠠᠯᠠᠯᠳᠡ ᠢ᠋ᠢᠨ ᠪᠦᠬᠦ ᠶᠠᠪᠤᠴᠡ ᠳ᠋ᠤ ᠠᠭᠤᠰᠤᠯᠴᠠᠭᠤᠯᠤᠨ᠂ ᠠᠭᠤᠷᠬᠠᠢ ᠢ᠋ᠢᠨ ᠤᠢᠯᠡᠰ ᠤ᠋ᠨ ᠬᠡᠯᠪᠡᠷᠢ ᠪᠡᠨ ᠬᠤᠪᠢᠷᠠᠭᠤᠯᠤᠨ ᠬᠦᠭᠵᠢᠬᠦ ᠢ᠋ᠢ ᠪᠡᠶᠡᠯᠡᠬᠦᠯᠬᠦ ᠪᠡᠷ ᠴᠢᠷᠮᠠᠢᠵᠦ ᠪᠤᠢ᠃ ᠦᠪᠡᠷᠳᠡᠭᠡᠨ ᠵᠠᠰᠠᠬᠤ ᠤᠷᠤᠨ ᠡᠴᠡ ᠲᠤᠭᠳᠠᠭᠠᠭᠰᠠᠨ《ᠦᠪᠤᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠭᠤᠷᠬᠠᠢ ᠢ᠋ᠢᠨ ᠭᠠᠷᠤᠯᠳᠡ ᠢ᠋ᠢᠨ ᠡᠬᠢ ᠪᠠᠶᠠᠯᠢᠭ ᠤ᠋ᠨ ᠶᠡᠷᠤᠨᠭᠬᠡᠢ ᠲᠦᠯᠦᠪᠵᠢᠬᠦᠯᠬᠡ(2021-2025)》 ᠢ᠋ᠢ ᠦᠨᠳᠤᠰᠦᠯᠡᠪᠡᠯ᠂  ᠮᠠᠨ ᠤ᠋ ᠤᠷᠤᠨ ᠳ᠋ᠤ ᠤᠳᠤ ᠨᠢᠬᠡᠨᠳᠡ 381 ᠠᠭᠤᠷᠬᠠᠢ ᠪᠤᠬᠢᠷᠳᠤᠯ ᠦᠬᠡᠢ ᠠᠭᠤᠷᠬᠠᠢ ᠢ᠋ᠢᠨ ᠨᠡᠷᠡᠰ ᠤ᠋ᠨ ᠵᠢᠭᠰᠠᠭᠠᠯᠳᠡ ᠳ᠋ᠤ ᠤᠷᠤᠵᠤ ᠂  ᠡᠬᠦᠨ ᠳ᠋ᠤ 67 ᠠᠭᠤᠷᠬᠠᠢ ᠨᠢ ᠪᠦᠬᠦ ᠤᠯᠤᠰ ᠤ᠋ᠨ ᠪᠤᠬᠢᠷᠳᠤᠯ ᠦᠬᠡᠢ ᠠᠭᠤᠷᠬᠠᠢ ᠢ᠋ᠢᠨ ᠨᠡᠷᠡᠰ ᠤ᠋ᠨ ᠵᠢᠭᠰᠠᠭᠠᠯᠳᠡ ᠳ᠋ᠤ ᠤᠷᠤᠪᠠ᠃


ᠬᠠᠶᠠᠭ᠍ᠳᠠᠮᠠᠯ ᠠᠭᠤᠷᠬᠠᠶ ᠢ᠋ᠢᠨ ᠠᠮᠢ ᠠᠬᠤᠶ ᠢ᠋ᠢ ᠰᠡᠷᠭᠦᠭᠡᠬᠦ᠌ 18 ᠲᠥᠷᠥᠯ ᠵᠦᠶ᠋ᠯ ᠢ᠋ ᠪᠠᠢᠷᠢᠯᠠᠭᠤᠯᠤᠨ ᠳᠣᠭᠢᠷᠠᠭᠤᠯᠪᠠᠠᠭᠤᠷᠬᠠᠶ ᠢ᠋ᠢᠨ ᠠᠮᠢ ᠠᠬᠤᠶ ᠢ᠋ᠢ ᠵᠠᠰᠠᠨ ᠰᠡᠷᠬᠦᠭᠡᠭᠰᠡᠨ ᠲᠠᠯᠠᠪᠠᠶ᠎ᠨᠢ  ᠠᠭᠤᠷᠬᠠᠶ ᠮᠠᠯᠲᠠᠵᠤ ᠡᠪᠳᠡᠭ᠌ᠰᠡᠨ ᠲᠠᠯᠠᠪᠠᠶ ᠡᠴᠡ ᠶᠡᠬᠡ ᠪᠤᠯᠪᠠ


ᠤᠯᠤᠰ ᠡᠴᠡ 《ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ》 ᠢ᠋ᠢᠨ ᠬᠤᠭᠤᠴᠠᠭᠠᠨ ᠳ᠋ᠤ ᠮᠠᠨ ᠤ᠋ ᠣᠷᠣᠨ᠎ᠳ᠋ᠤ ᠲᠡᠦᠬᠡᠨ ᠡᠴᠡ ᠦᠯᠡᠳᠡᠭᠳᠡᠵᠤ ᠢᠷᠡᠭᠰᠡᠨ ᠬᠠᠶᠠᠭᠳᠠᠮᠠᠯ ᠠᠭᠤᠷᠬᠠᠶ ᠢ᠋ᠢᠨ ᠠᠮᠢ ᠠᠬᠤᠶ᠎ᠢ᠋ᠢ ᠰᠡᠷᠬᠦᠬᠡᠬᠦ 100 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠡᠭᠦᠷᠭᠡ ᠢ᠋ᠢ ᠪᠠᠭᠤᠯᠭᠠᠪᠠ᠃ ᠮᠠᠨ ᠤ᠋ ᠤᠷᠤᠨ 《 ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭᠳᠠᠮᠠᠯ ᠠᠭᠤᠷᠬᠠᠶ ᠢ᠋ᠢᠨ ᠠᠮᠢ ᠠᠬᠤᠶ ᠢ᠋ᠢ ᠰᠡᠷᠭᠦᠭᠡᠬᠦ᠌ ᠭᠤᠷᠪᠠᠨ ᠵᠢᠯ ᠤ᠋ᠨ ᠠᠵᠢᠯᠯᠠᠭᠠᠨ ᠤ᠋ ᠲᠥᠯᠥᠪᠯᠡᠭᠡ(2023—2025ᠤᠨ)》 ᠢ᠋ᠢ ᠲᠤᠭᠳᠠᠭᠠᠨ ᠨᠡᠢᠳᠡᠯᠡᠵᠤ᠂  ᠡᠯ᠎ᠡ ᠭᠠᠵᠠᠷ ᠤ᠋ᠨ᠎ᠬᠢᠨ ᠶᠠᠭ ᠡᠳ᠋ ᠤ᠋ᠨ ᠵᠠᠰᠠᠭ ᠤ᠋ᠨ ᠪᠡᠯᠡ ᠣᠷᠣᠭᠤᠯᠤᠯᠲᠠ ᠪᠡᠨ ᠨᠡᠮᠡᠭ᠌ᠳᠡᠭᠦᠯᠵᠦ᠍᠂ ᠬᠠᠮᠢᠶ᠎ᠠ ᠪᠥᠬᠥᠶ ᠠᠵᠢᠯ ᠤ᠋ᠨ ᠨᠠᠢᠳᠠᠪᠤᠷᠢᠵᠢᠭᠤᠯᠤᠯᠲᠠ ᠢ᠋ᠢ ᠡᠮᠬᠢ ᠵᠢᠷᠤᠮ᠎ᠲᠠᠶ᠎ᠪᠠᠷ ᠠᠬᠢᠭᠤᠯᠵᠦ ᠪᠤᠢ ᠃

ᠮᠠᠨ ᠤ᠋ ᠤᠷᠤᠨ ᠠᠭᠤᠷᠬᠠᠶ ᠢ᠋ᠢᠨ ᠤᠷᠤᠨ ᠤ᠋ ᠣᠷᠴᠢᠨ ᠲᠣᠭᠣᠷᠢᠨ ᠤ᠋ ᠵᠠᠰᠠᠯᠲᠠ ᠢ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ 2021 ᠣᠨ ᠡᠴᠡ ᠨᠠᠭᠠᠱᠢᠬᠢ ᠣᠨ ᠤ᠋ ᠠᠭᠤᠷᠬᠠᠶ ᠢ᠋ᠢᠨ ᠠᠮᠢ ᠠᠬᠤᠶ ᠢ᠋ᠢ ᠵᠠᠰᠠᠨ ᠰᠡᠷᠬᠦᠭᠡᠭᠰᠡᠨ ᠲᠠᠯᠠᠪᠠᠶ᠎ᠨᠢ ᠴᠥᠮ ᠠᠭᠤᠷᠬᠠᠶ ᠮᠠᠯᠲᠠᠵᠤ ᠡᠪᠳᠡᠭ᠌ᠰᠡᠨ ᠲᠠᠯᠠᠪᠠᠶ ᠡᠴᠡ ᠶᠡᠬᠡ ᠪᠤᠯᠵᠤ᠂ ᠵᠠᠰᠠᠯᠲᠠ ᠢ᠋ᠢᠨ ᠦᠷ᠎ᠡ ᠪᠦᠲᠦᠮᠵᠢ ᠢᠯᠡᠳᠳᠡ ᠪᠤᠯᠪᠠ᠃ ᠠᠮᠢ ᠠᠬᠤᠢ ᠢ᠋ᠢ ᠰᠡᠷᠬᠦᠬᠡᠬᠦ ᠴᠢᠬᠤᠯᠠ ᠶᠡᠬᠡ ᠢᠨᠵᠸᠨ᠋ᠸᠷᠢᠨᠭ᠌ ᠢ᠋ ᠬᠡᠷᠡᠭᠵᠢᠬᠦᠯᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠦ ᠮᠠᠨᠭᠬ᠎ᠠ ᠢ᠋ᠢ ᠰᠢᠰᠲᠸᠮ ᠲᠠᠢ ᠪᠡᠷ ᠵᠠᠰᠠᠬᠤ ᠢ᠋ᠢ ᠲᠦᠯᠦᠪᠵᠢᠬᠦᠯᠤᠨ ᠠᠬᠢᠭᠤᠯᠵᠤ᠂  ᠣᠷᠳᠣᠰ ᠬᠣᠲᠠ ᠪᠤᠯᠤᠨ  ᠬᠥᠬᠡᠬᠣᠲᠠ᠂ ᠬᠠᠲᠤᠨ ᠭᠣᠣᠯ ᠤ᠋ᠨ ᠭᠣᠣᠯᠳᠠᠯᠭ᠎ᠠ᠎ᠲᠠᠶ ᠠᠮᠢ ᠠᠬᠤᠶ ᠢ᠋ᠢᠨ ᠣᠷᠣᠨ ( ᠣᠷᠳᠣᠰ) ᠪᠣᠯᠤᠨ ᠤᠮᠠᠷᠠᠲᠤ ᠢ᠋ᠢᠨ ᠡᠯᠡᠰᠦ ᠶ᠋ᠢ ᠰᠡᠷᠭᠡᠢᠯᠡᠬᠦ᠌ ᠪᠦᠰᠡ — ᠬᠠᠲᠤᠨ ᠭᠣᠣᠯ ᠤ᠋ᠨ ᠭᠣᠣᠯᠳᠠᠯᠭ᠎ᠠ᠎ᠲᠠᠶ ᠠᠮᠢ ᠠᠬᠤᠶ ᠢ᠋ᠢᠨ ᠣᠷᠣᠨ ( ᠬᠥᠬᠡᠬᠣᠲᠠ) ᠎ᠤ᠋ ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ ᠢ᠋ᠢᠨ ᠠᠮᠢ ᠠᠬᠤᠢ ᠢ᠋ᠢ ᠰᠡᠷᠬᠦᠬᠡᠬᠦ ᠵᠢᠱ᠌ᠢᠶ᠎ᠡ ᠦᠵᠡᠭᠦᠯᠬᠦ᠌ ᠢᠨᠵᠧᠨᠧᠷᠢᠩ ᠤ᠋ᠨ ᠲᠥᠷᠥᠯ ᠵᠦᠢᠯ᠎ᠢᠶᠡᠷ ᠵᠥᠪᠱᠢᠶᠡᠷᠡᠭ᠌ᠳᠡᠪᠡ ᠃ ᠲᠡᠸ᠋ᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭᠳᠠᠮᠠᠯ ᠠᠭᠤᠷᠬᠠᠶ ᠢ᠋ᠢ ᠬᠠᠷᠭᠤᠭᠤᠯᠤᠨ ᠪᠠᠢᠴᠠᠭᠠᠵᠤ᠂᠎ᠡᠬᠡ ᠲᠠᠩᠰᠠ ᠪᠠᠢᠭᠤᠯᠤᠨ᠂ ᠨᠢᠳᠤᠨᠤᠨ ᠪᠥᠬᠥ᠌ ᠣᠷᠣᠨ ᠤ᠋ ᠲᠡᠸ᠋ᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠰᠡᠷᠬᠦᠭᠡᠨ ᠵᠠᠰᠠᠭᠠᠳᠤᠢ ᠠᠭᠤᠷᠬᠠᠶ᠎ᠢ᠋ᠢ ᠰᠡᠷᠬᠦᠬᠡᠨ ᠵᠠᠰᠠᠭᠰᠠᠨ ᠲᠠᠯᠠᠪᠠᠢ 19.45 ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠬᠦᠷᠴᠤ᠂ ᠲᠡᠸ᠋ᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ ᠢ᠋ᠢᠨ ᠠᠮᠢ ᠠᠬᠤᠶ ᠢ᠋ᠢ ᠰᠡᠷᠭᠦᠭᠡᠬᠦ᠌ 18 ᠲᠥᠷᠥᠯ ᠵᠦᠶ᠋ᠯ ᠢ᠋ ᠪᠠᠢᠷᠢᠯᠠᠭᠤᠯᠤᠨ ᠳᠣᠭᠢᠷᠠᠭᠤᠯᠪᠠ᠃ ᠡᠬᠦᠨ ᠤ᠋ ᠬᠠᠮᠳᠤ ᠨᠡᠢᠭᠡᠮ ᠤ᠋ᠨ ᠬᠥᠷᠥᠩᠭᠡ ᠢ᠋ᠢᠨ ᠠᠮᠢ ᠠᠬᠤᠶ ᠢ᠋ᠢ ᠬᠠᠮᠠᠭᠠᠯᠠᠵᠤ ᠰᠡᠷᠭᠦᠭᠡᠬᠦ᠌᠎ᠳᠦ ᠣᠷᠣᠯᠴᠠᠬᠤ ᠢ᠋ᠢ ᠢᠳᠡᠪᠬᠢᠲᠡᠶ ᠵᠣᠷᠢᠭ᠍ᠵᠢᠭᠤᠯᠤᠨ ᠲᠡᠮᠵᠢᠵᠤ᠂ ᠨᠡᠢᠭᠡᠮ ᠤ᠋ᠨ ᠬᠥᠷᠥᠩᠭᠡ ᠢ᠋ᠢᠨ ᠠᠮᠢ ᠠᠬᠤᠶ ᠢ᠋ᠢᠨ ᠰᠡᠷᠭᠦᠭᠡᠯᠲᠡ᠎ᠳᠦ ᠬᠣᠯᠪᠣᠭ᠍ᠳᠠᠬᠤ ᠲᠥᠷᠥᠯ ᠵᠦᠶ᠋ᠯ ᠤ᠋ᠨ ᠡᠵᠡᠯᠡᠬᠦ᠌ ᠪᠠ ᠨᠥᠬᠥᠪᠥᠷᠢᠯᠡᠬᠦ᠌ ᠢ᠋ᠢ ᠲᠡᠩᠴᠡᠭᠦᠷᠢᠲᠡᠶ ᠪᠠᠢᠯᠭᠠᠬᠤ ᠂ ᠨᠡᠮᠡᠭ᠌ᠳᠡᠯ ᠬᠠᠰᠤᠭ᠍ᠳᠠᠯ ᠢ᠋ ᠬᠣᠯᠪᠣᠭ᠍ᠳᠠᠭᠤᠯᠬᠤ ᠲᠥᠷᠥ ᠢ᠋ᠢᠨ ᠪᠣᠳᠣᠯᠭ᠎ᠠ ᠢ᠋ᠢ ᠵᠣᠯᠭᠠᠭᠤᠯᠬᠤ ᠲᠠᠰ ᠳᠠᠷᠠᠭᠠᠯᠠᠯ᠎ᠳ᠋ᠤ ᠬᠤᠯᠪᠤᠭᠳᠠᠭᠰᠠᠨ ᠪᠤᠳᠠᠳᠡᠢ ᠠᠷᠭ᠎ᠠ ᠬᠡᠮᠵᠢᠶ᠎ᠠ ᠢ᠋ᠢ ᠬᠡᠷᠡᠭᠵᠢᠬᠦᠯᠪᠡ ᠃

ᠮᠠᠨ ᠤ᠋ ᠤᠷᠤᠨ《 ᠪᠥᠬᠥ᠌ ᠣᠷᠣᠨ ᠤ᠋ ᠠᠭᠤᠷᠬᠠᠶ ᠢ᠋ᠢᠨ ᠠᠮᠢ ᠠᠬᠤᠶ ᠢ᠋ᠢᠨ ᠰᠡᠷᠭᠦᠭᠡᠯᠲᠡ ᠢ᠋ᠢᠨ ᠬᠢᠨᠠᠯᠲᠠ ᠬᠠᠮᠢᠶᠠᠷᠤᠯᠲᠠ ᠢ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ 》 ᠢ᠋ ᠰᠤᠳᠤᠯᠤᠨ ᠲᠣᠭ᠍ᠲᠠᠭᠠᠵᠤ ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂  ᠬᠣᠱᠢᠭᠤ ᠱᠢᠶᠠᠨ ᠭᠤᠷᠪᠠᠨ ᠱᠠᠲᠤᠨ ᠤ᠋ ᠬᠢᠨᠠᠯᠲᠠ ᠬᠠᠮᠢᠶᠠᠷᠤᠯᠲᠠ ᠢ᠋ᠢᠨ ᠡᠭᠦᠷᠭᠡ ᠬᠠᠷᠢᠭᠤᠴᠠᠯᠭ᠎ᠠ ᠢ᠋ᠢ ᠲᠣᠳᠣᠷᠬᠠᠢᠯᠠᠵᠤ᠂  ᠠᠭᠤᠷᠬᠠᠶ ᠢ᠋ᠢᠨ ᠠᠵᠤ ᠠᠬᠤᠢᠯᠠᠯ ᠤ᠋ᠨ ᠠᠭᠤᠷᠬᠠᠶ ᠢ᠋ᠢᠨ ᠤᠷᠤᠨ ᠤ᠋ ᠣᠷᠴᠢᠨ ᠲᠣᠭᠣᠷᠢᠨ ᠤ᠋ ᠣᠨ ᠤ᠋ ᠵᠠᠰᠠᠯᠲᠠ ᠢ᠋ᠢᠨ ᠲᠥᠯᠥᠪᠯᠡᠭᠡ᠂  ᠬᠡᠷᠡᠭ᠌ᠵᠢᠭᠦᠯᠬᠦ᠌ ᠠᠬᠢᠴᠠ ᠂ ᠲᠥᠷᠥᠯ ᠵᠦᠶ᠋ᠯ ᠢ᠋ ᠱᠢᠯᠭᠠᠨ ᠠᠪᠬᠤ ᠵᠡᠷᠭᠡ ᠭᠣᠭ᠍ᠴᠣᠭ᠎ᠠ ᠳ᠋ᠤ 《 ᠬᠢᠨᠠᠬᠤ ᠬᠦᠮᠦᠨ ᠲᠠᠢ》 《ᠪᠠᠢᠴᠠᠭᠠᠬᠤ ᠬᠥᠮᠦᠨ᠎ᠲᠡᠶ 》᠂ 《 ᠬᠠᠮᠢᠶᠠᠷᠬᠤ ᠬᠥᠮᠦᠨ᠎ᠲᠡᠶ 》 ᠪᠠᠢᠬᠤ ᠢ᠋ᠢ ᠬᠦᠢᠴᠡᠳᠭᠡᠵᠤ ᠂ ᠬᠠᠷᠢᠭᠤᠴᠠᠯᠭ᠎ᠠ ᠢ᠋ᠢᠨ ᠬᠡᠯᠬᠢᠶ᠎ᠡ ᠢ᠋ᠢ ᠴᠢᠩᠭᠠᠳᠭᠠᠨ ᠪᠣᠳᠠᠲᠠᠢᠵᠢᠭᠤᠯᠵᠤ᠂  ᠠᠭᠤᠷᠬᠠᠶ ᠢ᠋ᠢᠨ ᠤᠷᠤᠨ ᠤ᠋ ᠣᠷᠴᠢᠨ ᠲᠣᠭᠣᠷᠢᠨ ᠢ᠋ ᠵᠠᠰᠠᠬᠤ ᠡᠷᠴᠢᠮ ᠢ᠋ᠢᠡᠨ ᠴᠢᠩᠭᠠᠷᠠᠭᠤᠯᠤᠨ᠂  ᠤᠷᠤᠨ ᠨᠤᠳᠤᠭ ᠤ᠋ᠨ ᠵᠠᠰᠠᠭ ᠤ᠋ᠨ ᠣᠷᠳᠣᠨ ᠤ᠋ ᠵᠠᠰᠠᠯᠲᠠ ᠢ᠋ᠢᠨ ᠭᠤᠤᠯ ᠴᠣᠭ᠍ᠴᠠ ᠢ᠋ᠢᠨ ᠬᠠᠷᠢᠭᠤᠴᠠᠯᠭ᠎ᠠ ᠢ᠋ᠢ ᠪᠤᠳᠠᠳᠠᠢᠵᠢᠭᠤᠯᠵᠤ᠂ 100 ᠲᠡᠭ᠌ᠰᠢ ᠳᠥᠷᠪᠡᠯᠵᠢᠨ ᠺᠢᠯᠣᠮᠧᠲ᠋ᠷ ᠤ᠋ᠨ ᠵᠠᠰᠠᠯᠳᠡ ᠢ᠋ᠢᠨ ᠡᠭᠦᠷᠭᠡ ᠢ᠋ᠢᠨ ᠬᠠᠷᠠᠯᠲᠠ ᠪᠡᠨ ᠴᠠᠭ ᠲᠤᠬᠠᠶ ᠳ᠋ᠤᠨᠢ ᠪᠡᠶᠡᠯᠡᠭᠦᠯᠬᠦ᠌᠎ᠪᠡᠷ ᠤᠷᠤᠭᠰᠢᠯᠠᠵᠤ ᠪᠠᠢᠨ᠎ᠠ᠃



ᠪᠤᠬᠢᠷᠳᠤᠯ ᠦᠬᠡᠢ ᠠᠭᠤᠷᠬᠠᠢ ᠢ᠋ᠢᠨ ᠵᠢᠱ᠌ᠢᠶ᠎ᠡ ᠦᠵᠡᠭᠦᠯᠬᠦ᠌ ᠣᠷᠣᠨ ᠤ᠋ ᠪᠥᠲᠥᠭᠡᠨ ᠪᠠᠢᠭᠤᠯᠤᠯᠲᠠ ᠱᠢᠨ᠎ᠡ ᠵᠠᠭ᠍ᠪᠤᠷ᠎ᠢ ᠡᠭᠦᠳᠴᠦ ᠱᠠᠲᠤ ᠬᠤᠪᠢᠶᠠᠨ ᠲᠥᠷᠥᠯ ᠬᠤᠪᠢᠶᠠᠨ ᠠᠬᠢᠭᠤᠯᠤᠨ᠎ᠠ 



ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢᠨ ᠶᠠᠪᠤᠴᠠ ᠳ᠋ᠤ᠂ ᠮᠠᠨ ᠤ᠋ ᠤᠷᠤᠨ ᠤ᠋ ᠡᠯ᠎ᠡ ᠭᠠᠵᠠᠷ ᠤ᠋ᠨ᠎ᠬᠢᠨ ᠭᠠᠵᠠᠷ ᠣᠷᠣᠨ ᠤ᠋ ᠪᠠᠢᠳᠠᠯ᠎ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢᠨ ᠱᠢᠨ᠎ᠡ ᠵᠠᠭ᠍ᠪᠤᠷ ᠢ᠋ ᠪᠦᠷᠢᠯᠳᠦᠭᠦᠯᠪᠡ᠃

ᠣᠢᠷ᠎ᠠ ᠢ᠋ᠢᠨ ᠵᠢᠯ᠎ᠳᠤ᠂  ᠵᠡᠭᠦᠨᠭᠠᠷ ᠬᠣᠱᠢᠭᠤ《 ᠣᠲᠣ ᠦᠶ᠎ᠡ ᠢ᠋ᠢᠨ ᠡᠨᠧᠷᠭᠢ ᠢ᠋ᠢᠨ ᠠᠵᠤ ᠠᠬᠤᠶ + ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ + ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ 》 ᠶᠡᠷᠦᠩᠬᠡᠢᠯᠡᠭ᠌ᠰᠡᠨ ᠬᠥᠭ᠌ᠵᠢᠯᠲᠡ ᠢ᠋ᠢᠨ ᠵᠠᠭ᠍ᠪᠤᠷ ᠢ᠋ ᠲᠦᠷᠭᠡᠳᠭᠡᠨ ᠪᠠᠢᠭᠤᠯᠵᠤ᠂ ᠠᠭᠤᠷᠬᠠᠶ ᠢ᠋ᠢᠨ ᠣᠷᠣᠨ᠎ᠤ ᠬᠠᠭᠠᠯᠪᠤᠷᠢᠯᠠᠬᠤ ᠢ᠋ᠢ ᠰᠡᠷᠬᠦᠬᠡᠵᠤ ᠨᠤᠭᠤᠭᠠᠷᠠᠭᠤᠯᠤᠭᠰᠠᠨ ᠭᠠᠵᠠᠷ ᠱᠢᠷᠣᠶ ᠢ᠋ᠢ ᠠᠰᠢᠬᠯᠠᠨ ᠲᠠᠷᠢᠵᠦ ᠲᠡᠵᠢᠭᠡᠬᠦ ᠦᠶ᠋ᠯᠡᠰ ᠪᠠ ᠬᠡᠷᠡᠯᠴᠢ ᠴᠡᠨᠡᠭ ᠤ᠋ᠨ ᠠᠵᠤ ᠦᠶ᠋ᠯᠡᠰ ᠢ᠋ ᠬᠠᠷᠢᠯᠴᠠᠨ ᠤᠶᠠᠯᠳᠤᠭᠤᠯᠤᠭ᠍ᠰᠠᠨ ᠲᠠᠷᠢᠶᠠᠯᠠᠩ ᠂ ᠭᠡᠷᠡᠯᠴᠢ ᠴᠡᠨᠡᠭ ᠬᠠᠷᠢᠯᠴᠠᠨ ᠨᠥᠬᠥᠪᠥᠷᠢᠯᠡᠬᠦ᠌ ᠠᠵᠤ ᠦᠶ᠋ᠯᠡᠰ ᠢ᠋ ᠬᠥᠭ᠌ᠵᠢᠭᠦᠯᠵᠦ᠍᠂ ᠠᠵᠤ ᠠᠬᠤᠶ ᠢ᠋ᠢᠨ ᠦᠷ᠎ᠡ ᠠᠱᠢᠭ᠂  ᠨᠡᠢᠭᠡᠮ ᠤ᠋ᠨ ᠦᠷ᠎ᠡ ᠠᠱᠢᠭ᠂ ᠠᠮᠢ ᠠᠬᠤᠶ ᠢ᠋ᠢᠨ ᠦᠷ᠎ᠡ ᠠᠱᠢᠭ ᠢ᠋ ᠣᠷᠭᠠᠨᠢᠭ ᠢ᠋ᠢᠡᠷ ᠨᠢᠭᠡᠳᠭᠡᠬᠦ᠌ ᠢ᠋ᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠢ᠋ᠢᠨ ᠪᠦᠳᠦᠬᠡᠨ ᠪᠠᠢᠭᠤᠯᠤᠯᠲᠠ ᠢ᠋ᠢᠨ ᠱᠢᠨ᠎ᠡ ᠪᠠᠢᠳᠠᠯ ᠢ᠋ ᠴᠢᠷᠮᠠᠢᠨ ᠡᠭᠦᠳᠴᠡᠢ᠃

ᠪᠥᠬᠥ᠌ ᠤᠯᠤᠰ ᠤ᠋ᠨ ᠪᠣᠬᠢᠷᠲᠤᠯ ᠥᠬᠡᠶ ᠠᠭᠤᠷᠬᠠᠶ ᠢ᠋ᠢᠨ ᠬᠥᠭ᠌ᠵᠢᠯᠲᠡ ᠢ᠋ᠢᠨ ᠵᠢᠱ᠌ᠢᠶ᠎ᠡ ᠦᠵᠡᠭᠦᠯᠬᠦ᠌ ᠣᠷᠣᠨ ᠪᠣᠯᠤᠭ᠍ᠰᠠᠨ ᠤ᠋ ᠬᠤᠪᠢ ᠳ᠋ᠤ᠂ ᠵᠡᠭᠦᠨᠭᠠᠷ ᠬᠣᠱᠢᠭᠤ᠎ᠭᠠᠵᠠᠷ ᠣᠷᠣᠨ ᠤ᠋ ᠪᠠᠢᠳᠠᠯ᠎ᠳᠠᠭᠠᠨ ᠳᠣᠭᠢᠷᠠᠭᠤᠯᠤᠨ᠂ ᠰᠢᠨᠵᠢᠯᠡᠬᠦ ᠤᠬᠠᠭᠠᠨᠴᠢ ᠪᠡᠷ ᠲᠦᠯᠦᠪᠵᠢᠬᠦᠯᠵᠤ᠂ ᠬᠥᠷᠥᠰᠥ᠍ ᠱᠢᠷᠣᠶ ᠢ᠋ᠢᠨ ᠢᠳᠡᠭ᠌ᠳᠡᠯ ᠢ᠋ ᠡᠵᠡᠮᠳᠡᠬᠦ᠌ ᠮᠡᠷᠭᠡᠵᠢᠯ ᠤ᠋ᠨ ᠱᠢᠰᠲ᠋ᠧᠮ᠂  ᠠᠮᠢ ᠠᠬᠤᠶ ᠢ᠋ᠢ ᠳᠠᠬᠢᠨ ᠴᠣᠭ᠍ᠴᠠᠯᠠᠬᠤ ᠮᠡᠷᠭᠡᠵᠢᠯ ᠤ᠋ᠨ ᠱᠢᠰᠲ᠋ᠧᠮ᠂ ᠳᠠᠬᠢᠨ ᠬᠠᠭᠠᠯᠪᠤᠷᠢᠯᠠᠬᠤ ᠢ᠋ᠢ ᠰᠡᠷᠬᠦᠬᠡᠵᠤ ᠨᠣᠭᠣᠭᠠᠷᠠᠭᠤᠯᠬᠤ ᠪᠠᠷᠢᠮᠵᠢᠶᠠᠵᠢᠭᠤᠯᠤᠨ ᠠᠵᠢᠯᠯᠠᠬᠤ ᠶᠠᠪᠤᠴᠡ ᠵᠡᠷᠭᠡ ᠭᠤᠷᠪᠠᠨ ᠶᠡᠬᠡ ᠮᠡᠷᠭᠡᠵᠢᠯ ᠤ᠋ᠨ ᠱᠢᠰᠲ᠋ᠧᠮ᠎ᠢ᠋ ᠬᠠᠢᠨ ᠰᠦᠪᠡᠭ᠌ᠴᠢᠯᠡᠵᠦ᠍ ᠰᠤᠳᠤᠯᠤᠨ ᠨᠡᠭᠡᠭᠡᠵᠦ᠍᠂  ᠤᠷᠤᠨ ᠨᠤᠳᠤᠭ ᠤ᠋ᠨ 5 ᠵᠦᠶ᠋ᠯ ᠤ᠋ᠨ ᠪᠠᠷᠢᠮᠵᠢᠶ᠎ᠠ ᠢ᠋ᠢ ᠨᠡᠢᠲᠡᠯᠡᠵᠦ᠍᠂  ᠬᠠᠲᠤᠨ ᠭᠣᠸ᠋ᠯ ᠤ᠋ᠨ ᠰᠠᠪᠠ ᠭᠠᠵᠠᠷ ᠤ᠋ᠨ ᠠᠮᠢ ᠠᠬᠤᠶ᠎ᠣᠷᠴᠢᠨ ᠲᠣᠭᠣᠷᠢᠨ ᠤ᠋ ᠴᠢᠨᠠᠷ ᠰᠠᠢᠲᠠᠶ ᠬᠠᠮᠠᠭᠠᠯᠠᠯᠲᠠ ᠳ᠋ᠤ ᠥᠪᠡᠷ ᠤ᠋ᠨ ᠥᠷᠲᠡᠭ᠎ᠢᠶᠡᠷ ᠳᠣᠸ᠋ᠷ᠎ᠠ ᠂ ᠳᠡᠯᠭᠡᠷᠡᠭᠦᠯᠬᠦ᠌᠎ᠳᠦ ᠬᠢᠯᠪᠠᠷ ᠬᠡᠷᠡᠭ᠌ᠯᠡᠭᠡᠨ ᠤ᠋ ᠮᠡᠷᠭᠡᠵᠢᠯ᠎ᠢ ᠬᠠᠨᠭᠭᠠᠪᠠ᠃ ᠲᠤᠰ ᠬᠤᠰᠢᠭᠤ ᠡᠨᠡ ᠵᠢᠯ ᠪᠣᠬᠢᠷᠲᠤᠯ ᠦᠭᠡᠢ ᠠᠭᠤᠷᠬᠠᠢ ᠢ᠋ᠢᠨ ᠪᠦᠳᠦᠬᠡᠨ ᠪᠠᠢᠭᠤᠯᠤᠯᠲᠠ ᠳ᠋ᠤ 15.4 ᠳ᠋ᠦᠩᠱᠢᠭᠤᠷ ᠲᠥᠭᠥᠷᠢᠭ ᠪᠡᠯᠡ ᠮᠥᠩᠭᠥ᠌ ᠣᠷᠣᠭᠤᠯᠵᠤ᠂  ᠨᠣᠭᠣᠭᠠᠷᠠᠭᠤᠯᠤᠯᠳᠡ ᠵᠠᠰᠠᠯᠲᠠ ᠢ᠋ᠢᠨ ᠲᠠᠯᠠᠪᠠᠢ 2424 ᠡᡁᠸᠺᠲ᠋ᠠᠷ᠎ᠲᠦ ᠬᠦᠷᠴᠤ᠂  ᠨᠢᠭᠡ ᠪᠦᠯᠦᠭ ᠪᠣᠬᠢᠷᠲᠤᠯ ᠦᠭᠡᠢ ᠠᠭᠤᠷᠬᠠᠢ ᠢ᠋ᠢᠨ ᠵᠢᠱ᠌ᠢᠢ᠎ᠡ ᠦᠵᠡᠭᠦᠯᠬᠦ᠌ ᠣᠷᠣᠨ᠂  ᠲᠥᠪᠯᠡᠷᠡᠨ ᠵᠠᠯᠭᠠᠯᠳᠤᠭ᠍ᠰᠠᠨ ᠵᠠᠰᠠᠯᠲᠠ ᠢ᠋ᠢᠨ ᠣᠷᠣᠨ ᠢ᠋ ᠪᠦᠬᠦ᠌ ᠬᠦᠴᠦᠨ᠎ᠢᠶᠡᠷ᠎ᠢᠶᠡᠨ ᠪᠦᠳᠦᠬᠡᠨ ᠪᠠᠢᠭᠤᠯᠪᠠ᠃ ᠤᠳᠤ ᠵᠡᠬᠦᠨᠭᠠᠷ ᠬᠤᠰᠢᠭᠤ ᠨᠢᠭᠡᠨᠲᠡ 66 ᠪᠣᠬᠢᠷᠲᠤᠯ ᠥᠬᠡᠶ ᠠᠭᠤᠷᠬᠠᠶ ᠢ᠋ᠢ ᠪᠠᠢᠭᠤᠯᠵᠤ ᠂ ᠡᠭᠦᠨ᠎ᠳᠦ 8 ᠠᠭᠤᠷᠬᠠᠶ ᠨᠢ ᠪᠥᠬᠥ᠌ ᠤᠯᠤᠰ ᠤ᠋ᠨ ᠪᠣᠬᠢᠷᠲᠤᠯ ᠥᠬᠡᠶ ᠠᠭᠤᠷᠬᠠᠶ ᠢ᠋ᠢᠨ ᠨᠡᠷᠡᠰ ᠤ᠋ᠨ ᠵᠢᠭ᠍ᠰᠠᠭᠠᠯᠲᠠ ᠳ᠋ᠤ ᠵᠢᠭᠰᠠᠭᠠᠭᠳᠠᠪᠠ᠃



5G+ ᠤᠶᠤᠨᠴᠢ ᠠᠭᠤᠷᠬᠠᠢ ᠢ᠋ᠢᠨ ᠪᠦᠳᠦᠬᠡᠨ ᠪᠠᠢᠭᠤᠯᠤᠯᠳᠡᠪᠤᠬᠢᠷᠳᠤᠯ ᠦᠬᠡᠢ᠂  ᠠᠶᠤᠯᠬᠦᠢ ᠂ ᠤᠶᠤᠨᠴᠢ ᠲᠡᠢᠰᠢ ᠲᠦᠷᠭᠡᠨ ᠬᠦᠭᠵᠢᠵᠤ ᠪᠠᠢᠨ᠎ᠠ



ᠣᠳᠣ 5G ᠰᠦᠯᠵᠢᠶ᠎ᠡ ᠳ᠋ᠦ᠍ ᠲᠦᠱᠢᠭ᠌ᠯᠡᠨ ᠤᠶᠤᠨᠴᠢᠯᠠᠭ᠍ᠰᠠᠨ ᠶᠡᠷᠦᠩᠬᠡᠢᠯᠡᠭ᠌ᠰᠡᠨ ᠮᠠᠯᠲᠠᠯᠠᠭ᠎ᠠ ᠵᠢᠨ ᠪᠠᠢᠳᠠᠯ ᠢ᠋ ᠪᠤᠢ ᠪᠤᠯᠭᠠᠵᠤ᠂ ᠠᠭᠤᠷᠬᠠᠢ ᠵᠢᠨ ᠬᠤᠳᠳᠤᠭ ᠤ᠋ᠨ ᠳᠣᠣᠷᠠᠬᠢ ᠲᠥᠬᠥᠭᠡᠷᠦᠮᠵᠢ ᠳ᠋ᠦ᠍ ᠠᠰᠠᠭᠤᠳᠠᠯ  ᠳᠤᠯᠭᠠᠷᠠᠪᠠᠯ ᠠᠯᠤᠰ ᠡᠵᠡᠮᠱᠢᠯ ᠵᠢᠡᠷ ᠱᠢᠢᠳᠪᠦᠷᠢᠯᠡᠵᠦ᠍ ᠪᠣᠯᠤᠨ᠎ᠠ; ᠭᠠᠵᠠᠷ ᠳᠡᠭᠡᠷᠡᠬᠢ ᠮᠡᠷᠭᠡᠵᠢᠯ ᠤ᠋ᠨ ᠠᠵᠢᠯᠲᠠᠨ ᠠᠯᠪᠠᠨ ᠭᠡᠷ ᠲᠡᠭᠡᠨ ᠰᠠᠭᠤᠭᠠᠳ ᠠᠵᠢᠯ ᠤ᠋ᠨ ᠲᠠᠯᠠᠪᠤᠷ ᠤ᠋ᠨ ᠦᠢᠯᠡᠳᠪᠦᠷᠢᠯᠡᠯ ᠤ᠋ᠨ ᠵᠣᠬᠢᠶᠠᠨ ᠪᠠᠢᠭᠤᠯᠤᠯᠲᠠ ᠵᠢ ᠠᠯᠠᠭᠠᠨ ᠤ᠋ ᠵᠢᠷᠤᠭᠠᠰᠤ ᠪᠠᠨ ᠱᠢᠬ ᠣᠢᠯᠠᠭᠠᠵᠤ᠂  ᠲᠣᠨᠣᠭ ᠲᠥᠬᠥᠭᠡᠷᠦᠮᠵᠢ ᠵᠢ ᠠᠯᠤᠰ ᠡᠴᠡ ᠡᠵᠡᠮᠳᠡᠨ᠂ ᠠᠶᠤᠯ ᠲᠦᠭ᠌ᠰᠢᠭᠦᠷᠢ ᠶᠡᠬᠡᠲᠡᠢ ᠠᠵᠢᠯ ᠤ᠋ᠨ ᠪᠠᠢᠷᠢ ᠵᠢᠨ ᠠᠵᠢᠯᠴᠢᠨ ᠤ᠋ ᠲᠣᠬᠢᠷᠠᠭᠤᠯᠤᠯᠲᠠ ᠵᠢ ᠴᠦᠬᠡᠳᠭᠡᠵᠤ ᠪᠠᠢᠨ᠎ᠠ  ᠁ ᠡᠨᠡ ᠮᠡᠳᠤ ᠵᠢᠨ ᠠᠭᠤᠷᠬᠠᠢ ᠢ᠋ᠢᠨ ᠤᠷᠤᠨ ᠳ᠋ᠡᠬᠢ ᠤᠶᠤᠨᠴᠢᠯᠠᠭ᠍ᠰᠠᠨ ᠠᠷᠭ᠎ᠠ ᠬᠡᠮᠵᠢᠶ᠎ᠠ ᠮᠠᠨ ᠤ᠋ ᠤᠷᠤᠨ ᠳ᠋ᠤ ᠵᠢᠯ ᠡᠴᠡ ᠵᠢᠯ ᠨᠡᠮᠡᠭᠳᠡᠵᠦ ᠪᠤᠢ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠷᠭ᠎ᠠ ᠪᠠᠷᠢᠯ᠎ᠢ ᠶᠡᠷᠦᠩᠬᠡᠢᠯᠡᠨ ᠬᠡᠷᠡᠭ᠌ᠯᠡᠭ᠌ᠰᠡᠨ ᠢ᠋ᠢᠡᠷ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢ ᠠᠬᠢᠭᠤᠯᠵᠤ᠂  ᠵᠠᠷᠢᠮ ᠠᠭᠤᠷᠬᠠᠢ ᠢ᠋ᠢᠨ ᠦᠢᠯᠡᠳᠪᠦᠷᠢᠯᠡᠯ ᠤ᠋ᠨ ᠭᠣᠭ᠍ᠴᠣᠭ᠎ᠠ ᠢ᠋ᠢ ᠠᠯᠤᠰ ᠡᠴᠡ ᠡᠵᠡᠮᠳᠡᠬᠦ᠌ ᠢ᠋ᠢ ᠪᠡᠶᠡᠯᠡᠭᠦᠯᠵᠦ᠍᠂  ᠱᠢᠰᠲᠸᠮ᠎ᠤᠨ ᠲᠥᠬᠥᠭᠡᠷᠦᠮᠵᠢ ᠨᠢ ᠬᠤᠳᠳᠤᠭ ᠡᠴᠡ ᠭᠠᠵᠠᠷ᠎ᠤᠨ ᠭᠠᠳᠠᠷᠭᠤ᠎ᠳᠤ ᠱᠢᠯᠵᠢᠵᠦ᠍᠂  ᠡᠳᠦᠷ ᠲᠤᠲᠤᠮ᠎ᠤᠨ ᠦᠢᠯᠡᠳᠪᠦᠷᠢᠯᠡᠯ ᠨᠢ ᠬᠥᠮᠦᠨ ᠤ᠋ ᠬᠦᠴᠦ᠍᠎ᠢᠯᠡᠬᠦᠦ ᠵᠠᠷᠤᠴᠠᠭᠤᠯᠵᠤ ᠪᠠᠢᠭ᠍ᠰᠠᠨ ᠡᠴᠡ ᠤᠶᠤᠨᠴᠢᠯᠠᠬ᠍ᠰᠠᠨ ᠡᠵᠡᠮᠳᠡᠯ ᠤ᠋ᠨ ᠲᠥᠪ᠂  ᠤᠶᠤᠨᠴᠢᠯᠠᠬ᠍ᠰᠠᠨ ᠮᠡᠷᠭᠡᠵᠢᠯ ᠤ᠋ᠨ ᠳᠡᠮᠵᠢᠯᠭᠡ ᠢ᠋ᠢᠨ ᠲᠥᠪ ᠪᠣᠯᠤᠨ ᠤᠶᠤᠨᠴᠢᠯᠠᠬ᠍ᠰᠠᠨ ᠠᠵᠢᠯᠯᠠᠭᠠᠨ᠎ᠤ ᠪᠠᠲᠤᠯᠠᠭ᠎ᠠ ᠢ᠋ᠢᠨ ᠡᠩᠨᠡᠭᠡ᠎ᠳᠦ ᠲᠦᠱᠢᠭ᠌ᠯᠡᠨ ᠬᠠᠮᠵᠢᠯᠴᠠᠨ ᠪᠡᠶᠡᠯᠡᠭᠦᠯᠬᠦ᠌ ᠪᠤᠯᠵᠤ ᠬᠤᠪᠢᠷᠡᠪᠠ ᠃

ᠮᠠᠨ ᠤ᠋ ᠤᠷᠤᠨ ᠤ᠋ ᠠᠭᠤᠷᠬᠠᠢ ᠢ᠋ᠢᠨ ᠪᠦᠳᠦᠭᠡᠨ ᠪᠠᠢᠭᠤᠯᠤᠯᠳᠡ ᠨᠢ ᠪᠤᠬᠢᠷᠳᠤᠯ ᠦᠬᠡᠢ᠂  ᠠᠶᠤᠯᠬᠦᠢ᠂ ᠤᠶᠤᠨᠴᠢ ᠲᠡᠢᠰᠢ ᠲᠦᠷᠭᠡᠨ ᠬᠦᠭᠵᠢᠵᠤ ᠪᠠᠢᠨ᠎ᠠ ᠃  ᠪᠦᠬᠦ ᠤᠷᠤᠨ ᠤ᠋ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠪᠠᠶᠠᠷᠯᠠᠭᠤᠱᠢᠲᠠᠶ ᠠᠮᠵᠢᠯᠲᠠ ᠣᠯᠵᠤ᠂  ᠠᠮᠢ ᠠᠬᠤᠶ ᠢ᠋ᠢ ᠤᠷᠢᠳ ᠢ᠋ᠢᠡᠷ ᠪᠣᠳᠣᠯᠬᠢᠯᠠᠬᠤ᠂  ᠪᠣᠬᠢᠷᠲᠤᠯ ᠥᠬᠡᠶ ᠬᠥᠭ᠌ᠵᠢᠭᠦᠯᠬᠦ᠌ ᠴᠢᠨᠠᠷ ᠰᠠᠢᠲᠠᠶ ᠬᠥᠭ᠌ᠵᠢᠯᠲᠡ ᠢ᠋ᠢᠨ ᠱᠢᠨ᠎ᠡ ᠵᠠᠮ ᠢ᠋ᠢᠡᠷ ᠡᠷᠡᠰ ᠭᠤᠢᠪᠢᠰᠢ ᠥᠬᠡᠶ ᠵᠠᠮᠨᠠᠵᠤ᠂ 2025 ᠣᠨ ᠪᠣᠯᠬᠤ ᠳ᠋ᠤ ᠪᠥᠬᠥ᠌ ᠠᠭᠤᠷᠬᠠᠶ ᠢ᠋ᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠬᠢᠷᠲᠤᠯ ᠥᠬᠡᠶ ᠠᠭᠤᠷᠬᠠᠶ ᠢ᠋ᠢᠨ ᠪᠥᠲᠥᠭᠡᠨ ᠪᠠᠢᠭᠤᠯᠤᠯᠲᠠ ᠢ᠋ᠢᠨ ᠪᠠᠷᠢᠮᠵᠢᠶ᠎ᠠ ᠳ᠋ᠤ ᠬᠦᠷᠬᠡᠬᠦ ᠪᠡᠷ ᠴᠢᠷᠮᠠᠢᠨ᠂  ᠥᠪᠡᠷᠲᠡᠭᠡᠨ ᠵᠠᠰᠠᠬᠤ ᠣᠷᠣᠨ ᠤ᠋ ᠠᠭᠤᠷᠬᠠᠶ ᠢ᠋ᠢᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠵᠤ᠂  ᠡᠬᠡ ᠤᠯᠤᠰ ᠤ᠋ᠨ ᠤᠮᠠᠷᠠᠲᠤ ᠢ᠋ᠢᠨ ᠦᠵᠡᠰᠭᠦᠯᠡᠩᠲᠦ ᠰᠠᠢᠬᠠᠨ ᠦᠵᠡᠮᠵᠢ ᠢ᠋ᠢᠨ ᠣᠷᠣᠨ ᠢ᠋ ᠰᠠᠢᠲᠤᠷ ᠰᠠᠬᠢᠨ ᠬᠠᠮᠠᠭᠠᠯᠠᠬᠤ ᠪᠡᠷ ᠤᠷᠤᠭᠰᠢᠯᠠᠨ ᠲᠡᠮᠡᠤᠯᠦᠭᠰᠡᠬᠡᠷ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号