ᠢᠳᠡᠭᠡᠨ᠎ᠦ ᠡᠯᠧᠺᠲᠷᠣᠨ 《ᠪᠡᠶ᠎ᠡ᠎ᠶᠢᠨ ᠦᠨᠡᠮᠯᠡᠯ》 ᠎ᠳᠤ ᠨᠢᠭᠤᠬᠳᠠᠵᠤ ᠪᠠᠢᠭ᠎ᠠ ᠮᠡᠳᠡᠬᠡ ᠵᠠᠩᠬᠢ
2023-11-27 11:16:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ ᠡᠳᠦᠷ ᠰᠤᠷᠪᠤᠯᠵᠢᠯᠠᠬᠴᠢ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠡᠴᠡ ᠣᠢᠯᠠᠭᠠᠭᠰᠠᠨ ᠵᠢᠨᠷ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠵᠣᠬᠢᠶᠠᠨ ᠪᠠᠢᠭᠤᠯᠤᠯᠲᠠ ᠳᠣᠣᠷ᠎ᠠ᠂ ᠤᠯᠤᠰ᠎ᠤᠨ ᠢᠳᠡᠭᠡᠨ᠎ᠦ ᠵᠦᠢᠯ᠎ᠦᠨ ᠠᠮᠤᠷ ᠲᠦᠪᠰᠢᠨ᠎ᠦ ᠲᠦᠭᠰᠢᠭᠦᠷᠢ᠎ᠶᠢ ᠦᠨᠡᠯᠡᠨ ᠵᠢᠱ᠌ᠢᠬᠦ ᠲᠥᠪ ᠵᠡᠷᠭᠡ ᠪᠠᠢᠭᠤᠯᠭ᠎ᠠ ᠨᠢᠭᠡᠴᠢ ᠡᠨᠡ ᠵᠢᠯ᠎ᠡᠴᠡ ᠡᠬᠢᠯᠡᠨ ᠢᠳᠡᠭᠡᠨ᠎ᠦ ᠵᠦᠢᠯ᠎ᠦᠨ ᠲᠣᠭᠠᠴᠢᠯᠠᠭᠰᠠᠨ ᠱᠣᠰᠢᠭ᠎ᠠ᠎ᠶᠢᠨ ᠲᠤᠷᠰᠢᠯᠲᠠ᠎ᠶᠢ ᠥᠷᠨᠢᠭᠦᠯᠵᠦ᠂ ᠴᠠᠭᠠᠨ ᠢᠳᠡᠭᠡᠨ᠂ ᠤᠮᠳᠠᠭᠠᠨ᠂ ᠲᠥᠬᠥᠮ ᠢᠳᠡᠭᠡᠨ ᠵᠡᠷᠭᠡ ᠮᠠᠨ᠎ᠤ ᠤᠯᠤᠰ᠎ᠤᠨ ᠬᠡᠷᠡᠭᠯᠡᠭᠴᠢᠳ᠎ᠦᠨ ᠬᠡᠷᠡᠭᠯᠡᠭᠡᠨ᠎ᠦ ᠭᠣᠣᠯ ᠪᠣᠯᠬᠤ ᠢᠳᠡᠭᠡᠨ᠎ᠦ ᠲᠥᠷᠥᠯ ᠵᠦᠢᠯ᠎ᠢ ᠬᠠᠮᠤᠷᠪᠠ᠃ ᠣᠢᠯᠠᠭᠠᠭᠰᠠᠨ᠎ᠢᠶᠠᠷ᠂ ᠣᠳᠣᠬᠠᠨ᠎ᠳᠤ ᠨᠢᠭᠡᠨᠲᠡ 20 ᠭᠠᠷᠤᠢ ᠠᠵᠤ ᠠᠬᠤᠢᠯᠠᠯ᠂ 40 ᠭᠠᠷᠤᠢ ᠵᠦᠢᠯ᠎ᠦᠨ ᠦᠢᠯᠡᠳᠬᠦᠨ᠎ᠢ ᠢᠳᠡᠭᠡᠨ᠎ᠦ ᠵᠦᠢᠯ᠎ᠦᠨ ᠲᠣᠭᠠᠴᠢᠯᠠᠬᠰᠠᠨ ᠱᠣᠰᠢᠭ᠎ᠠ᠎ᠶᠢᠨ ᠲᠤᠷᠰᠢᠯᠲᠠ ᠵᠢᠨ ᠬᠡᠪᠴᠢᠶᠡᠨ᠎ᠳᠦ ᠣᠷᠣᠭᠤᠯᠵᠤ᠂ ᠬᠡᠰᠡᠭ ᠦᠢᠯᠡᠳᠬᠦᠨ᠎ᠢ ᠨᠢᠭᠡᠨᠲᠡ ᠵᠠᠬ᠎ᠠ ᠳᠡᠯᠭᠡᠭᠦᠷ᠎ᠲᠦ ᠤᠷᠤᠭᠤᠯᠵᠤ᠂ ᠪᠤᠰᠤᠳ ᠦᠢᠯᠡᠳᠬᠦᠨ᠎ᠢ ᠴᠦ᠍ ᠵᠢᠯ᠎ᠦᠨ ᠡᠴᠦᠰ᠎ᠡᠴᠡ ᠡᠮᠦᠨ᠎ᠡ ᠵᠠᠯᠭᠠᠭ᠎ᠠ᠎ᠪᠠᠷ ᠵᠠᠬ᠎ᠠ ᠳᠡᠯᠭᠡᠭᠦᠷ᠎ᠲᠦ ᠣᠷᠣᠭᠤᠯᠬᠤ᠎ᠪᠠᠷ ᠵᠢᠱ᠌ᠢᠵᠦ ᠪᠠᠢᠨ᠎ᠠ᠃ 

ᠢᠳᠡᠭᠡᠨ᠎ᠦ ᠲᠤᠭᠠᠴᠢᠯᠠᠬᠰᠠᠨ ᠱᠣᠰᠢᠭ᠎ᠠ ᠪᠣᠯ ᠬᠤᠶᠠᠷ ᠬᠡᠮᠵᠢᠯᠳᠤ ᠺᠤᠳ᠋ ᠵᠡᠷᠭᠡ ᠬᠡᠯᠪᠡᠷᠢ᠎ᠪᠡᠷ ᠢᠳᠡᠭᠡᠨ᠎ᠦ ᠱᠣᠰᠢᠭ᠎ᠠ᠎ᠶᠢᠨ ᠮᠡᠳᠡᠭᠡ ᠵᠠᠩᠭᠢ᠎ᠶᠢ ᠳᠡᠯᠭᠡᠨ ᠦᠵᠡᠭᠦᠯᠵᠦ᠂ ᠬᠡᠷᠡᠭᠯᠡᠭᠴᠢᠳ ᠭᠠᠷ ᠤᠲᠠᠰᠤ ᠵᠡᠷᠭᠡ ᠰᠢᠯᠵᠢᠮᠡᠯ ᠲᠥᠬᠦᠭᠡᠷᠦᠮᠵᠢ᠎ᠪᠡᠷ ᠢᠳᠡᠭᠡᠨ᠎ᠦ ᠱᠣᠰᠢᠭ᠎ᠠ ᠳᠡᠭᠡᠷᠡᠬᠢ ᠬᠤᠶᠠᠷ ᠬᠡᠮᠵᠢᠯᠳᠤ ᠺᠤᠳ᠋᠎ᠢ ᠰᠢᠷᠪᠢᠵᠦ᠂ ᠢᠳᠡᠭᠡᠨ᠎ᠦ ᠱᠣᠰᠢᠭ᠎ᠠ᠎ᠶᠢᠨ ᠮᠡᠳᠡᠭᠡ ᠵᠠᠩᠭᠢ᠎ᠶᠢ ᠣᠯᠵᠤ ᠪᠣᠯᠣᠨ᠎ᠠ᠃ ᠤᠯᠠᠮᠵᠢᠯᠠᠯᠲᠤ ᠱᠣᠰᠢᠭ᠎ᠠ᠎ᠲᠠᠢ ᠠᠳᠠᠯᠢᠳᠬᠠᠪᠠᠯ ᠂ ᠲᠤᠭᠠᠴᠢᠯᠠᠬᠰᠠᠨ ᠱᠣᠰᠢᠭ᠎ᠠ ᠨᠢ ᠬᠡᠪᠯᠡᠯ᠎ᠦᠨ ᠨᠢᠭᠤᠷ᠎ᠤᠨ ᠬᠢᠵᠠᠭᠠᠷᠯᠠᠯ ᠦᠭᠡᠢ ᠂ ᠬᠡᠷᠡᠭᠯᠡᠭᠴᠢᠳ ᠨᠢᠭᠤᠷ ᠢ᠋ ᠶᠡᠬᠡᠰᠬᠡᠬᠦ᠂ ᠲᠠᠭᠤ ᠠᠪᠢᠶ᠎ᠠ᠎ᠪᠠᠷ ᠲᠠᠨᠢᠨ ᠤᠩᠰᠢᠬᠤ ᠂ ᠸᠢᠳᠢᠣ᠋ ᠬᠡᠯᠪᠡᠷᠢ᠎ᠪᠠᠷ ᠲᠠᠢᠯᠪᠤᠷᠢᠯᠠᠬᠤ ᠵᠡᠷᠭᠡ ᠣᠯᠠᠨ ᠵᠦᠢᠯ᠎ᠦᠨ ᠴᠢᠳᠠᠮᠵᠢ᠎ᠪᠠᠷ ᠢᠳᠡᠭᠡᠨ᠎ᠦ ᠮᠡᠳᠡᠭᠡ ᠵᠠᠩᠭᠢ᠎ᠶᠢ ᠨᠠᠩ ᠲᠥᠬᠥᠮ ᠣᠯᠵᠤ ᠪᠣᠯᠣᠨ᠎ᠠ᠃ 

ᠤᠯᠤᠰ᠎ᠤᠨ ᠢᠳᠡᠭᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ ᠲᠥᠪ᠎ᠦᠨ ᠳᠡᠳ᠋ ᠡᠷᠬᠢᠯᠡᠭᠴᠢ ᠹᠠᠨ ᠶᠦᠩ ᠰᠢᠶᠠᠩ᠄ 《ᠬᠡᠷᠡᠭᠯᠡᠭᠴᠢᠳ ᠲᠤᠭᠠᠴᠢᠯᠠᠬᠰᠠᠨ ᠱᠣᠰᠢᠭ᠎ᠠ᠎ᠶᠢ ᠰᠢᠷᠪᠢᠬᠦ᠎ᠪᠡᠷ ᠳᠡᠮᠵᠢᠨ᠂ ᠣᠯᠵᠤ ᠮᠡᠳᠡᠶ᠎ᠡ ᠭᠡᠰᠡᠨ ᠵᠠᠷᠢᠮ ᠮᠡᠳᠡᠭᠡ ᠵᠠᠩᠭᠢ᠎ᠶᠢ ᠮᠠᠰᠢ ᠬᠢᠯᠪᠠᠷᠬᠠᠨ᠎ᠢᠶᠠᠷ ᠣᠯᠵᠤ ᠪᠣᠯᠣᠨ᠎ᠠ᠃ ᠵᠢᠱ᠌ᠢᠶᠡᠯᠡᠪᠡᠯ ᠳᠠᠭᠤᠨ ᠳᠠᠪᠲᠠᠮᠵᠢ᠎ᠶᠢ ᠰᠣᠨᠣᠰᠬᠤ᠂ ᠳᠦᠷᠰᠦ ᠰᠢᠩᠭᠡᠭᠡᠯᠲᠡ᠎ᠶᠢ ᠦᠵᠡᠬᠦ ᠮᠡᠲᠦ᠎ᠶᠢᠨ ᠠᠷᠭ᠎ᠠ᠎ᠪᠠᠷ ᠱᠣᠰᠢᠭ᠎ᠠ ᠳᠡᠭᠡᠷᠡᠬᠢ ᠵᠠᠷᠢᠮ ᠮᠡᠳᠡᠭᠡ ᠵᠠᠩᠭᠢ᠎ᠶᠢ ᠣᠯᠵᠤ ᠪᠣᠯᠣᠨ᠎ᠠ᠃ ᠬᠡᠷᠡᠭᠯᠡᠭᠴᠢᠳ᠎ᠦᠨ ᠡᠷᠡᠭᠦᠯ ᠮᠡᠨᠳᠦ᠎ᠶᠢ ᠪᠠᠲᠤᠯᠠᠬᠤ ᠪᠠ ᠬᠡᠷᠡᠭᠯᠡᠭᠴᠢᠳ᠎ᠦᠨ ᠪᠠᠢᠳᠠᠯ᠎ᠢ ᠮᠡᠳᠡᠬᠦ ᠡᠷᠬᠡ᠎ᠶᠢ ᠪᠠᠲᠤᠯᠠᠬᠤ᠎ᠳᠤ ᠪᠦᠷ ᠤᠯᠠᠮ᠎ᠠᠴᠠ ᠤᠯᠠᠮ ᠶᠡᠬᠡ ᠦᠢᠯᠡᠳᠦᠯ ᠦᠵᠡᠭᠦᠯᠵᠦ ᠪᠠᠢᠨ᠎ᠠ ᠭᠡᠵᠦ ᠬᠡᠯᠡᠵᠦ ᠪᠣᠯᠣᠨ᠎ᠠ》 ᠭᠡᠵᠦ ᠶᠠᠷᠢᠯ᠎ᠠ᠃ 

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠲᠣᠭᠠᠴᠢᠯᠠᠭᠰᠠᠨ ᠱᠣᠰᠢᠭ᠎ᠠ᠎ᠶᠢᠨ ᠬᠡᠷᠡᠭᠯᠡᠭᠴᠢᠳ ᠲᠦ᠍ ᠢᠳᠡᠭᠡᠨ᠎ᠦ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠦᠨᠡᠨ ᠪᠣᠳᠠᠲᠠᠢ ᠣᠨᠣᠪᠴᠢᠲᠠᠶ ᠳᠠᠮᠵᠢᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠤᠯᠤᠰ᠎ᠤᠨ ᠢᠳᠡᠭᠡᠨ᠎ᠦ ᠠᠮᠤᠷ ᠲᠦᠪᠰᠢᠨ᠎ᠦ ᠲᠦᠭᠰᠢᠭᠦᠷᠢ᠎ᠶᠢ ᠦᠨᠡᠯᠡᠨ ᠵᠢᠱ᠌ᠢᠬᠦ ᠲᠥᠪ᠎ᠡᠴᠡ ᠶᠠᠭ ᠬᠣᠯᠪᠣᠭᠳᠠᠯ ᠪᠦᠬᠦᠢ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠠᠵᠢᠯ᠎ᠢ ᠵᠣᠬᠢᠶᠠᠨ ᠪᠠᠢᠭᠤᠯᠵᠤ ᠂ ᠲᠣᠭᠠᠴᠢᠯᠠᠭᠰᠠᠨ ᠱᠣᠰᠢᠭ᠎ᠠ᠎ᠶᠢᠨ ᠬᠡᠷᠡᠭᠯᠡᠯᠲᠡ᠎ᠶᠢᠨ ᠵᠠᠷᠴᠢᠮ᠂ ᠱᠠᠭᠠᠷᠳᠠᠯᠭ᠎ᠠ ᠪᠠ ᠳᠡᠯᠭᠡᠨ ᠦᠵᠡᠭᠦᠯᠬᠦ ᠠᠭᠤᠯᠭ᠎ᠠ᠎ᠳᠤ ᠲᠣᠭᠲᠠᠭᠠᠯ ᠭᠠᠷᠭᠠᠵᠤ᠂ ᠢᠳᠡᠭᠡᠨ᠎ᠦ ᠦᠢᠯᠡᠳᠪᠦᠷᠢᠯᠡᠯ ᠡᠵᠡᠩᠨᠡᠯᠲᠡ ᠪᠠ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠳᠤ ᠵᠢᠷᠤᠮᠵᠢᠭ᠍ᠰᠠᠨ ᠦᠨᠳᠦᠰᠦᠯᠡᠯ ᠬᠠᠩᠭᠠᠵᠤ ᠪᠠᠢᠨ᠎ᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠱᠣᠰᠢᠭ᠎ᠠ᠎ᠶᠢᠨ ᠪᠠᠷᠢᠮᠵᠢᠶ᠎ᠠ᠎ᠶᠢ ᠨᠡᠢᠲᠡᠯᠡᠬᠦ᠎ᠶᠢ ᠲᠦᠷᠭᠡᠳᠬᠡᠵᠦ᠂ ᠲᠣᠭᠠᠴᠢᠯᠠᠭᠰᠠᠨ ᠱᠣᠰᠢᠭ᠎ᠠ᠎ᠶᠢ ᠪᠥᠬᠥ ᠲᠠᠯ᠎ᠠ᠎ᠪᠠᠷ ᠬᠡᠷᠡᠭᠯᠡᠬᠦ᠎ᠶᠢ ᠲᠦᠯᠬᠢᠨ ᠠᠬᠢᠭᠤᠯᠬᠤ᠎ᠶᠢᠨ ᠬᠠᠮᠲᠤ ᠨᠠᠩ ᠣᠯᠠᠨ ᠢᠳᠡᠭᠡᠨ᠎ᠦ ᠵᠦᠢᠯ᠎ᠦᠨ ᠦᠢᠯᠡᠳᠪᠦᠷᠢᠯᠡᠯ᠎ᠦᠨ ᠠᠵᠤ ᠠᠬᠤᠢᠯᠠᠯ᠎ᠤᠨ ᠲᠣᠭᠠᠴᠢᠯᠠᠭᠰᠠᠨ ᠱᠣᠰᠢᠭ᠎ᠠ᠎ᠶᠢᠨ ᠲᠤᠷᠰᠢᠯᠲᠠ᠎ᠳᠤ ᠣᠷᠣᠯᠴᠠᠬᠤ᠎ᠶᠢ ᠵᠣᠷᠢᠭ᠍ᠵᠢᠭᠤᠯᠵᠤ ᠪᠠᠢᠭ᠎ᠠ ᠠᠵᠢ᠃ 

ᠰᠣᠨᠢᠨ ᠮᠡᠳᠡᠭᠡᠨ᠎ᠦ ᠬᠣᠯᠪᠣᠭᠠᠰᠤ᠄ ᠢᠳᠡᠭᠡᠨ᠎ᠦ ᠱᠣᠰᠢᠭ᠎ᠠ᠎ᠶᠢ ᠬᠡᠷᠬᠢᠨ ᠦᠵᠡᠪᠡᠯ ᠵᠣᠬᠢᠬᠤ ᠪᠣᠶ ? 

ᠣᠢᠷ᠎ᠠ᠎ᠶᠢᠨ ᠵᠢᠯ᠎ᠦᠳ᠎ᠲᠦ᠂ ᠣᠯᠠᠨ ᠨᠡᠶ᠋ᠢᠲᠡ᠎ᠶᠢᠨ ᠢᠳᠡᠭᠡᠨ᠎ᠦ ᠠᠮᠤᠷ ᠲᠦᠪᠰᠢᠨ ᠪᠠ ᠰᠢᠮ᠎ᠡ ᠲᠡᠵᠢᠭᠡᠯ ᠡᠷᠡᠭᠦᠯ ᠮᠡᠨᠳᠦ᠎ᠶᠢᠨ ᠬᠡᠷᠡᠭᠴᠡᠭᠡ ᠱᠠᠭᠠᠷᠳᠠᠯᠭ᠎ᠠ ᠳᠡᠭᠡᠭᠰᠢᠯᠡᠵᠦ᠂ ᠤᠯᠠᠮ᠎ᠠᠴᠠ ᠣᠯᠠᠨ ᠬᠡᠷᠡᠭᠯᠡᠭᠴᠢᠳ ᠢᠳᠡᠭᠡᠨ᠎ᠦ ᠱᠣᠰᠢᠭ᠎ᠠ ᠲᠡᠮᠳᠡᠭ᠎ᠢ ᠤᠩᠰᠢᠬᠤ᠎ᠶᠢ ᠴᠢᠬᠤᠯᠠᠴᠢᠯᠠᠵᠤ᠂ ᠢᠳᠡᠭᠡᠨ᠎ᠦ ᠵᠦᠢᠯ᠎ᠢ ᠵᠦᠢ ᠵᠣᠬᠢᠰᠲᠠᠢ ᠰᠣᠩᠭᠣᠵᠤ ᠪᠠᠢᠨ᠎ᠠ᠃ ᠤᠯᠠᠮᠵᠢᠯᠠᠯᠲᠤ ᠱᠣᠰᠢᠭ᠎ᠠ ᠴᠤ᠌ ᠲᠡᠷᠡ᠂ ᠲᠤᠭᠠᠴᠢᠯᠠᠬᠰᠠᠨ ᠱᠣᠰᠢᠭ᠎ᠠ ᠴᠤ᠌ ᠲᠡᠷᠡ᠂ ᠢᠳᠡᠭᠡᠨ᠎ᠦ ᠱᠣᠰᠢᠭ᠎ᠠ ᠳᠡᠭᠡᠷ᠎ᠡ ᠴᠤᠬᠤᠮ ᠶᠠᠭᠤ ᠳᠡᠯᠭᠡᠨ ᠦᠵᠡᠭᠦᠯᠵᠦ ᠪᠠᠢᠬᠤ ᠪᠤᠶ? ᠪᠢᠳᠡ ᠢᠳᠡᠭᠡᠨ᠎ᠦ ᠱᠣᠰᠢᠭ᠎ᠠ᠎ᠶᠢ ᠦᠵᠡᠬᠦ᠎ᠳᠡᠭᠡᠨ ᠭᠣᠣᠯᠳᠠᠭᠤ ᠶᠠᠮᠠᠷ ᠶᠠᠮᠠᠷ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠦᠵᠡᠪᠡᠯ ᠵᠤᠬᠢᠬᠤ ᠪᠤᠶ?

ᠢᠳᠡᠭᠡᠨ᠎ᠦ ᠱᠣᠰᠢᠭ᠎ᠠ ᠳᠡᠭᠡᠷ᠎ᠡ ᠡᠩ ᠲᠡᠷᠢᠭᠦᠨ᠎ᠳᠦ ᠤᠯᠤᠰ᠎ᠤᠨ ᠠᠯᠪᠠᠳᠠᠯᠭ᠎ᠠ᠎ᠶᠢᠨ ᠴᠢᠨᠠᠷᠲᠠᠢ ᠢᠯᠡᠷᠬᠡᠢᠯᠡᠯ᠎ᠲᠠᠢ ᠂ ᠳᠠᠷᠤᠢ ᠡᠷᠬᠡᠪᠰᠢ ᠳᠠᠮᠵᠢᠭᠤᠯᠬᠤ ᠬᠡᠷᠡᠭᠲᠡᠢ ᠮᠡᠳᠡᠭᠡ ᠵᠠᠩᠭᠢ᠂ ᠪᠠᠰᠠ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠭᠰᠠᠨ ᠲᠠᠨᠢᠯᠴᠠᠭᠤᠯᠭ᠎ᠠ᠎ᠶᠢᠨ ᠴᠢᠨᠠᠷᠲᠠᠢ ᠮᠡᠳᠡᠭᠡ ᠵᠠᠩᠭᠢ ᠪᠠᠢᠨ᠎ᠠ᠃ ᠲᠤᠰᠬᠠᠢ ᠮᠡᠷᠭᠡᠵᠢᠯᠲᠡᠨ᠎ᠦ ᠰᠠᠨᠠᠭᠤᠯᠤᠭᠰᠠᠨ᠎ᠢᠶᠠᠷ᠂ ᠢᠳᠡᠭᠡᠨ᠎ᠦ ᠱᠣᠰᠢᠭ᠎ᠠ᠎ᠶᠢ ᠤᠩᠰᠢᠬᠤ᠎ᠳᠤ ᠳᠥᠷᠪᠡᠨ ᠲᠠᠯ᠎ᠠ᠎ᠶᠢᠨ ᠮᠡᠳᠡᠭᠡ ᠵᠠᠩᠭᠢ᠎ᠶᠢ ᠭᠣᠣᠯᠳᠠᠯᠭ᠎ᠠ᠎ᠲᠠᠢ ᠠᠩᠬᠠᠷᠬᠤ ᠬᠡᠷᠡᠭᠲᠡᠢ᠂ ᠨᠢᠭᠡᠳᠦᠭᠡᠷ᠎ᠲᠦ᠂ ᠪᠦᠲᠦᠭᠡᠭᠳᠡᠬᠦᠨ᠎ᠦ ᠨᠡᠷᠡᠢᠳᠦᠯ ᠪᠣᠯᠣᠨ᠎ᠠ᠂ ᠨᠡᠷᠡᠢᠳᠦᠯ ᠨᠢ ᠢᠳᠡᠭᠡᠨ᠎ᠦ ᠰᠢᠨᠵᠢ ᠴᠢᠨᠠᠷ᠎ᠢ ᠬᠠᠮᠤᠭ᠎ᠠᠴᠠ ᠢᠯᠡᠭᠦᠦ ᠲᠤᠰᠬᠠᠵᠤ ᠴᠢᠳᠠᠨ᠎ᠠ᠂ ᠵᠢᠱ᠌ᠢᠶᠡᠯᠡᠪᠡᠯ᠂ ᠡᠭᠡᠳᠡᠭᠰᠡᠨ ᠰᠦ᠂ ᠬᠡᠷᠪᠡ ᠢᠰᠬᠡᠭᠰᠡᠨ ᠰᠦ ᠭᠡᠵᠦ ᠨᠡᠷᠡᠢᠳᠪᠡᠯ ᠲᠣᠭᠲᠠᠭᠠᠯ ᠶᠣᠰᠣᠭᠠᠷ ᠪᠣᠯ ᠰᠦ ᠪᠣᠯᠣᠨ ᠰᠦᠨ ᠲᠠᠯᠬ᠎ᠠ᠎ᠪᠠᠷ ᠲᠦᠭᠦᠬᠡᠢ ᠮᠠᠲᠧᠷᠢᠶᠠᠯ ᠪᠣᠯᠭᠠᠨ ᠢᠰᠬᠡᠵᠦ ᠦᠢᠯᠡᠳᠦᠭᠰᠡᠨ ᠪᠣᠯᠬᠣᠷ ᠥᠭᠡᠷ᠎ᠡ ᠮᠠᠲᠧᠷᠢᠶᠠᠯ ᠬᠣᠯᠢᠵᠤ ᠪᠣᠯᠬᠤ ᠦᠭᠡᠢ᠃ ᠬᠡᠷᠪᠡ ᠦᠨᠦᠷ ᠠᠮᠲᠠ᠎ᠲᠠᠢ ᠢᠰᠬᠡᠭᠰᠡᠨ ᠰᠦ ᠭᠡᠰᠡᠨ ᠪᠣᠯ ᠰᠢᠬᠢᠷ᠂ ᠵᠢᠮᠢᠰ ᠨᠣᠭᠣᠭ᠎ᠠ᠂ ᠠᠮᠤ ᠪᠤᠳᠠᠭ᠎ᠠ ᠵᠡᠷᠭᠡ᠎ᠶᠢᠨ ᠨᠠᠢᠷᠠᠯᠭ᠎ᠠ᠎ᠶᠢ ᠨᠡᠮᠡᠵᠦ ᠪᠣᠯᠣᠨ᠎ᠠ᠃ ᠬᠣᠶᠠᠳᠤᠭᠠᠷ᠎ᠲᠤ ᠂ ᠨᠠᠢᠷᠠᠯᠭ᠎ᠠ᠎ᠶᠢᠨ ᠬᠦᠰᠦᠨᠦᠭᠲᠦ᠎ᠶᠢ ᠠᠩᠬᠠᠷᠬᠤ ᠬᠡᠷᠡᠭᠲᠡᠢ᠂ ᠨᠠᠢᠷᠠᠯᠭ᠎ᠠ᠎ᠶᠢᠨ ᠬᠦᠰᠦᠨᠦᠭᠲᠦ᠎ᠳᠡᠬᠢ ᠨᠠᠢᠷᠠᠯᠭ᠎ᠠ᠎ᠶᠢ  ᠶᠡᠬᠡ ᠡᠴᠡ ᠨᠢ ᠪᠠᠭᠠᠰᠬᠤ ᠲᠣᠭ᠎ᠠ ᠪᠠᠷᠢᠮᠲᠠ᠎ᠪᠠᠷ ᠢᠯᠡᠳᠬᠡᠵᠦ ᠂ ᠨᠢᠭᠡᠳᠦᠭᠡᠷ᠎ᠲᠦ ᠵᠢᠭ᠍ᠰᠠᠭᠠᠭᠰᠠᠨ ᠨᠢ ᠪᠣᠯᠪᠠᠰᠤᠷᠠᠭᠤᠯᠬᠤ ᠶᠠᠪᠤᠴᠠ᠎ᠳᠤ ᠬᠡᠷᠡᠭᠯᠡᠬᠦ ᠬᠡᠮᠵᠢᠶ᠎ᠡ᠎ᠪᠡᠷ ᠬᠠᠮᠤᠭ᠎ᠤᠨ ᠶᠡᠬᠡ ᠨᠠᠢᠷᠠᠯᠭ᠎ᠠ᠎ᠶᠢᠨ ᠮᠠᠲᠧᠷᠢᠶᠠᠯ ᠪᠣᠯᠣᠨ᠎ᠠ᠃ ᠭᠤᠷᠪᠠᠳᠤᠭᠠᠷ᠎ᠲᠤ ᠂ ᠡᠳᠦᠷ ᠬᠤᠭᠤᠴᠠᠭ᠎ᠠ᠎ᠶᠢ ᠨᠢ ᠦᠵᠡᠨ᠎ᠡ᠂ ᠡᠭᠦᠨ᠎ᠳᠦ ᠦᠢᠯᠡᠳᠪᠦᠷᠢᠯᠡᠭᠰᠡᠨ ᠡᠳᠦᠷ ᠬᠤᠭᠤᠴᠠᠭ᠎ᠠ᠎ᠶᠢ ᠦᠵᠡᠬᠦ ᠪᠡᠷ ᠪᠠᠷᠠᠬᠤ ᠦᠭᠡᠢ ᠣᠨᠴᠠᠭᠠᠢᠯᠠᠨ ᠴᠢᠨᠠᠷ᠎ᠢ ᠪᠠᠲᠤᠯᠠᠬᠤ ᠬᠤᠭᠤᠴᠠᠭ᠎ᠠ᠎ᠶᠢ ᠦᠵᠡᠬᠦ ᠬᠡᠷᠡᠭᠲᠡᠢ᠂ ᠴᠢᠨᠠᠷ᠎ᠢ ᠪᠠᠲᠤᠯᠠᠬᠤ ᠬᠤᠭᠤᠴᠠᠭ᠎ᠠ᠎ᠶᠢ ᠵᠠᠪᠠᠯ ᠬᠠᠳᠠᠭᠠᠯᠠᠬᠤ ᠨᠥᠬᠥᠴᠡᠯ᠎ᠲᠠᠢ ᠤᠶᠠᠯᠳᠤᠭᠤᠯᠤᠨ ᠦᠵᠡᠬᠦ ᠬᠡᠷᠡᠭᠲᠡᠢ᠃ ᠳᠥᠷᠪᠡᠳᠦᠭᠡᠷ᠎ᠲᠦ᠂ᠰᠢᠮ᠎ᠡ ᠲᠡᠵᠢᠭᠡᠯ᠎ᠦᠨ ᠪᠦᠷᠢᠯᠳᠦᠭᠦᠨ᠎ᠦ ᠬᠦᠰᠦᠨᠦᠭᠲᠦ᠎ᠶᠢ ᠦᠵᠡᠬᠦ ᠬᠡᠷᠡᠭᠲᠡᠢ᠃ 

ᠤᠯᠤᠰ᠎ᠤᠨ ᠢᠳᠡᠭᠡᠨ᠎ᠦ ᠠᠮᠤᠷ ᠲᠦᠪᠰᠢᠨ᠎ᠦ ᠠᠶᠤᠯ ᠲᠦᠭᠰᠢᠭᠦᠷᠢ᠎ᠶᠢ ᠦᠨᠡᠯᠡᠨ ᠵᠢᠱ᠌ᠢᠬᠦ ᠲᠥᠪ᠎ᠦᠨ ᠳᠡᠳ᠋ ᠡᠷᠬᠢᠯᠡᠭᠴᠢ ᠹᠠᠨ ᠶᠦᠩ ᠰᠢᠶᠠᠩ᠄《ᠢᠳᠡᠭᠡᠨ᠎ᠦ ᠰᠢᠮ᠎ᠡ ᠲᠡᠵᠢᠭᠡᠯ᠎ᠦᠨ ᠱᠣᠰᠢᠭ᠎ᠠ᠎ᠶᠢ ᠲᠠᠨᠢᠵᠤ ᠤᠩᠰᠢᠬᠤ᠎ᠪᠠᠷ ᠳᠡᠮᠵᠢᠨ᠂ ᠡᠨᠡ ᠬᠦ᠌ ᠢᠳᠡᠭᠡᠨ᠎ᠳᠦ ᠬᠡᠳᠦᠢ ᠡᠨᠧᠷᠭᠢ ᠂ ᠬᠡᠳᠦᠢ ᠥᠭᠡᠬᠦ ᠂ ᠬᠡᠳᠦᠢ ᠤᠭᠤᠷᠠᠭ᠂ ᠬᠡᠳᠦᠢ ᠨᠡᠭᠦᠷᠡᠰᠦ ᠤᠰᠤᠨ᠎ᠤ ᠨᠢᠭᠡᠳᠪᠦᠷᠢ ᠠᠭᠤᠯᠤᠭᠳᠠᠵᠤ ᠪᠠᠢᠬᠤ᠎ᠶᠢ ᠮᠡᠳᠡᠵᠦ ᠪᠣᠯᠣᠨ᠎ᠠ ᠂ ᠢᠩᠭᠢᠪᠡᠯ ᠬᠡᠷᠡᠭᠯᠡᠭᠴᠢᠳ᠎ᠦᠨ ᠥᠪᠡᠷ᠎ᠦᠨ ᠢᠳᠡᠬᠦ ᠭᠡᠵᠦ ᠪᠠᠢᠭ᠎ᠠ ᠢᠳᠡᠭᠡᠨ᠎ᠢᠶᠡᠨ ᠵᠣᠬᠢᠰᠲᠠᠢ ᠰᠣᠩᠭᠣᠬᠤ᠎ᠶᠢ ᠵᠢᠯᠤᠭᠣᠳᠬᠤ᠎ᠳᠤ ᠲᠥᠬᠥᠮ ᠪᠣᠯᠣᠨ᠎ᠠ᠃ ᠬᠡᠯᠡᠯᠭᠡᠨ ᠦᠭᠡᠢ ᠪᠠᠰᠠ ᠵᠠᠷᠢᠮ ᠢᠳᠡᠭᠡᠨ᠎ᠦ ᠠᠮᠤᠷ ᠲᠦᠪᠰᠢᠨ᠎ᠲᠠᠢ ᠨᠢᠭ᠍ᠲᠠ ᠬᠣᠯᠪᠣᠭ᠎ᠠ᠎ᠲᠠᠢ ᠮᠡᠳᠡᠭᠡ ᠵᠠᠩᠭᠢ ᠪᠠᠢᠳᠠᠭ᠂ ᠵᠢᠱ᠌ᠢᠶᠡᠯᠡᠪᠡᠯ ᠪᠦᠲᠦᠭᠡᠭᠳᠡᠬᠦᠨ᠎ᠦ ᠨᠠᠢᠷᠠᠯᠭ᠎ᠠ᠎ᠳᠤ ᠬᠠᠷᠰᠢᠯ ᠡᠭᠦᠰᠬᠡᠵᠦ ᠮᠡᠳᠡᠬᠦ ᠲᠦᠭᠦᠬᠡᠢ ᠮᠠᠲᠧᠷᠢᠶᠠᠯ ᠠᠭᠤᠯᠤᠭᠳᠠᠵᠤ ᠪᠠᠢᠬᠤ ᠡᠰᠡᠬᠦ᠂ ᠪᠠᠰᠠ ᠢᠳᠡᠭᠡᠨ᠎ᠦ ᠬᠠᠷᠰᠢᠯ ᠡᠭᠦᠰᠬᠡᠭᠴᠢ᠎ᠳᠦ ᠠᠯᠪᠠᠳᠠᠯᠭ᠎ᠠ᠎ᠶᠢᠨ ᠴᠢᠨᠠᠷᠲᠠᠢ ᠲᠡᠮᠳᠡᠭ ᠲᠠᠯᠪᠢᠬᠤ ᠱᠠᠭᠠᠷᠳᠠᠯᠭ᠎ᠠ ᠲᠠᠯᠪᠢᠵᠠᠢ᠂ ᠵᠢᠱ᠌ᠢᠶᠡᠯᠡᠪᠡᠯ ᠵᠠᠷᠢᠮ ᠤᠭᠤᠷᠠᠭ᠎ᠤᠨ ᠲᠦᠷᠦᠯ᠎ᠦᠨ ᠲᠦᠭᠦᠬᠡᠢ ᠮᠠᠲᠧᠷᠢᠶᠠᠯ᠂ ᠵᠢᠭᠠᠰᠤ᠂ ᠯᠣᠬᠠᠱᠧᠩ ᠮᠡᠲᠦ᠎ᠶᠢᠨ ᠲᠦᠭᠦᠬᠡᠢ ᠮᠠᠲᠧᠷᠢᠶᠠᠯ᠎ᠢ ᠪᠦᠷ ᠤᠨᠴᠠᠭᠠᠢ ᠠᠷᠭ᠎ᠠ ᠮᠠᠶᠢᠭ᠋᠎ᠢᠶᠠᠷ ᠳᠡᠯᠭᠡᠨ ᠦᠵᠡᠭᠦᠯᠵᠦ᠂ ᠬᠡᠷᠡᠭᠯᠡᠭᠴᠢᠳ᠎ᠦᠨ ᠢᠯᠭᠠᠨ ᠲᠠᠨᠢᠬᠤ᠎ᠳᠤ ᠳᠦᠭᠦᠮ ᠪᠣᠯᠭᠠᠬᠤ ᠬᠡᠷᠡᠭᠲᠡᠢ᠃

(《ᠲᠥᠪ ᠲᠧᠯᠸᠢᠰ᠎ᠦᠨ ᠰᠣᠨᠢᠨ ᠮᠡᠳᠡᠭᠡᠨ᠎ᠦ ᠰᠦᠯᠵᠢᠶ᠎ᠡ》ᠡᠴᠡ ᠤᠷᠴᠢᠭᠤᠯᠤᠨ ᠨᠠᠢᠷᠠᠭᠤᠯᠪᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号