ᠡᠪᠦᠯ᠎ᠦᠨ ᠬᠦᠢᠲᠡᠨ᠎ᠳᠤ ᠤᠯᠠᠭᠠᠨᠬᠠᠳᠠ ᠬᠤᠲᠠ᠎ᠶ᠋ᠢᠨ ᠣᠩᠨᠢᠭᠤᠳ ᠬᠣᠱᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ ᠦᠷᠦᠴᠡᠨ ᠳ᠋ᠡᠬᠢ ᠪᠤᠷᠤᠬᠤᠳᠠ ᠡᠴᠡ ᠪᠠᠶᠠᠨᠳᠤᠬᠤᠢ ᠬᠦᠷᠬᠦ ᠵᠠᠰᠠᠮᠠᠯ ᠵᠠᠮ᠎ᠢᠶᠠᠷ ᠠᠶᠠᠯᠠᠬᠤ᠎ᠳᠤ ᠲᠤᠲᠤᠷᠭᠠᠨ ᠰᠦᠷᠡᠯ ᠳᠠᠪᠠᠯᠭᠠᠯᠠᠨ᠂ ᠠᠯᠤᠰ᠎ᠢ ᠵᠣᠷᠢᠨ ᠦᠷᠭᠦᠯᠵᠢᠯᠡᠨ᠎ᠡ᠃
《ᠡᠨᠡ ᠪᠣᠯ ᠡᠯᠡᠰᠦ ᠲᠤᠭᠤᠯᠤᠭ᠍ᠰᠠᠨ 13 ᠳ᠋ᠤᠭᠠᠷ ᠵᠠᠰᠠᠮᠠᠯ ᠵᠠᠮ ᠪᠣᠯᠤᠨ᠎ᠠ᠂ ᠣᠳᠣᠬᠠᠨ᠎ᠳᠤ ᠪᠤᠷᠤᠬᠤᠳᠠ ᠡᠴᠡ ᠪᠠᠶᠠᠨᠳᠤᠬᠤᠢ ᠬᠦᠷᠬᠦ ᠵᠠᠰᠠᠮᠠᠯ ᠵᠠᠮ ᠤ᠋ᠨ ᠳᠤᠭᠤᠷᠢᠨ ᠳ᠋ᠡᠬᠢ 16 ᠲᠦᠮᠡᠨ ᠮᠦ᠍ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠵᠤ᠂ ᠦᠯᠡᠳᠡᠭ᠌ᠰᠡᠨ 12.4 ᠲᠦᠮᠡᠨ ᠮᠦ᠍᠎ᠶ᠋ᠢ ᠢᠷᠡᠬᠦ᠌ ᠵᠢᠯ᠎ᠳᠦ ᠵᠠᠰᠠᠵᠤ ᠳᠠᠭᠤᠰᠭᠠᠨ᠎ᠠ᠃ ᠡᠯᠡᠰᠦᠷᠬᠡᠭ ᠣᠷᠣᠨ᠎ᠤ ᠣᠯᠠᠨ ᠲᠦᠮᠡᠨ ᠭᠠᠳᠠᠨᠠᠬᠢ ᠲᠠᠶ ᠬᠠᠷᠢᠯᠴᠠᠬᠤ᠎ᠳᠤ ᠵᠠᠮ ᠲᠠᠢ ᠪᠤᠯᠵᠠᠢ》 ᠬᠡᠵᠤ ᠣᠩᠨᠢᠭᠤᠳ ᠬᠣᠱᠢᠭᠤᠨ᠎ᠤ ᠣᠶ ᠱᠢᠭᠤᠶ ᠨᠤᠳᠤᠭ ᠪᠡᠯᠴᠢᠭᠡᠷ᠎ᠦᠨ ᠲᠣᠪᠴᠢᠶ᠎ᠠ᠎ᠶ᠋ᠢᠨ ᠳᠡᠳ᠋ ᠳᠠᠷᠤᠭ᠎ᠠ ᠡᠸ᠋ ᠬᠤᠸᠠ ᠲᠠᠨᠢᠯᠴᠠᠭᠤᠯᠤᠨ᠎ᠠ᠃
《ᠥᠩᠭᠡᠷᠡᠭ᠌ᠰᠡᠨ᠎ᠳᠦ ᠪᠤᠷᠤᠬᠤᠳᠠ ᠪᠠᠯᠭᠠᠰᠤᠨ᠎ᠳᠤ ᠬᠦᠷᠬᠦ ᠳ᠋ᠤ 3᠂ 4 ᠴᠠᠭ᠎ᠤᠨ ᠲᠣᠭᠣᠷᠢᠤ ᠵᠠᠮ᠎ᠢᠶᠠᠷ ᠶᠠᠪᠤᠵᠤ ᠪᠠᠢᠵᠠᠶ᠂ ᠪᠤᠷᠤᠬᠤᠳᠠ ᠡᠴᠡ ᠪᠠᠶᠠᠨᠳᠤᠬᠤᠢ ᠬᠦᠷᠬᠦ ᠵᠠᠰᠠᠮᠠᠯ ᠵᠠᠮ ᠨᠡᠪᠲᠡᠷᠡᠭ᠌ᠰᠡᠨᠦ ᠳᠠᠷᠠᠭ᠎ᠠ ᠴᠠᠭ ᠭᠠᠷᠤᠶ᠎ᠳᠤ ᠬᠦᠷᠴᠢᠬᠡᠨ᠎ᠡ》 ᠭᠡᠵᠦ᠍ ᠪᠠᠶᠠᠨᠲᠤᠬᠤᠢ ᠪᠠᠯᠭᠠᠰᠤᠨ᠎ᠤ ᠱᠢᠶᠠᠩ ᠱᠦᠢ ᠲᠣᠰᠭᠣᠨ᠎ᠤ ᠠᠷᠠᠳ ᠯᠢᠦ ᠱᠢᠶᠠᠩ ᠵᠢᠶᠦ᠋ᠨ ᠬᠡᠯᠡᠪᠡ᠃
ᠬᠤᠷᠴᠢᠨ᠎ᠤ ᠡᠯᠡᠰᠦᠷᠬᠡᠭ ᠭᠠᠵᠠᠷ ᠤᠯᠠᠭᠠᠨᠬᠠᠳᠠ ᠬᠤᠳᠠ᠎ᠶ᠋ᠢᠨ ᠬᠢᠵᠠᠭᠠᠷ ᠲᠡᠬᠢ ᠡᠯᠡᠰᠦᠷᠬᠡᠭ ᠭᠠᠵᠠᠷ᠎ᠤᠨ ᠲᠠᠷᠬᠠᠯᠲᠠ ᠪᠠᠷ ᠬᠠᠮᠤᠭ᠎ᠤᠨ ᠥᠷᠭᠡᠨ᠂ ᠲᠠᠯᠠᠪᠠᠢ ᠪᠠᠷ ᠬᠠᠮᠤᠭ᠎ᠤᠨ ᠶᠡᠬᠡ᠂ ᠡᠯᠡᠰᠦᠷᠭᠡᠭᠵᠢᠯ ᠵᠢᠡᠷ ᠬᠠᠮᠤᠭ᠎ᠤᠨ ᠬᠦᠨᠳᠦ᠂ ᠵᠠᠰᠠᠯᠲᠠ ᠬᠠᠮᠤᠭ᠎ᠤᠨ ᠬᠦᠴᠢᠷᠲᠡᠢ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠣᠩᠨᠢᠭᠤᠳ ᠬᠣᠱᠢᠭᠤ ᠤᠯᠠᠨ ᠵᠢᠯ᠎ᠦᠨ ᠡᠯᠡᠰᠦ ᠶ᠋ᠢ ᠵᠠᠰᠠᠬᠤ ᠦᠢᠯᠡᠳᠦᠯᠭᠡ ᠳᠤᠮᠳᠠ᠎ᠪᠠᠨ 《ᠵᠠᠮᠵᠠᠰᠠᠵᠤ ᠡᠯᠡᠰᠦ᠎ᠶ᠋ᠢ ᠵᠠᠰᠠᠬᠤ》᠂ 《ᠠᠵᠢᠯ ᠤᠯᠭᠤᠯᠳᠠ ᠪᠠᠷ ᠲᠡᠳᠬᠦᠮᠵᠢ᠎ᠶ᠋ᠢ ᠣᠷᠣᠯᠠᠭᠤᠯᠬᠤ》 ᠵᠡᠷᠭᠡ ᠪᠦᠲᠦᠮᠵᠢᠲᠡᠢ ᠵᠠᠰᠠᠯᠲᠠ᠎ᠶ᠋ᠢᠨ ᠵᠠᠭ᠍ᠪᠤᠷ᠎ᠢ ᠬᠠᠢᠨ ᠰᠦᠪᠡᠭ᠌ᠴᠢᠯᠡᠵᠦ᠍᠂ 13 ᠵᠤᠷᠪᠤᠰ ᠡᠯᠡᠰᠦ ᠳᠤᠭᠤᠯᠤᠭᠰᠠᠨ ᠵᠠᠰᠠᠮᠠᠯ ᠵᠠᠮ᠎ᠢ ᠨᠡᠪᠲᠡᠷᠡᠭᠦᠯᠵᠦ᠍᠂ ᠨᠡᠢ᠌ᠳᠡ 583 ᠲᠦᠮᠡᠨ ᠮᠦ᠍ ᠡᠯᠡᠰᠦᠷᠬᠡᠭ ᠭᠠᠵᠠᠷ᠎ᠢ ᠵᠠᠰᠠᠵᠤ᠂ 《ᠨᠤᠭᠤᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠬᠤ》 ᠵᠢ ᠪᠡᠶᠡᠯᠡᠭᠦᠯᠵᠡᠢ᠃
ᠠᠭᠤᠯᠠ ᠨᠢ ᠬᠦᠬᠡᠷᠠᠵᠤ ᠤᠰᠤ ᠨᠢ ᠳᠤᠡᠭᠭᠠᠯᠠᠭᠰᠢᠨ᠂ ᠨᠤᠷ᠎ᠠ ᠡᠯᠡᠰᠤ ᠨᠤᠭᠳᠤᠯᠠᠭᠳᠠᠨ ᠨᠤᠮᠢᠨ ᠲᠠᠪᠠᠯᠭᠠᠨ ᠬᠠᠶᠠᠯᠠᠨ᠎ᠠ᠃ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠤᠯᠠᠭᠠᠨᠬᠠᠳᠠ ᠬᠤᠳᠠ ᠰᠤᠷᠤᠯᠴᠠᠯᠭ᠎ᠠ ᠪᠠᠷ ᠺᠠᠳ᠋ᠷ᠎ᠢ ᠬᠦᠮᠦᠵᠢᠬᠦᠯᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠵᠤ᠂ ᠪᠣᠬᠢᠷᠲᠤᠯ ᠦᠭᠡᠢ ᠬᠥᠭ᠌ᠵᠢᠯᠲᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠤᠨ ᠠᠯᠬᠤᠴᠠ ᠶ᠋ᠢ ᠲᠦᠷᠭᠡᠳᠭᠡᠵᠦ᠍᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠡᠬᠢᠵᠢᠭᠦᠯᠪᠡ᠃
ᠡᠨᠡ ᠵᠢᠯ᠎ᠦᠨ 8 ᠰᠠᠷ᠎ᠠ᠎ᠶ᠋ᠢᠨ 12 ᠤ᠋ᠨ ᠡᠳᠦᠷ᠂ ᠤᠯᠠᠭᠠᠨᠬᠠᠳᠠ ᠬᠣᠲᠠ ᠪᠦᠬᠦ᠌ ᠣᠷᠣᠨ᠎ᠳᠤ ᠬᠠᠮᠤᠭ᠎ᠤᠨ ᠲᠦᠷᠦᠭᠦᠨ᠎ᠳᠦ ᠬᠣᠶᠠᠷ ᠶᠡᠬᠡ ᠡᠯᠡᠰᠦᠷᠬᠡᠭ ᠭᠠᠵᠠᠷ ᠢ᠋ ᠳᠤᠢᠯᠪᠤᠷᠢᠳᠠᠢ ᠵᠠᠰᠠᠬᠤ ᠲᠠᠢᠯᠠᠯᠳᠤᠭᠠᠨ ᠤ᠋ 《ᠠᠩᠬᠠᠨ᠎ᠤ ᠫᠤᠤ》 ᠵᠢ ᠳᠤᠤᠭᠠᠷᠭᠠᠵᠤ᠂ ᠪᠥᠬᠥ᠌ ᠣᠷᠣᠨ᠎ᠤ ᠡᠯᠡᠰᠦᠷᠬᠡᠭ ᠭᠠᠵᠠᠷ᠎ᠢ ᠵᠠᠰᠠᠬᠤ᠎ᠶ᠋ᠢ ᠬᠣᠷᠴᠢᠨ᠎ᠤ ᠡᠯᠡᠰᠦᠷᠬᠡᠭ ᠭᠠᠵᠠᠷ᠎ᠤᠨ 《ᠬᠣᠶᠠᠷ ᠰᠠᠪᠠ ᠭᠠᠵᠠᠷ》 ᠤ᠋ᠨ ᠳᠤᠮᠳᠠᠬᠢ ᠣᠷᠣᠨ ᠪᠦᠰᠡ᠎ᠶ᠋ᠢᠨ ᠵᠠᠰᠠᠯᠲᠠ᠎ᠶ᠋ᠢᠨ ᠣᠷᠣᠨ᠂ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠵᠠᠰᠠᠯᠲᠠ᠎ᠶ᠋ᠢᠨ ᠣᠷᠣᠨ᠂ ᠬᠣᠷᠴᠢᠨ᠎ᠤ ᠡᠯᠡᠰᠦᠷᠬᠡᠭ ᠭᠠᠵᠠᠷ᠎ᠤᠨ ᠱᠢᠷᠠᠮᠥ᠋ᠷᠡᠨ ᠭᠣᠸ᠋ᠯ᠎ᠤᠨ ᠬᠣᠢᠲᠤ ᠡᠷᠭᠢ᠎ᠶ᠋ᠢᠨ ᠵᠠᠰᠠᠯᠲᠠ᠎ᠶ᠋ᠢᠨ ᠣᠷᠣᠨ᠂ ᠬᠣᠷᠴᠢᠨ᠎ᠤ ᠡᠯᠡᠰᠦᠷᠬᠡᠭ ᠭᠠᠵᠠᠷ᠎ᠤᠨ ᠯᠣᠤᠬ᠎ᠠ ᠵᠢᠨ ᠭᠣᠸ᠋ᠯ᠎ᠤᠨ ᠡᠮᠦᠨ᠎ᠡ ᠡᠷᠭᠢ᠎ᠶ᠋ᠢᠨ ᠵᠠᠰᠠᠯᠲᠠ᠎ᠶ᠋ᠢᠨ ᠣᠷᠣᠨ ᠵᠡᠷᠬᠡ 《ᠳᠥᠷᠪᠡᠨ ᠶᠡᠬᠡ ᠳᠠᠢᠯᠠᠯᠳᠤᠭᠠᠨ᠎ᠤ ᠤᠷᠤᠨ》 ᠬᠤᠪᠢᠶᠠᠭᠠᠳ᠂ ᠠᠯᠢ ᠣᠯᠠᠨ ᠬᠠᠨᠳᠤᠯᠭᠠᠲᠤ ᠴᠢᠨᠠᠷ ᠳᠠᠢ ᠮᠦᠷᠳᠡᠭᠡᠨ ᠬᠡᠷᠡᠭ᠌ᠵᠢᠭᠦᠯᠬᠦ ᠴᠢᠨᠠᠷ᠎ᠢᠶᠠᠷ ᠴᠢᠩᠭ᠎ᠠ ᠲᠤᠷᠱᠢᠯᠭ᠎ᠠ ᠪᠠ ᠠᠷᠭ᠎ᠠ ᠪᠠᠷᠢᠯ᠎ᠤᠳ ᠢᠯᠡᠷᠡᠭᠰᠡᠨ ᠪᠠᠢᠨ᠎ᠠ᠃
ᠣᠩᠨᠢᠭᠤᠳ ᠬᠣᠱᠢᠭᠤᠨ᠎ᠤ 5000 ᠭᠠᠷᠤᠶ ᠺᠠᠳ᠋ᠷ ᠣᠯᠠᠨ ᠲᠦᠮᠡᠨ ᠡᠯᠡᠰᠦᠷᠬᠡᠭ ᠭᠠᠵᠠᠷ ᠵᠦᠭ 《ᠴᠡᠷᠢᠭᠯᠡᠵᠤ》᠂ 1 ᠲᠦᠮᠡ ᠭᠠᠷᠤᠶ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠠᠯᠪᠠᠨ ᠵᠢᠷᠤᠮ ᠵᠢᠡᠷ ᠵᠠᠰᠠᠵᠠᠢ; ᠬᠡᠱᠢᠭ᠌ᠲᠡᠨ ᠬᠣᠱᠢᠭᠤᠨ᠎ᠤ ᠱᠢᠯᠢ᠎ᠶ᠋ᠢᠨ ᠭᠣᠸ᠋ᠯ᠎ᠤᠨ ᠰᠠᠪᠠ ᠭᠠᠵᠠᠷ᠂ ᠪᠠᠢ ᠲᠥ ᠵᠢᠡᠭᠽᠢ᠂ ᠬᠡᠷᠴᠢᠭ᠌ᠰᠡᠨ ᠡᠪᠡᠰᠦᠨ᠎ᠦ ᠣᠷᠣᠨ ᠵᠡᠷᠭᠡ 3 ᠭᠣᠸ᠋ᠯᠳᠠᠯᠭ᠎ᠠ᠎ᠲᠠᠶ ᠵᠠᠰᠠᠯᠳᠠ ᠵᠢᠨ ᠣᠷᠣᠨ ᠪᠦᠰᠡ᠎ᠶ᠋ᠢ ᠲᠥᠯᠥᠪᠵᠢᠭᠦᠯᠦᠨ ᠭᠠᠷᠭᠠᠵᠤ᠂ ᠮᠠᠯᠴᠢᠨ ᠲᠠᠷᠢᠶᠠᠴᠢᠨ᠎ᠢ ᠳᠠᠢᠴᠢᠯᠠᠨ ᠠᠮᠢ ᠠᠬᠤᠶ᠎ᠶ᠋ᠢᠨ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠭᠤᠯᠵᠤ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ 18.56 ᠲᠦᠮᠡᠨ ᠮᠥ᠍ ᠵᠠᠰᠠᠪᠠ; ᠠᠸ᠋ᠬᠠᠨ ᠬᠣᠱᠢᠭᠤᠨ᠎ᠤ 300 ᠭᠠᠷᠤᠶ ᠺᠠᠳ᠋ᠷ ᠠᠵᠢᠯᠲᠠᠨ ᠠᠵᠢᠯᠴᠢᠨ ᠡᠯᠡᠰᠦᠷᠬᠡᠭ ᠭᠠᠵᠠᠷ ᠵᠦᠭ 《ᠴᠡᠷᠢᠭᠯᠡᠵᠤ》᠂ 150 ᠭᠠᠷᠤᠶ ᠮᠥ᠍ 25000 ᠲᠤᠲᠤᠷᠭᠠᠨ ᠰᠦᠷᠡᠯ ᠤ᠋ᠨ ᠡᠯᠡᠰᠦᠨ ᠬᠠᠯᠬᠠᠪᠴᠢ ᠪᠤᠰᠭᠠᠵᠤ᠂ ᠬᠥᠮᠦᠨ᠎ᠦ ᠬᠦᠴᠦ᠍ ᠪᠡᠷ 100 ᠭᠠᠷᠤᠶ ᠮᠥ᠍ ᠣᠢᠵᠢᠭᠤᠯᠪᠠ ᠁
《ᠪᠢᠳᠠ ᠦᠨᠡᠨ ᠪᠤᠳᠠᠳᠠᠢ ᠠᠳᠬᠤᠨ᠂ ᠠᠮᠢ ᠠᠬᠤᠢ ᠵᠢᠨ ᠪᠦᠳᠦᠬᠡᠨ ᠪᠠᠢᠭᠤᠯᠤᠯᠳᠠ ᠵᠢ ᠠᠬᠢᠭᠤᠯᠤᠭᠠᠳ ᠦᠷ᠎ᠠ ᠪᠦᠳᠦᠮᠵᠢ ᠤᠯᠵᠤ᠂ ᠦᠨᠳᠦᠰᠦᠳᠡᠨ ᠨᠤᠬᠦᠳ ᠤ᠋ᠨ ᠤᠯᠠᠨ ᠲᠦᠮᠡᠨ ᠳ᠋ᠤ ᠨᠠᠮ ᠤ᠋ᠨ ᠬᠠᠢᠷ᠎ᠠ ᠬᠠᠯᠠᠮᠵᠢ ᠵᠢ ᠮᠡᠳᠡᠬᠦᠯᠵᠠᠢ᠃ 11 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠤᠯᠠᠭᠠᠨᠬᠠᠳᠠ ᠬᠤᠳᠠ 139.2 ᠲᠦᠮᠡᠨ ᠮᠦ᠍ ᠡᠯᠡᠰᠦᠷᠭᠡᠭᠵᠢᠯ ᠢ᠋ ᠰᠡᠷᠭᠡᠢᠯᠡᠨ ᠡᠯᠡᠰᠤ ᠵᠢ ᠵᠠᠰᠠᠵᠤ᠂ 65.77 ᠲᠦᠮᠡᠨ ᠮᠦ᠍ ᠣᠢᠵᠢᠭᠤᠯᠵᠤ᠂ 41.32 ᠲᠦᠮᠡᠨ ᠮᠦ᠍ ᠮᠠᠭᠤᠳᠠᠭ᠍ᠰᠠᠨ ᠤᠢ ᠱᠢᠭᠤᠢ᠎ᠶ᠋ᠢᠨ ᠬᠡᠰᠡᠭ᠌ᠯᠡᠯ᠎ᠦᠨ ᠥᠭᠡᠷᠡᠴᠢᠯᠡᠯᠲᠡ᠎ᠶ᠋ᠢ ᠪᠡᠶᠡᠯᠡᠭᠦᠯᠵᠤ᠂ ᠤᠳᠤ ᠤᠯᠠᠭᠠᠨᠬᠠᠳᠠ᠎ᠶ᠋ᠢᠨ ᠲᠩᠷᠢ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ ᠠᠭᠤᠯᠠ ᠨᠢ ᠨᠡᠩ ᠨᠣᠭᠣᠭᠠᠨ ᠪᠣᠯᠵᠠᠢ》 ᠭᠡᠵᠦ᠍ ᠤᠯᠠᠭᠠᠨᠬᠠᠳᠠ ᠬᠤᠳᠠ᠎ᠶ᠋ᠢᠨ ᠤᠢ ᠱᠢᠭᠤᠢ ᠪᠠ ᠨᠤᠳᠤᠭ ᠪᠡᠯᠴᠢᠬᠡᠷ᠎ᠤᠨ ᠲᠣᠪᠴᠢᠶ᠎ᠠ᠎ᠶ᠋ᠢᠨ ᠳᠠᠷᠤᠭ᠎ᠠ ᠶᠠᠩ ᠯᠸᠢ ᠬᠡᠯᠡᠭᠰᠡᠨ ᠪᠠᠢᠨ᠎ᠠ᠃