ᠣᠢᠷ᠎ᠠ᠎ᠳᠤ᠂ ᠪᠡᠭᠡᠵᠢᠩ᠎ᠦᠨ ᠭᠤᠷᠪᠠᠳᠤᠭᠠᠷ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠨᠢᠭᠡᠨ ᠬᠣᠭᠣᠯᠠᠨ ᠲᠢᠩᠬᠢᠮ᠎ᠦᠨ ᠵᠣᠴᠢᠳ᠎ᠢ ᠠᠯᠪᠠᠳᠠᠯᠭ᠎ᠠ᠎ᠪᠠᠷ ᠺᠣᠳ᠋ ᠰᠢᠷᠪᠢᠭᠦᠯᠦᠨ ᠬᠣᠭᠣᠯᠠ ᠵᠠᠬᠢᠶᠠᠯᠠᠭᠤᠯᠵᠤ ᠬᠤᠪᠢ ᠬᠥᠮᠥᠨ᠎ᠦ ᠮᠡᠳᠡᠭᠡ ᠵᠠᠩᠭᠢ᠎ᠶᠢ ᠬᠤᠷᠢᠶᠠᠨ ᠴᠤᠬᠯᠠᠭᠤᠯᠤᠬᠰᠠᠨ ᠪᠥᠭᠡᠳ ᠬᠠᠰᠤᠵᠤ ᠬᠠᠶᠠᠬᠤ ᠵᠢᠨ ᠠᠷᠭ᠎ᠠ ᠦᠭᠡᠢ ᠪᠤᠯᠤᠬᠰᠠᠨ ᠬᠡᠷᠡᠭ᠎ᠦᠨ ᠵᠢᠱ᠌ᠢᠶ᠎ᠡ᠎ᠶᠢ ᠵᠠᠷᠯᠠᠨ ᠮᠡᠳᠡᠭᠳᠡᠪᠡ᠃ ᠢᠳᠡᠭᠡᠨ ᠤᠮᠳᠠᠭᠠᠨ᠎ᠤ ᠺᠣᠮᠫᠠᠨᠢ ᠡᠴᠦᠰ᠎ᠲᠡᠬᠡᠨ ᠴᠤᠭᠯᠠᠭᠤᠯᠤᠭᠰᠠᠨ ᠬᠤᠪᠢ ᠬᠥᠮᠥᠨ᠎ᠦ ᠮᠡᠳᠡᠭᠡ ᠵᠠᠩᠭᠢ᠎ᠪᠠᠨ ᠬᠠᠰᠤᠵᠤ ᠬᠠᠶᠠᠭᠰᠠᠨᠤ ᠬᠠᠮᠲᠤ ᠵᠣᠴᠢᠳ᠎ᠲᠤ ᠪᠢᠴᠢᠭ᠎ᠦᠨ ᠬᠡᠯᠪᠡᠷᠢ᠎ᠪᠡᠷ ᠪᠤᠷᠤᠭᠤ ᠬᠦᠯᠢᠶᠡᠪᠡ᠃ ᠳᠤᠰ ᠲᠠᠰᠤᠯᠤᠯᠲᠠ᠎ᠶᠢᠨ ᠬᠡᠷᠡᠭ᠎ᠦᠨ ᠵᠢᠱ᠌ᠢᠶ᠎ᠡ᠎ᠶᠢ ᠨᠡᠢᠲᠡᠯᠡᠭᠰᠡᠨ᠎ᠦ ᠳᠠᠷᠠᠭ᠎ᠠ ᠮᠠᠰᠢ ᠲᠦᠷᠭᠡᠨ᠎ᠢᠶᠡᠷ ᠰᠦᠯᠵᠢᠶᠡᠨ᠎ᠳᠦ ᠬᠠᠯᠠᠭᠤᠷᠠᠯ ᠳᠡᠭᠳᠡᠭᠡᠪᠡ᠃ ᠡᠨᠡ ᠨᠢ ᠭᠠᠭᠴᠠ ᠬᠦ᠌ ᠡᠷᠬᠡ᠎ᠳᠦ ᠬᠠᠯᠳᠠᠭᠰᠠᠳ᠎ᠢᠶᠠᠷ ᠦᠨ᠎ᠡ ᠲᠥᠯᠥᠪᠦᠷᠢ ᠭᠠᠷᠭᠠᠭᠤᠯᠪᠠᠯ ᠰᠠᠶᠢ ᠬᠠᠤᠯᠢ ᠪᠤᠰᠤ ᠬᠤᠳᠠᠯᠳᠤᠭᠠᠴᠢᠳ᠎ᠲᠤ ᠰᠦᠷᠳᠡᠭᠦᠯᠦᠯ ᠪᠣᠯᠬᠤ᠎ᠶᠢᠨ ᠬᠠᠮᠲᠤ ᠨᠡᠩ ᠤᠯᠠᠨ ᠬᠡᠷᠡᠭᠯᠡᠭᠴᠢᠳ᠎ᠦᠨ ᠬᠠᠤᠯᠢ ᠴᠠᠭᠠᠵᠠ᠎ᠶᠢᠨ ᠵᠡᠪᠰᠡᠭ ᠢ ᠬᠡᠷᠡᠭᠯᠡᠨ᠂ ᠥᠪᠡᠷ᠎ᠦᠨ ᠡᠷᠬᠡ ᠠᠰᠢᠭ᠋᠎ᠢᠶᠠᠨ ᠢᠳᠡᠪᠬᠢᠲᠡᠢ᠎ᠪᠡᠷ ᠬᠠᠮᠠᠭᠠᠯᠠᠬᠤ᠎ᠶᠢ ᠵᠤᠷᠢᠬᠵᠢᠭᠤᠯᠤᠬᠰᠠᠨ ᠪᠠᠢᠨ᠎ᠠ᠃
ᠣᠳᠣᠬᠠᠨ᠎ᠳᠤ᠂ ᠲᠣᠭᠠᠴᠢᠯᠠᠭᠰᠠᠨ ᠮᠡᠷᠭᠡᠵᠢᠯ ᠨᠢ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠥᠷᠭᠡᠨ᠎ᠢᠶᠡᠷ ᠬᠠᠮᠤᠷᠴᠤ᠂ ᠵᠢᠱ᠌ᠢᠶᠡᠯᠡᠪᠡᠯ ᠺᠣᠳ᠋ ᠰᠢᠷᠪᠢᠵᠦ ᠬᠣᠭᠣᠯᠠ ᠵᠠᠬᠢᠶᠠᠯᠠᠬᠤ᠂ ᠺᠣᠳ᠋ ᠰᠢᠷᠪᠢᠵᠦ ᠡᠳ᠋ ᠪᠤᠳᠠᠰ ᠬᠤᠷᠢᠶᠠᠨ ᠠᠪᠬᠤ᠂ ᠺᠣᠳ᠋ ᠰᠢᠷᠪᠢᠵᠦ ᠰᠦᠢᠳᠬᠡᠯ ᠲᠤᠰᠢᠶᠠᠬᠤ ᠵᠡᠷᠭᠡ ᠥᠪᠡᠰᠦᠪᠡᠨ ᠦᠢᠯᠡᠴᠢᠯᠡᠬᠦ ᠦᠢᠯᠡᠴᠢᠯᠡᠭᠡ ᠨᠢ ᠡᠳᠦᠷ ᠲᠤᠲᠤᠮ᠎ᠤᠨ ᠠᠮᠢᠳᠤᠷᠠᠯ᠎ᠳᠤ ᠲᠥᠬᠥᠮ ᠦᠵᠡᠭᠦᠯᠵᠦ᠂ ᠬᠥᠮᠥᠨ᠎ᠦ ᠬᠦᠴᠦ ᠪᠤᠯᠤᠨ ᠴᠠᠬ᠎ᠤᠨ ᠦᠷᠳᠡᠭ᠎ᠢ ᠠᠷᠪᠢᠯᠠᠬᠰᠠᠨ ᠪᠠᠢᠨ᠎ᠠ᠃ ᠭᠡᠪᠡᠴᠦ ᠬᠡᠷᠡᠭᠯᠡᠭᠴᠢ ᠺᠣᠳ᠋ ᠰᠢᠷᠪᠢᠭᠰᠡᠨᠦ ᠳᠠᠷᠠᠭ᠎ᠠ ᠶᠡᠷᠦ᠎ᠨᠢ ᠤᠷᠢᠳ᠎ᠢᠶᠠᠷ ᠬᠤᠳᠠᠯᠳᠤᠭᠠᠴᠢᠨ᠎ᠤ ᠵᠢᠷᠬᠢᠶ᠎ᠡ ᠵᠢᠨ ᠨᠡᠶ᠋ᠢᠲᠡ᠎ᠶᠢᠨ ᠳ᠋ᠤᠭᠠᠷ᠎ᠢ ᠠᠩᠬᠠᠷᠬᠤ᠎ᠶᠢᠨ ᠬᠠᠮᠲᠤ ᠭᠠᠷ ᠤᠲᠠᠰᠤᠨ᠎ᠤ ᠨᠣᠮᠧᠷ ᠵᠡᠷᠭᠡ ᠬᠤᠪᠢ ᠬᠥᠮᠥᠨ᠎ᠦ ᠮᠡᠳᠡᠭᠡ ᠵᠠᠩᠭᠢ᠎ᠪᠡᠨ ᠳᠠᠬᠯᠠᠵᠤ ᠬᠡᠷᠡᠴᠢᠯᠡᠬᠦᠯᠪᠡᠯ ᠰᠠᠶᠢ ᠦᠢᠯᠡᠴᠢᠯᠡᠭᠡ ᠭᠥᠷᠳᠡᠵᠦ ᠳᠡᠢᠯᠳᠡᠭ᠃ ᠡᠨᠡ ᠨᠢ ᠬᠤᠳᠠᠯᠳᠤᠭᠠᠴᠢᠳ᠎ᠤᠨ ᠰᠤᠷᠠᠬ ᠵᠠᠩᠬᠢ ᠪᠡᠨ ᠳᠠᠮᠵᠢᠭᠤᠯᠵᠤ᠂ ᠪᠦᠲᠦᠭᠡᠭᠳᠡᠭᠦᠨ᠎ᠤ ᠦᠢᠯᠡᠴᠢᠯᠡᠬᠡ ᠪᠡᠨ ᠰᠢᠯᠢᠳᠡᠭᠵᠢᠬᠦᠯᠬᠦ ᠤᠬ ᠰᠠᠨᠠᠭ᠎ᠠ ᠡᠴᠡ ᠡᠬᠦᠰᠳᠡᠭ ᠪᠤᠯᠪᠠᠴᠤ ᠵᠠᠷᠢᠮ ᠬᠤᠢᠬᠤᠷ ᠰᠠᠨᠠᠭ᠎ᠠ᠎ᠲᠠᠢ ᠬᠥᠮᠥᠰ᠎ᠦᠨ ᠠᠩᠬᠠᠷᠤᠯ ᠢ᠋ ᠲᠠᠲᠠᠵᠤ᠂ ᠲᠡᠳᠡ ᠬᠡᠷᠡᠭᠯᠡᠭᠴᠢᠳ᠎ᠦᠨ ᠬᠤᠪᠢ ᠶ᠋ᠢᠨ ᠨᠢᠭᠤᠴᠠ ᠵᠢᠨ ᠰᠤᠷᠠᠭ ᠵᠠᠩᠭᠢ ᠶ᠋ᠢ ᠣᠯᠬᠤ ᠪᠠ ᠵᠠᠳᠠᠷᠠᠭᠤᠯᠬᠤ᠎ᠪᠠᠷ ᠳᠠᠮᠵᠢᠭᠤᠯᠤᠨ ᠠᠰᠢᠭ᠋ ᠣᠯᠳᠠᠭ᠃ ᠡᠨᠡ ᠨᠢ ᠬᠡᠷᠡᠭᠯᠡᠭᠴᠢᠳ᠎ᠦᠨ ᠡᠷᠬᠡ ᠠᠰᠢᠭ᠋᠎ᠲᠤ ᠬᠠᠯᠳᠠᠭᠰᠠᠨ᠎ᠢᠶᠠᠷ ᠪᠠᠷᠠᠬᠤ ᠦᠭᠡᠢ᠂ ᠨᠡᠢᠭᠡᠮ ᠨᠡᠶ᠋ᠢᠲᠡ ᠶ᠋ᠢᠨ ᠰᠡᠳᠬᠢᠴᠡ᠎ᠳᠦ ᠨᠠᠵᠠᠭᠠᠢ ᠨᠥᠯᠥᠭᠡ ᠦᠵᠡᠭᠦᠯᠳᠡᠭ᠃
ᠺᠣᠳ᠋ ᠰᠢᠷᠪᠢᠬᠦ ᠨᠢ ᠠᠮᠢᠳᠤᠷᠠᠯ᠎ᠤᠨ ᠬᠡᠷᠡᠭᠯᠡᠭᠡᠨ᠎ᠦ ᠵᠠᠪᠠᠯ ᠰᠣᠩᠭᠣᠬᠤ ᠵᠦᠢᠯ ᠪᠣᠯᠵᠤ ᠪᠣᠯᠬᠤ ᠦᠭᠡᠢ᠃ ᠬᠡᠷᠡᠭᠯᠡᠭᠴᠢᠳ ᠺᠣᠳ᠋ ᠰᠢᠷᠪᠢᠬᠦ ᠦᠢᠯᠡᠴᠢᠯᠡᠭᠡ᠎ᠶᠢ ᠰᠣᠩᠭᠣᠬᠤ ᠡᠷᠬᠡ᠎ᠲᠠᠢ ᠮᠥᠷᠲᠡᠭᠡᠨ ᠪᠠᠰᠠ ᠬᠥᠮᠥᠨ᠎ᠦ ᠬᠦᠴᠦᠨ᠎ᠦ ᠦᠢᠯᠡᠴᠢᠯᠡᠭᠡ᠎ᠶᠢ ᠰᠣᠩᠭᠣᠬᠤ ᠡᠷᠬᠡ᠎ᠲᠠᠢ᠃ ᠳᠤᠮᠳᠠᠳᠤ ᠤᠯᠤᠰ᠎ᠤᠨ ᠬᠡᠷᠡᠭᠯᠡᠭᠴᠢᠳ᠎ᠦᠨ ᠨᠡᠢᠭᠡᠮᠯᠢᠭ ᠲᠣᠳᠣᠷᠬᠠᠢ ᠢᠯᠡᠷᠬᠡᠢᠯᠡᠭᠰᠡᠨ ᠨᠢ᠂ ᠠᠵᠤ ᠠᠬᠤᠢᠯᠠᠯ᠎ᠤᠨ ᠶᠠᠮᠠᠷᠪᠠ ᠬᠤᠳᠠᠯᠳᠤᠭᠠᠨ᠎ᠤ ᠠᠵᠢᠯᠯᠠᠭ᠎ᠠ ᠨᠢ ᠴᠥᠮ ᠡᠷᠬᠡᠪᠰᠢ ᠬᠡᠷᠡᠭᠯᠡᠭᠴᠢᠳ᠎ᠦᠨ ᠬᠦᠰᠡᠯ ᠰᠠᠨᠠᠭ᠎ᠠ ᠶ᠋ᠢ ᠬᠦᠨᠳᠦᠳᠬᠡᠬᠦ᠂ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋ ᠢ᠋ ᠬᠠᠮᠠᠭᠠᠯᠠᠬᠤ ᠵᠢᠴᠢ ᠬᠠᠤᠯᠢ ᠴᠠᠭᠠᠵᠠ ᠶ᠋ᠢᠨ ᠬᠢᠵᠠᠭᠠᠷ ᠱᠤᠭᠤᠮ ᠢ᠋ ᠰᠠᠬᠢᠬᠤ ᠰᠠᠭᠤᠷᠢᠨ ᠳᠡᠭᠡᠷ᠎ᠡ ᠪᠠᠢᠭᠤᠯᠤᠭᠳᠠᠭᠰᠠᠨ ᠪᠠᠢᠬᠤ ᠬᠡᠷᠡᠭᠲᠡᠢ᠃ ᠦᠢᠯᠡᠴᠢᠯᠡᠭᠡ᠎ᠲᠠᠢ ᠬᠣᠯᠪᠣᠭᠳᠠᠯ ᠦᠭᠡᠢ ᠬᠤᠪᠢ ᠬᠥᠮᠥᠨ᠎ᠦ ᠮᠡᠳᠡᠭᠡ ᠵᠠᠩᠭᠢ᠎ᠶᠢ ᠴᠤᠬᠯᠠᠭᠤᠯᠤᠬᠰᠠᠨ ᠠᠵᠢᠯᠯᠠᠭ᠎ᠠ ᠪᠣᠯ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠮᠥᠨ᠂ ᠲᠡᠷᠡ ᠨᠢ ᠬᠡᠷᠡᠭᠯᠡᠭᠴᠢᠳ᠎ᠦᠨ ᠡᠵᠡᠨ ᠮᠡᠳᠡᠵᠦ ᠰᠣᠩᠭᠣᠬᠤ ᠡᠷᠬᠡ᠂ ᠡᠷᠬᠡ ᠲᠡᠭᠰᠢ᠎ᠪᠡᠷ ᠠᠷᠠᠯᠵᠢᠶᠠᠯᠠᠬᠤ ᠡᠷᠬᠡ᠎ᠳᠦ ᠬᠠᠯᠳᠠᠭᠰᠠᠨ ᠶᠠᠪᠤᠳᠠᠯ ᠪᠣᠯᠣᠨ᠎ᠠ ᠭᠡᠪᠡ᠃
ᠬᠤᠪᠢ ᠬᠥᠮᠥᠨ᠎ᠦ ᠨᠢᠭᠤᠴᠠ᠎ᠶᠢᠨ ᠮᠡᠳᠡᠭᠡ ᠵᠠᠩᠭᠢ᠎ᠶᠢ《ᠺᠣᠳ᠋》᠎ᠪᠡᠷ ᠵᠠᠳᠠᠷᠠᠭᠤᠯᠬᠤ᠎ᠶᠢ ᠵᠣᠭᠰᠤᠭᠠᠬᠤ᠎ᠳᠤ ᠡᠯ᠎ᠡ ᠲᠠᠯ᠎ᠠ᠎ᠶᠢᠨ ᠬᠢᠨ ᠭᠠᠷ ᠬᠣᠯᠪᠣᠯᠴᠠᠨ᠂ ᠬᠠᠮᠲᠤ᠎ᠪᠠᠷ ᠬᠦᠴᠦᠯᠡᠬᠦ ᠬᠡᠷᠡᠭᠲᠡᠢ᠃ ᠡᠩ ᠲᠡᠷᠢᠭᠦᠨ᠎ᠳᠦ᠂ ᠲᠣᠭᠠᠴᠢᠯᠠᠭᠰᠠᠨ ᠲᠠᠪᠴᠠᠩ᠎ᠢ ᠠᠰᠢᠭ᠍ᠯᠠᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠦᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠵᠢᠭ᠍ᠰᠠᠭᠠᠨ ᠪᠠᠢᠴᠠᠭᠠᠬᠤ᠂ ᠬᠢᠨᠠᠨ ᠬᠠᠮᠢᠶᠠᠷᠬᠤ᠂ ᠵᠠᠭᠠᠯᠳᠤᠬᠤ᠂ ᠪᠣᠷᠣᠯᠠᠭᠤᠯᠤᠭᠰᠠᠨ᠎ᠤ ᠳᠠᠷᠠᠭᠠᠬᠢ ᠦᠢᠯᠡᠴᠢᠯᠡᠬᠡ ᠵᠡᠷᠭᠡ᠎ᠶᠢ ᠨᠢᠭᠡ ᠴᠣᠭᠴᠠᠵᠢᠭᠤᠯᠤᠨ᠂ ᠬᠡᠷᠡᠭᠯᠡᠭᠴᠢᠳ᠎ᠦᠨ ᠡᠷᠬᠡ᠎ᠪᠡᠨ ᠬᠠᠮᠠᠭᠠᠯᠠᠬᠤ ᠠᠷᠭ᠎ᠠ ᠵᠠᠮ᠎ᠢ ᠥᠷᠭᠡᠳᠬᠡᠵᠦ᠂ ᠲᠣᠭᠠᠴᠢᠯᠠᠭᠰᠠᠨ ᠠᠷᠭ᠎ᠠ ᠪᠠᠷᠢᠯ᠎ᠳᠤ ᠲᠦᠰᠢᠭᠯᠡᠨ ᠲᠣᠭᠠᠴᠢᠯᠠᠭᠰᠠᠨ ᠡᠴᠡ ᠪᠤᠯᠤᠬᠰᠠᠨ ᠬᠡᠮ ᠰᠣᠭᠣᠭ᠎ᠢ ᠵᠠᠰᠠᠨ᠎ᠠ᠃ ᠳᠠᠷᠠᠭ᠎ᠠ ᠳ᠋ᠤᠨᠢ᠂ ᠬᠠᠮᠢᠶ᠎ᠠ ᠪᠦᠬᠦᠢ ᠬᠡᠷᠡᠭᠯᠡᠭᠡᠨ᠎ᠦ ᠡᠭᠦᠷᠭᠡ ᠴᠢᠳᠠᠪᠤᠷᠢ᠂ ᠡᠷᠬᠡ᠎ᠶᠢᠨ ᠬᠢᠵᠠᠭᠠᠷ᠎ᠢ ᠵᠢᠷᠤᠮᠵᠢᠭᠤᠯᠵᠤ᠂ ᠺᠣᠳ᠋ ᠰᠢᠷᠪᠢᠬᠦ ᠪᠠᠷᠢᠮᠵᠢᠶ᠎ᠠ᠂ ᠠᠷᠭ᠎ᠠ ᠮᠠᠶᠢᠭ᠋᠂ ᠬᠦᠷᠢᠶ᠎ᠡ ᠬᠡᠪᠴᠢᠶ᠎ᠡ᠎ᠶᠢ ᠲᠣᠳᠣᠷᠬᠠᠢᠯᠠᠵᠤ᠂ ᠠᠵᠤ ᠠᠬᠤᠢᠯᠠᠯ᠂ ᠬᠤᠳᠠᠯᠳᠤᠭᠠᠨ᠎ᠤ ᠡᠷᠦᠬᠡ᠎ᠳᠦ ᠬᠡᠷᠡᠭᠯᠡᠭᠴᠢ᠎ᠶᠢᠨ ᠮᠡᠳᠡᠭᠡ ᠵᠠᠩᠭᠢ᠎ᠶᠢ ᠣᠯᠬᠤ ᠬᠢᠵᠠᠭᠠᠷ ᠱᠤᠭᠤᠮ᠎ᠢ ᠲᠣᠭᠲᠠᠭᠠᠵᠤ ᠥᠭᠭᠦᠨ᠎ᠡ᠃ ᠪᠠᠰᠠ ᠬᠣᠯᠪᠣᠭᠳᠠᠯ ᠪᠦᠬᠦᠢ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠤᠬᠠᠭᠤᠯᠤᠨ ᠲᠦᠭᠡᠮᠡᠯᠵᠢᠭᠦᠯᠬᠦ ᠠᠵᠢᠯ᠎ᠢ ᠴᠢᠩᠭᠠᠳᠬᠠᠵᠤ᠂ ᠬᠡᠷᠡᠭᠯᠡᠭᠴᠢᠳ᠎ᠦᠨ ᠥᠪᠡᠷ᠎ᠢ᠎ᠪᠡᠨ ᠬᠠᠮᠠᠭᠠᠯᠠᠬᠤ ᠤᠬᠠᠮᠰᠠᠷ᠎ᠢ ᠴᠢᠩᠭᠠᠳᠬᠠᠬᠤ ᠬᠡᠷᠡᠭᠲᠡᠢ᠂ ᠬᠡᠷᠪᠡ ᠡᠷᠬᠡ ᠠᠰᠢᠭ᠋ ᠨᠢ ᠬᠠᠯᠳᠠᠯᠭ᠎ᠠ᠎ᠳᠤ ᠤᠴᠠᠷᠠᠪᠠᠯ᠂ ᠢᠳᠡᠪᠬᠢᠳᠡᠢ ᠪᠡᠷ ᠬᠠᠤᠯᠢ ᠴᠠᠭᠠᠵᠠ᠎ᠶᠢᠨ ᠵᠡᠪᠰᠡᠭ᠎ᠢ ᠬᠡᠷᠡᠭᠯᠡᠨ ᠥᠪᠡᠷ᠎ᠦᠨ ᠡᠷᠬᠡ ᠠᠰᠢᠭ᠋᠎ᠢᠶᠠᠨ ᠬᠠᠮᠠᠭᠠᠯᠠᠬᠤ ᠬᠡᠷᠡᠭᠲᠡᠢ᠂ ᠢᠩᠭᠢᠪᠡᠯ ᠰᠠᠶᠢ ᠬᠡᠷᠡᠭᠯᠡᠭᠡᠨ᠎ᠦ ᠶᠠᠪᠤᠴᠠ᠎ᠳᠤ ᠰᠠᠨᠠᠭ᠎ᠠ ᠠᠮᠤᠷ᠂ ᠬᠡᠷᠡᠭᠯᠡᠬᠦ᠎ᠳᠦ ᠲᠠᠭᠠᠯᠠᠮᠵᠢᠲᠠᠢ ᠪᠠᠢᠵᠤ ᠴᠢᠳᠠᠨ᠎ᠠ᠃
(《ᠠᠵᠤ ᠠᠬᠤᠢ ᠵᠢᠨ ᠡᠳᠦᠷ᠎ᠤᠨ ᠰᠤᠨᠢᠨ》 ᠡᠴᠡ ᠤᠷᠴᠢᠭᠤᠯᠤᠨ ᠨᠠᠢᠷᠠᠭᠤᠯᠪᠠ)