ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠄ ᠣᠳᠣᠬᠠᠨ᠎ᠳᠤ ᠪᠥᠬᠥ᠌ ᠤᠯᠤᠰ᠎ᠤᠨ ᠬᠢᠵᠢᠭ᠎ᠦᠨ ᠪᠠᠢᠳᠠᠯ ᠨᠢᠭᠡᠨᠲᠡ ᠬᠠᠯᠳᠠᠪᠤᠷᠢᠯᠠᠯ᠎ᠤᠨ ᠳᠤᠤᠷ᠎ᠠ ᠲᠦᠪᠱᠢᠨ᠎ᠳᠦ ᠣᠷᠣᠪᠠ
2023-02-01 17:53:47
ᠵᠣᠬᠢᠶᠠᠭ᠍ᠴᠢ᠄
​ᠯᠢ ᠾᠧᠩ ᠂ ᠬᠥ᠋ ᠲᠢᠶᠠᠨ ᠴᠧᠩ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 30 ᠎ᠤ᠋ ᠡᠳᠦᠷ ᠶᠠᠪᠤᠭ᠍ᠳᠠᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠣᠨᠢᠨ ᠮᠡᠳᠡᠭᠡᠨ᠎ᠦ ᠥᠭᠦᠯᠡᠭ᠌ᠴᠢ ᠮᠢ ᠹᠸᠩ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭ᠍ᠲᠠᠴᠠ᠎ᠶ᠋ᠢᠨ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠦᠶ᠋ᠯᠡᠴᠢᠯᠡᠭᠡ ᠪᠠᠲᠤᠯᠠᠭ᠎ᠠ᠎ᠪᠠᠨ ᠦᠷᠭᠦᠯᠵᠢᠯᠡᠨ ᠰᠠᠢᠲᠤᠷ ᠬᠢᠵᠦ᠍᠂ ᠥᠷᠭᠡᠨ ᠣᠯᠠᠨ ᠡᠮᠴᠢᠯᠡᠭᠡᠨ᠎ᠤ ᠠᠵᠢᠯᠲᠠᠨ ᠪᠠ ᠡᠯ᠎ᠡ ᠠᠵᠢᠯ ᠲᠥᠷᠥᠯ᠎ᠦᠨ ᠠᠵᠢᠯᠲᠠᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠰᠡᠷᠭᠡᠢᠯᠡᠨ ᠡᠵᠡᠮᠳᠡᠬᠦ᠌ ᠠᠵᠢᠯ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠵᠤ᠂《ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ》 ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ᠃ ᠣᠳᠣᠬᠠᠨ᠎ᠳᠤ ᠪᠥᠬᠥ᠌ ᠤᠯᠤᠰ᠎ᠲᠤ ᠪᠦᠬᠦᠯᠢ ᠴᠣᠭ᠍ᠴᠠ᠎ᠶ᠋ᠢᠨ ᠬᠢᠵᠢᠭ᠎ᠦᠨ ᠪᠠᠢᠳᠠᠯ ᠨᠢᠭᠡᠨᠲᠡ ᠬᠠᠯᠳᠠᠪᠤᠷᠢᠯᠠᠯ᠎ᠤᠨ ᠳᠤᠤᠷ᠎ᠠ ᠲᠦᠪᠱᠢᠨ᠎ᠳᠦ ᠣᠷᠣᠵᠤ᠂ ᠡᠯ᠎ᠡ ᠭᠠᠵᠠᠷ᠎ᠤᠨ ᠬᠢᠵᠢᠭ᠎ᠦᠨ ᠪᠠᠢᠳᠠᠯ ᠲᠣᠭ᠍ᠲᠠᠭᠤᠨ᠎ᠢᠶᠠᠷ ᠪᠠᠭᠤᠷᠠᠬᠤ ᠬᠠᠨᠳᠤᠰᠢ᠎ᠪᠠᠨ ᠪᠠᠲᠤᠯᠠᠵᠤ ᠪᠣᠶ ᠭᠡᠵᠦ ᠢᠯᠡᠳᠭᠡᠪᠡ᠃

ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠪᠣᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠡᠮᠴᠢᠯᠡᠭᠡᠨ᠎ᠤ ᠠᠪᠤᠷᠠᠨ ᠵᠠᠰᠠᠬᠤ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ ᠪᠣᠯᠤᠨ᠎ᠠ᠃ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠤᠷᠭᠠᠨ᠎ᠤ ᠬᠢᠨᠠᠨ ᠪᠠᠢᠴᠠᠭᠠᠬᠤ ᠲᠤᠰᠭᠠᠶ ᠲᠤᠱᠢᠶᠠᠯᠲᠠᠨ ᠹᠦ᠋ ᠸᠧᠶ᠄《ᠡᠯ᠎ᠡ ᠭᠠᠵᠠᠷ᠎ᠤᠨ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠠᠵᠢᠯᠯᠠᠭᠠᠨ᠎ᠤ ᠪᠠᠢᠳᠠᠯ ᠪᠣᠯᠤᠨ ᠬᠢᠵᠢᠭ᠎ᠦᠨ ᠪᠠᠢᠳᠠᠯ᠎ᠢ ᠨᠠᠩ ᠰᠠᠢᠲᠤᠷ ᠡᠵᠡᠮᠱᠢᠬᠦ᠌᠎ᠶ᠋ᠢᠨ ᠲᠥᠯᠥᠭᠡ᠂ ᠪᠢᠳᠡ ᠦᠨᠳᠦᠰᠦᠨ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠣᠨᠣᠱᠢᠯᠠᠨ ᠡᠮᠨᠡᠭ᠌ᠰᠡᠨ ᠪᠠᠢᠳᠠᠯ᠎ᠢ ᠡᠳᠦᠷ ᠪᠦᠷᠢ ᠬᠢᠨᠠᠨ ᠬᠡᠮᠵᠢᠬᠦ᠌᠂ ᠡᠳᠦᠷ ᠪᠦᠷᠢ ᠲᠣᠬᠢᠷᠠᠭᠤᠯᠬᠤ᠂ ᠡᠳᠦᠷ ᠪᠦᠷᠢ ᠮᠡᠳᠡᠭᠦᠯᠬᠦ᠌ ᠲᠦᠷᠢᠮ᠎ᠢ ᠪᠠᠷᠢᠮᠲᠠᠯᠠᠪᠠ᠃ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠣᠲᠠ ᠬᠥᠳᠡᠭᠡ᠎ᠶ᠋ᠢᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠬᠡᠪ᠎ᠦᠨ ᠠᠵᠢᠯᠯᠠᠭ᠎ᠠ᠎ᠪᠠᠨ ᠪᠠᠲᠤᠯᠠᠪᠠ》 ᠭᠡᠵᠦ᠍ ᠲᠠᠨᠢᠯᠴᠠᠭᠤᠯᠪᠠ᠃

《2022 ᠣᠨ᠎ᠤ 12 ᠰᠠᠷ᠎ᠠ᠎ᠶ᠋ᠢᠨ 21 ᠤ᠋ ᠡᠳᠦᠷ᠎ᠡᠴᠡ ᠡᠬᠢᠯᠡᠨ ᠬᠢᠨᠠᠨ ᠬᠡᠮᠵᠢᠯᠲᠡ ᠬᠢᠭ᠌ᠰᠡᠨ᠎ᠡᠴᠡ ᠨᠠᠭᠠᠰᠢ᠂ ᠱᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ ᠪᠠ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ᠎ᠦᠨ ᠬᠠᠯᠠᠭᠤᠷᠠᠯ᠎ᠤᠨ ᠲᠠᠰᠤᠭ ᠪᠠ ᠡᠩ᠎ᠦᠨ ᠲᠠᠰᠤᠭ᠂ ᠲᠦᠷᠭᠡᠨ ᠡᠮᠴᠢᠯᠡᠭᠡᠨ᠎ᠦ ᠣᠨᠣᠱᠢᠯᠠᠨ ᠡᠮᠨᠡᠬᠰᠡᠨ ᠬᠥᠮᠦᠨ ᠤᠳᠠᠭ᠎ᠠ᠎ᠶ᠋ᠢᠨ ᠲᠣᠭ᠎ᠠ ᠶᠡᠷᠦᠩᠬᠡᠶ᠎ᠳᠡᠭᠡᠨ ᠤᠷᠢᠳ᠎ᠢᠶᠠᠷ ᠨᠡᠮᠡᠭ᠌ᠳᠡᠵᠦ᠍ ᠳᠠᠷᠠᠭ᠎ᠠ᠎ᠨᠢ ᠪᠠᠭᠤᠷᠠᠬᠤ ᠬᠠᠨᠳᠤᠰᠢ᠎ᠲᠠᠶ ᠪᠣᠯᠵᠣ᠂ ᠣᠳᠣᠬᠠᠨ᠎ᠳᠤ ᠶᠠᠭ ᠲᠣᠭ᠍ᠲᠠᠭᠤᠨ᠎ᠢᠶᠠᠷ ᠪᠠᠭᠤᠷᠠᠵᠤ ᠪᠠᠢᠨ᠎ᠠ》᠃ ᠹᠦ᠋ ᠸᠧᠶ᠂ 2023 ᠣᠨ᠎ᠤ 1 ᠰᠠᠷ᠎ᠠ᠎ᠶ᠋ᠢᠨ 21 ᠎ᠡᠴᠡ 27 ᠎ᠤ᠋ ᠡᠳᠦᠷ ᠪᠣᠯᠲᠠᠯᠠᠬᠢ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠠᠯᠠᠭᠤᠷᠠᠯ᠎ᠤᠨ ᠲᠠᠰᠤᠭ᠎ᠤᠨ ᠣᠨᠣᠱᠢᠯᠠᠨ ᠡᠮᠨᠡᠬᠦ᠌ ᠬᠡᠮᠵᠢᠶ᠎ᠡ ᠳᠤᠤᠷ᠎ᠠ ᠪᠠᠢᠵᠤ᠂ ᠱᠢᠨ᠎ᠡ᠎ᠶ᠋ᠢᠨ ᠨᠢᠭᠡᠨ᠎ᠦ ᠣᠨᠣᠱᠢᠯᠠᠨ ᠡᠮᠨᠡᠭᠰᠡᠨ ᠬᠡᠮᠵᠢᠶ᠎ᠡ ᠬᠠᠮᠤᠭ᠎ᠤᠨ ᠳᠤᠤᠷ᠎ᠠ ᠪᠠᠢᠵᠤ᠂ ᠳᠠᠷᠠᠭ᠎ᠠ ᠨᠢ ᠵᠣᠬᠢᠬᠤ ᠬᠡᠮᠵᠢᠶ᠎ᠡ᠎ᠪᠡᠷ ᠳᠡᠭᠡᠭ᠌ᠰᠢᠯᠡᠭ᠌ᠰᠡᠨ ᠪᠣᠯᠪᠠᠴᠤ᠌ ᠪᠠᠶᠠᠷ᠎ᠤᠨ ᠡᠳᠦᠷ᠎ᠡᠴᠡ ᠡᠮᠦᠨᠡᠬᠢ ᠣᠨᠣᠱᠢᠯᠠᠨ ᠡᠮᠨᠡᠭᠰᠡᠨ ᠬᠡᠮᠵᠢᠶ᠎ᠡ᠎ᠡᠴᠡ ᠳᠤᠤᠷ᠎ᠠ ᠪᠠᠢᠵᠤ᠂ 40% ᠣᠷᠴᠢᠮ᠎ᠵᠢᠡᠷ ᠪᠠᠭᠠᠰᠪᠠ ᠃ 2022 ᠣᠨ᠎ᠤ 12 ᠰᠠᠷ᠎ᠠ᠎ᠶ᠋ᠢᠨ 23 ᠎ᠤ᠋ ᠡᠳᠦᠷ᠎ᠦᠨ ᠣᠷᠭᠢᠯ ᠬᠡᠮᠵᠢᠭ᠌ᠳᠡᠯ᠎ᠲᠡᠶ ᠬᠠᠷᠢᠴᠠᠭᠤᠯᠪᠠᠯ᠂ 94% ᠪᠡᠷ ᠪᠠᠭᠤᠷᠠᠵᠠᠶ᠃ 2023 ᠣᠨ᠎ᠤ 1 ᠰᠠᠷ᠎ᠠ᠎ᠶ᠋ᠢᠨ 27 ᠎ᠤ᠋ ᠡᠳᠦᠷ᠂ ᠦᠨᠳᠦᠰᠦᠨ ᠱᠠᠲᠤᠨ᠎ᠤ ᠪᠠᠢᠭᠤᠯᠤᠮᠵᠢ᠎ᠶ᠋ᠢᠨ ᠡᠩ᠎ᠦᠨ ᠲᠠᠰᠤᠭ᠂ ᠲᠦᠷᠭᠡᠨ ᠡᠮᠴᠢᠯᠡᠭᠡᠨ᠎ᠦ ᠬᠡᠮᠵᠢᠶ᠎ᠡ᠎ᠨᠢ 203.6 ᠲᠦᠮᠡᠨ ᠬᠥᠮᠦᠨ ᠤᠳᠠᠭ᠎ᠠ᠎ᠳᠤ ᠬᠦᠷᠴᠦ᠍᠂ ᠴᠠᠭᠠᠨ ᠰᠠᠷ᠎ᠠ᠎ᠡᠴᠡ ᠡᠮᠦᠨᠡᠬᠢ᠎ᠲᠡᠶ ᠬᠠᠷᠢᠴᠠᠭᠤᠯᠪᠠᠯ ᠠᠷᠪᠠᠨ᠎ᠤ ᠭᠤᠷᠪᠠᠨ ᠬᠤᠪᠢ ᠱᠢᠬᠠᠮ ᠪᠠᠭᠠᠰᠴᠠᠢ ᠭᠡᠵᠦ ᠲᠠᠨᠢᠯᠴᠠᠭᠤᠯᠪᠠ᠃

《ᠶᠡᠷᠦᠩᠬᠡᠶ᠎ᠳᠦᠨᠢ ᠠᠪᠴᠤ᠌ ᠦᠵᠡᠪᠡᠯ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠡᠮᠴᠢᠯᠡᠭᠡ᠎ᠪᠡᠷ ᠠᠪᠤᠷᠠᠨ ᠵᠠᠰᠠᠬᠤ ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠶᠠᠪᠤᠭ᠍ᠳᠠᠪᠠ》 ᠃ ᠹᠦ᠋ ᠸᠧᠶ᠂ ᠡᠯ᠎ᠡ ᠭᠠᠵᠠᠷ᠎ᠤᠨ ᠬᠢᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠭᠤᠤᠯᠳᠠᠯᠭ᠎ᠠ᠎ᠲᠠᠶ ᠬᠥᠮᠦᠰ ᠪᠠ ᠬᠦᠨᠳᠦ ᠡᠪᠡᠳᠴᠢᠲᠡᠨ᠎ᠢ ᠱᠢᠯᠵᠢᠭᠦᠯᠦᠨ ᠡᠮᠨᠡᠭᠦᠯᠬᠦ᠌ ᠪᠠ ᠱᠢᠯᠵᠢᠭᠦᠯᠦᠨ ᠵᠦᠬᠡᠬᠡᠪᠦᠷᠢᠯᠡᠬᠦ ᠠᠵᠢᠯ᠎ᠢ ᠢᠳᠡᠪᠬᠢᠲᠡᠶ ᠰᠠᠢᠲᠤᠷ ᠬᠢᠵᠦ᠍᠂ 120 ᠪᠠᠴᠢᠮ ᠠᠪᠤᠷᠠᠯᠲᠠ᠎ᠵᠢᠨ ᠱᠢᠯᠵᠢᠭᠦᠯᠦᠨ ᠵᠦᠬᠡᠬᠡᠪᠦᠷᠢᠯᠡᠬᠦ ᠴᠢᠳᠠᠪᠤᠷᠢ᠎ᠶ᠋ᠢ ᠥᠷᠭᠡᠳᠭᠡᠨ᠂ ᠤᠲᠠᠰᠤ ᠨᠡᠮᠡᠵᠦ ᠲᠤᠬᠢᠷᠠᠭᠤᠯᠬᠤ᠎ᠵᠢᠨ ᠬᠠᠮᠲᠤ ᠪᠠᠴᠢᠮ ᠠᠪᠤᠷᠠᠯᠳᠠ᠎ᠶ᠋ᠢᠨ ᠪᠤᠰᠤ ᠱᠢᠯᠵᠢᠭᠦᠯᠦᠨ ᠵᠦᠬᠡᠬᠡᠪᠦᠷᠢᠯᠡᠬᠦ᠌ ᠲᠡᠷᠭᠡᠨ ᠠᠩᠭᠢ᠎ᠶ᠋ᠢ ᠵᠣᠬᠢᠶᠠᠨ ᠪᠠᠢᠭᠤᠯᠵᠤ ᠡᠪᠡᠳᠴᠢᠲᠡᠨ᠎ᠢ ᠱᠢᠯᠵᠢᠭᠦᠯᠦᠨ ᠵᠦᠬᠡᠬᠡᠪᠦᠷᠢᠯᠡᠬᠦ ᠬᠡᠷᠡᠭ᠌ᠴᠡᠭᠡ᠎ᠶ᠋ᠢ ᠪᠠᠲᠤᠯᠠᠪᠠ᠃ ᠳᠡᠭᠡᠷ᠎ᠡ ᠱᠠᠲᠤᠨ᠎ᠤ ᠡᠮᠴᠢᠯᠡᠭᠡᠨ᠎ᠦ ᠪᠠᠢᠭᠤᠯᠤᠮᠵᠢ ᠪᠠᠰᠠ ᠡᠮᠨᠡᠯᠭᠡ ᠵᠢᠨ ᠬᠤᠷᠢᠢ᠎ᠠ ᠱᠢᠯᠵᠢᠬᠦ᠌ ᠰᠠᠭᠠᠳ ᠥᠬᠡᠶ ᠨᠡᠪᠲᠡᠷᠡᠬᠦ᠌ ᠵᠠᠮ᠎ᠢ ᠪᠠᠢᠭᠤᠯᠵᠤ᠂ ᠬᠦᠨᠳᠦ ᠡᠪᠡᠳᠴᠢᠲᠡᠨ᠎ᠢ ᠡᠮᠨᠡᠯᠭᠡ ᠵᠢᠨ ᠬᠤᠷᠢᠶ᠎ᠠ ᠱᠢᠯᠵᠢᠭᠦᠯᠬᠦ ᠶᠠᠪᠤᠴᠠ᠎ᠶ᠋ᠢ ᠳᠥᠭᠥᠮᠴᠢᠯᠡᠵᠦ᠍᠂ ᠴᠠᠭ ᠲᠤᠬᠠᠶ᠎ᠳᠤᠨᠢ ᠭᠥᠯᠢᠶᠡᠨ ᠠᠪᠴᠤ᠌ ᠡᠮᠨᠡᠨ ᠵᠠᠰᠠᠬᠤ ᠶ᠋ᠢ ᠦᠨᠡᠨ ᠬᠦ᠌ ᠪᠠᠲᠤᠯᠠᠵᠠᠢ ᠭᠡᠵᠦ ᠲᠠᠨᠢᠯᠴᠠᠭᠤᠯᠪᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号