— ᠶᠡᠷᠦᠨᠭᠬᠡᠢ ᠱᠦᠵᠢ ᠰᠢ ᠵᠢᠨ ᠫᠢᠩ ᠤᠨ ᠨᠠᠮ᠎ᠤᠨ ᠬᠤᠷᠢᠳᠤᠭᠠᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠨᠭᠬᠢ᠎ᠶᠢᠨ ᠰᠤᠷᠤᠯᠭ᠎ᠠ ᠡᠬᠢᠯᠡᠬᠦ ᠶᠤᠰᠤᠯᠠᠯ ᠳᠡᠭᠡᠷᠡᠬᠢ ᠴᠢᠬᠤᠯᠠ ᠶᠠᠷᠢᠶ᠎ᠠ᠎ᠵᠢ ᠭᠦᠨᠵᠡᠭᠡᠢ ᠰᠤᠷᠤᠯᠴᠠᠨ ᠤᠢᠯᠠᠭᠠᠬᠤ ᠲᠤᠬᠠᠢ ᠦᠭᠦᠯᠡᠬᠦ ᠨᠢ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮ᠎ᠤᠨ ᠣᠳᠣᠬᠢᠴᠢᠯᠠᠯᠲᠠ ᠮᠥᠨ ᠭᠡᠵᠦ ᠴᠢᠬᠤᠯᠠᠴᠢᠯᠠᠪᠠ᠃ ᠨᠠᠮ᠎ᠤᠨ ᠲᠥᠪ ᠬᠣᠷᠢᠶ᠎ᠠ᠎ᠳᠤ ᠱᠢᠨ᠎ᠡ᠎ᠪᠡᠷ ᠤᠷᠤᠬ᠍ᠰᠠᠨ ᠭᠡᠱᠢᠭᠦᠨ᠂ ᠣᠷᠣᠯᠠᠭ᠍ᠴᠢ ᠭᠡᠱᠢᠭᠦᠨ ᠪᠣᠯᠤᠨ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠭᠤ ᠺᠠᠳ᠋ᠷᠴᠤᠳ᠎ᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠡᠬᠢᠯᠡᠬᠦ᠌ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠠᠬᠢ ᠤᠳᠤᠷᠢᠳᠭᠤ ᠪᠠᠢᠷᠢ ᠰᠠᠭᠤᠷᠢ᠎ᠶ᠋ᠢ ᠭᠦᠨᠵᠡᠭᠡᠢ ᠲᠠᠢᠯᠪᠤᠷᠢᠯᠠᠵᠤ᠂ 《 ᠨᠠᠮ᠎ᠤᠨ ᠤᠳᠤᠷᠢᠳᠤᠯᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠨᠳᠦᠰᠦᠨ ᠴᠢᠭ᠌ᠯᠡᠯ᠂ ᠢᠷᠡᠭᠡᠳᠦᠢ ᠬᠤᠪᠢ ᠵᠠᠶᠠᠭ᠎ᠠ᠂ ᠡᠴᠦᠰ᠎ᠦᠨ ᠢᠯᠠᠵᠤ ᠢᠯᠠᠭ᠍ᠳᠠᠬᠤᠲᠠᠶ ᠱᠢᠭᠤᠳ ᠬᠣᠯᠪᠣᠭ᠍ᠳᠠᠨ᠎ᠠ 》 ᠭᠡᠵᠦ᠍ ᠭᠦᠨᠵᠡᠭᠡᠢ ᠵᠢᠭᠠᠵᠤ ᠭᠠᠷᠭᠠᠪᠠ᠃
ᠵᠠᠭᠤᠨ ᠵᠢᠯ᠎ᠦᠨ ᠲᠡᠦᠬᠡᠨ ᠶᠠᠪᠤᠴᠠ᠎ᠶ᠋ᠢ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠣᠳᠣᠬᠢᠴᠢᠯᠠᠯᠲᠠ᠎ᠶ᠋ᠢᠨ ᠵᠠᠮ᠎ᠢ ᠬᠠᠢᠨ ᠰᠦᠪᠡᠭ᠌ᠴᠢᠯᠡᠬᠦ᠌ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠬᠦ᠌᠎ᠪᠡᠷ ᠳᠠᠮᠵᠢᠨ ᠤᠢᠷ᠎ᠠ ᠦᠶ᠎ᠡ᠎ᠡᠴᠡ ᠨᠠᠭᠠᠱᠢᠬᠢ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠴᠢᠭ᠌ᠯᠡᠯ ᠪᠣᠯᠤᠨ ᠠᠬᠢᠴᠠ᠎ᠶ᠋ᠢ ᠭᠦᠨᠵᠡᠭᠡᠢ ᠬᠤᠪᠢᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠢᠷᠡᠭᠡᠳᠦᠢ ᠪᠣᠯᠤᠨ ᠬᠤᠪᠢ ᠵᠠᠶᠠᠭ᠎ᠠ᠎ᠶ᠋ᠢ ᠭᠦᠨᠵᠡᠭᠡᠢ ᠬᠤᠪᠢᠷᠠᠭᠤᠯᠵᠤ᠂ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠬᠠᠨᠳᠤᠰᠢ ᠪᠣᠯᠤᠨ ᠪᠠᠢᠷᠢᠱᠢᠯ᠎ᠢ ᠭᠦᠨᠵᠡᠭᠡᠢ ᠬᠤᠪᠢᠷᠠᠭᠤᠯᠪᠠ᠃ ᠳᠤᠮᠳᠠᠳᠤ᠎ᠶ᠋ᠢᠨ ᠪᠣᠯᠪᠠᠰᠤᠨ᠎ᠤ ᠲᠠᠪᠤᠨ ᠮᠢᠩᠭ᠎ᠠ ᠭᠠᠷᠤᠢ ᠵᠢᠯ᠎ᠦᠨ ᠲᠡᠦᠬᠡ᠎ᠶ᠋ᠢ ᠪᠠᠷᠠᠯᠠᠬᠤᠶ᠎ᠠ᠂ ᠠᠯᠢ ᠨᠢᠭᠡᠨ ᠤᠯᠤᠰ ᠲᠦᠷᠦ᠍᠎ᠶ᠋ᠢᠨ ᠬᠦᠴᠦᠨᠴᠦ ᠭᠡᠳ ᠳᠤᠮᠳᠠᠳᠤ ᠤᠯᠤᠰ᠎ᠤᠨ ᠡᠪ ᠬᠠᠮᠲᠤ ᠨᠠᠮ ᠱᠢᠭ᠋ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠠᠬᠢᠴᠠ᠎ᠶ᠋ᠢ ᠭᠦᠨ ᠭᠦᠨᠵᠡᠭᠡᠢ᠂ ᠲᠡᠦᠬᠡᠲᠦ ᠴᠢᠨᠠᠷᠲᠠᠢ᠎ᠪᠠᠷ ᠠᠬᠢᠭᠤᠯᠵᠤ ᠴᠢᠳᠠᠬᠤ ᠦᠭᠡᠢ ᠶᠤᠮ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ ᠰᠠᠶᠢ ᠶᠠᠳᠠᠭᠤ ᠪᠠᠭᠤᠷᠠᠢ ᠳᠦᠷᠰᠦ ᠪᠠᠢᠳᠠᠯ᠎ᠢᠶᠠᠨ ᠲᠤᠢᠯᠪᠤᠷᠢᠲᠠᠢ ᠬᠤᠪᠢᠷᠠᠭᠤᠯᠵᠤ᠂ ᠣᠳᠣᠬᠢᠴᠢᠯᠠᠯᠲᠠ᠎ᠶ᠋ᠢᠨ ᠬᠠᠷᠠᠯᠲᠠ ᠲᠡᠢᠰᠢ ᠤᠷᠤᠭ᠍ᠰᠢᠯᠠᠵᠤ᠂ ᠮᠠᠨ᠎ᠤ ᠦᠨᠳᠦᠰᠦᠲᠡᠨ ᠰᠠᠶᠢ ᠲᠤᠷᠤᠢ᠌ᠳᠠᠯᠤᠨ ᠳᠤᠮᠳᠠ᠎ᠡᠴᠡ ᠡᠷᠡᠯᠬᠡᠭ᠌ᠯᠡᠨ ᠪᠣᠰᠴᠤ᠌᠂ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠢ᠎ᠶ᠋ᠢ ᠤᠭ᠍ᠲᠤᠨ ᠠᠪᠴᠢᠷᠠᠵᠤ᠂ ᠮᠠᠨ᠎ᠤ ᠠᠷᠠᠳ ᠲᠦᠮᠡᠨ ᠰᠠᠶᠢ ᠮᠥᠯᠵᠢᠭ᠌ᠳᠡᠵᠦ᠍ ᠳᠠᠷᠤᠯᠠᠭ᠍ᠳᠠᠵᠤ ᠪᠠᠢᠭ᠎ᠠ ᠪᠠᠢᠷᠢ ᠰᠠᠭᠤᠷᠢᠡᠴᠡᠪᠠᠨ ᠲᠤᠢᠯᠪᠤᠷᠢᠲᠠᠢ ᠠᠩᠭᠢᠵᠢᠷᠠᠵᠤ᠂ ᠥᠪᠡᠷ᠎ᠦᠨ ᠬᠤᠪᠢ ᠵᠠᠶᠠᠭ᠎ᠠ᠎ᠪᠠᠨ ᠦᠨᠡᠨ ᠬᠦ᠌ ᠡᠵᠡᠮᠳᠡᠵᠦ᠍ ᠴᠢᠳᠠᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠶᠡᠬᠡ ᠦᠷ᠎ᠡ ᠪᠦᠲᠦᠭᠡᠯ ᠪᠣᠯ ᠶᠠᠭ ᠮᠠᠨ᠎ᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠤᠷᠳᠤ ᠬᠤᠭᠤᠴᠠᠭᠠᠨ᠎ᠤ ᠬᠠᠢᠨ ᠰᠦᠪᠡᠭ᠌ᠴᠢᠯᠡᠯᠳᠡ ᠪᠠ ᠦᠢᠯᠡᠳᠦᠯᠭᠡ᠎ᠶ᠋ᠢᠨ ᠳᠤᠮᠳᠠ ᠡᠴᠡ ᠣᠯᠤᠭ᠍ᠰᠠᠨ ᠶᠤᠮ᠂ ᠲᠦᠮᠡᠨ ᠪᠡᠷᠬᠡ ᠮᠢᠩᠭᠠᠨ ᠵᠣᠪᠠᠭᠤᠷᠢ᠎ᠶ᠋ᠢ ᠲᠤᠭᠤᠯᠵᠤ᠂ ᠯᠤᠲᠤ ᠶᠡᠬᠡ ᠦᠷᠡᠭᠳᠡᠯ ᠭᠠᠷᠭᠠᠭ᠍ᠰᠠᠨ ᠶᠤᠮ ᠭᠡᠳᠡᠭ᠎ᠢ ᠲᠡᠦᠬᠡ ᠪᠠ ᠦᠢᠯᠡᠳᠦᠯᠭᠡ ᠭᠦᠢᠴᠡᠳ ᠬᠠᠷᠠᠭᠤᠯᠵᠤ ᠪᠠᠢᠨ᠎ᠠ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠭ᠍ᠰᠠᠨ ᠪᠣᠯᠪᠠᠴᠤ᠌ ᠳᠤᠮᠳᠠᠳᠤ ᠤᠯᠤᠰ᠎ᠤᠨ ᠡᠪ ᠬᠠᠮᠲᠤ ᠨᠠᠮ ᠴᠤ᠌ ᠲᠡᠦᠬᠡ ᠪᠠ ᠠᠷᠠᠳ ᠲᠦᠮᠡᠨ᠎ᠦ ᠰᠣᠩᠭᠣᠯᠲᠠ᠎ᠶ᠋ᠢ ᠬᠥᠰᠡᠷᠳᠡᠭᠦᠯᠦᠭ᠌ᠰᠡᠨ ᠦᠭᠡᠢ ᠶᠤᠮ᠃
ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠤᠳᠤᠷᠢᠳᠭᠤ ᠬᠦᠴᠦᠨ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠨᠠᠮ ᠪᠠ ᠤᠯᠤᠰ᠎ᠤᠨ ᠦᠨᠳᠦᠰᠦ ᠪᠠ ᠠᠮᠢᠨ ᠰᠤᠳᠠᠰᠤ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠱᠢᠭ ᠲᠤᠰᠠ ᠪᠠ ᠬᠤᠪᠢ ᠵᠠᠶᠠᠭ᠎ᠠ᠎ᠲᠠᠶ ᠬᠣᠯᠪᠣᠭ᠍ᠳᠠᠵᠤ ᠪᠠᠢᠳᠠᠭ᠃ ᠨᠠᠮ᠎ᠤᠨ ᠱᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠢᠲᠡᠭᠡᠯ ᠪᠢᠱᠢᠷᠡᠯ ᠢᠲᠡᠭᠡᠯ ᠵᠤᠷᠢᠭ᠂ ᠲᠦᠷᠦ᠍᠎ᠶ᠋ᠢᠨ ᠪᠤᠳᠤᠯᠭ᠎ᠠ᠎ᠶ᠋ᠢᠨ ᠵᠣᠷᠢᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ ᠪᠣᠯᠬᠤ᠎ᠡᠴᠡ ᠪᠢᠰᠢ᠂ ᠬᠠᠷᠢᠨ ᠪᠤᠰᠤᠳ ᠶᠠᠮᠠᠷ ᠨᠢᠭᠡᠨ ᠣᠳᠣᠬᠢᠴᠢᠯᠠᠯᠲᠠ ᠪᠢᠰᠢ ᠭᠡᠳᠡᠭ᠎ᠢ ᠲᠣᠭ᠍ᠲᠠᠭᠠᠪᠠ᠃ ᠮᠠᠨ᠎ᠤ ᠨᠠᠮ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠦᠨᠳᠦᠰᠦᠨ ᠵᠠᠷᠴᠢᠮ᠎ᠢ ᠪᠠᠷᠢᠮᠲᠠᠯᠠᠬᠤ ᠮᠥᠷᠲᠡᠭᠡᠨ ᠪᠠᠰᠠ ᠲᠡᠭᠦᠨ᠎ᠳᠦ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ ᠪᠠ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠲᠠᠰᠤᠷᠠᠯᠲᠠ ᠦᠭᠡᠢ ᠣᠯᠭᠣᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠥᠪ ᠵᠠᠮ᠎ᠢᠶᠠᠷ ᠤᠷᠤᠭ᠍ᠰᠢᠲᠠᠢ ᠤᠷᠤᠭ᠍ᠰᠢᠯᠠᠬᠤ᠎ᠶ᠋ᠢ ᠦᠨᠡᠨ ᠬᠦ᠌ ᠪᠠᠲᠤᠯᠠᠪᠠ᠃ ᠮᠠᠨ᠎ᠤ ᠨᠠᠮ ᠮᠠᠷᠺᠰ᠎ᠤᠨ ᠦᠵᠡᠯ᠎ᠢ ᠦᠨᠳᠦᠰᠦᠨ ᠵᠢᠯᠣᠭᠣᠳᠭᠤ ᠦᠵᠡᠯ ᠰᠠᠨᠠᠭ᠎ᠠ ᠪᠣᠯᠭᠠᠬᠤ᠎ᠶ᠋ᠢ ᠪᠠᠷᠢᠮᠲᠠᠯᠠᠵᠤ᠂ ᠡᠪ ᠬᠠᠮᠲᠤ ᠨᠠᠮ᠎ᠤᠨ ᠲᠦᠷᠦ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌ ᠱᠢᠨ᠎ᠡ ᠠᠬᠤᠢ ᠪᠠᠢᠳᠠᠯ᠎ᠢ ᠲᠠᠰᠤᠷᠠᠯᠲᠠ ᠦᠭᠡᠢ ᠨᠡᠭᠡᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃ ᠮᠠᠨ᠎ᠤ ᠨᠠᠮ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠠᠰᠤᠷᠠᠯᠲᠠ ᠥᠬᠡᠶ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠂ ᠰᠠᠭᠤᠷᠢ ᠪᠠᠢᠭᠤᠯᠤᠯ᠂ ᠴᠢᠬᠤᠯᠠ ᠪᠠᠢᠭᠤᠯᠤᠯ᠎ᠢ ᠪᠠᠭ᠍ᠲᠠᠭᠠᠭ᠍ᠰᠠᠨ ᠢᠵᠢ ᠪᠦᠷᠢᠨ ᠪᠠᠢᠭᠤᠯᠤᠯ᠎ᠦᠨ ᠱᠢᠰᠲ᠋ᠧᠮ᠎ᠢ ᠪᠦᠷᠢᠯᠳᠦᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠣᠭ᠍ᠲᠠᠭᠤᠨ᠎ᠢᠶᠠᠷ ᠤᠷᠤᠭ᠍ᠰᠢᠯᠠᠬᠤ᠎ᠳᠤ ᠪᠠᠲᠤ ᠴᠢᠩᠭ᠎ᠠ ᠲᠦᠷᠢᠮ᠎ᠦᠨ ᠪᠠᠲᠤᠯᠠᠭ᠎ᠠ ᠬᠠᠩᠭᠠᠪᠠ᠃ ᠮᠠᠨ᠎ᠤ ᠨᠠᠮ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠰᠣᠶᠣᠯ᠎ᠢ ᠪᠠᠷᠢᠮᠲᠠᠯᠠᠨ ᠬᠥᠭ᠌ᠵᠢᠭᠦᠯᠵᠦ᠍᠂ ᠪᠦᠬᠦ᠌ ᠦᠨᠳᠦᠰᠦᠲᠡᠨ᠎ᠦ ᠰᠣᠶᠣᠯ᠎ᠤᠨ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠳᠤᠯᠢᠭ ᠬᠦᠴᠦᠨ᠎ᠢ ᠬᠥᠭ᠌ᠵᠢᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠤᠶᠤᠨ᠎ᠤ ᠬᠦᠴᠦᠨ᠎ᠢ ᠬᠠᠩᠭᠠᠪᠠ᠃ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠᠴᠢᠯᠠᠭ᠍ᠰᠠᠨᠴᠢᠯᠠᠨ ᠄ 《 ᠨᠠᠮ᠎ᠤᠨ ᠤᠳᠤᠷᠢᠳᠤᠯᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠨᠳᠦᠰᠦᠨ ᠱᠢᠨᠵᠢ ᠴᠢᠨᠠᠷ᠎ᠢ ᠲᠣᠭ᠍ᠲᠠᠭᠠᠳᠠᠭ᠂ ᠭᠠᠭ᠍ᠴᠠ ᠬᠦ᠌ ᠨᠠᠮ᠎ᠤᠨ ᠤᠳᠤᠷᠢᠳᠤᠯᠭ᠎ᠠ᠎ᠶ᠋ᠢ ᠥᠴᠦᠬᠡᠨ ᠴᠦ᠍ ᠭᠤᠢᠪᠢᠰᠢ ᠦᠭᠡᠶ ᠪᠠᠷᠢᠮᠲᠠᠯᠠᠪᠠᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠰᠠᠶᠢ ᠭᠡᠭᠡᠨ ᠰᠠᠷᠠᠭᠤᠯ ᠢᠷᠡᠭᠡᠳᠦᠶ᠎ᠲᠡᠶ᠂ ᠴᠡᠴᠡᠭ᠌ᠯᠡᠨ ᠬᠥᠭ᠌ᠵᠢᠵᠦ᠍ ᠴᠢᠳᠠᠨ᠎ᠠ; ᠡᠰᠡ ᠲᠡᠭᠡᠪᠡᠯ ᠠᠶᠠᠯᠠᠯ᠎ᠤᠨ ᠴᠢᠭ᠌ᠯᠡᠯ᠎ᠡᠴᠡ ᠰᠠᠯᠵᠤ᠂ ᠰᠦᠭ ᠰᠦᠨᠡᠰᠦ᠎ᠪᠡᠨ ᠠᠯᠳᠠᠵᠤ᠂ ᠴᠢᠨᠠᠭ᠍ᠰᠢᠯᠠᠪᠠᠯ ᠨᠤᠷᠠᠭᠠᠬᠤ ᠴᠢᠨᠠᠷᠲᠠᠢ ᠠᠯᠳᠠᠭ᠎ᠠ ᠭᠠᠷᠭᠠᠬᠤ ᠪᠣᠯᠤᠨ᠎ᠠ》᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠮᠦᠨ ᠴᠢᠨᠠᠷ᠎ᠤᠨ ᠱᠠᠭᠠᠷᠳᠠᠯᠭ᠎ᠠ ᠨᠢ ᠡᠩ ᠲᠡᠷᠢᠭᠦᠨ ᠳᠤ 《 ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ 》ᠶᠠᠪᠤᠳᠠᠯ ᠪᠤᠯᠤᠨ᠎ᠠ ᠭᠡᠵᠦ᠍ ᠲᠣᠳᠣᠷᠬᠠᠢ ᠳᠤᠷᠠᠳᠤᠨ ᠭᠠᠷᠭᠠᠪᠠ; ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠡᠷᠬᠡᠪᠰᠢ ᠪᠠᠲᠤ ᠡᠵᠡᠮᠱᠢᠬᠦ᠌ ᠴᠢᠬᠤᠯᠠ ᠶᠡᠬᠡ ᠵᠠᠷᠴᠢᠮ᠎ᠤᠨ ᠨᠢᠭᠡᠳᠦᠭᠡᠷ ᠵᠦᠢᠯ ᠨᠢ ᠳᠠᠷᠤᠢ 《 ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ 》 ᠶᠠᠪᠤᠳᠠᠯ ᠪᠣᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃ ᠵᠠᠭᠤᠨ ᠵᠢᠯ᠎ᠦᠨ ᠲᠤᠷᠰᠢ᠂ ᠮᠠᠨ᠎ᠤ ᠨᠠᠮ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠢᠭ᠌ᠰᠡᠨ ᠠᠯᠢᠪᠠ ᠲᠡᠮᠡᠴᠡᠯ ᠪᠣᠯ ᠳᠠᠷᠤᠢ ᠮᠠᠨ᠎ᠤ ᠤᠯᠤᠰ᠎ᠢᠶᠠᠨ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠶᠤᠮ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠪᠠᠢᠳᠠᠯ ᠪᠠ ᠡᠭᠦᠷᠭᠡ ᠶᠠᠮᠠᠷ ᠬᠤᠪᠢᠷᠠᠯᠲᠠ ᠭᠠᠷᠤᠭ᠍ᠰᠠᠨ ᠴᠤ᠌᠂ ᠶᠠᠮᠠᠷ ᠶᠠᠩᠵᠤ᠎ᠶ᠋ᠢᠨ ᠲᠤᠬ᠍ᠰᠢᠨ ᠰᠠᠯᠬᠢ ᠱᠢᠷᠦᠭᠦᠨ ᠳᠠᠪᠠᠯᠭᠠᠨ᠎ᠳᠤ ᠲᠤᠯᠭᠠᠷᠠᠭ᠍ᠰᠠᠨ ᠴᠤ᠌᠂ ᠮᠠᠨ᠎ᠤ ᠨᠠᠮ ᠴᠥᠮ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠲᠡᠮᠡᠴᠡᠯ᠎ᠦᠨ ᠬᠠᠷᠠᠯᠲᠠ᠎ᠪᠠᠨ ᠲᠣᠭ᠍ᠲᠠᠭᠠᠵᠤ᠂ ᠵᠥᠪ ᠴᠢᠭ᠌ᠯᠡᠯ᠎ᠢᠶᠡᠷ ᠡᠷᠡᠰ ᠪᠠᠲᠤ ᠤᠷᠤᠭ᠍ᠰᠢᠯᠠᠵᠤ᠂ ᠦᠶ᠎ᠡ᠎ᠵᠢᠨ ᠦᠶ᠎ᠡ᠎ᠳᠤ ᠪᠤᠤᠬᠢᠶ᠎ᠠ ᠳᠠᠮᠵᠢᠭᠤᠯᠤᠨ ᠠᠬᠢᠭᠤᠯᠵᠤ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ᠂ ᠲᠡᠦᠬᠡ᠎ᠶ᠋ᠢᠨ ᠬᠠᠭᠤᠳᠠᠰᠤ᠎ᠶ᠋ᠢ ᠭᠡᠢᠭᠦᠯᠦᠭ᠌ᠰᠡᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ᠎ᠶ᠋ᠢ ᠣᠯᠵᠠᠢ᠃ ᠦᠢᠯᠡᠳᠦᠯᠭᠡ ᠭᠦᠢᠴᠡᠳ ᠬᠡᠷᠡᠴᠢᠯᠡᠭᠰᠡᠨ ᠨᠢ᠄ ᠨᠠᠮ᠎ᠤᠨ ᠤᠳᠤᠷᠢᠳᠤᠯᠭ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠡᠮᠡᠴᠡᠬᠦ᠌ ᠬᠠᠷᠠᠯᠲᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠪᠠᠲᠤᠯᠠᠪᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠂ ᠪᠢᠳᠡᠨ᠎ᠦ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠬᠦ᠌᠎ᠶ᠋ᠢ ᠱᠠᠭᠠᠷᠳᠠᠨ᠎ᠠ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠮᠠᠨ᠎ᠤ ᠨᠠᠮ ᠢᠮᠠᠭ᠍ᠲᠠ ᠵᠣᠷᠢᠭ᠍ᠲᠠᠶ᠎ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠦᠨ᠂ ᠡᠯ᠎ᠡ ᠲᠠᠯ᠎ᠠ᠎ᠶ᠋ᠢᠨ ᠪᠠᠢᠭᠤᠯᠤᠯ ᠲᠣᠭ᠍ᠲᠡᠴᠡ᠎ᠶ᠋ᠢᠨ ᠬᠡᠮ ᠰᠣᠭᠣᠭ᠎ᠢ ᠲᠠᠰᠤᠷᠠᠯᠲᠠ ᠥᠬᠡᠶ ᠠᠷᠢᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠪᠠᠷᠠᠭ᠍ᠳᠠᠰᠢ ᠥᠬᠡᠶ ᠬᠥᠳᠡᠯᠭᠡᠬᠦ᠌ ᠬᠦᠴᠦᠨ ᠨᠡᠮᠡᠷᠢᠯᠡᠪᠡ᠃ ᠦᠢᠯᠡᠳᠦᠯᠭᠡ ᠭᠦᠢᠴᠡᠳ ᠬᠡᠷᠡᠴᠢᠯᠡᠭᠰᠡᠨ ᠨᠢ᠄ ᠨᠠᠮ᠎ᠤᠨ ᠤᠳᠤᠷᠢᠳᠤᠯᠭ᠎ᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠵᠢᠨ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠬᠥᠭ᠌ᠵᠢᠭᠡᠪᠡ᠃ ᠪᠦᠯᠬᠦᠮᠳᠡᠯ ᠪᠣᠯ ᠳᠠᠷᠤᠢ ᠬᠦᠴᠦᠨ ᠮᠥᠨ᠂ ᠪᠦᠯᠬᠦᠮᠳᠡᠪᠡᠯ ᠰᠠᠶᠢ ᠢᠯᠠᠯᠲᠠ ᠣᠯᠵᠤ ᠴᠢᠳᠠᠨ᠎ᠠ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠡᠷᠬᠡᠪᠰᠢ ᠲᠦᠭ ᠲᠦᠮᠡᠨ ᠠᠷᠠᠳ ᠲᠦᠮᠡᠨ᠎ᠦ ᠡᠭᠦᠳᠦᠨ ᠪᠦᠲᠦᠭᠡᠬᠦ᠌ ᠠᠤᠭ᠎ᠠ ᠬᠦᠴᠦᠨ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃ ᠮᠠᠨ᠎ᠤ ᠨᠠᠮ ᠢᠮᠠᠭ᠍ᠲᠠ ᠨᠠᠮ᠎ᠤᠨ ᠤᠯᠠᠨ ᠲᠦᠮᠡᠨᠴᠢ ᠱᠤᠭᠤᠮ᠎ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠪᠦᠬᠦ᠌ ᠠᠷᠠᠳ ᠲᠦᠮᠡᠨ᠎ᠦ ᠡᠵᠡᠨ ᠬᠥᠮᠦᠨ᠎ᠦ ᠵᠣᠷᠢᠭ ᠰᠠᠨᠠᠭ᠎ᠠ᠎ᠶ᠋ᠢ ᠭᠦᠢᠴᠡᠳ ᠬᠥᠭ᠌ᠵᠢᠭᠡᠪᠡ᠃ ᠦᠢᠯᠡᠳᠦᠯᠭᠡ ᠭᠦᠢᠴᠡᠳ ᠬᠡᠷᠡᠴᠢᠯᠡᠭᠰᠡᠨ ᠨᠢ᠄ ᠨᠠᠮ᠎ᠤᠨ ᠤᠳᠤᠷᠢᠳᠤᠯᠭ᠎ᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠦᠲᠦᠭᠡᠨ ᠪᠠᠢᠭᠤᠯᠬᠤ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠵᠠᠶ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠨ ᠴᠢᠩᠭᠠᠳᠭᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠡᠯ᠎ᠡ ᠬᠦᠷᠢᠢ᠎ᠡ ᠡᠯ᠎ᠡ ᠲᠠᠯ᠎ᠠ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠵᠤ᠂ ᠨᠠᠮ᠎ᠢ ᠢᠮᠠᠭ᠍ᠲᠠ ᠰᠠᠯᠬᠢ ᠪᠣᠷᠣᠭᠠᠨ ᠢᠷᠡᠬᠦ᠌ ᠦᠶ᠎ᠡ᠎ᠶ᠋ᠢᠨ ᠪᠦᠬᠦ᠌ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ ᠪᠣᠯᠭᠠᠪᠠᠯ᠂ ᠯᠠᠪᠲᠠᠢ ᠮᠠᠨ᠎ᠤ ᠤᠯᠤᠰ᠎ᠤᠨ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠵᠥᠪ ᠴᠢᠭ᠌ᠯᠡᠯ᠎ᠢ ᠪᠠᠲᠤᠯᠠᠵᠤ᠂ ᠪᠦᠯᠬᠦᠮᠳᠡᠨ ᠲᠡᠮᠡᠴᠡᠬᠦ᠌ ᠬᠦᠴᠦᠷᠬᠡᠭ ᠶᠡᠬᠡ ᠤᠯᠤᠰ ᠲᠦᠷᠦ᠍᠎ᠶ᠋ᠢᠨ ᠨᠢᠭ᠍ᠲᠠᠷᠠᠯ᠎ᠤᠨ ᠬᠦᠴᠦᠨ᠂ ᠬᠥᠭ᠌ᠵᠢᠯᠲᠡ᠎ᠶ᠋ᠢᠨ ᠢᠲᠡᠭᠡᠯ ᠵᠣᠷᠢᠭᠲᠠᠶ ᠪᠠᠢᠬᠤ᠎ᠶ᠋ᠢ ᠪᠠᠲᠤᠯᠠᠵᠤ᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠭᠡᠳᠦᠨ ᠴᠠᠭ᠎ᠤᠨ ᠪᠡᠷᠬᠡ᠎ᠶ᠋ᠢ ᠬᠠᠮᠲᠤ᠎ᠪᠠᠷ ᠲᠤᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
ᠥᠩᠭᠡᠷᠡᠭ᠌ᠰᠡᠨ᠎ᠦ ᠲᠡᠮᠡᠴᠡᠯ᠎ᠦᠨ ᠵᠠᠮ᠎ᠢᠶᠠᠨ ᠡᠷᠭᠢᠴᠡᠭᠦᠯᠵᠦ᠍ ᠦᠵᠡᠪᠡᠯ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠱᠢᠨ᠎ᠡ ᠠᠷᠠᠳᠴᠢᠯᠠᠭ᠍ᠰᠠᠨ ᠬᠤᠪᠢᠰᠭᠠᠯ᠂ ᠨᠡᠢᠭᠡᠮ ᠵᠢᠷᠤᠮᠲᠤ ᠬᠤᠪᠢᠰᠭᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠲᠤ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠬᠡ ᠢᠯᠠᠯᠲᠠ᠎ᠶ᠋ᠢ ᠣᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠶ᠋ᠢ ᠨᠡᠭᠡᠭᠡᠭ᠌ᠰᠡᠨ ᠪᠠᠢᠨ᠎ᠠ᠃ ᠤᠷᠤᠭ᠍ᠰᠢᠯᠠᠯᠲᠠ᠎ᠶ᠋ᠢᠨ ᠵᠠᠮ᠎ᠢ ᠪᠠᠷᠠᠯᠠᠬᠤᠶ᠎ᠠ᠂ ᠱᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠠᠯᠤᠰ᠎ᠤᠨ ᠠᠶᠠᠨ ᠮᠥᠨ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠱᠢᠨ᠎ᠡ ᠠᠶᠠᠨ ᠳ᠋ᠦ ᠡᠷᠡᠯᠬᠡᠭ᠌ᠯᠡᠨ ᠤᠷᠤᠭ᠍ᠰᠢᠯᠠᠬᠤ ᠴᠠᠭ ᠦᠶ᠎ᠡ᠎ᠶ᠋ᠢᠨ ᠪᠦᠷᠢᠢᠡᠶ᠋ᠢ ᠬᠠᠩᠭᠢᠨᠠᠭᠤᠯᠪᠠ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠵᠠᠩᠭᠢᠯᠠᠭ᠎ᠠ ᠨᠢ ᠨᠠᠮ᠎ᠳᠤ ᠪᠠᠢᠨ᠎ᠠ᠃ ᠪᠢᠳᠠ ᠱᠢᠨ᠎ᠡ ᠬᠠᠷᠠᠯᠲᠠ ᠵᠦᠭ ᠡᠷᠡᠯᠬᠡᠭ᠌ᠯᠡᠨ ᠤᠷᠤᠭ᠍ᠰᠢᠯᠠᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ 》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠨ᠂ 《 ᠳᠥᠷᠪᠡᠨ ᠤᠬᠠᠮᠰᠠᠷ 》 ᠵᠢᠡᠨ ᠴᠢᠩᠭᠠᠳᠭᠠᠵᠤ᠂ 《 ᠳᠥᠷᠪᠡᠨ ᠢᠲᠡᠭᠡᠯ 》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠦᠨ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠪᠠᠨ ᠴᠢᠩᠭᠠᠳᠭᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠨᠲᠠᠷᠠᠰᠢ ᠦᠭᠡᠢ ᠲᠡᠮᠡᠴᠡᠬᠦ᠌ ᠵᠣᠷᠢᠭ᠎ᠢᠶᠠᠷ ᠲᠣᠭ᠍ᠲᠠᠭ᠍ᠰᠠᠨ ᠬᠠᠷᠠᠯᠲᠠ᠎ᠪᠠᠨ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠭᠡᠬᠦ᠌ ᠡᠨᠡ ᠬᠦ᠌ ᠤᠯᠤᠰ᠎ᠢᠶᠡᠨ ᠬᠦᠴᠦᠷᠭᠡᠭᠵᠢᠭᠦᠯᠬᠦ ᠪᠦᠲᠦᠭᠡᠨ ᠪᠠᠢᠭᠤᠯᠤᠯᠲᠠ᠎ᠶ᠋ᠢ ᠳᠠᠭᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠴᠤᠷ᠎ᠤᠨ ᠭᠠᠭ᠍ᠴᠠ ᠵᠥᠪ ᠵᠠᠮ᠎ᠵᠢᠡᠷ ᠶᠡᠬᠡ ᠠᠯᠬᠤᠮ᠎ᠢᠶᠠᠷ ᠤᠷᠤᠭ᠍ᠰᠢᠯᠠᠶ᠎ᠠ!
( ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ )