ᠬᠠᠷᠠᠴᠢᠨ ᠬᠣᠱᠢᠭᠤ 《 ᠪᠢᠴᠢᠯ ᠬᠢᠴᠢᠶᠡᠯ᠎ᠦᠨ ᠲᠠᠩᠬᠢᠮ 》 ᠵᠢᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠷᠠᠳ ᠣᠯᠠᠨ᠎ᠳ᠋ᠦ ᠰᠠᠢᠳᠤᠷ ᠤᠬᠠᠭᠤᠯᠵᠤ ᠪᠤᠢ
2023-02-12 17:39:03
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠬᠠᠷᠠᠴᠢᠨ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠂ ᠬᠠᠷᠠᠴᠢᠨ ᠬᠣᠱᠢᠭᠤᠨ᠎ᠤ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠂ ᠬᠠᠷᠠᠴᠢᠨ ᠬᠣᠱᠢᠭᠤᠨ᠎ᠤ ᠬᠠᠮ ᠵᠠᠭᠤᠴᠢᠯᠠᠭᠤᠷ᠎ᠤᠨ ᠲᠥᠪ᠎ᠡᠴᠡ ᠬᠠᠮᠲᠤᠷᠠᠵᠤ ᠭᠣᠣᠯᠯᠠᠨ ᠡᠷᠬᠢᠯᠡᠭᠰᠡᠨ 《ᠨᠠᠮ᠎ᠤᠨ ᠬᠣᠷᠢᠳᠤᠭᠠᠷ ᠶᠡᠬᠡ ᠬᠤᠷᠠᠯ ᠤ᠋ᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠨᠠᠷᠢᠯᠢᠭ ᠣᠢᠯᠠᠭᠠᠵᠤ᠂ ᠡᠷᠡᠯᠬᠡᠭᠯᠡᠨ ᠤᠷᠤᠭ᠍ᠰᠢᠯᠠᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌》 ᠪᠡᠷ ᠭᠣᠣᠯ ᠰᠡᠳᠦᠪ ᠪᠣᠯᠭᠠᠭ᠍ᠰᠠᠨ ᠤᠨᠤᠯ ᠤ᠋ᠨ ᠤᠬᠠᠭᠤᠯᠭ᠎ᠠ ᠵᠢᠨ 《 ᠪᠢᠴᠢᠯ ᠬᠢᠴᠢᠶᠡᠯ᠎ᠦᠨ ᠲᠠᠩᠬᠢᠮ 》 ᠵᠢᠩᠬᠢᠨᠢ᠎ᠪᠡᠷ ᠬᠢᠴᠢᠶᠠᠯ ᠡᠬᠢᠯᠡᠪᠡ᠃

ᠬᠠᠷᠠᠴᠢᠨ ᠬᠣᠱᠢᠭᠤᠨ᠎ᠤ ᠤᠨᠤᠯ ᠤ᠋ᠨ ᠤᠬᠠᠭᠤᠯᠭ᠎ᠠ ᠵᠢᠨ 《ᠪᠢᠴᠢᠯ ᠬᠢᠴᠢᠶᠡᠯ᠎ᠦᠨ ᠲᠠᠩᠬᠢᠮ》 ᠨᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ᠎ᠶ᠋ᠢᠨ ᠲᠣᠭᠣᠷᠢᠨ᠎ᠳᠤ᠂ 《ᠨᠢᠭᠡ ᠪᠠᠭ᠍ᠰᠢ᠂ ᠨᠢᠭᠡ ᠬᠢᠴᠢᠶᠡᠯ᠎ᠦᠨ ᠲᠠᠪᠴᠠᠩ᠂ ᠨᠢᠭᠡ ᠬᠢᠴᠢᠶᠡᠯ᠎ᠦᠨ ᠲᠠᠩᠬᠢᠮ》 ᠢ᠋ᠶ᠋ᠡᠷ ᠲᠠᠮᠵᠢᠭᠤᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ 《ᠰᠦᠯᠵᠢᠶᠡᠨ ᠳᠡᠭᠡᠷᠡᠬᠢ ᠰᠤᠷᠤᠯᠴᠠᠯᠭ᠎ᠠ᠎ᠶ᠋ᠢᠨ ᠲᠥᠪ》 ᠢ᠋ ᠴᠤᠭᠴᠠᠯᠠᠵᠤ᠂ ᠪᠥᠬᠥ᠌ ᠬᠣᠱᠢᠭᠤᠨ᠎ᠤ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠳᠦ ᠰᠤᠳᠤᠯᠤᠨ ᠰᠤᠷᠤᠯᠴᠠᠵᠤ ᠤᠯᠤᠯᠳᠠ ᠲᠦᠷᠦᠭᠲᠡᠯ ᠵᠢᠡᠨ ᠰᠣᠯᠢᠯᠴᠠᠬᠤ ᠴᠢᠬᠤᠯᠠ ᠲᠠᠪᠴᠠᠩ᠎ᠢ ᠪᠠᠢᠭᠤᠯᠤᠨ ᠦᠭᠴᠦ᠂ ᠣᠨᠣᠯ᠎ᠤᠨ ᠰᠤᠷᠤᠯᠴᠠᠯᠭ᠎ᠠ᠎ᠶ᠋ᠢᠨ ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ᠎ᠶ᠋ᠢ ᠶᠡᠬᠡᠬᠡᠨ ᠳᠡᠭᠡᠭ᠌ᠰᠢᠯᠡᠭᠦᠯᠵᠡᠢ᠃

《ᠸᠢᠳᠢᠣ᠋ ᠦᠵᠡᠵᠤ ᠤᠨᠤᠯ ᠰᠤᠷᠬᠤ ᠨᠢ ᠴᠠᠭ ᠪᠠ ᠣᠷᠣᠨ ᠵᠠᠢ᠎ᠳ᠋ᠦ ᠬᠢᠵᠠᠭᠠᠷᠯᠠᠭᠳᠠᠬᠤ ᠦᠭᠡᠢ ᠪᠠᠢᠵᠤ᠂ ᠰᠤᠯᠠ ᠰᠡᠯᠡᠬᠦᠦ ᠴᠠᠭ ᠵᠢᠡᠨ ᠠᠰᠢᠭᠯᠠᠨ ᠰᠤᠷᠤᠯᠴᠠᠵᠤ ᠪᠤᠯᠳᠠᠭ᠂ ᠮᠠᠨᠤᠰ ᠰᠢᠭ᠋ ᠬᠠᠷᠠᠭ᠎ᠠ ᠮᠠᠭᠤᠳᠠᠭᠰᠠᠨ ᠨᠠᠰᠤᠲᠠᠢᠴᠤᠳ ᠲᠤ᠌ ᠠᠪᠴᠤ ᠬᠡᠯᠡᠪᠡᠯ ᠰᠤᠨᠤᠰᠴᠤ ᠪᠠᠢᠭᠠᠳ ᠰᠤᠷᠤᠭᠰᠠᠨ ᠴᠤ᠌ ᠪᠤᠯᠤᠨ᠎ᠠ᠂ ᠶᠡᠬᠡ ᠲᠦᠭᠦᠮ ᠪᠤᠯᠤᠭᠰᠠᠨ ᠰᠢᠦ》 ᠭᠡᠵᠤ 80 ᠨᠠᠰᠤᠲᠠᠢ ᠠᠬᠠᠮᠠᠳ ᠨᠠᠮ᠎ᠤᠨ ᠭᠡᠱᠢᠭᠦᠨ ᠵᠠᠩ ᠱᠤᠤ ᠲᠢᠩ ᠶᠠᠷᠢᠵᠤ ᠪᠠᠢᠯ᠎ᠠ᠃ 

ᠤᠨᠤᠯ ᠤ᠋ᠨ ᠤᠬᠠᠭᠤᠯᠭ᠎ᠠ ᠵᠢᠨ 《ᠪᠢᠴᠢᠯ ᠬᠢᠴᠢᠶᠡᠯ᠎ᠦᠨ ᠲᠠᠩᠬᠢᠮ》ᠨᠢ ᠪᠠᠢᠭᠤᠯᠤᠭᠳᠠᠭᠰᠠᠨ ᠡᠴᠡ ᠪᠡᠨ ᠨᠠᠭᠠᠰᠢ ᠨᠠᠮ᠎ᠤᠨ ᠭᠡᠱᠢᠭᠦᠨ ᠺᠠᠳ᠋ᠷ ᠤᠯᠠᠨ ᠲᠦᠮᠡᠨ᠎ᠦ ᠬᠠᠯᠠᠭᠤᠨ ᠬᠦᠷᠢᠶᠡᠯᠡᠯ᠎ᠢ ᠤᠯᠤᠭᠰᠠᠨ ᠪᠠᠢᠨ᠎ᠠ᠃ 《ᠤᠨᠤᠯ ᠤ᠋ᠨ ᠤᠬᠠᠭᠤᠯᠭ᠎ᠠ ᠵᠢᠨ 〈ᠪᠢᠴᠢᠯ ᠬᠢᠴᠢᠶᠡᠯ᠎ᠦᠨ ᠲᠠᠩᠬᠢᠮ〉 ᠤ᠋ᠨ ᠬᠡᠯᠪᠡᠷᠢ ᠨᠢ ᠣᠬᠣᠷ ᠮᠦᠷᠲᠡᠭᠡᠨ ᠨᠠᠷᠢᠯᠢᠭ᠂ ᠠᠭᠤᠯᠭ᠎ᠠ ᠨᠢ ᠪᠠᠶᠠᠯᠢᠭ ᠮᠦᠷᠲᠡᠭᠡᠨ ᠱᠢᠨ᠎ᠡ ᠰᠡᠪᠡᠭᠦᠨ ᠪᠠᠢᠵᠤ᠂ ᠪᠢᠴᠢᠯ ᠬᠢᠴᠢᠶᠡᠯ ᠱᠢᠩᠭᠡᠭᠡᠨ ᠦᠢᠯᠡᠳᠬᠦ᠌᠂ ᠰᠦᠯᠵᠢᠶᠡᠨ ᠳᠡᠭᠡᠷ᠎ᠡ ᠤᠬᠠᠭᠤᠯᠤᠨ ᠲᠠᠢᠯᠪᠤᠷᠢᠯᠠᠬᠤ ᠠᠷᠭ᠎ᠠ ᠬᠡᠯᠪᠡᠷᠢ᠎ᠪᠠᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ ᠪᠥᠭᠡᠳ ᠨᠡᠪᠲᠡᠷᠬᠡᠢ ᠰᠠᠢᠬᠠᠨ ᠶᠠᠷᠢᠵᠤ᠂ ᠤᠯᠠᠨ ᠲᠦᠮᠡᠨ᠎ᠦ ᠰᠡᠳᠭᠢᠯ ᠵᠢᠷᠦᠬᠡᠨ᠎ᠳᠦ ᠬᠠᠳᠠᠩᠱᠢᠭᠤᠯᠵᠤ᠂ ᠨᠠᠮ᠎ᠤᠨ 〈ᠳᠠᠭᠤᠨ〉 ᠢ᠋ ᠦᠨᠳᠦᠰᠦᠨ ᠱᠠᠲᠤᠨ᠎ᠳ᠋ᠦ ᠳᠠᠮᠵᠢᠭᠤᠯᠤᠨ ᠦᠭᠴᠦ ᠪᠠᠢᠨ᠎ᠠ 》 ᠭᠡᠵᠤ ᠬᠠᠷᠠᠴᠢᠨ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠡᠷᠬᠢᠯᠡᠭ᠌ᠴᠢ ᠰᠦᠨ ᠸᠧᠶ ᠬᠡᠯᠡᠵᠡᠢ᠃

ᠤᠨᠤᠯ ᠤ᠋ᠨ ᠤᠬᠠᠭᠤᠯᠭ᠎ᠠ ᠵᠢᠨ 《ᠪᠢᠴᠢᠯ ᠬᠢᠴᠢᠶᠡᠯ᠎ᠦᠨ ᠲᠠᠩᠬᠢᠮ》 ᠨᠢ ᠬᠠᠷᠠᠴᠢᠨ ᠬᠣᠱᠢᠭᠤᠨ᠎ᠤ ᠣᠨᠣᠯ ᠤᠬᠠᠭᠤᠯᠤᠨ ᠲᠠᠢᠯᠪᠤᠷᠢᠯᠠᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ《ᠬᠠᠮᠤᠭ᠎ᠤᠨ ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠬᠦ᠌ ᠳ᠋ᠤ ᠢᠳᠡᠪᠬᠢᠲᠡᠶ ᠰᠦᠪᠡᠭ᠌ᠴᠢᠯᠡᠯᠲᠡ ᠪᠠ ᠠᠱᠢᠭ᠍ᠲᠠᠶ ᠦᠶ᠋ᠯᠡᠳᠦᠯᠭᠡ ᠪᠠᠢᠵᠤ᠂ ᠳᠠᠷᠠᠭᠠᠴᠢ᠎ᠵᠢᠨ ᠠᠯᠬᠤᠮ᠎ᠳ᠋ᠦ᠂ ᠪᠠᠰᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠤᠶᠠᠯᠳᠤᠭᠤᠯᠤᠨ ᠠᠯᠢ ᠤᠯᠠᠨ ᠪᠠᠶᠠᠯᠢᠭ ᠰᠠᠢᠬᠠᠨ ᠪᠣᠯᠪᠠᠰᠤᠨ ᠤ᠋ ᠦᠶ᠋ᠯᠡᠳᠦᠯᠭᠡ᠎ᠶ᠋ᠢᠨ ᠠᠵᠢᠯᠯᠠᠭᠠᠨ ᠢ᠋ ᠵᠤᠬᠢᠶᠠᠨ ᠪᠠᠢᠭᠤᠯᠤᠨ ᠦᠷᠨᠢᠬᠦᠯᠵᠦ᠂ ᠰᠦᠯᠵᠢᠶᠡᠨ ᠳᠡᠭᠡᠷᠡᠬᠢ 《ᠪᠢᠴᠢᠯ ᠬᠢᠴᠢᠶᠡᠯ᠎ᠦᠨ ᠲᠠᠩᠬᠢᠮ》 ᠢ᠋ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯ᠎ᠤᠨ ᠣᠨᠴᠠᠯᠢᠭ᠍ᠲᠤ ᠲᠥᠷᠥᠯ ᠲᠡᠮᠳᠡᠭᠳᠦ ᠪᠣᠯᠭᠠᠬᠤ᠎ᠪᠠᠷ ᠴᠢᠷᠮᠠᠢᠵᠤ᠂ ᠲᠥᠷᠥ᠎ᠶ᠋ᠢᠨ ᠪᠣᠳᠣᠯᠭ᠎ᠠ᠎ᠶ᠋ᠢ ᠠᠷᠠᠳ ᠲᠦᠮᠡᠨ᠎ᠤ ᠰᠡᠳᠭᠢᠯ ᠵᠢᠷᠦᠬᠡᠨ᠎ᠳᠦ ᠬᠠᠳᠠᠩᠱᠢᠭᠤᠯᠤᠨ᠂ ᠤᠯᠠᠨ ᠲᠦᠮᠡᠨ ᠢ᠋ ᠨᠠᠩ ᠰᠠᠢᠳᠤᠷ ᠬᠥᠮᠦᠵᠢᠬᠦᠯᠦᠨ ᠪᠦᠯᠬᠦᠮᠳᠡᠬᠦᠯᠵᠦ᠂ ᠬᠦᠳᠦᠯᠦᠨ ᠵᠢᠯᠤᠭᠤᠳᠴᠤ᠂ ᠣᠯᠠᠨ ᠲᠦᠮᠡᠨ᠎ᠳᠦ ᠰᠠᠢᠲᠤᠷ ᠦᠶ᠋ᠯᠡᠴᠢᠯᠡᠵᠦ᠂ ᠬᠠᠷᠠᠴᠢᠨ ᠬᠣᠱᠢᠭᠤᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠳᠤ ᠴᠢᠨᠭᠭ᠎ᠠ ᠦᠵᠡᠯ ᠰᠠᠨᠠᠭᠠᠨ᠎ᠤ ᠪᠠᠲᠤᠯᠠᠭ᠎ᠠ ᠪᠠ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ ᠬᠠᠡᠭᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号