ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠵᠠᠭᠤ ᠮᠢᠩᠭᠠᠨ ᠵᠢᠯ᠎ᠦᠨ ᠲᠤᠷᠱᠢᠬᠢ ᠬᠦᠰᠡᠯ ᠮᠦᠷᠦᠭᠡᠳᠦᠯ ᠪᠠ ᠬᠥᠭᠡᠭᠡᠴᠡᠯᠳᠦᠯ ᠮᠥᠨ᠂ ᠪᠠᠰᠠ ᠴᠤ᠌ ᠨᠠᠮ᠎ᠤᠨ ᠲᠦᠷᠦ᠍ ᠪᠠᠷᠢᠬᠤ ᠰᠠᠭᠤᠷᠢ᠎ᠲᠠᠶ ᠬᠣᠯᠪᠣᠭ᠍ᠳᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠠᠰᠠᠭᠤᠳᠠᠯ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ᠎ᠶ᠋ᠢᠨ ᠨᠢᠭᠡ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ ᠭᠡᠵᠦ᠍ ᠵᠢᠭᠠᠵᠤ ᠭᠠᠷᠭᠠᠪᠠ᠃ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠮᠦᠷᠦᠭᠡᠳᠦᠯ᠎ᠢ ᠪᠡᠶᠡᠯᠡᠭᠦᠯᠬᠦ᠌᠎ᠵᠢ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠡᠭᠦᠰᠦᠯᠲᠡ ᠪᠠ ᠲᠤᠰᠤᠯᠳᠠ ᠪᠠᠨ ᠪᠣᠯᠭᠠᠬᠤ᠎ᠶ᠋ᠢ ᠪᠠᠷᠢᠮᠲᠠᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠦᠴᠦᠯᠡᠨ ᠬᠠᠮᠠᠭᠠᠯᠠᠵᠤ ᠠᠬᠢᠭᠤᠯᠤᠨ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠬᠦᠴᠦᠯᠡᠨ ᠠᠬᠢᠭᠤᠯᠵᠤ᠂ ᠬᠣᠶᠠᠷ ᠲᠠᠢᠰᠢ ᠲᠤᠢᠯᠰᠢᠷᠠᠬᠤ ᠶ᠋ᠢ ᠲᠠᠰᠤ ᠰᠡᠷᠭᠡᠢᠯᠡᠬᠦ ᠬᠡᠷᠡᠭᠳᠡᠢ᠃ ᠡᠨᠡ ᠬᠦ᠌ ᠴᠢᠬᠤᠯᠠ ᠨᠤᠲᠠᠯᠠᠯᠲᠠ ᠨᠢ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠲᠡᠢᠰᠢ ᠵᠠᠮᠨᠠᠬᠤ 《ᠤᠷᠤᠭᠰᠢᠯᠠᠯᠳᠠ ᠵᠢᠨ ᠪᠦᠷᠢᠶ᠎ᠡ》 ᠶ᠋ᠢ ᠬᠠᠩᠭᠢᠨᠠᠭᠤᠯᠤᠭ᠍ᠰᠠᠨ ᠪᠥᠭᠡᠳ ᠪᠢᠳᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠬᠤ᠎ᠳᠤ ᠲᠣᠳᠣᠷᠬᠠᠢ ᠴᠢᠭ᠌ᠯᠡᠯ᠎ᠢ ᠵᠢᠭᠠᠵᠤ ᠥᠭ᠌ᠭᠦᠭ᠌ᠰᠡᠨ ᠪᠠᠢᠨ᠎ᠠ᠃
《ᠬᠣᠶᠠᠷ ᠭᠤᠢᠪᠢᠰᠢ ᠦᠭᠡᠢ》 ᠶ᠋ᠢ ᠢᠮᠠᠭ᠍ᠲᠠ ᠪᠠᠷᠢᠮᠲᠠᠯᠠᠨ᠎ᠠ
ᠱᠢᠨ᠎ᠡ ᠠᠶᠠᠨ᠎ᠳᠤ᠂ ᠪᠢᠳᠠ ᠢᠮᠠᠭ᠍ᠲᠠ 《ᠬᠣᠶᠠᠷ ᠭᠤᠢᠪᠢᠰᠢ ᠦᠭᠡᠢ》 ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠡᠯ᠎ᠡ ᠲᠦᠷᠦᠯ᠎ᠦᠨ ᠪᠠᠶᠠᠴᠢ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭ᠌ᠵᠢᠭᠡᠵᠦ᠍᠂ ᠡᠯ᠎ᠡ ᠲᠦᠷᠦᠯ᠎ᠦᠨ ᠦᠢᠯᠡᠳᠪᠦᠷᠢᠯᠡᠯ᠎ᠦᠨ ᠡᠯᠧᠮᠧᠨ᠋ᠲ᠎ᠢ ᠵᠠᠬ᠎ᠠ ᠳᠡᠯᠭᠡᠭᠦᠷ᠎ᠦᠨ ᠬᠤᠪᠢᠶᠠᠷᠢᠯᠠᠯᠲᠠ᠎ᠳᠤ ᠣᠷᠣᠯᠴᠠᠭᠤᠯᠵᠤ᠂ ᠵᠠᠬ᠎ᠠ ᠳᠡᠯᠭᠡᠭᠦᠷ᠎ᠦᠨ ᠦᠢᠯᠡᠳᠦᠯ᠎ᠢ ᠬᠠᠮᠤᠭ᠎ᠤᠨ ᠶᠡᠬᠡᠪᠡᠷ ᠪᠠᠳᠠᠷᠠᠭᠤᠯᠬᠤ ᠬᠡᠷᠡᠭ᠌ᠲᠡᠢ᠃
ᠨᠡᠢᠲᠡ᠎ᠶ᠋ᠢᠨ ᠥᠮᠴᠢᠯᠡᠯ᠎ᠦᠨ ᠠᠵᠤ ᠠᠬᠤᠢ᠎ᠶ᠋ᠢ ᠭᠤᠢᠪᠢᠰᠢ ᠦᠭᠡᠢ ᠪᠡᠬᠢᠵᠢᠭᠦᠯᠦᠨ ᠬᠥᠭ᠌ᠵᠢᠭᠦᠯᠦᠨ᠎ᠡ᠃ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠴᠢᠬᠤᠯᠠ ᠪᠣᠳᠠᠰ᠎ᠤᠨ ᠰᠠᠭᠤᠷᠢ ᠪᠠ ᠤᠯᠤᠰ ᠲᠦᠷᠦ᠍᠎ᠶ᠋ᠢᠨ ᠰᠠᠭᠤᠷᠢ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠴᠢᠬᠤᠯᠠ ᠬᠦᠴᠦᠨ ᠮᠥᠨ᠃ ᠤᠯᠤᠰ᠎ᠤᠨ ᠥᠮᠴᠢᠯᠡᠯ᠎ᠦᠨ ᠡᠳ᠋ ᠬᠦᠷᠦᠨᠭ᠌ᠭᠡ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢ ᠲᠤᠬᠢᠷᠠᠭᠤᠯᠬᠤ᠎ᠶ᠋ᠢ ᠲᠦᠷᠭᠡᠳᠭᠡᠵᠦ᠍᠂ ᠤᠯᠤᠰ᠎ᠤᠨ ᠥᠮᠴᠢᠯᠡᠯ᠎ᠦᠨ ᠠᠵᠤ ᠠᠬᠤᠢ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠮᠤᠷ ᠲᠦᠪᠱᠢᠨ᠂ ᠠᠵᠤ ᠦᠢᠯᠡᠰ᠎ᠢᠶᠡᠷ ᠬᠦᠲᠦᠯᠦᠨ ᠳᠠᠭᠠᠭᠤᠯᠬᠤ᠂ ᠠᠷᠠᠳ᠎ᠤᠨ ᠠᠮᠢᠳᠤᠷᠠᠯ᠂ ᠤᠯᠠᠨ ᠨᠡᠢᠲᠡ᠎ᠶ᠋ᠢᠨ ᠦᠢᠯᠡᠴᠢᠯᠡᠭᠡ ᠵᠡᠷᠭᠡ ᠴᠢᠳᠠᠮᠵᠢᠳᠤ ᠤᠯᠠᠮ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢ ᠠᠬᠢᠭᠤᠯᠵᠤ᠂ ᠤᠯᠤᠰ᠎ᠤᠨ ᠥᠮᠴᠢᠯᠡᠯ᠎ᠦᠨ ᠠᠵᠤ ᠠᠬᠤᠢ᠎ᠶ᠋ᠢᠨ ᠦᠷᠢᠰᠦᠯᠳᠦᠬᠦ᠌ ᠬᠦᠴᠦᠨ᠂ ᠱᠢᠨ᠎ᠡ᠎ᠶ᠋ᠢ ᠡᠭᠦᠳᠬᠦ᠌ ᠬᠦᠴᠦᠨ᠂ ᠡᠵᠡᠮᠳᠡᠬᠦ᠌ ᠬᠦᠴᠦᠨ᠂ ᠨᠥᠯᠥᠭᠡᠯᠡᠬᠦ᠌ ᠬᠦᠴᠦᠨ᠂ ᠠᠶᠤᠯ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ ᠨᠢ ᠦᠷᠭᠦᠯᠵᠢᠯᠡᠨ ᠴᠢᠩᠭᠠᠳᠭᠠᠵᠤ᠂ ᠤᠯᠤᠰ᠎ᠤᠨ ᠥᠮᠴᠢᠯᠡᠯ᠎ᠦᠨ ᠬᠦᠷᠦᠨᠭ᠌ᠭᠡ ᠪᠣᠯᠤᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠬᠦᠴᠦᠷᠬᠡᠭ᠌ᠵᠢᠨ ᠱᠢᠯᠢᠳᠡᠭ᠌ᠵᠢᠵᠦ᠍ ᠪᠤᠵᠠᠭᠠᠢ᠌ᠷᠠᠬᠤ᠎ᠶ᠋ᠢ ᠠᠬᠢᠭᠤᠯᠬᠤ ᠬᠡᠷᠡᠭ᠌ᠲᠡᠢ᠃ ᠦᠪᠡᠷ᠎ᠦᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠪᠣᠬᠢᠷᠲᠤᠯ ᠦᠭᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠣᠯᠪᠠᠰᠤᠷᠠᠭᠤᠯᠬᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠱᠢᠨ᠎ᠡ ᠬᠡᠯᠪᠡᠷᠢ᠎ᠶ᠋ᠢᠨ ᠬᠢᠮᠢ᠎ᠶ᠋ᠢᠨ ᠠᠵᠤ ᠦᠢᠯᠡᠳᠪᠦᠷᠢ᠂ ᠤᠳᠤ ᠦᠶ᠎ᠡ᠎ᠶ᠋ᠢᠨ ᠲᠣᠨᠣᠭ᠍ᠯᠠᠯ ᠦᠢᠯᠡᠳᠬᠦ᠌᠂ ᠠᠮᠢᠳᠤ ᠪᠣᠳᠠᠰ᠎ᠤᠨ ᠡᠮ ᠡᠮᠨᠡᠯᠭᠡ᠂ ᠲᠣᠭᠠᠴᠢᠯᠠᠭ᠍ᠰᠠᠨ ᠠᠵᠤ ᠠᠬᠤᠢ᠂ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ ᠵᠡᠷᠭᠡ ᠠᠵᠤ ᠦᠢᠯᠡᠰ᠎ᠦᠨ ᠪᠦᠯᠦᠭ᠌ᠵᠢᠯ᠎ᠢ ᠲᠥᠪᠯᠡᠷᠡᠭᠦᠯᠦᠨ ᠪᠠᠢᠭᠤᠯᠵᠤ᠂ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠣᠳᠠᠰ᠎ᠤᠨ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃
ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠭ᠌ᠵᠢᠯᠲᠡ᠎ᠶ᠋ᠢ ᠤᠭᠳᠤ ᠭᠤᠢᠪᠢᠰᠢ ᠦᠭᠡᠢᠵᠣᠷᠢᠭ᠍ᠵᠢᠭᠤᠯᠤᠨ ᠲᠡᠮᠵᠢᠵᠤ ᠬᠥᠳᠤᠯᠤᠨ ᠵᠢᠯᠣᠭᠣᠳᠤᠨ᠎ᠠ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠠᠬᠢᠴᠠ ᠳᠤᠮᠳᠠ ᠴᠢᠬᠤᠯᠠ ᠦᠢᠯᠡᠳᠦᠯ ᠪᠠᠳᠠᠷᠠᠭᠤᠯᠵᠤ ᠪᠠᠢᠳᠠᠭ᠃ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠡᠷᠡᠭᠦᠯ᠎ᠢᠶᠡᠷ ᠬᠥᠭ᠌ᠵᠢᠬᠦ᠌ ᠪᠠ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠮᠦᠰ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠠᠬᠢᠭᠤᠯᠬᠤ᠎ᠳᠤ᠂ ᠨᠢᠭᠡ᠎ᠳᠦ᠂ ᠠᠵᠤ ᠠᠬᠤᠢᠯᠠᠯᠲᠠᠨ᠎ᠤ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠢ᠂ ᠡᠨᠡ ᠪᠣᠯ ᠠᠷᠠᠳ ᠡᠴᠡ ᠡᠷᠬᠢᠯᠡᠭᠰᠡᠨ ᠠᠵᠤ ᠠᠬᠤᠢᠯᠠᠯ ᠲᠤᠬᠠᠢᠯᠠᠪᠠᠯ ᠳᠤᠮᠳᠠ ᠪᠠᠭ᠎ᠠ ᠵᠢᠵᠢᠭ ᠠᠵᠤ ᠠᠬᠤᠢᠯᠠᠯ ᠵᠡᠷᠭᠡ᠎ᠶ᠋ᠢ ᠪᠠᠭ᠍ᠲᠠᠭᠠᠭ᠍ᠰᠠᠨ ᠵᠠᠬ᠎ᠠ ᠳᠡᠯᠭᠡᠭᠦᠷ᠎ᠦᠨ ᠪᠠᠶᠠᠴᠢ ᠴᠣᠭ᠍ᠴᠠ᠎ᠶ᠋ᠢᠨ ᠢᠳᠡᠪᠬᠢᠵᠢᠯ᠎ᠢ ᠳᠠᠢᠴᠢᠯᠠᠬᠤ ᠴᠢᠬᠤᠯᠠ ᠪᠠᠲᠤᠯᠠᠭ᠎ᠠ ᠮᠥᠨ᠂ ᠠᠷᠠᠳ᠎ᠡᠴᠡ ᠡᠷᠬᠢᠯᠡᠭᠰᠡᠨ ᠠᠵᠤ ᠠᠬᠤᠢᠯᠠᠯ᠎ᠤᠨ ᠥᠮᠴᠢᠯᠡᠯ᠎ᠦᠨ ᠡᠷᠬᠡ ᠪᠠ ᠠᠵᠤ ᠠᠬᠤᠢᠯᠠᠯᠲᠠᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠠᠷᠠᠳ᠎ᠤᠨ ᠡᠷᠬᠢᠯᠡᠭᠰᠡᠨ ᠠᠵᠤ ᠠᠬᠤᠢ᠎ᠶ᠋ᠢᠨ ᠬᠥᠭ᠌ᠵᠢᠨ ᠪᠤᠵᠠᠭᠠᠢ᠌ᠷᠠᠬᠤ᠎ᠶ᠋ᠢ ᠠᠬᠢᠭᠤᠯᠬᠤ ᠬᠡᠷᠡᠭ᠌ᠲᠡᠢ᠃ ᠬᠣᠶᠠᠷ᠎ᠲᠤ᠂ ᠬᠠᠤᠯᠢᠵᠢᠭ᠍ᠰᠠᠨ᠂ ᠵᠢᠷᠤᠮᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭᠠᠵᠤ᠂ ᠠᠵᠤ ᠠᠬᠤᠢᠯᠠᠯᠲᠠᠨ᠎ᠤ ᠬᠦᠷᠲᠡᠮᠵᠢ᠎ᠶ᠋ᠢᠨ ᠲᠦᠷᠦᠭ᠌ᠳᠡᠯ᠎ᠢ ᠨᠡᠮᠡᠭ᠌ᠳᠡᠭᠦᠯᠬᠦ᠌ ᠬᠡᠷᠡᠭ᠌ᠲᠡᠢ᠃ ᠲᠡᠷᠢᠭᠦᠨ᠎ᠦ᠎ᠬᠢ᠎ᠲᠡᠶ ᠬᠠᠷᠢᠴᠠᠭᠤᠯᠵᠤ᠂ ᠲᠡᠷᠢᠭᠦᠨ᠎ᠦ᠎ᠬᠢ᠎ᠡᠴᠡ ᠰᠤᠷᠤᠯᠴᠠᠵᠤ᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠠᠢᠭᠤᠯᠤᠨ᠎ᠠ; ᠠᠷᠠᠳ᠎ᠦᠨ ᠪᠡᠯᠡ ᠣᠷᠣᠭᠤᠯᠤᠯᠲᠠ᠎ᠳᠦ ᠠᠳᠠᠯᠢ ᠲᠡᠭᠰᠢ ᠬᠠᠨᠳᠤᠵᠤ᠂ ᠲᠥᠷᠥ᠎ᠶ᠋ᠢᠨ ᠪᠤᠳᠤᠯᠭ᠎ᠠ᠎ᠶ᠋ᠢᠨ ᠠᠮᠠᠯᠠᠯᠲᠠ᠎ᠪᠠᠨ ᠴᠢᠩᠭ᠎ᠠ ᠭᠦᠢᠴᠡᠳᠭᠡᠨ᠂ ᠠᠷᠠᠳ᠎ᠦᠨ ᠪᠡᠯᠡ ᠣᠷᠣᠭᠤᠯᠤᠯᠲᠠ᠎ᠶ᠋ᠢᠨ ᠬᠠᠤᠯᠢ ᠶᠣᠰᠣᠨᠦ ᠡᠷᠬᠡ ᠠᠱᠢᠭ᠎ᠢ ᠬᠠᠮᠠᠭᠠᠯᠠᠵᠤ᠂ ᠠᠷᠠᠳ᠎ᠦᠨ ᠬᠥᠷᠥᠨᠭ᠌ᠭᠡᠶ᠋ᠢᠨ ᠠᠳᠠᠯ ᠦᠢᠯᠡᠰ ᠪᠤᠰᠭᠠᠬᠤ ᠪᠡᠯᠡ ᠣᠷᠣᠭᠤᠯᠤᠯᠲᠠ᠎ᠪᠠᠨ ᠬᠥᠭ᠌ᠵᠢᠭᠦᠯᠬᠦ᠌᠎ᠶ᠋ᠢ ᠲᠡᠮᠵᠢᠨ᠎ᠡ; ᠲᠦᠭ᠌ᠰᠢᠭᠦᠷᠢ᠎ᠶ᠋ᠢ ᠤᠷᠢᠳᠴᠢᠯᠠᠨ ᠮᠠᠭᠠᠳᠯᠠᠬᠤ ᠴᠢᠨᠠᠷ ᠪᠠ ᠲᠥᠷᠥ᠎ᠶ᠋ᠢᠨ ᠪᠣᠳᠣᠯᠭ᠎ᠠ᠎ᠶ᠋ᠢᠨ ᠪᠠᠷᠠᠯᠠᠯᠳᠤ ᠴᠢᠨᠠᠷ᠎ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭ᠌ᠲᠡᠶ᠃
ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠠᠰᠢᠬᠳᠠᠢ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠬᠤᠪᠢᠶᠠᠷᠢᠯᠠᠯᠲᠠ᠎ᠶ᠋ᠢᠨ ᠲᠦᠷᠢᠮ ᠪᠣᠯ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠰᠠᠭᠤᠷᠢ ᠴᠢᠨᠠᠷᠲᠠᠢ ᠲᠦᠷᠢᠮ ᠮᠥᠨ ᠬᠡᠵᠦ ᠴᠢᠬᠤᠯᠠᠴᠢᠯᠠᠪᠠ᠃ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠳᠦ ᠡᠷᠬᠡᠪᠰᠢ ᠬᠥᠳᠡᠯᠮᠦᠷᠢᠯᠡᠭ᠌ᠰᠡᠨ᠎ᠦ ᠬᠢᠨᠢ ᠬᠢᠷᠢ᠎ᠪᠡᠷ ᠬᠤᠪᠢᠶᠠᠷᠢᠯᠠᠬᠤ᠎ᠪᠠᠷ ᠭᠣᠣᠯ ᠴᠣᠭ᠍ᠴᠠ ᠪᠣᠯᠭᠠᠵᠤ᠂ ᠤᠯᠠᠨ ᠵᠦᠢᠯ᠎ᠦᠨ ᠬᠤᠪᠢᠶᠠᠷᠢᠯᠠᠯᠲᠠ᠎ᠶ᠋ᠢᠨ ᠠᠷᠭ᠎ᠠ ᠮᠠᠶᠢᠭ ᠵᠡᠷᠭᠡᠴᠡᠨ ᠣᠷᠣᠱᠢᠬᠤ᠎ᠶ᠋ᠢ ᠪᠠᠷᠢᠮᠲᠠᠯᠠᠵᠤ᠂ ᠠᠩᠬᠠᠨ᠎ᠤ ᠬᠤᠪᠢᠶᠠᠷᠢᠯᠠᠯᠲᠠ᠂ ᠲᠠᠬᠢᠨ ᠬᠤᠪᠢᠶᠠᠷᠢᠯᠠᠯᠲᠠ᠂ ᠭᠤᠷᠪᠠᠳᠡᠬᠢ ᠤᠳᠠᠭᠠᠨ᠎ᠤ ᠬᠤᠪᠢᠶᠠᠷᠢᠯᠠᠯᠲᠠ᠎ᠶ᠋ᠢ ᠵᠣᠬᠢᠴᠠᠭᠤᠯᠤᠨ ᠲᠥᠬᠥᠷᠵᠢᠭᠦᠯᠬᠦ᠌ ᠲᠦᠷᠢᠮ᠎ᠦᠨ ᠱᠢᠰᠲ᠋ᠧᠮ᠎ᠢ ᠪᠠᠢᠭᠤᠯᠬᠤ ᠬᠡᠷᠡᠭ᠌ᠲᠡᠢ᠃
ᠠᠩᠬᠠᠨ᠎ᠤ ᠬᠤᠪᠢᠶᠠᠷᠢᠯᠠᠯᠲᠠ ᠨᠢ ᠬᠤᠪᠢᠶᠠᠷᠢᠯᠠᠯᠲᠠ᠎ᠶ᠋ᠢᠨ ᠡᠴᠦᠰ᠎ᠤᠨ ᠪᠠᠢᠷᠢᠱᠢᠯ᠎ᠢ ᠪᠦᠷᠢᠯᠳᠦᠭᠦᠯᠬᠦ᠌᠎ᠳᠦ ᠰᠠᠭᠤᠷᠢᠯᠠᠬᠤ ᠴᠢᠨᠠᠷᠲᠠᠶ ᠦᠢᠯᠡᠳᠦᠯ᠎ᠲᠡᠶ᠃ ᠢᠯᠡᠭᠦᠦ ᠬᠥᠳᠡᠯᠮᠦᠷᠢᠯᠡᠪᠡᠯ ᠢᠯᠡᠭᠦᠦ ᠤᠯᠬᠤ᠎ᠶ᠋ᠢ ᠪᠠᠷᠢᠮᠲᠠᠯᠠᠵᠤ᠂ ᠠᠵᠢᠯᠴᠢ ᠬᠥᠳᠡᠯᠮᠦᠷᠢᠴᠢ᠎ᠪᠡᠷ ᠪᠠᠶᠠᠵᠢᠬᠤ᠎ᠶ᠋ᠢ ᠵᠣᠷᠢᠭ᠍ᠵᠢᠭᠤᠯᠵᠤ᠂ ᠤᠯᠤᠰ ᠠᠷᠠᠳ᠎ᠤᠨ ᠣᠷᠣᠯᠭ᠎ᠠ᠎ᠶ᠋ᠢᠨ ᠬᠤᠪᠢᠶᠠᠷᠢᠯᠠᠯᠲᠠ᠎ᠳᠠᠬᠢ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠠᠷᠢᠴᠠᠯ᠎ᠢ ᠴᠢᠷᠮᠠᠢᠨ ᠳᠡᠭᠡᠭ᠌ᠰᠢᠯᠡᠭᠦᠯᠵᠦ᠍᠂ ᠠᠩᠬᠠᠨ᠎ᠤ ᠬᠤᠪᠢᠶᠠᠷᠢᠯᠠᠯᠲᠠ᠎ᠳᠠᠬᠢ ᠬᠥᠳᠡᠯᠮᠦᠷᠢ᠎ᠶ᠋ᠢᠨ ᠬᠥᠯᠥᠰᠥ᠍ ᠣᠯᠭᠣᠮᠵᠢ᠎ᠶ᠋ᠢᠨ ᠬᠠᠷᠢᠴᠠᠯ᠎ᠢ ᠳᠡᠭᠡᠭ᠌ᠰᠢᠯᠡᠭᠦᠯᠦᠨ᠎ᠡ᠃ ᠬᠥᠳᠡᠯᠮᠦᠷᠢ ᠪᠠ ᠮᠡᠷᠭᠡᠵᠢᠯ ᠵᠡᠷᠭᠡ᠎ᠳᠦ ᠨᠠᠩ ᠣᠯᠠᠨ ᠬᠠᠷᠠᠭᠠᠯᠵᠠᠯ ᠪᠠ ᠵᠢᠯᠣᠭᠣᠳᠣᠯᠭ᠎ᠠ ᠣᠯᠭᠣᠵᠤ᠂ ᠨᠡᠢᠭᠡᠮ᠎ᠦᠨ ᠪᠦᠷᠢᠯᠳᠦᠬᠦᠨ᠎ᠦ ᠦᠨᠡᠨᠴᠢ ᠱᠢᠳᠤᠷᠭᠤ ᠬᠥᠳᠡᠯᠮᠦᠷᠢ᠂ ᠱᠢᠨ᠎ᠡ᠎ᠶ᠋ᠢ ᠡᠭᠦᠳᠦᠨ ᠠᠳᠠᠯ ᠦᠶ᠋ᠯᠡᠰ ᠪᠤᠰᠬᠠᠬᠤ᠎ᠪᠠᠷ ᠳᠠᠮᠵᠢᠭᠤᠯᠤᠨ ᠪᠠᠶᠠᠵᠢᠬᠤ᠎ᠶ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠤᠨ᠎ᠠ᠃ ᠬᠦᠴᠦᠨ ᠵᠦᠶ᠋ᠯ᠎ᠢᠶᠡᠷ ᠬᠤᠪᠢᠶᠠᠷᠢᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠳᠦᠷᠢᠮ᠎ᠢ ᠲᠡᠭᠦᠯᠳᠡᠷᠵᠢᠭᠦᠯᠵᠦ᠍᠂ ᠳᠤᠮᠳᠠ ᠳᠤᠤᠷ᠎ᠠ ᠣᠷᠣᠯᠭ᠎ᠠ᠎ᠲᠠᠶ ᠬᠥᠮᠦᠰ᠎ᠦᠨ ᠬᠦᠴᠦᠨ ᠵᠦᠶ᠋ᠯ᠎ᠦᠨ ᠣᠷᠣᠯᠭ᠎ᠠ ᠵᠢᠴᠢ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠴᠢᠨᠠᠷᠲᠠᠶ ᠣᠷᠣᠯᠭ᠎ᠠ᠎ᠶ᠋ᠢ ᠣᠯᠠᠨ ᠠᠷᠭ᠎ᠠ ᠵᠠᠮ᠎ᠢᠶᠠᠷ ᠨᠡᠮᠡᠭ᠌ᠳᠡᠭᠦᠯᠬᠦ᠌᠎ᠶ᠋ᠢ ᠰᠦᠪᠡᠭ᠌ᠴᠢᠯᠡᠨ᠎ᠡ᠃
ᠳᠠᠬᠢᠨ ᠬᠤᠪᠢᠶᠠᠷᠢᠯᠠᠯᠲᠠ ᠨᠢ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠴᠢᠬᠤᠯᠠ ᠲᠣᠬᠢᠷᠠᠭᠤᠯᠬᠤ ᠦᠶ᠋ᠯᠡᠳᠦᠯ᠎ᠲᠡᠶ᠃ ᠵᠠᠰᠠᠭ᠎ᠤᠨ ᠣᠷᠳᠣᠨ᠎ᠤ 《ᠦᠵᠡᠭᠳᠡᠬᠦ ᠭᠠᠷ》 ᠪᠣᠯᠤᠨ ᠵᠠᠬ᠎ᠠ ᠳᠡᠯᠭᠡᠭᠦᠷ᠎ᠦᠨ 《ᠦᠵᠡᠭᠳᠡᠬᠦ ᠦᠭᠡᠶ ᠭᠠᠷ》 ᠦᠨ ᠬᠠᠷᠢᠴᠠᠭ᠎ᠠ᠎ᠶ᠋ᠢ ᠬᠠᠮᠲᠤᠳᠤᠨᠢ ᠬᠠᠷᠠᠭᠠᠯᠵᠠᠨ ᠰᠠᠢᠲᠤᠷ ᠱᠢᠶ᠋ᠳᠪᠦᠷᠢᠯᠡᠵᠦ᠍᠂ ᠭᠣᠣᠯᠴᠢ ᠪᠠᠢᠬᠤ᠎ᠶ᠋ᠢ ᠠᠬᠢᠭᠤᠯᠬᠤ ᠮᠥᠷᠲᠡᠭᠡᠨ ᠪᠠᠰᠠ ᠦᠷ᠎ᠡ ᠪᠦᠲᠦᠮᠵᠢ᠎ᠶ᠋ᠢ ᠪᠣᠳᠣᠯᠬᠢᠯᠠᠬᠤ ᠬᠡᠷᠡᠭ᠌ᠲᠡᠶ᠃ ᠭᠠᠢᠯᠢ ᠲᠠᠲᠠᠪᠤᠷᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠪᠡᠷ ᠳᠠᠮᠵᠢᠭᠤᠯᠤᠨ᠂ ᠱᠢᠭᠤᠳ ᠭᠠᠢᠯᠢ᠎ᠶ᠋ᠢᠨ ᠬᠠᠷᠢᠴᠠᠯ᠎ᠢ ᠳᠡᠭᠡᠭ᠌ᠰᠢᠯᠡᠭᠦᠯᠵᠦ᠂ ᠭᠠᠢᠯᠢ ᠲᠠᠲᠠᠪᠤᠷᠢ᠎ᠶ᠋ᠢᠨ ᠲᠠᠲᠠᠪᠤᠷᠢᠯᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠣᠷᠣᠯᠭ᠎ᠠ᠎ᠶ᠋ᠢ ᠲᠤᠬᠢᠷᠠᠭᠤᠯᠬᠤ ᠴᠢᠳᠠᠮᠵᠢ᠎ᠶ᠋ᠢ ᠨᠡᠩ ᠰᠠᠢ᠌ᠨ ᠪᠠᠳᠠᠷᠠᠭᠤᠯᠤᠨ᠎ᠠ᠃
ᠭᠤᠷᠪᠠᠳᠡᠬᠢ ᠤᠳᠠᠭᠠᠨ᠎ᠤ ᠬᠤᠪᠢᠶᠠᠷᠢᠯᠠᠯᠲᠠ ᠪᠣᠯ ᠠᠩᠬᠠᠨ᠎ᠤ ᠬᠤᠪᠢᠶᠠᠷᠢᠯᠠᠯᠲᠠ ᠪᠠ ᠲᠠᠬᠢᠨ ᠬᠤᠪᠢᠶᠠᠷᠢᠯᠠᠯᠲᠠ᠎ᠶ᠋ᠢᠨ ᠨᠥᠬᠥᠪᠥᠷᠢ ᠪᠠᠢᠵᠤ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠵᠣᠬᠢᠬᠤ ᠬᠡᠮᠵᠢᠶᠡᠨ᠎ᠦ ᠲᠤᠰᠠᠯᠠᠬᠤ ᠦᠢᠯᠡᠳᠦᠯ ᠦᠵᠡᠭᠦᠯᠤᠨ᠎ᠠ᠃ ᠬᠦᠰᠡᠯ ᠡᠷᠡᠮᠡᠯᠵᠡᠯ᠎ᠲᠡᠶ ᠪᠥᠭᠡᠳ ᠴᠢᠳᠠᠪᠤᠷᠢ᠎ᠲᠠᠶ ᠠᠵᠤ ᠠᠬᠤᠢᠯᠠᠯ᠂ ᠨᠡᠢᠭᠡᠮ᠎ᠦᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ᠎ᠦ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠢ᠎ᠶ᠋ᠢᠨ ᠦᠢᠯᠡᠰ᠎ᠲᠦ ᠢᠳᠡᠪᠬᠢᠲᠡᠢ ᠣᠷᠣᠯᠴᠠᠬᠤ᠎ᠶ᠋ᠢ ᠬᠦᠲᠦᠯᠦᠨ ᠵᠢᠯᠣᠭᠣᠳᠴᠤ᠌ ᠳᠡᠮᠵᠢᠬᠦ᠌ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠦᠵᠡᠯ ᠰᠠᠨᠠᠭ᠎ᠠ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠤ ᠠᠬᠤᠢᠯᠠᠯᠲᠠᠨ᠎ᠢ ᠬᠥᠲᠥᠯᠥᠨ ᠵᠢᠯᠣᠭᠣᠳᠴᠤ᠌ ᠪᠠᠢᠭᠠᠳ ᠠᠵᠤ ᠠᠬᠤᠢᠯᠠᠯ᠎ᠤᠨ ᠬᠥᠭ᠌ᠵᠢᠯᠲᠡ ᠪᠣᠯᠤᠨ ᠬᠠᠮᠲᠤ᠎ᠪᠠᠷ ᠪᠠᠶᠠᠵᠢᠬᠤ ᠬᠠᠷᠢᠴᠠᠭ᠎ᠠ᠎ᠶ᠋ᠢ ᠵᠥᠪ ᠲᠠᠨᠢᠭᠤᠯᠵᠤ᠂ ᠠᠵᠤ ᠠᠬᠤᠢᠯᠠᠯᠲᠠᠨ᠎ᠤ ᠨᠢᠭᠦᠯᠡᠰᠦᠩᠭᠦᠶ ᠵᠢᠨ ᠦᠶ᠋ᠯᠡᠰ᠎ᠲᠦ ᠪᠠᠯᠠ ᠣᠷᠣᠭᠤᠯᠬᠤ᠎ᠶ᠋ᠢ ᠵᠣᠷᠢᠭ᠍ᠵᠢᠭᠤᠯᠬᠤ ᠢᠯᠡ ᠲᠣᠳᠣ ᠲᠣᠭ᠍ᠲᠠᠴᠠ᠎ᠶ᠋ᠢ ᠪᠠᠢᠭᠤᠯᠵᠤ᠂ ᠨᠡᠢᠲᠡ᠎ᠶ᠋ᠢᠨ ᠠᠰᠠᠷᠠᠮᠵᠢ ᠨᠢᠭᠦᠯᠡᠰᠦᠩᠭᠦᠶ᠎ᠶ᠋ᠢᠨ ᠦᠶ᠋ᠯᠡᠰ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠱᠢᠰᠲ᠋ᠧᠮ ᠪᠣᠯᠤᠨ ᠨᠡᠢᠭᠡᠮ᠎ᠦᠨ ᠰᠣᠶᠣᠯ᠎ᠤᠨ ᠣᠷᠴᠢᠨ ᠨᠥᠬᠥᠴᠡᠯ᠎ᠢ ᠲᠡᠭᠦᠯᠳᠡᠷᠵᠢᠭᠦᠯᠦᠨ᠎ᠡ᠃
ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠬᠦᠴᠦᠯᠡᠨ ᠠᠬᠢᠭᠤᠯᠤᠨ᠎ᠠ
ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠪᠣᠯ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢᠨ ᠥᠷᠲᠡᠭ᠎ᠦᠨ ᠬᠠᠷᠠᠯᠲᠠ ᠮᠥᠨ᠂ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠪᠣᠯ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢᠨ ᠬᠦᠴᠦᠯᠡᠬᠦ᠌ ᠴᠡᠭ ᠮᠥᠨ᠃ ᠠᠷᠠᠳ ᠤᠯᠠᠨ᠎ᠤ ᠵᠢᠷᠭᠠᠯᠲᠤ ᠲᠦᠷᠦᠭ᠌ᠳᠡᠯ᠂ ᠬᠦᠷᠲᠡᠮᠵᠢ᠎ᠶ᠋ᠢᠨ ᠲᠦᠷᠦᠭ᠌ᠳᠡᠯ ᠨᠢ ᠣᠷᠣᠯᠭ᠎ᠠ᠎ᠶ᠋ᠢᠨ ᠲᠦᠪᠱᠢᠨ ᠵᠢᠴᠢ ᠵᠦᠷᠢᠶ᠎ᠡ᠎ᠪᠡᠷ ᠪᠦᠷᠢᠮᠦᠰᠦᠨ ᠱᠢᠢᠳᠪᠦᠷᠢᠯᠡᠭ᠌ᠳᠡᠬᠦ᠌ ᠪᠢᠰᠢ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ᠎ᠶ᠋ᠢᠨ ᠶᠠᠰᠤ ᠴᠢᠨᠠᠷ᠎ᠤᠨ ᠰᠠᠢᠨ ᠮᠠᠭᠤ ᠨᠢ ᠴᠸ᠋ ᠠᠳᠠᠯᠢᠬᠠᠨ ᠴᠢᠬᠤᠯᠠ ᠨᠥᠯᠥᠭᠡ ᠦᠵᠡᠬᠦᠯᠦᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠠᠷᠠᠳ᠎ᠤᠨ ᠠᠮᠢᠳᠤᠷᠠᠯ᠎ᠳᠤ ᠨᠡᠩ ᠤᠯᠠᠨ ᠠᠱᠢᠭ ᠬᠦᠷᠲᠡᠭᠡᠬᠦ᠌᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠠᠪᠴᠤ᠌᠂ ᠠᠷᠠᠳ ᠤᠯᠠᠨ᠎ᠤ ᠪᠠᠴᠢᠮᠳᠠᠵᠦ ᠬᠦᠴᠢᠷᠳᠠᠵᠦ ᠵᠣᠪᠠᠵᠦ ᠬᠦᠰᠡᠵᠦ᠍ ᠪᠠᠢᠭ᠎ᠠ ᠠᠰᠠᠭᠤᠳᠠᠯ᠎ᠢ ᠬᠦᠴᠦᠯᠡᠨ ᠰᠠᠢᠲᠤᠷ ᠱᠢᠢᠳᠪᠦᠷᠢᠯᠡᠵᠦ᠍᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠱᠢᠬᠦᠯᠤᠨ᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠲᠡᠩᠴᠡᠭᠦᠷᠢᠲᠦ ᠴᠢᠨᠠᠷ ᠪᠠ ᠪᠣᠯᠤᠮᠵᠢᠲᠤ ᠴᠢᠨᠠᠷ᠎ᠢ ᠴᠢᠩᠭᠠᠳᠭᠠᠨ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠬᠤ᠎ᠳᠤ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠬᠢᠭᠡᠳ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌᠎ᠶ᠋ᠢ ᠣᠷᠭᠠᠨᠢᠭ᠎ᠢᠶᠠᠷ ᠵᠣᠯᠭᠠᠯᠳᠤᠭᠤᠯᠬᠤ ᠲᠣᠭ᠍ᠲᠠᠴᠠ᠎ᠶ᠋ᠢ ᠪᠠᠢᠭᠤᠯᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠲᠦᠭᠡᠮᠡᠯ ᠬᠠᠷᠠᠭᠠᠯᠵᠠᠯ᠎ᠲᠠᠶ ᠪᠠᠢᠭ᠍ᠰᠠᠨ᠎ᠡᠴᠡ ᠠᠳᠠᠯᠢ ᠲᠡᠭ᠌ᠰᠢ ᠪᠣᠯᠭᠠᠬᠤ᠂ ᠲᠠᠬᠢᠨ ᠴᠢᠨᠠᠷ ᠰᠠᠢᠲᠠᠢ ᠪᠣᠯᠭᠠᠬᠤ ᠶᠠᠪᠤᠳᠠᠯ᠎ᠢ ᠠᠬᠢᠭᠤᠯᠵᠤ᠂ ᠴᠢᠨᠠᠷ ᠰᠠᠢᠲᠠᠢ ᠠᠵᠤ ᠠᠬᠤᠢ᠎ᠶ᠋ᠢᠨ ᠬᠥᠭ᠌ᠵᠢᠯᠲᠡ ᠬᠢᠭᠡᠳ ᠴᠢᠨᠠᠷ ᠰᠠᠢᠲᠠᠢ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠣᠣᠰ ᠬᠥᠳᠡᠯᠭᠡᠭᠦᠷ᠎ᠢ ᠪᠤᠢ ᠪᠣᠯᠭᠠᠵᠤ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ᠎ᠶ᠋ᠢ ᠠᠳᠠᠯᠢ ᠲᠡᠭ᠌ᠰᠢ ᠪᠣᠯᠭᠠᠬᠤ ᠬᠢᠭᠡᠳ ᠬᠠᠮᠲᠤ᠎ᠪᠠᠷ ᠪᠠᠶᠠᠵᠢᠬᠤ᠎ᠶ᠋ᠢᠨ ᠬᠠᠮᠲᠤ᠎ᠪᠠᠷ ᠣᠷᠣᠱᠢᠵᠤ ᠠᠭᠤᠰᠤᠯᠴᠠᠬᠤ᠎ᠶ᠋ᠢ ᠲᠦᠷᠭᠡᠳᠭᠡᠬᠦ᠌ ᠬᠡᠷᠡᠭ᠌ᠲᠡᠢ᠃ ᠠᠵᠢᠯ ᠣᠯᠭᠣᠯᠲᠠ᠂ ᠬᠤᠪᠢᠶᠠᠷᠢᠯᠠᠯᠲᠠ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠣᠨᠣᠪᠴᠢᠲᠤ ᠴᠢᠨᠠᠷ ᠪᠣᠯᠤᠨ ᠪᠦᠳᠦᠮᠵᠢᠳᠤ ᠴᠢᠨᠠᠷ᠎ᠢ ᠳᠡᠭᠡᠭ᠌ᠰᠢᠯᠡᠭᠦᠯᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠤᠨᠢᠨ ᠳᠡᠭᠡᠷ᠎ᠡ ᠨᠢ ᠬᠠᠩᠭᠠᠬᠤ ᠂ ᠴᠢᠨᠠᠷ ᠰᠠᠢᠲᠠᠢ ᠪᠦᠲᠦᠮᠵᠢᠲᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ᠃
ᠬᠣᠲᠠ᠎ᠲᠠᠶ ᠬᠠᠷᠢᠴᠠᠭᠤᠯᠪᠠᠯ᠂ ᠬᠥᠳᠡᠭᠡ ᠲᠣᠰᠭᠣᠨ᠎ᠤ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡᠨ᠎ᠦ ᠪᠠᠢᠭᠤᠯᠤᠯᠲᠠ ᠨᠠᠩ ᠣᠯᠠᠨ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠵᠢᠱ᠌ᠢᠶᠡᠯᠡᠪᠡᠯ ᠬᠥᠳᠡᠭᠡ ᠲᠣᠰᠭᠣᠨ᠎ᠤ ᠰᠠᠭᠤᠷᠢ ᠰᠤᠷᠭᠠᠨ ᠬᠥᠮᠦᠵᠢᠯ᠎ᠦᠨ ᠣᠷᠣᠭᠤᠯᠤᠯᠲᠠ ᠬᠦᠢᠴᠡᠳ ᠦᠭᠡᠢ᠂ ᠬᠥᠳᠡᠭᠡ ᠲᠣᠰᠭᠣᠨ᠎ᠤ ᠰᠤᠷᠭᠠᠭᠤᠯᠢ ᠵᠢᠨ ᠨᠠᠰᠤᠨ᠎ᠤ ᠬᠥᠮᠦᠨ ᠠᠮᠠ ᠪᠠᠭᠠᠰᠤᠭ᠍ᠰᠠᠨ᠎ᠡᠴᠡ ᠪᠣᠯᠤᠭ᠍ᠰᠠᠨ ᠬᠥᠳᠡᠭᠡ ᠲᠣᠰᠭᠣᠨ᠎ᠤ ᠪᠠᠭ᠍ᠰᠢ᠎ᠶ᠋ᠢᠨ ᠡᠩᠨᠡᠭᠡ ᠲᠣᠭ᠍ᠲᠠᠭᠤᠨ ᠪᠤᠰᠤ᠂ ᠬᠡᠪ ᠪᠤᠯᠪᠠᠰᠤᠷᠠᠯ ᠥᠨᠳᠥᠷ ᠪᠢᠰᠢ᠂ ᠬᠤᠳᠠ᠎ᠳᠤ ᠣᠷᠣᠵᠤ ᠠᠵᠢᠯ ᠬᠥᠳᠡᠯᠮᠦᠷᠢ ᠬᠢᠭ᠌ᠰᠡᠳ ᠦᠷ᠎ᠡ ᠬᠡᠦᠬᠡᠳ ᠵᠢᠡᠨ ᠰᠤᠷᠭᠠᠭᠤᠯᠢ᠎ᠳᠤ ᠣᠷᠣᠭᠤᠯᠬᠤ᠎ᠳᠤ ᠮᠥᠨ ᠯᠡ ᠬᠦᠴᠢᠷᠲᠡᠢ ᠪᠠᠢᠬᠤ ᠵᠡᠷᠭᠡ ᠠᠰᠠᠭᠤᠳᠠᠯ ᠣᠷᠣᠱᠢᠵᠤ ᠪᠠᠢᠨ᠎ᠠ᠃ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠬᠦ᠌᠎ᠪᠡᠷ ᠲᠠᠮᠵᠢᠨ ᠰᠤᠷᠭᠠᠨ ᠬᠥᠮᠦᠵᠢᠯ᠎ᠦᠨ ᠳᠤᠲᠠᠭᠤᠳᠠᠯ᠎ᠢ ᠨᠥᠬᠥᠪᠥᠷᠢᠯᠡᠵᠦ᠂ ᠰᠤᠷᠭᠠᠨ ᠬᠥᠮᠦᠵᠢᠯ᠎ᠦᠨ ᠡᠷᠬᠡ ᠲᠡᠭ᠌ᠰᠢ ᠪᠠᠢᠬᠤ᠎ᠶ᠋ᠢ ᠤᠯᠠᠮ ᠴᠢᠨᠠᠭ᠍ᠰᠢᠳᠠ ᠠᠬᠢᠭᠤᠯᠬᠤ ᠬᠡᠷᠡᠭ᠌ᠲᠡᠢ᠃ ᠬᠣᠲᠠ ᠪᠠᠯᠭᠠᠰᠤ᠎ᠶ᠋ᠢᠨ ᠰᠤᠷᠭᠠᠨ ᠬᠥᠮᠦᠵᠢᠯ᠎ᠳᠦ ᠪᠠᠯᠠ ᠮᠥᠩᠭᠥ᠎ᠶ᠋ᠢᠨ ᠳᠡᠮᠵᠢᠯᠭᠡ ᠦᠵᠡᠭᠦᠯᠬᠦ᠌ ᠡᠷᠴᠢᠮ᠎ᠢ ᠴᠢᠩᠭᠠᠷᠠᠭᠤᠯᠵᠤ᠂ ᠬᠣᠲᠠ ᠪᠠᠯᠭᠠᠰᠤ᠎ᠶ᠋ᠢᠨ ᠰᠤᠷᠭᠠᠭᠤᠯᠢ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠲᠦᠷᠭᠡᠳᠭᠡᠨ᠂ ᠬᠥᠳᠡᠭᠡ ᠲᠣᠰᠭᠣᠨ᠎ᠤ ᠰᠤᠷᠭᠠᠭᠤᠯᠢ᠎ᠶ᠋ᠢᠨ ᠨᠥᠬᠥᠴᠡᠯ᠎ᠢ ᠰᠠᠢᠵᠢᠷᠠᠭᠤᠯᠤᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠱᠢᠯᠢᠳᠡᠭ ᠪᠠᠭ᠍ᠰᠢ᠎ᠶ᠋ᠢᠨ ᠡᠬᠢ ᠪᠠᠶᠠᠯᠢᠭ᠎ᠢ ᠰᠤᠷᠭᠠᠭᠤᠯᠢ᠎ᠶ᠋ᠢᠨ ᠬᠣᠭᠣᠷᠣᠨᠳᠣ ᠦᠨᠡᠨ ᠬᠦ᠌ ᠱᠢᠯᠵᠢᠭᠦᠯᠬᠦ᠌᠎ᠶ᠋ᠢ ᠠᠬᠢᠭᠤᠯᠵᠤ᠂ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠢ ᠰᠦᠪᠡᠭ᠌ᠴᠢᠯᠡᠨ ᠪᠠᠢᠭᠤᠯᠵᠤ ᠪᠠᠢᠭᠠᠳ ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠨᠠᠩ ᠶᠡᠬᠡ ᠬᠡᠮᠵᠢᠶ᠎ᠡ᠎ᠪᠡᠷ ᠠᠬᠢᠭᠤᠯᠤᠨ᠎ᠠ᠃ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠯ᠎ᠠ᠎ᠪᠠᠷ᠂ ᠬᠥᠳᠡᠯᠮᠦᠷᠢᠴᠢᠳ᠎ᠦᠨ ᠬᠥᠮᠦᠨ᠎ᠦ ᠬᠦᠴᠦᠨ᠎ᠦ ᠬᠥᠷᠥᠩᠭᠡ ᠪᠠ ᠲᠤᠰᠭᠠᠶ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠡᠳᠡᠨ᠎ᠦ ᠠᠵᠢᠯ ᠣᠯᠵᠤ ᠦᠶ᠋ᠯᠡᠰ ᠪᠤᠰᠬᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠥᠮᠦᠨ᠎ᠦ ᠬᠦᠴᠦᠨ᠎ᠦ ᠪᠡᠯᠡ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠬᠦᠴᠢᠷᠳᠡᠯᠲᠡᠢ ᠭᠡᠷ ᠪᠦᠯᠢ᠎ᠶ᠋ᠢᠨ ᠰᠤᠷᠭᠠᠨ ᠬᠥᠮᠦᠵᠢᠯ᠎ᠦᠨ ᠳᠠᠷᠤᠭᠠᠰᠤ᠎ᠶ᠋ᠢ ᠪᠦᠲᠦᠮᠵᠢᠲᠡᠢ ᠬᠥᠩᠭᠡᠷᠡᠭᠦᠯᠵᠦ᠍᠂ ᠣᠷᠣᠯᠭᠠᠪᠠᠭᠠ ᠬᠥᠮᠦᠰ᠎ᠦᠨ ᠦᠷ᠎ᠡ ᠬᠡᠦᠬᠡᠳ᠎ᠦᠨ ᠰᠤᠷᠭᠠᠨ ᠬᠥᠮᠦᠵᠢᠯ ᠬᠦᠷᠲᠡᠬᠦ᠌ ᠲᠦᠪᠱᠢᠨ᠎ᠢ ᠳᠡᠭᠡᠭ᠌ᠰᠢᠯᠡᠭᠦᠯᠦᠨ᠎ᠡ᠃ ᠨᠠᠰᠤᠵᠢᠯ ᠪᠣᠯᠤᠨ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲᠧᠮ᠎ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠍᠂ ᠠᠵᠢᠯᠲᠠᠨ ᠠᠵᠢᠯᠴᠢᠨ ᠬᠢᠭᠡᠳ ᠰᠠᠭᠤᠭᠠᠯᠢ ᠠᠷᠠᠳ᠂ ᠬᠣᠲᠠ ᠬᠢᠭᠡᠳ ᠬᠥᠳᠡᠭᠡ ᠲᠣᠰᠭᠣᠨ᠎ᠤ ᠪᠡᠯᠡ ᠬᠤᠷᠠᠮᠳᠤᠭᠤᠯᠬᠤ ᠪᠠ ᠪᠠᠲᠤᠯᠠᠭ᠎ᠠ᠎ᠶ᠋ᠢᠨ ᠣᠯᠭᠣᠮᠵᠢ᠎ᠶ᠋ᠢᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠮᠥᠩᠭᠥ᠎ᠶ᠋ᠢᠨ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠶ᠃
ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠤ ᠡᠷᠬᠡᠪᠰᠢ ᠣᠶᠣᠨ᠎ᠤ ᠠᠮᠢᠳᠤᠷᠠᠯ᠎ᠤᠨ ᠲᠠᠯ᠎ᠠ ᠵᠢᠨ ᠪᠠᠶᠠᠨ ᠴᠢᠨᠡᠭᠡᠯᠢᠭ ᠪᠠᠢᠬᠤ ᠵᠢ ᠴᠢᠬᠤᠯᠠᠴᠢᠯᠠᠬᠤ ᠬᠡᠷᠡᠭ᠌ᠲᠡᠢ
ᠬᠠᠮᠲᠤ᠎ᠪᠠᠷ ᠪᠠᠶᠠᠵᠢᠬᠤ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶᠠᠪᠤᠳᠠᠯ ᠮᠥᠨ᠂ ᠠᠷᠠᠳ ᠤᠯᠡᠠ᠎ᠤ ᠪᠣᠳᠠᠰ᠎ᠤᠨ ᠠᠮᠢᠳᠤᠷᠠᠯ ᠪᠠ ᠤᠶᠦᠠ᠎ᠤ ᠠᠮᠢᠳᠤᠷᠠᠯ ᠴᠥᠮ ᠪᠠᠶᠠᠨ ᠴᠢᠨᠡᠭᠡᠯᠢᠭ ᠪᠠᠢᠬᠣ ᠵᠢ ᠵᠢᠭᠠᠳᠠᠭ ᠃ ᠪᠠᠶᠠᠨ ᠴᠠᠳᠬᠤᠯᠠᠩ ᠤᠶᠤᠨ᠎ᠤ ᠪᠠ ᠰᠣᠶᠣᠯ᠎ᠤᠨ ᠠᠮᠢᠳᠤᠷᠠᠯ ᠪᠣᠯ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠬᠡᠮᠵᠢᠬᠦ᠌ ᠴᠢᠬᠤᠯᠠ ᠭᠦᠢᠴᠡᠳᠭᠡᠯ ᠲᠣᠭ᠎ᠠ ᠮᠥᠨ᠂ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠠᠷᠠᠳ ᠲᠦᠮᠡᠨ᠎ᠦ ᠬᠦᠰᠡᠯ ᠮᠦᠷᠦᠭᠡᠳᠦᠯ᠎ᠳᠦ ᠤᠶᠤᠨ᠎ᠤ ᠠᠮᠢᠳᠤᠷᠠᠯ ᠪᠠᠭ᠍ᠲᠠᠵᠤ ᠪᠠᠢᠳᠠᠭ᠂ ᠪᠣᠳᠠᠰ᠎ᠤᠨ ᠠᠮᠢᠳᠤᠷᠠᠯ ᠪᠠᠶᠠᠨ ᠴᠢᠨᠡᠭᠡᠯᠢᠭ ᠯᠠ ᠪᠠᠢᠭᠠᠳ ᠤᠶᠤᠨ᠎ᠤ ᠠᠮᠢᠳᠤᠷᠠᠯ ᠪᠠᠶᠠᠨ ᠴᠢᠨᠡᠭᠡᠯᠢᠭ ᠪᠢᠰᠢ ᠪᠣᠯ ᠨᠡᠢᠭᠡᠮ ᠵᠢᠷᠤᠮ᠎ᠤᠨ ᠬᠠᠮᠲᠤ᠎ᠶ᠋ᠢᠨ ᠪᠠᠶᠠᠵᠢᠯ ᠪᠢᠰᠢ ᠶᠤᠮ᠃
ᠤᠢ᠍ᠢᠷ᠎ᠠ᠎ᠶ᠋ᠢᠨ ᠵᠢᠯ᠎ᠦᠳ᠎ᠲᠦ᠂ ᠠᠷᠠᠳ ᠤᠯᠠᠨ᠎ᠤ ᠤᠶᠤᠨ᠎ᠤ ᠪᠠ ᠰᠣᠶᠣᠯ᠎ᠤᠨ ᠠᠮᠢᠳᠤᠷᠠᠯ ᠲᠤᠢᠯ᠎ᠤᠨ ᠡᠯᠪᠡᠭ ᠪᠠᠶᠠᠯᠢᠭ᠂ ᠤᠶᠤᠨ᠎ᠤ ᠪᠠ ᠰᠣᠶᠣᠯ᠎ᠤᠨ ᠪᠦᠲᠦᠭᠡᠭ᠌ᠳᠡᠬᠦᠨ᠎ᠦ ᠢᠳᠡᠪᠬᠢ ᠬᠦᠴᠦᠨ ᠪᠡ ᠭᠣᠣᠯ ᠬᠦᠭ ᠠᠶᠠᠰ ᠲᠤᠪᠤᠢ᠌ᠮ᠎ᠠ ᠪᠠᠢᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠲᠡᠮᠡᠴᠡᠯ᠎ᠦᠨ ᠵᠣᠷᠢᠭ᠎ᠢ ᠬᠥᠪᠴᠢᠯᠡᠬᠦ᠌᠎ᠳᠦ ᠵᠥᠪ ᠲᠠᠯ᠎ᠠ᠎ᠶ᠋ᠢᠨ ᠦᠢᠯᠡᠳᠦᠯ ᠦᠵᠡᠭᠦᠯᠪᠡ᠃ ᠭᠡᠪᠡᠴᠦ᠍ ᠠᠷᠠᠳ ᠤᠯᠠᠨ᠎ᠤ ᠤᠯᠠᠨ ᠶᠠᠩᠵᠤ᠎ᠶ᠋ᠢᠨ᠂ ᠤᠯᠠᠨ ᠲᠡᠰ ᠳᠠᠪᠬᠤᠷᠭ᠎ᠠ᠎ᠶ᠋ᠢᠨ᠂ ᠤᠯᠠᠨ ᠲᠠᠯ᠎ᠠ᠎ᠶ᠋ᠢᠨ ᠤᠶᠤᠨ᠎ᠤ ᠪᠠ ᠰᠣᠶᠣᠯ᠎ᠤᠨ ᠬᠡᠷᠡᠭ᠌ᠴᠡᠭᠡ᠎ᠶ᠋ᠢᠨ ᠬᠠᠩᠭᠠᠯᠭ᠎ᠠ ᠬᠠᠷᠢᠴᠠᠩᠭᠤᠢ᠎ᠪᠠᠷ ᠬᠦᠷᠦᠯᠴᠡᠬᠦ᠌ ᠦᠭᠡᠢ ᠪᠠᠢᠬᠤ ᠵᠢ ᠣᠯᠵᠤ ᠦᠵᠡᠬᠦ ᠬᠡᠷᠡᠭ᠌ᠲᠡᠢ᠃
ᠱᠢᠨ᠎ᠡ ᠠᠶᠠᠨ᠎ᠳᠤ᠂ ᠠᠷᠠᠳ ᠤᠯᠠᠨ᠎ᠤ ᠤᠶᠤᠨ᠎ᠤ ᠠᠮᠢᠳᠤᠷᠠᠯ᠎ᠤᠨ ᠬᠠᠩᠭᠠᠯᠭ᠎ᠠ᠎ᠶ᠋ᠢᠨ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠠᠷᠠᠳ ᠲᠦᠮᠡᠨ᠎ᠦ ᠤᠶᠤᠨ᠎ᠤ ᠠᠮᠢᠳᠤᠷᠠᠯ᠎ᠤᠨ ᠬᠠᠮᠲᠤᠪᠡᠷ ᠪᠠᠶᠠᠵᠢᠬᠤ ᠵᠢ ᠠᠬᠢᠭᠤᠯᠬᠤ ᠬᠡᠷᠡᠭ᠌ᠲᠡᠢ᠃ ᠭᠡᠷ ᠪᠦᠯᠢ᠎ᠶ᠋ᠢᠨ ᠪᠦᠲᠦᠴᠡ᠂ ᠬᠤᠳᠠ ᠬᠥᠳᠡᠭᠡ᠎ᠶ᠋ᠢᠨ ᠪᠦᠲᠦᠴᠡ᠂ ᠲᠣᠭ᠎ᠠ ᠪᠠᠷᠢᠮᠲᠠ ᠪᠠ ᠰᠦᠯᠵᠢᠶᠡᠨ᠎ᠦ ᠨᠡᠢᠭᠡᠮ᠂ ᠬᠥᠮᠦᠰ᠎ᠦᠨ ᠨᠡᠬᠦᠳᠡᠯ ᠱᠢᠯᠵᠢᠯᠲᠡ᠂ ᠱᠢᠨ᠎ᠡ᠎ᠪᠡᠷ ᠠᠵᠢᠯ ᠣᠯᠤᠭ᠍ᠰᠠᠨ ᠬᠦᠮᠦᠰ ᠵᠡᠷᠭᠡ ᠨᠡᠢᠭᠡᠮ᠎ᠦᠨ ᠪᠦᠲᠦᠴᠡ᠎ᠶ᠋ᠢᠨ ᠦᠨᠳᠦᠰᠦᠨ ᠴᠢᠨᠠᠷᠲᠠᠢ ᠬᠤᠪᠢᠷᠠᠯᠲᠠ᠎ᠳᠦ ᠬᠠᠨᠳᠤᠭᠤᠯᠤᠨ᠂ ᠤᠶᠤᠨ᠎ᠤ ᠪᠠ ᠰᠣᠶᠣᠯ᠎ᠤᠨ ᠠᠮᠢᠳᠤᠷᠠᠯ᠎ᠳᠤ ᠱᠢᠰᠲ᠋ᠧᠮᠲᠦ ᠴᠢᠨᠠᠷᠲᠠᠢ ᠲᠠᠬᠢᠨ ᠪᠠᠢᠭᠤᠯᠤᠯᠲᠠ ᠬᠢᠨ᠎ᠠ᠃ ᠤᠶᠤᠨ᠎ᠤ ᠠᠮᠢᠳᠤᠷᠠᠯ᠎ᠤᠨ ᠬᠠᠩᠭᠠᠯᠭ᠎ᠠ᠎ᠶ᠋ᠢᠨ ᠠᠷᠭ᠎ᠠ᠎ᠶ᠋ᠢ ᠴᠢᠬᠤᠯᠠᠴᠢᠯᠠᠵᠤ᠂ ᠤᠯᠠᠨ ᠡᠱᠢᠵᠢᠭ᠌ᠰᠡᠨ᠂ ᠤᠯᠠᠨ ᠶᠠᠩᠵᠤ᠎ᠶ᠋ᠢᠨ᠂ ᠤᠯᠠᠨ ᠲᠡᠰ ᠳᠠᠪᠬᠤᠷᠭ᠎ᠠ᠎ᠶ᠋ᠢᠨ ᠰᠤᠷᠤᠯᠴᠠᠯᠭ᠎ᠠ᠎ᠶ᠋ᠢᠨ ᠠᠴᠢᠶᠠᠯᠠᠪᠤᠷᠢ᠎ᠶ᠋ᠢ ᠠᠭᠤᠳᠠᠯᠵᠤ᠂ ᠤᠨᠤᠯ᠎ᠢ ᠤᠯᠠᠨ ᠲᠦᠮᠡᠨ᠎ᠦ 《ᠡᠴᠦᠰ᠎ᠦᠨ ᠨᠢᠭᠡ ᠺᠢᠯᠤᠮᠸᠲᠷ》 ᠲᠦ ᠬᠦᠷᠭᠡᠵᠦ᠂ ᠭᠣᠣᠯ ᠪᠣᠯᠬᠤ ᠦᠵᠡᠯ ᠰᠠᠨᠠᠭ᠎ᠠ᠎ᠶ᠋ᠢ ᠤᠯᠠᠮᠵᠢᠯᠠᠬᠤ᠎ᠶ᠋ᠢ ᠬᠦᠴᠦᠯᠡᠨ ᠨᠡᠪᠲᠡᠷᠡᠭᠦᠯᠵᠦ᠍᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠠᠲᠤ ᠪᠤᠢ ᠪᠣᠯᠭᠠᠨ᠎ᠠ᠃ ᠵᠠᠰᠠᠭ᠎ᠤᠨ ᠣᠷᠳᠣᠨ᠎ᠢᠶᠠᠷ ᠭᠣᠣᠯᠯᠠᠭᠤᠯᠬᠤ᠂ ᠨᠡᠢᠭᠡᠮ ᠣᠷᠣᠯᠴᠠᠬᠤ᠂ ᠭᠣᠣᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠨ᠂ ᠤᠯᠠᠨ ᠨᠡᠢᠲᠡ᠎ᠶ᠋ᠢᠨ ᠰᠣᠶᠣᠯ᠎ᠤᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶ᠋ᠢᠨ ᠰᠣᠶᠣᠯ᠎ᠤᠨ ᠦᠨᠳᠦᠰᠦᠨ ᠦᠢᠯᠡᠴᠢᠯᠡᠭᠡᠨ᠎ᠦ ᠬᠠᠮᠤᠷᠬᠤ ᠬᠡᠪᠴᠢᠢ᠎ᠡ ᠪᠠ ᠵᠤᠬᠢᠴᠠᠬᠤ ᠴᠢᠨᠠᠷ᠎ᠢ ᠳᠡᠭᠡᠭ᠌ᠰᠢᠯᠡᠭᠦᠯᠦᠨ᠎ᠡ᠃ ᠤᠯᠠᠨ ᠨᠡᠢᠲᠡ᠎ᠶ᠋ᠢᠨ ᠨᠣᠮ᠎ᠤᠨ ᠰᠠᠩ᠂ ᠮᠦᠽᠧᠢ᠂ ᠰᠣᠶᠣᠯ᠎ᠤᠨ ᠣᠷᠳᠣᠨ ᠵᠡᠷᠭᠡ᠎ᠶ᠋ᠢ ᠭᠦᠢᠴᠡᠳ ᠠᠱᠢᠭ᠍ᠯᠠᠨ ᠡᠯᠪᠡᠭ ᠪᠠᠶᠠᠯᠢᠭ ᠠᠭᠤᠯᠭ᠎ᠠ᠎ᠲᠠᠶ᠂ ᠠᠷᠠᠳ᠎ᠤᠨ ᠠᠮᠢᠳᠤᠷᠠᠯ᠎ᠲᠠᠶ ᠤᠢ᠍ᠢᠷᠠᠳᠤᠬ᠍ᠰᠠᠨ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠠᠷᠠᠳ ᠤᠯᠠᠨ᠎ᠤ ᠤᠶᠤᠨ᠎ᠤ ᠰᠣᠶᠣᠯ᠎ᠤᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠎ᠢ ᠳᠡᠭᠡᠭ᠌ᠰᠢᠯᠡᠭᠦᠯᠦᠨ᠎ᠡ᠃ ᠴᠠᠭ ᠦᠶ᠎ᠡ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ 《ᠬᠦᠯᠢᠶᠡᠬᠦ᠌ ᠲᠦᠱᠢᠭ᠌ᠯᠡᠬᠦ᠌ ᠠᠪᠬᠤ》 ᠦᠵᠡᠯ ᠰᠠᠨᠠᠭ᠎ᠠ᠎ᠶ᠋ᠢ ᠲᠠᠶᠠᠭ᠍ᠳᠠᠬᠤ ᠬᠡᠷᠡᠭᠳᠡᠢ᠃ ᠨᠡᠢᠭᠡᠮ ᠵᠢᠷᠤᠮ᠎ᠤᠨ ᠭᠣᠣᠯᠯᠠᠬᠤ ᠦᠷᠲᠡᠭ᠎ᠦᠨ ᠦᠵᠡᠯᠲᠡ᠎ᠪᠡᠷ ᠬᠦᠲᠦᠯᠦᠨ ᠳᠠᠭᠠᠭᠤᠯᠵᠤ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭ᠌ᠵᠢᠭᠦᠯᠦᠨ᠂ ᠬᠤᠪᠢᠰᠭᠠᠯᠲᠤ ᠰᠣᠶᠣᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠵᠠᠯᠭᠠᠮᠵᠢᠯᠠᠨ᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠤᠶᠤᠨ᠎ᠤ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠨ᠎ᠠ᠃
(ᠵᠣᠬᠢᠶᠠᠭ᠍ᠴᠢ ᠄ ᠲᠥᠪ᠎ᠦᠨ ᠨᠠᠮ᠎ᠤᠨ ᠰᠤᠷᠭᠠᠭᠤᠯᠢ ᠵᠢᠨ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠵᠢᠭᠠᠬᠤ᠎ᠶ᠋ᠢ ᠰᠤᠳᠤᠯᠬᠤ ᠬᠡᠯᠲᠡᠰ᠎ᠦᠨ ᠫᠷᠤᠹᠧᠰᠰᠤᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ᠎ᠦᠨ ᠰᠤᠳᠤᠯᠭᠠᠨ᠎ᠤ ᠲᠥᠪ᠎ᠦᠨ ᠣᠨᠴᠠ ᠤᠷᠢᠭ᠍ᠰᠠᠨ ᠰᠤᠳᠤᠯᠤᠭ᠍ᠴᠢ)